4 ᠰᠠᠷ᠎ᠠ ᠶ᠋ᠢᠨ 11 ᠦ᠌ ᠡᠳᠦᠷ ᠳᠤᠮᠳᠠᠳᠤ ᠤᠯᠤᠰ ᠤ᠋ᠨ ᠬᠠᠤᠯᠢ ᠶ᠋ᠢᠨ ᠤᠬᠠᠭᠠᠨ ᠤ᠋ ᠨᠡᠢᠭᠡᠮᠯᠢᠭ ᠦ᠋ᠨ ᠰᠢᠭᠦᠨ ᠲᠠᠰᠤᠯᠬᠤ ᠣᠨᠣᠯ ᠤ᠋ᠨ ᠰᠤᠳᠤᠯᠭᠠᠨ ᠤ᠋ ᠨᠡᠢᠭᠡᠮᠯᠢᠭ ᠦ᠋ᠨ ᠢᠷᠭᠡᠨ ᠦ᠌ ᠬᠡᠷᠡᠭ ᠦ᠋ᠨ ᠰᠢᠭᠦᠨ ᠲᠠᠰᠤᠯᠤᠯᠲᠠ ᠶ᠋ᠢᠨ ᠣᠨᠣᠯ ᠤ᠋ᠨ ᠲᠤᠰᠬᠠᠢ ᠮᠡᠷᠭᠡᠵᠢᠯ ᠦ᠋ᠨ ᠵᠥᠪᠯᠡᠯ ᠦ᠋ᠨ ᠣᠨ ᠤ᠋ ᠬᠤᠷᠠᠯ ᠵᠢᠴᠢ ᠢᠷᠭᠡᠨ ᠦ᠌ ᠬᠠᠤᠯᠢ ᠶ᠋ᠢᠨ ᠶᠡᠷᠦᠩᠬᠡᠢ ᠳᠦᠷᠢᠮ ᠪᠠ ᠣᠷᠴᠢᠨ ᠠᠬᠤᠢ ᠶ᠋ᠢᠨ ᠨᠡᠢᠲᠡ ᠶ᠋ᠢᠨ ᠠᠰᠠᠷᠠᠮᠵᠢ ᠶ᠋ᠢᠨ ᠵᠠᠷᠭᠤ ᠶ᠋ᠢᠨ ᠬᠡᠷᠡᠭᠵᠢᠭᠦᠯᠦᠯᠲᠡ ᠶ᠋ᠢᠨ ᠣᠨᠣᠯ ᠤ᠋ᠨ ᠰᠤᠳᠤᠯᠤᠨ ᠶᠠᠷᠢᠯᠴᠠᠬᠤ ᠬᠤᠷᠠᠯ ᠴᠧᠩᠳᠦ᠋ ᠳ᠋ᠦ᠍ ᠬᠤᠷᠠᠯᠳᠤᠪᠠ ᠃ ᠠᠷᠠᠳ ᠤ᠋ᠨ ᠳᠡᠭᠡᠳᠦ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠳᠡᠳ᠋ ᠱᠦᠵᠢ ᠂ ᠳᠡᠳ᠋ ᠬᠣᠷᠢᠶᠠᠨ ᠳᠠᠷᠤᠭ᠎ᠠ ᠵᠢᠶᠠᠩ ᠪᠢ ᠰᠢᠨ ᠬᠤᠷᠠᠯ ᠳ᠋ᠤ᠌ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠢ ᠃ ᠵᠢᠶᠠᠩ ᠪᠢ ᠰᠢᠨ ᠳᠤᠷᠠᠳᠤᠭᠰᠠᠨ ᠨᠢ᠂ ᠬᠠᠤᠯᠢ ᠪᠠᠷ ᠵᠠᠰᠠᠬᠤ ᠣᠨᠣᠯ ᠤ᠋ᠨ ᠬᠥᠭᠵᠢᠯᠲᠡ ᠨᠢ ᠬᠠᠤᠯᠢ ᠪᠠᠷ ᠵᠠᠰᠠᠬᠤ ᠳᠤᠮᠳᠠᠳᠤ ᠤᠯᠤᠰ ᠤ᠋ᠨ ᠪᠦᠲᠦᠭᠡᠨ ᠪᠠᠢᠭᠤᠯᠤᠯᠲᠠ ᠳ᠋ᠤ᠌ ᠴᠢᠬᠤᠯᠠ ᠠᠴᠢ ᠬᠣᠯᠪᠣᠭᠳᠠᠯ ᠲᠠᠢ ᠃ ᠵᠥᠪ ᠣᠨᠣᠯ ᠤ᠋ᠨ ᠵᠢᠯᠣᠭᠣᠳᠤᠯᠭ᠎ᠠ ᠦᠭᠡᠢ ᠪᠣᠯ ᠰᠢᠨᠵᠢᠯᠡᠬᠦ ᠤᠬᠠᠭᠠᠨᠴᠢ ᠲᠦᠯᠦᠵᠢᠭᠦᠯᠭᠡ ᠦᠭᠡᠢ ᠃ ᠳᠤᠮᠳᠠᠳᠤ ᠤᠯᠤᠰ ᠤ᠋ᠨ ᠣᠨᠴᠠᠯᠢᠭ ᠪᠥᠬᠥᠢ ᠨᠡᠢᠭᠡᠮ ᠵᠢᠷᠤᠮ ᠤ᠋ᠨ ᠬᠠᠤᠯᠢ ᠪᠠᠷ ᠵᠠᠰᠠᠬᠤ ᠵᠠᠮ ᠤ᠋ᠨ ᠭᠣᠣᠯ ᠠᠭᠤᠯᠭ᠎ᠠ ᠪᠣᠯ ᠨᠠᠮ ᠤ᠋ᠨ ᠤᠳᠤᠷᠢᠳᠤᠯᠭ᠎ᠠ ᠶ᠋ᠢ ᠪᠠᠷᠢᠮᠲᠠᠯᠠᠵᠤ ᠂ ᠳᠤᠮᠳᠠᠳᠤ ᠤᠯᠤᠰ ᠤ᠋ᠨ ᠣᠨᠴᠠᠯᠢᠭ ᠪᠥᠬᠥᠢ ᠨᠡᠢᠭᠡᠮ ᠵᠢᠷᠤᠮ ᠤ᠋ᠨ ᠪᠠᠢᠭᠤᠯᠤᠯ ᠢ᠋ ᠪᠠᠷᠢᠮᠲᠠᠯᠠᠬᠤ ᠪᠠ ᠳᠤᠮᠳᠠᠳᠤ ᠤᠯᠤᠰ ᠤ᠋ᠨ ᠣᠨᠴᠠᠯᠢᠭ ᠪᠥᠬᠥᠢ ᠨᠡᠢᠭᠡᠮ ᠵᠢᠷᠤᠮ ᠤ᠋ᠨ ᠬᠠᠤᠯᠢ ᠪᠠᠷ ᠵᠠᠰᠠᠬᠤ ᠣᠨᠣᠯ ᠢ᠋ ᠲᠤᠤᠱᠯᠠᠭᠤᠯᠤᠨ᠎ᠠ ᠃
ᠵᠢᠶᠠᠩ ᠪᠢ ᠰᠢᠨ ᠂ ᠬᠠᠤᠯᠢ ᠪᠠᠷ ᠵᠠᠰᠠᠬᠤ ᠣᠨᠣᠯ ᠤ᠋ᠨ ᠰᠤᠳᠤᠯᠭᠠᠨ ᠤ᠋ ᠶᠠᠪᠤᠴᠠ ᠳᠤᠮᠳᠠ 《 ᠣᠮᠣᠷᠬᠠᠭᠯᠠᠨ ᠰᠠᠭᠰᠠᠭᠤᠷᠠᠬᠤ 》 ᠂ 《ᠰᠣᠬᠣᠷ ᠬᠥᠮᠦᠨ ᠵᠠᠭᠠᠨ ᠲᠡᠮᠲᠡᠷᠢᠬᠦ》 ᠪᠠ 《ᠣᠩᠭᠣᠴᠠ ᠰᠡᠢᠯᠵᠦ ᠰᠡᠯᠡᠮ᠎ᠡ ᠶ᠋ᠢ ᠡᠷᠢᠬᠦ 》ᠠᠯᠳᠠᠭ᠎ᠠ ᠶ᠋ᠢ ᠲᠡᠪᠴᠢᠬᠦ ᠬᠡᠷᠡᠭᠲᠡᠢ ᠭᠡᠵᠦ ᠴᠢᠬᠤᠯᠠᠴᠢᠯᠠᠪᠠ ᠃ ᠣᠯᠠᠨ ᠬᠠᠷᠠᠭᠠᠰᠤ ᠲᠠᠢ ᠰᠤᠳᠤᠯᠭᠠᠨ ᠤ᠋ ᠠᠷᠭ᠎ᠠ ᠶ᠋ᠢ ᠬᠡᠷᠡᠭᠯᠡᠨ ᠰᠢᠨ᠎ᠡ ᠪᠡᠷ ᠭᠠᠷᠤᠭᠰᠠᠨ ᠢᠷᠭᠡᠨ ᠦ᠌ ᠬᠡᠷᠡᠭ ᠦ᠋ᠨ ᠬᠠᠤᠯᠢ ᠴᠠᠭᠠᠵᠠ ᠶ᠋ᠢᠨ ᠦᠵᠡᠭᠳᠡᠯ ᠂ ᠬᠠᠤᠯᠢ ᠴᠠᠭᠠᠵᠠ ᠶ᠋ᠢᠨ ᠬᠠᠷᠢᠴᠠᠭ᠎ᠠ ᠶ᠋ᠢ ᠳᠡᠭᠡᠳᠦ ᠬᠡᠮᠵᠢᠶ᠎ᠡ ᠪᠡᠷ ᠠᠩᠬᠠᠷᠴᠤ ᠂ ᠳᠤᠮᠳᠠᠳᠤ ᠤᠯᠤᠰ ᠤ᠋ᠨ ᠣᠨᠴᠠᠯᠢᠭ ᠪᠥᠬᠥᠢ ᠨᠡᠢᠭᠡᠮ ᠵᠢᠷᠤᠮ ᠤ᠋ᠨ ᠵᠠᠮ ᠤ᠋ᠨ ᠢᠲᠡᠭᠡᠯ ᠂ ᠣᠨᠣᠯ ᠤ᠋ᠨ ᠢᠲᠡᠭᠡᠯ ᠂ ᠳᠦᠷᠢᠮ ᠦ᠋ᠨ ᠢᠲᠡᠭᠡᠯ ᠂ ᠰᠣᠶᠣᠯ ᠤ᠋ᠨ ᠢᠲᠡᠭᠡᠯ ᠢ᠋ ᠪᠠᠲᠤ ᠪᠡᠬᠢ ᠪᠣᠢ ᠪᠣᠯᠭᠠᠵᠤ ᠂ ᠭᠠᠳᠠᠭᠠᠳᠤ ᠶ᠋ᠢᠨ ᠬᠠᠤᠯᠢ ᠪᠠᠷ ᠵᠠᠰᠠᠬᠤ ᠠᠰᠢᠭᠲᠠᠢ ᠲᠤᠷᠰᠢᠯᠭ᠎ᠠ ᠪᠠᠷ ᠲᠣᠯᠢ ᠪᠣᠯᠭᠠᠬᠤ ᠶ᠋ᠢ ᠠᠩᠬᠠᠷᠴᠤ ᠂ ᠳᠤᠮᠳᠠᠳᠤ ᠤᠯᠤᠰ ᠤ᠋ᠨ ᠣᠨᠴᠠᠯᠢᠭ ᠪᠥᠬᠥᠢ ᠰᠢᠭᠦᠨ ᠲᠠᠰᠤᠯᠤᠯᠲᠠ ᠶ᠋ᠢᠨ ᠣᠨᠣᠯ ᠤ᠋ᠨ ᠰᠤᠳᠤᠯᠭᠠᠨ ᠢ᠋ ᠴᠡᠴᠡᠭᠯᠡᠭᠦᠯᠦᠨ ᠬᠥᠭᠵᠢᠭᠦᠯᠬᠦ ᠬᠡᠷᠡᠭᠲᠡᠢ
ᠭᠡᠪᠡ᠃
ᠵᠢᠶᠠᠩ ᠪᠢ ᠰᠢᠨ ᠪᠠᠰᠠ ᠬᠠᠤᠯᠢ ᠪᠠᠷ ᠵᠠᠰᠠᠬᠤ ᠣᠨᠣᠯ ᠤ᠋ᠨ ᠰᠤᠳᠤᠯᠭᠠᠨ ᠪᠣᠯᠤᠨ ᠬᠠᠤᠯᠢ ᠪᠠᠷ ᠵᠠᠰᠠᠬᠤ ᠦᠢᠯᠡᠳᠦᠯᠭᠡ ᠶ᠋ᠢᠨ ᠲᠠᠰᠤᠷᠠᠯᠲᠠ ᠦᠭᠡᠢ ᠠᠭᠤᠰᠤᠯᠴᠠᠨ ᠬᠠᠷᠢᠯᠴᠠᠬᠤ ᠶ᠋ᠢ ᠠᠬᠢᠭᠤᠯᠬᠤ ᠶ᠋ᠢ ᠱᠠᠭᠠᠷᠳᠠᠪᠠ ᠃ ᠦᠢᠯᠡᠳᠦᠯᠭᠡ ᠶ᠋ᠢᠨ ᠠᠰᠠᠭᠤᠳᠠᠯ ᠢ᠋ ᠣᠨᠣᠯ ᠤ᠋ᠨ ᠳᠡᠭᠡᠳᠦ ᠬᠡᠮᠵᠢᠶᠡᠨ ᠳ᠋ᠦ᠍ ᠬᠦᠷᠲᠡᠯ᠎ᠡ ᠳᠡᠭᠡᠭᠰᠢᠯᠡᠭᠦᠯᠵᠦ ᠂ ᠣᠨᠣᠯ ᠤ᠋ᠨ ᠦᠢᠯᠡᠳᠦᠯᠭᠡ ᠶ᠋ᠢᠨ ᠰᠢᠯᠭᠠᠯᠲᠠ ᠶ᠋ᠢ ᠲᠠᠰᠤᠷᠠᠯᠲᠠ ᠦᠭᠡᠢ ᠭᠦᠨᠵᠡᠭᠡᠢᠷᠡᠭᠦᠯᠵᠦ ᠂ ᠣᠨᠣᠯ ᠤ᠋ᠨ ᠰᠤᠳᠤᠯᠭᠠᠨ ᠢ᠋ ᠨᠡᠩ ᠭᠦᠨ ᠵᠤᠵᠠᠭᠠᠨ ᠬᠠᠤᠯᠢ ᠴᠠᠭᠠᠵᠠ ᠶ᠋ᠢᠨ ᠦᠢᠯᠡᠳᠦᠯᠭᠡ ᠶ᠋ᠢ ᠨᠡᠩ ᠣᠶᠤᠨᠴᠢ ᠴᠢᠨᠠᠷᠲᠠᠢ ᠪᠠᠷ ᠬᠠᠤᠯᠢ ᠪᠠᠷ ᠵᠠᠰᠠᠬᠤ ᠳᠤᠮᠳᠠᠳᠤ ᠤᠯᠤᠰ ᠤ᠋ᠨ ᠪᠠᠢᠭᠤᠯᠤᠯᠲᠠ ᠶ᠋ᠢ ᠠᠬᠢᠭᠤᠯᠬᠤ ᠬᠡᠷᠡᠭᠲᠡᠢ ᠭᠡᠪᠡ᠃
ᠰᠧᠴᠤᠸᠠᠨ ᠮᠣᠵᠢ ᠶ᠋ᠢᠨ ᠨᠠᠮ ᠤ᠋ᠨ ᠬᠣᠷᠢᠶᠠᠨ ᠤ᠋ ᠪᠠᠢᠩᠭᠤ ᠶ᠋ᠢᠨ ᠭᠡᠰᠢᠭᠦᠨ ᠂ ᠤᠯᠤᠰ ᠲᠥᠷᠥ ᠬᠠᠤᠯᠢ ᠴᠠᠭᠠᠵᠠ ᠶ᠋ᠢᠨ ᠬᠣᠷᠢᠶᠠᠨ ᠤ᠋ ᠱᠦᠵᠢ ᠳ᠋ᠧᠩ ᠶᠦᠩ ᠰᠧᠴᠤᠸᠠᠨ ᠮᠣᠵᠢ ᠶ᠋ᠢᠨ ᠠᠷᠠᠳ ᠤ᠋ᠨ ᠥᠨᠳᠥᠷ ᠵᠡᠷᠭᠡ ᠶ᠋ᠢᠨ ᠰᠢᠭᠦᠬᠦ ᠬᠣᠷᠢᠶᠠᠨ ᠤ᠋ ᠳᠠᠷᠤᠭ᠎ᠠ ᠸᠠᠩ ᠱᠤ᠌ ᠵᠢᠶᠠᠩ ᠬᠤᠷᠠᠯ ᠳᠡᠭᠡᠷ᠎ᠡ ᠶᠠᠷᠢᠶ᠎ᠠ ᠲᠠᠯᠪᠢᠪᠠ ᠃ ᠪᠥᠬᠥ ᠤᠯᠤᠰ ᠤ᠋ᠨ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠦᠨᠳᠦᠰᠦᠨ ᠬᠠᠤᠯᠢ ᠪᠠ ᠬᠠᠤᠯᠢ ᠴᠠᠭᠠᠵᠠ ᠶ᠋ᠢᠨ ᠵᠥᠪᠯᠡᠯ ᠂ ᠪᠥᠬᠥ ᠤᠯᠤᠰ ᠤ᠋ᠨ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠪᠠᠢᠩᠭᠤ ᠶ᠋ᠢᠨ ᠬᠣᠷᠢᠶᠠᠨ ᠤ᠋ ᠬᠠᠤᠯᠢ ᠴᠠᠭᠠᠵᠠ ᠶ᠋ᠢᠨ ᠠᠵᠢᠯ ᠤ᠋ᠨ ᠵᠥᠪᠯᠡᠯ ᠂ ᠠᠷᠠᠳ ᠤ᠋ᠨ ᠳᠡᠭᠡᠳᠦ ᠵᠡᠷᠭᠡ ᠵᠢᠨ ᠰᠢᠭᠦᠬᠦ ᠬᠣᠷᠢᠶ᠎ᠠ ᠂ ᠠᠷᠠᠳ ᠤ᠋ᠨ ᠳᠡᠭᠡᠳᠦ ᠵᠡᠷᠭᠡ ᠵᠢᠨ ᠪᠠᠢᠴᠠᠭᠠᠬᠤ ᠬᠣᠷᠢᠶ᠎ᠠ ᠂ ᠪᠥᠬᠥ ᠤᠯᠤᠰ ᠤ᠋ᠨ ᠡᠯ᠎ᠡ ᠳᠡᠭᠡᠳᠦ ᠬᠣᠷᠢᠶᠠᠨ ᠤ᠋ ᠬᠣᠯᠪᠣᠭᠳᠠᠯ ᠪᠦᠬᠦᠢ ᠰᠠᠯᠠᠭ᠎ᠠ ᠮᠥᠴᠢᠷ ᠦ᠋ᠨ ᠬᠠᠷᠢᠭᠤᠴᠠᠯᠭᠠᠲᠠᠨ ᠂ ᠲᠤᠰᠬᠠᠢ ᠮᠡᠷᠭᠡᠵᠢᠯᠲᠡᠨ ᠡᠷᠳᠡᠮᠲᠡᠳ ᠦ᠋ᠨ ᠲᠥᠯᠥᠭᠡᠯᠡᠭᠴᠢ ᠨᠡᠢᠲᠡ 110 ᠭᠠᠷᠤᠢ ᠬᠥᠮᠦᠨ ᠬᠤᠷᠠᠯ ᠳ᠋ᠤ᠌ ᠣᠷᠣᠯᠴᠠᠪᠠ ᠃
ᠳᠤᠮᠳᠠᠳᠤ ᠤᠯᠤᠰ ᠤ᠋ᠨ ᠰᠢᠭᠦᠬᠦ ᠬᠣᠷᠢᠶᠠᠨ ᠤ᠋ ᠰᠦᠯᠵᠢᠶ᠎ᠡ
ᠦᠨᠡᠯᠡᠬᠦ 0ᠦᠨᠡᠯᠡᠯᠲᠡ ᠲᠠᠢ