《ᠳᠠᠷᠤᠭ᠎ᠠ ᠵᠢ ᠵᠠᠭᠠᠯᠳᠤᠪᠠᠯ ᠳᠠᠷᠤᠭ᠎ᠠ ᠲᠠᠶ ᠠᠭᠤᠯᠵᠠᠵᠤ ᠪᠣᠯᠤᠨ᠎ᠠ 》 ︱ ᠬᠠᠩᠭᠢᠨ ᠬᠣᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠬᠣᠰᠢᠭᠤᠨ ᠳᠠᠷᠤᠭ᠎ᠠ ᠢᠳᠡᠪᠬᠢᠲᠡᠶ ᠰᠢᠭᠦᠯᠲᠡ ᠳᠦ ᠣᠷᠣᠯᠴᠠᠵᠤ ᠵᠠᠷᠭᠤ ᠬᠦᠯᠢᠶᠡᠪᠡ
2020.12.15 ᠲᠣᠰ ᠥᠷᠲᠡᠭᠡᠨ ᠦ ᠨᠠᠢᠷᠠᠭᠤᠯᠤᠭᠴᠢ

       2020 ᠣᠨ 7 ᠰᠠᠷ᠎ᠠ ᠶᠢᠨ 21 ᠦ ᠡᠳᠦᠷ ᠦᠨ ᠦᠳᠡ ᠡᠮᠦᠨ᠎ᠡ ᠂ ᠣᠷᠳᠣᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠶᠢᠨ ᠵᠠᠰᠠᠭ ᠵᠠᠬᠢᠷᠭᠠᠨ ᠤ ᠬᠠᠮᠲᠤᠷᠠᠨ ᠵᠥᠪᠯᠡᠬᠦ ᠲᠢᠩᠬᠢᠮ ᠨᠢ ᠯᠢᠦ ᠣᠪᠣᠭᠲᠤ ᠵᠡᠷᠭᠡ ᠬᠥᠮᠦᠰ ᠦᠨ ᠬᠠᠩᠭᠢᠨ ᠬᠣᠰᠢᠭᠤᠨ ᠤ ᠠᠷᠠᠳ ᠤᠨ ᠵᠠᠰᠠᠭ  ᠤ᠋ᠨ ᠣᠷᠳᠣᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ ᠦᠨ ᠵᠠᠰᠠᠭ ᠵᠠᠬᠢᠷᠭᠠᠨ ᠤ ᠳᠠᠩᠰᠠᠯᠠᠯᠲᠠ ᠶᠢᠨ ᠬᠡᠷᠡᠭ  ᠢ ᠬᠠᠤᠯᠢ ᠶᠣᠰᠣᠭᠠᠷ ᠢᠯᠡ ᠪᠡᠷ ᠲᠢᠩᠬᠢᠮ ᠨᠡᠭᠡᠭᠡᠨ ᠰᠢᠭᠦᠵᠦ᠂ 2020 ᠣᠨ 7 ᠰᠠᠷ᠎ᠠ ᠶᠢᠨ 21 ᠦ ᠡᠳᠦᠷ ᠦᠨ ᠦᠳᠡ ᠬᠣᠶᠢᠨ᠎ᠠ ᠰᠧ ᠣᠪᠣᠭᠲᠤ ᠶᠢᠨ ᠬᠠᠩᠭᠢᠨ ᠬᠣᠰᠢᠭᠤᠨ ᠤ ᠠᠷᠠᠳ ᠤᠨ ᠵᠠᠰᠠᠭ ᠣᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠠᠷ ᠵᠠᠭᠠᠯᠳᠤᠭᠰᠠᠨ ᠬᠡᠷᠡᠭ ᠢ ᠰᠢᠭᠦᠨ ᠰᠢᠢᠳᠪᠦᠷᠢᠯᠡᠪᠡ᠃ ᠬᠠᠩᠭᠢᠨ ᠬᠣᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠠᠯᠲᠠᠨᠪᠠᠭᠠᠲᠤᠷ  ᠵᠡᠷᠭᠡ  ᠬᠠᠤᠯᠢ ᠶᠣᠰᠣᠭᠠᠷ ᠰᠢᠭᠦᠯᠲᠡ ᠳᠦ ᠣᠷᠣᠯᠴᠠᠵᠤ ᠵᠠᠷᠭᠤ ᠬᠦᠯᠢᠶᠡᠪᠡ᠃ 
      ᠡᠨᠡ ᠬᠣᠶᠠᠷ ᠬᠡᠷᠡᠭ ᠪᠣᠯ《 ᠵᠠᠰᠠᠭ ᠵᠠᠬᠢᠷᠭᠠᠨ ᠤ  ᠪᠠᠢᠭᠤᠯᠭ᠎ᠠ ᠶᠢᠨ ᠬᠠᠷᠢᠭᠤᠴᠠᠯᠭᠠᠲᠠᠨ ᠰᠢᠭᠦᠯᠲᠡ ᠳᠦ ᠣᠷᠣᠯᠴᠠᠵᠤ ᠵᠠᠷᠭᠤ ᠬᠦᠯᠢᠶᠡᠬᠦ ᠠᠰᠠᠭᠤᠳᠠᠯ ᠤᠳ ᠤᠨ ᠲᠤᠬᠠᠶ ᠠᠷᠠᠳ ᠤᠨ ᠳᠡᠭᠡᠳᠦ ᠰᠢᠭᠦᠬᠦ ᠬᠣᠷᠢᠶᠠᠨ ᠤ ᠲᠣᠭᠲᠠᠭᠠᠯ 》 ᠪᠣᠯᠤᠨ᠎ᠠ ᠃ ᠲᠤᠰ  ᠬᠠᠤᠯᠢ  ᠵᠢᠨ ᠲᠠᠢᠯᠪᠤᠷᠢᠯᠠᠯᠲᠠ ᠶᠢᠨ 2 ᠳ᠋ᠤᠭᠠᠷ  ᠵᠦᠢᠯ ᠦᠨ ᠲᠣᠭᠲᠠᠭᠠᠯ ᠢ ᠦᠨᠳᠦᠰᠦᠯᠡᠪᠡᠯ᠂ ᠵᠠᠰᠠᠭ ᠵᠠᠬᠢᠷᠭᠠᠨ ᠤ᠋ ᠪᠠᠢᠭᠤᠯᠭ᠎ᠠ ᠵᠢᠨ ᠬᠠᠷᠢᠭᠤᠴᠠᠯᠭᠠᠲᠠᠨ ᠳᠤ 《ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠢᠩᠬᠢᠨᠢ ᠲᠤᠰᠢᠶᠠᠯ᠂ ᠳᠡᠳ᠋ ᠲᠤᠰᠢᠶᠠᠯ ᠲᠠᠶ ᠬᠠᠷᠢᠭᠤᠴᠠᠯᠭᠠᠲᠠᠨ᠂ ᠵᠠᠭᠠᠯᠳᠤᠭᠳᠠᠭᠰᠠᠨ ᠵᠠᠰᠠᠭ ᠵᠠᠬᠢᠷᠭᠠᠨ ᠤ ᠦᠢᠯᠡ ᠠᠵᠢᠯᠯᠠᠭ᠎ᠠ  ᠶᠢ ᠬᠡᠷᠡᠭᠵᠢᠭᠦᠯᠬᠦ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠲᠤᠰᠢᠶᠠᠯ ᠤᠨ ᠲᠡᠰ ᠤᠨ ᠬᠠᠷᠢᠭᠤᠴᠠᠯᠭᠠᠲᠠᠨ ᠵᠢᠴᠢ ᠬᠤᠪᠢᠳᠠᠨ ᠬᠠᠮᠢᠶᠠᠷᠴᠤ ᠪᠠᠶᠢᠭ᠎ᠠ ᠪᠤᠰᠤᠳ ᠬᠠᠷᠢᠭᠤᠴᠠᠯᠭᠠᠲᠠᠨ》 ᠪᠠᠭᠲᠠᠨ᠎ᠠ᠃ 
      《 ᠳᠠᠷᠤᠭ᠎ᠠ ᠵᠢ ᠵᠠᠭᠠᠯᠳᠤᠪᠠᠯ  ᠳᠠᠷᠤᠭ᠎ᠠ ᠲᠠᠢ  ᠠᠭᠤᠯᠵᠠᠵᠤ ᠪᠣᠯᠤᠨ᠎ᠠ 》᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠰᠢᠭᠦᠯᠲᠡ ᠳᠦ ᠣᠷᠣᠯᠴᠠᠵᠤ ᠵᠠᠷᠭᠤ ᠬᠦᠯᠢᠶᠡᠬᠦ ᠬᠡᠷᠡᠭᠲᠡᠶ ᠂ ᠡᠨᠡ ᠪᠣᠯ ᠳᠤᠮᠳᠠᠳᠤ ᠤᠯᠤᠰ  ᠤ᠋ᠨ ᠣᠨᠴᠠᠭᠠᠢ  ᠨᠢᠭᠡᠨ ᠵᠠᠷᠭᠤ ᠶᠢᠨ ᠳᠦᠷᠢᠮ ᠪᠠᠶᠢᠵᠤ ᠂ ᠬᠠᠤᠯᠢ ᠴᠠᠭᠠᠵᠠ ᠶᠢᠨ  ᠡᠮᠦᠨ᠎ᠡ ᠬᠥᠮᠦᠨ ᠪᠦᠬᠦᠨ ᠡᠷᠬᠡ ᠲᠡᠭᠰᠢ ᠪᠠᠢᠬᠤ᠂  ᠬᠠᠤᠯᠢ ᠪᠠᠷ ᠵᠠᠰᠠᠬᠤ ᠦᠵᠡᠯ ᠤᠬᠠᠮᠰᠠᠷ ᠢ ᠢᠯᠡᠷᠡᠭᠦᠯᠵᠦ ᠂ ᠬᠠᠤᠯᠢ ᠴᠠᠭᠠᠵᠠ ᠶᠢᠨ ᠦᠢᠯᠡᠳᠦᠯᠭᠡ ᠳᠤᠮᠳᠠ ᠨᠢᠭᠡᠨᠲᠡ ᠬᠠᠤᠯᠢ ᠴᠠᠭᠠᠵᠠ ᠶᠢᠨ ᠰᠠᠢᠨ  ᠦᠷ᠎ᠡ ᠪᠦᠲᠦᠮᠵᠢ ᠪᠠ  ᠨᠡᠢᠭᠡᠮ ᠦᠨ ᠦᠷ᠎ᠡ ᠪᠦᠲᠦᠮᠵᠢ ᠭᠠᠷᠭᠠᠵᠤ ᠂ ᠲᠣᠰ ᠲᠦᠷᠢᠮ ᠨᠢ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠳᠤᠮᠳᠠᠬᠢ ᠳᠠᠷᠤᠭ᠎ᠠ ᠬᠠᠷᠢᠭᠤᠴᠠᠬᠤ ᠲᠦᠷᠢᠮ ᠦᠨ ᠦᠨᠳᠦᠰᠦᠨ ᠱᠠᠭᠠᠷᠳᠠᠯᠭ᠎ᠠ ᠳᠤ  ᠨᠡᠢᠴᠡᠬᠦ ᠮᠥᠷᠲᠡᠭᠡᠨ ᠪᠠᠰᠠ ᠠᠷᠠᠳ ᠢᠷᠭᠡᠳ ᠡᠷᠬᠡ ᠲᠡᠭᠰᠢ  ᠪᠠᠢᠬᠤ ᠥᠷᠲᠡᠭ ᠦᠨ  ᠦᠵᠡᠯᠲᠡ ᠳᠦ ᠨᠡᠶᠢᠴᠡᠬᠦ ᠶᠤᠮ᠃ ᠰᠢᠭᠦᠬᠦ ᠲᠢᠩᠬᠢᠮ ᠳᠦ ᠠᠷᠠᠳ ᠢᠷᠭᠡᠳ ᠨᠢᠭᠤᠷᠲᠠᠨ ᠡᠷᠬᠡ ᠲᠡᠭᠰᠢ ᠪᠡᠷ ᠶᠠᠷᠢᠯᠴᠠᠵᠤ ᠂ ᠰᠢᠭᠦᠬᠦ ᠲᠢᠩᠬᠢᠮ  ᠤ᠋ᠨ ᠢᠯᠡ ᠪᠡᠷ ᠰᠢᠭᠦᠨ ᠰᠢᠢᠳᠪᠦᠷᠢᠯᠡᠬᠦ ᠪᠠ ᠲᠥᠪ ᠭᠣᠣᠯᠴᠢ ᠪᠠᠷ ᠲᠠᠰᠤᠯᠤᠨ ᠲᠣᠭᠲᠠᠭᠠᠬᠤ ᠪᠠᠷ ᠳᠠᠮᠵᠢᠭᠤᠯᠤᠨ ᠂ ᠠᠷᠠᠳ ᠢᠷᠭᠡᠳ  ᠤ᠋ᠨ ᠡᠰᠡᠷᠭᠦᠴᠡᠯᠳᠦᠭᠰᠡᠨ ᠰᠡᠳᠬᠢᠯᠭᠡ ᠶᠢ ᠪᠦᠲᠦᠮᠵᠢᠲᠡᠶ ᠰᠢᠢᠳᠪᠦᠷᠢᠯᠡᠵᠦ᠂ ᠵᠠᠰᠠᠭ ᠵᠠᠬᠢᠷᠭᠠᠨ ᠤ ᠵᠢᠭᠤᠷᠠᠯᠳᠤᠭᠠᠨ ᠢ ᠠᠷᠢᠯᠭᠠᠬᠤ ᠪᠣᠳᠠᠲᠤ ᠦᠢᠯᠡᠳᠦᠯ ᠢ ᠪᠠᠳᠠᠷᠠᠭᠤᠯᠵᠤ ᠂ ᠡᠭᠦᠨ ᠦ ᠬᠠᠮᠲᠤ ᠵᠠᠰᠠᠭ ᠵᠠᠬᠢᠷᠭᠠᠨ ᠤ  ᠪᠠᠢᠭᠤᠯᠭ᠎ᠠ ᠶᠢᠨ ᠬᠠᠷᠢᠭᠤᠴᠠᠯᠭᠠᠲᠠᠨ ᠢ ᠭᠡᠳᠡᠷᠭᠦ ᠰᠢᠬᠠᠮᠳᠠᠭᠤᠯ ᠤ᠋ᠨ ᠬᠠᠤᠯᠢ ᠶᠣᠰᠣᠭᠠᠷ ᠵᠠᠰᠠᠭ ᠶᠠᠪᠤᠭᠤᠯᠬᠤ ᠦᠵᠡᠯ ᠤᠬᠠᠮᠰᠠᠷ ᠢ ᠨᠢ ᠨᠡᠮᠡᠭᠳᠡᠭᠦᠯᠵᠦ᠂ ᠬᠠᠤᠯᠢ  ᠶᠣᠰᠣᠭᠠᠷ ᠵᠠᠰᠠᠭ ᠶᠠᠪᠤᠭᠤᠯᠬᠤ ᠬᠢᠷᠢ ᠬᠡᠮᠵᠢᠶ᠎ᠡ ᠶᠢ ᠨᠢ ᠳᠡᠭᠡᠭᠰᠢᠯᠡᠭᠦᠯᠬᠦ ᠬᠡᠷᠡᠭᠲᠡᠶ᠃ 
      ᠬᠣᠢᠰᠢᠳᠠ᠂ ᠣᠷᠳᠣᠰ ᠬᠣᠲᠠ  ᠶᠢᠨ ᠠᠷᠠᠳ  ᠤᠨ ᠳᠤᠮᠳᠠ ᠵᠡᠷᠭᠡ  ᠶᠢᠨ ᠰᠢᠭᠦᠬᠦ ᠬᠣᠷᠢᠶᠠᠨ  ᠤ ᠵᠠᠰᠠᠭ ᠵᠠᠬᠢᠷᠭᠠᠨ  ᠤ ᠬᠠᠮᠲᠤᠷᠠᠨ ᠵᠥᠪᠯᠡᠬᠦ ᠲᠢᠩᠬᠢᠮ ᠨᠢ ᠵᠠᠰᠠᠭ ᠵᠠᠬᠢᠷᠭᠠᠨ  ᠤ ᠪᠠᠢᠭᠤᠯᠭ᠎ᠠ  ᠯᠤᠭ᠎ᠠ  ᠶᠢᠨ ᠨᠡᠪᠲᠡᠷᠡᠯᠴᠡᠭᠡ ᠬᠠᠷᠢᠯᠴᠠᠭ᠎ᠠ  ᠪᠠᠨ ᠦᠷᠭᠦᠯᠵᠢᠯᠡᠨ ᠴᠢᠩᠭ᠋ᠠᠳᠬᠠᠵᠤ᠂ ᠵᠠᠰᠠᠭ ᠵᠠᠬᠢᠷᠭᠠᠨ  ᠤ ᠪᠠᠢᠭᠤᠯᠭ᠎ᠠ ᠶᠢᠨ ᠬᠠᠷᠢᠭᠤᠴᠠᠯᠭᠠᠲᠠᠨ  ᠳᠤ ᠰᠢᠭᠦᠯᠲᠡ ᠳᠦ ᠣᠷᠣᠯᠴᠠᠨ ᠵᠠᠷᠭᠤ ᠬᠦᠯᠢᠶᠡᠬᠦ᠂ ᠨᠠᠢᠳᠠᠯᠭ᠎ᠠ  ᠶᠢᠨ ᠣᠷᠣᠯᠠᠭᠴᠢ ᠵᠡᠷᠭᠡ ᠲᠠᠯ᠎ᠠ ᠶᠢᠨ ᠠᠩᠬᠠᠷᠬᠤ ᠴᠢᠬᠤᠯᠠ  ᠲᠠᠶ ᠵᠦᠶᠯ ᠪᠠ ᠭᠠᠷ ᠭᠦᠶᠴᠡᠳᠬᠡᠯ  ᠢ ᠰᠠᠨᠠᠭᠠᠴᠢᠯᠠᠭ᠎ᠠ  ᠠᠴᠠ ᠪᠠᠨ ᠮᠡᠳᠡᠭᠳᠡᠨ᠎ᠡ᠃ ᠵᠠᠰᠠᠭ ᠵᠠᠬᠢᠷᠭᠠᠨ ᠤ ᠪᠠᠶᠢᠭᠤᠯᠭ᠎ᠠ ᠶᠢ ᠬᠠᠪᠰᠤᠷᠤᠨ ᠬᠠᠤᠯᠢ ᠴᠠᠭᠠᠵᠠ ᠶᠢᠨ ᠲᠣᠭᠲᠠᠭᠠᠯ  ᠢ᠋ ᠣᠨᠣᠪᠴᠢᠲᠠᠶ ᠣᠢᠯᠠᠭᠠᠭᠤᠯᠵᠤ᠂ ᠰᠢᠭᠦᠯᠲᠡ ᠳᠦ ᠣᠷᠣᠯᠴᠠᠵᠤ ᠵᠠᠷᠭᠤ ᠬᠦᠯᠢᠶᠡᠬᠦ ᠪᠡᠯᠡᠳᠬᠡᠯ ᠠᠵᠢᠯ ᠢ ᠰᠠᠢᠲᠤᠷ ᠬᠢᠵᠦ᠂ ᠵᠠᠰᠠᠭ ᠵᠠᠬᠢᠷᠭᠠᠨ ᠤ   ᠪᠠᠢᠭᠤᠯᠭ᠎ᠠ ᠶᠢᠨ ᠵᠠᠷᠭᠤ ᠬᠦᠯᠢᠶᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ 

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )