ᠵᠠᠰᠠᠭ ᠤ᠋ᠨ ᠣᠷᠳᠣᠨ ᠤ᠋ ᠠᠵᠢᠯ ᠤ᠋ᠨ ᠮᠡᠳᠡᠭᠦᠯᠦᠯᠲᠡ ᠳ᠋ᠡᠬᠢ ᠬᠠᠤᠯᠢ ᠴᠠᠭᠠᠵᠠ ᠵᠢᠨ ᠵᠠᠩᠭᠢᠯᠠᠭ᠎ᠠ ᠶ᠋ᠢᠨ ᠦᠭᠡᠰ
2020.12.29 ᠲᠣᠰ ᠥᠷᠲᠡᠭᠡᠨ ᠦ ᠨᠠᠢᠷᠠᠭᠤᠯᠤᠭᠴᠢ

      ᠠᠷᠪᠠᠨ ᠭᠤᠷᠪᠠᠳᠤᠭᠠᠷ ᠬᠤᠭᠤᠴᠠᠭᠠᠨ ᠤ᠋ ᠪᠦᠬᠦ ᠤᠯᠤᠰ ᠤ᠋ᠨ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠬᠣᠶᠠᠳᠤᠭᠠᠷ ᠬᠤᠷᠠᠯ 5 ᠤ᠋ ᠡᠳᠦᠷ ᠦ᠋ᠨ ᠦᠳᠡ ᠶ᠋ᠢᠨ ᠡᠮᠦᠨᠡᠬᠢ 9 ᠴᠠᠭ ᠲᠤ᠌ ᠠᠷᠠᠳ ᠤ᠋ᠨ ᠶᠡᠬᠡ ᠬᠤᠷᠠᠯ ᠤ᠋ᠨ ᠲᠠᠩᠬᠢᠮ ᠳ᠋ᠤ᠌  ᠶᠠᠪᠤᠭᠳᠠᠵᠤ᠂ ᠲᠥᠷᠥ ᠶ᠋ᠢᠨ ᠶᠠᠪᠤᠳᠠᠯ ᠤ᠋ᠨ ᠬᠣᠷᠢᠶᠠᠨ ᠤ᠋ ᠶᠡᠷᠦᠩᠬᠡᠢ ᠰᠠᠢᠳ ᠯᠢ ᠺᠧ ᠴᠢᠶᠠᠩ ᠤ᠋ᠨ ᠵᠠᠰᠠᠭ ᠤ᠋ᠨ ᠣᠷᠳᠣᠨ ᠤ᠋ ᠠᠵᠢᠯ ᠤ᠋ᠨ  ᠮᠡᠳᠡᠭᠦᠯᠦᠯᠲᠡ ᠶᠢ ᠰᠤᠨᠤᠰᠤᠨ᠎ᠠ᠃  ᠡᠭᠦᠨ  ᠳᠦ ᠡᠳᠡᠭᠡᠷ  ᠬᠠᠤᠯᠢ ᠴᠠᠭᠠᠵᠠ ᠵᠢᠨ ᠵᠠᠩᠭᠢᠯᠠᠭ᠎ᠠ ᠶ᠋ᠢᠨ ᠦᠭᠡ ᠶ᠋ᠢ ᠬᠣᠷᠢᠶᠠᠨ ᠬᠠᠳᠠᠭᠠᠯᠠᠬᠤ ᠴᠢᠬᠤᠯᠠᠲᠠᠢ ᠶᠤᠮ᠃

      1. ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠎ᠡ

      ᠤᠭ ᠮᠠᠲ᠋ᠧᠷᠢᠶᠠᠯ᠄ ᠥᠩᠭᠡᠷᠡᠭᠰᠡᠨ ᠨᠢᠭᠡ ᠵᠢᠯ ᠪᠣᠯ ᠨᠠᠮ ᠤ᠋ᠨ ᠠᠷᠪᠠ ᠶᠢᠰᠦᠳᠦᠭᠡᠷ ᠶᠡᠬᠡ ᠬᠤᠷᠠᠯ ᠤ᠋ᠨ ᠵᠣᠷᠢᠭ ᠰᠠᠨᠠᠭ᠎ᠠ ᠶ᠋ᠢ ᠪᠥᠬᠥ ᠲᠠᠯ᠎ᠠ ᠪᠠᠷ ᠲᠤᠤᠱᠯᠠᠭᠤᠯᠬᠤ ᠡᠬᠢᠯᠡᠯᠲᠡ ᠶ᠋ᠢᠨ ᠵᠢᠯ ᠪᠣᠯᠤᠨ᠎ᠠ ᠃ ᠮᠠᠨ ᠤ᠋ ᠤᠯᠤᠰ ᠤ᠋ᠨ ᠬᠥᠭᠵᠢᠯᠲᠡ ᠳ᠋ᠦ᠍ ᠣᠯᠠᠨ ᠵᠢᠯ ᠳᠤᠲᠠᠭᠳᠠᠵᠤ ᠪᠠᠢᠭ᠎ᠠ ᠤᠯᠤᠰ ᠤ᠋ᠨ ᠳᠣᠲᠣᠭᠠᠳᠤ ᠭᠠᠳᠠᠭᠠᠳᠤ ᠶ᠋ᠢᠨ ᠨᠠᠷᠢᠨ ᠪᠤᠳᠤᠯᠢᠶᠠᠨᠲᠠᠢ ᠬᠦᠨᠳᠦ ᠬᠡᠴᠡᠭᠦᠦ ᠪᠠᠢᠳᠠᠯ ᠭᠠᠷᠴᠤ ᠪᠠᠢᠭ᠎ᠠ ᠠᠵᠤ ᠠᠬᠤᠢ ᠳ᠋ᠤ᠌ ᠳᠣᠣᠷ᠎ᠠ ᠵᠢᠭᠰᠠᠭᠠᠭᠰᠠᠨ ᠰᠢᠨ᠎ᠡ ᠳᠠᠷᠤᠯᠲᠠ ᠭᠠᠷᠴᠤ ᠪᠠᠢᠨ᠎ᠠ ᠃ᠰᠢ ᠵᠢᠨ ᠫᠢᠩ ᠨᠥᠬᠥᠷ ᠢ᠋ᠶ᠋ᠡᠷ ᠭᠣᠣᠯ ᠪᠣᠯᠭᠠᠭᠰᠠᠨ ᠨᠠᠮ ᠤ᠋ᠨ ᠲᠥᠪ ᠬᠣᠷᠢᠶᠠᠨ ᠤ᠋ ᠡᠷᠡᠰ ᠴᠢᠩᠭ᠎ᠠ ᠤᠳᠤᠷᠢᠳᠤᠯᠭ᠎ᠠ ᠳᠣᠣᠷ᠎ᠠ ᠪᠥᠬᠥ ᠤᠯᠤᠰ ᠤ᠋ᠨ ᠦᠨᠳᠦᠰᠦᠲᠡᠨ ᠨᠦ᠍ᠭᠦᠳ ᠦ᠋ᠨ ᠠᠷᠠᠳ ᠲᠦᠮᠡᠨ  ᠰᠢ ᠵᠢᠨ ᠫᠢᠩ ᠦ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠪᠠᠷ ᠵᠢᠯᠣᠭᠣᠳᠤᠯᠭ᠎ᠠ ᠪᠣᠯᠭᠠᠨ ᠰᠢᠷᠭᠠᠭᠤ ᠬᠠᠲᠠᠭᠤᠵᠢᠯᠲᠠᠢ ᠲᠡᠮᠡᠴᠡᠨ ᠪᠦᠬᠦ ᠵᠢᠯ ᠦ᠋ᠨ ᠠᠵᠤ ᠠᠬᠤᠢ ᠨᠡᠢᠭᠡᠮ ᠦ᠋ᠨ ᠬᠥᠭᠵᠢᠯᠲᠡ ᠶ᠋ᠢᠨ ᠭᠣᠣᠯ ᠬᠠᠷᠠᠯᠲᠠ ᠡᠭᠦᠷᠭᠡ ᠶ᠋ᠢ ᠪᠡᠶᠡᠯᠡᠭᠦᠯᠵᠦ ᠴᠢᠨᠡᠭᠡᠯᠢᠭ ᠨᠡᠢᠭᠡᠮ ᠢ᠋ ᠪᠥᠬᠥ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶ᠋ᠢ ᠣᠯᠬᠤ ᠮᠥᠷᠲᠡᠭᠡᠨ ᠰᠢᠨ᠎ᠡ ᠴᠢᠬᠤᠯᠠ ᠶᠡᠬᠡ ᠠᠬᠢᠴᠠ ᠲᠠᠢ ᠪᠣᠯᠪᠠ ᠃

      2. ᠣᠷᠴᠢᠨ ᠲᠣᠭᠣᠷᠢᠨ ᠤ᠋ ᠬᠠᠮᠠᠭᠠᠯᠠᠯᠲᠠ ᠶ᠋ᠢᠨ ᠰᠢᠮᠳᠠᠭᠤᠯᠤᠨ ᠪᠠᠢᠴᠠᠭᠠᠵᠤ ᠬᠠᠤᠯᠢ ᠬᠡᠷᠡᠭᠵᠢᠭᠦᠯᠬᠦ

       ᠤᠭ ᠮᠠᠲ᠋ᠧᠷᠢᠶᠠᠯ᠄ ᠬᠥᠬᠡ ᠲᠩᠷᠢ ᠂ ᠴᠡᠩᠭᠡᠭ ᠤᠰᠤ ᠂ ᠴᠡᠪᠡᠷ  ᠬᠦᠷᠦᠰᠦ ᠶᠢ ᠬᠠᠮᠠᠭᠠᠯᠠᠬᠤ ᠪᠠᠢᠯᠳᠤᠭᠠᠨ ᠢ᠋ ᠪᠦᠬᠦ ᠲᠠᠯ᠎ᠠ ᠪᠠᠷ ᠥᠷᠨᠢᠭᠦᠯᠪᠡ ᠃ ᠡᠨᠸ᠋ᠷᠭᠢ ᠪᠣᠯᠤᠨ ᠲᠡᠭᠡᠭᠡᠪᠦᠷᠢ ᠶ᠋ᠢᠨ ᠪᠦᠲᠦᠴᠡ ᠶ᠋ᠢ ᠰᠠᠢᠵᠢᠷᠠᠭᠤᠯᠤᠨ᠎ᠠ ᠃ ᠤᠮᠠᠷᠠᠲᠤ ᠣᠷᠣᠨ ᠤ᠋ 《 ᠨᠡᠭᠦᠷᠡᠰᠦ ᠶ᠋ᠢ ᠬᠡᠢ ᠪᠣᠯᠭᠠᠨ ᠥᠭᠡᠷᠡᠴᠢᠯᠡᠬᠦ 》 ᠂ 《 ᠨᠡᠭᠦᠷᠡᠰᠦ ᠶ᠋ᠢ ᠴᠠᠬᠢᠯᠭᠠᠨ ᠪᠣᠯᠭᠠᠨ ᠥᠭᠡᠷᠡᠴᠢᠯᠡᠬᠦ 》  ᠶ᠋ᠢ ᠲᠣᠭᠲᠠᠭᠤᠨ ᠢ᠋ᠶ᠋ᠠᠷ ᠠᠬᠢᠭᠤᠯᠤᠨ᠎ᠠ ᠃ ᠭᠣᠣᠯ ᠮᠥᠷᠡᠨ ᠦ᠌ ᠳᠠᠷᠤᠭ᠎ᠠ ᠶ᠋ᠢᠨ ᠳᠦᠷᠢᠮ ᠂ ᠨᠠᠭᠤᠷ ᠴᠥᠭᠥᠷᠥᠮ ᠦ᠋ᠨ ᠳᠠᠷᠤᠭ᠎ᠠ ᠶ᠋ᠢᠨ ᠳᠦᠷᠢᠮ ᠢ᠋ ᠪᠥᠬᠥ ᠲᠠᠯ᠎ᠠ ᠪᠠᠷ ᠪᠠᠢᠭᠤᠯᠪᠠ ᠃ ᠬᠢᠮᠢ ᠶ᠋ᠢᠨ ᠪᠣᠷᠳᠣᠭᠤᠷ ᠂ ᠲᠠᠷᠢᠶᠠᠨ ᠡᠮ ᠬᠡᠷᠡᠭᠯᠡᠬᠦ ᠬᠡᠮᠵᠢᠶ᠎ᠡ ᠶ᠋ᠢ ᠬᠣᠣᠰ ᠢ᠋ᠶ᠋ᠠᠷ ᠪᠠᠭᠤᠷᠠᠭᠤᠯᠤᠨ᠎ᠠ ᠃ ᠠᠮᠢ ᠠᠬᠤᠢ ᠶ᠋ᠢᠨ ᠣᠷᠴᠢᠨ ᠲᠣᠭᠣᠷᠢᠨ ᠢ᠋ ᠬᠢᠨᠠᠨ ᠪᠠᠢᠴᠠᠭᠠᠵᠤ ᠬᠠᠤᠯᠢ ᠬᠡᠷᠡᠭᠵᠢᠭᠦᠯᠬᠦ ᠶ᠋ᠢ ᠴᠢᠩᠭᠠᠳᠬᠠᠨ᠎ᠠ ᠃ ᠠᠭᠤᠷ ᠠᠮᠢᠰᠬᠤᠯ ᠤ᠋ᠨ ᠬᠤᠪᠢᠷᠠᠯᠲᠠ ᠶ᠋ᠢ ᠢᠳᠡᠪᠬᠢᠲᠡᠢ ᠪᠡᠷ ᠠᠷᠭᠠᠴᠠᠨ᠎ᠠ ᠃

 3 ᠴᠡᠷᠢᠭ  ᠬᠥᠮᠦᠨ ᠦ᠌ ᠬᠠᠤᠯᠢ ᠶᠣᠰᠣᠨ ᠤ᠋ ᠡᠷᠬᠡ ᠠᠰᠢᠭ  ᠬᠠᠮᠠᠭᠠᠯᠠᠨ᠎ᠠ

 ᠤᠭ ᠮᠠᠲ᠋ᠧᠷᠢᠶᠠᠯ᠄ᠨᠠᠭᠠᠳᠤ ᠵᠠᠬ᠎ᠠ ᠶ᠋ᠢᠨ ᠠᠮᠢᠳᠤᠷᠠᠯ ᠤ᠋ᠨ ᠪᠠᠲᠤᠯᠠᠭ᠎ᠠ ᠵᠡᠷᠭᠡ ᠪᠠᠷᠢᠮᠵᠢᠶ᠎ᠠ ᠶ᠋ᠢ ᠦᠷᠭᠦᠯᠵᠢᠯᠡᠨ ᠳᠡᠭᠡᠭᠰᠢᠯᠡᠭᠦᠯᠵᠦ ᠂ ᠵᠡᠮᠳᠡᠭᠴᠦᠳ ᠦ᠋ᠨ 《ᠬᠣᠶᠠᠷ ᠵᠦᠢᠯ ᠦ᠋ᠨ ᠨᠥᠬᠥᠪᠥᠷᠢ》 ᠪᠡᠷ ᠨᠥᠬᠥᠴᠡᠯ ᠳ᠋ᠦ᠍ ᠨᠡᠢᠴᠡᠬᠦ ᠪᠣᠢ ᠪᠦᠬᠦᠢ ᠬᠥᠮᠦᠰ ᠲᠦ᠍ ᠠᠰᠢᠭ ᠬᠦᠷᠲᠡᠭᠡᠨ᠎ᠡ ᠃ ᠴᠡᠷᠢᠭ ᠡᠴᠡ ᠬᠠᠯᠠᠭᠳᠠᠭᠰᠠᠳ ᠲᠤ᠌ ᠦᠢᠯᠡᠴᠢᠯᠡᠬᠦ ᠠᠵᠢᠯ ᠢ᠋ ᠴᠢᠩᠭᠠᠳᠬᠠᠵᠤ ᠂ ᠴᠡᠷᠢᠭ ᠡᠴᠡ ᠬᠠᠯᠠᠭᠳᠠᠭᠰᠠᠳ ᠤ᠋ᠨ ᠬᠠᠤᠯᠢ ᠶᠣᠰᠣᠨ ᠤ᠋ ᠡᠷᠬᠡ ᠠᠰᠢᠭ ᠢ᠋  ᠬᠠᠮᠠᠭᠠᠯᠠᠨ᠎ᠠ ᠃

      4. ᠬᠠᠤᠯᠢ ᠪᠠᠷ ᠵᠠᠰᠠᠬᠤ ᠵᠠᠰᠠᠭ ᠤ᠋ᠨ ᠣᠷᠳᠣᠨ

      ᠤᠭ ᠮᠠᠲ᠋ᠧᠷᠢᠶᠠᠯ᠄ ᠬᠠᠤᠯᠢ ᠪᠠᠷ ᠵᠠᠰᠠᠬᠤ ᠵᠠᠰᠠᠭ ᠤ᠋ᠨ ᠣᠷᠳᠣᠨ ᠤ᠋ ᠪᠦᠲᠦᠭᠡᠨ ᠪᠠᠢᠭᠤᠯᠤᠯᠲᠠ ᠪᠠ ᠵᠠᠰᠠᠯᠲᠠ ᠶ᠋ᠢᠨ ᠰᠢᠨ᠎ᠡ ᠶ᠋ᠢ ᠡᠭᠦᠳᠬᠦ ᠶ᠋ᠢ ᠠᠬᠢᠭᠤᠯᠤᠨ ᠨᠡᠢᠭᠡᠮ ᠦ᠋ᠨ ᠡᠶ᠎ᠡ ᠵᠣᠬᠢᠴᠠᠯ ᠪᠠ ᠲᠣᠭᠲᠠᠭᠤᠨ ᠪᠠᠢᠳᠠᠯ ᠢ᠋ ᠪᠠᠲᠤᠯᠠᠪᠠ ᠃ ᠪᠥᠬᠥ ᠤᠯᠤᠰ ᠤ᠋ᠨ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠪᠠᠢᠩᠭᠤ ᠶ᠋ᠢᠨ ᠬᠣᠷᠢᠶ᠎ᠠ ᠳ᠋ᠤ᠌18 ᠬᠤᠪᠢ ᠵᠠᠰᠠᠭ ᠵᠠᠬᠢᠷᠭᠠᠨ ᠤ᠋ ᠬᠠᠤᠯᠢ ᠲᠣᠭᠲᠠᠭᠠᠯ ᠦᠨ ᠵᠥᠪᠯᠡᠯᠭᠡ ᠳᠡᠪᠰᠢᠭᠦᠯᠵᠦ᠂ 37 ᠬᠤᠪᠢ  ᠵᠠᠩ ᠠᠭᠠᠯᠢ ᠵᠠᠬᠢᠷᠭᠠᠨ ᠦ ᠬᠠᠤᠯᠢ ᠴᠠᠭᠠᠵᠠ ᠶᠢ  ᠳᠡᠪᠰᠢᠭᠦᠯᠵᠡᠢ᠃ ᠵᠠᠰᠠᠭ ᠤ᠋ᠨ ᠣᠷᠳᠣᠨ ᠤ᠋ ᠪᠠᠢᠭᠤᠯᠤᠮᠵᠢ ᠶ᠋ᠢᠨ ᠪᠠᠢᠷᠢᠯᠠᠭᠤᠯᠤᠯᠲᠠ ᠪᠠ ᠡᠭᠦᠷᠭᠡ ᠴᠢᠳᠠᠪᠤᠷᠢ ᠶ᠋ᠢᠨ ᠲᠣᠬᠢᠷᠠᠭᠤᠯᠤᠯᠲᠠ ᠶ᠋ᠢ ᠥᠭᠡᠷᠡᠴᠢᠯᠡᠨ ᠲᠣᠬᠢᠷᠠᠭᠤᠯᠤᠨ᠎ᠠ ᠃ ᠲᠥᠷᠥ ᠶ᠋ᠢᠨ ᠶᠠᠪᠤᠳᠠᠯ ᠤ᠋ᠨ ᠬᠣᠷᠢᠶᠠᠨ ᠤ᠋ ᠶᠡᠬᠡ ᠬᠢᠨᠠᠨ ᠪᠠᠢᠴᠠᠭᠠᠯᠲᠠ ᠶ᠋ᠢ ᠭᠦᠨᠵᠡᠭᠡᠢ ᠥᠷᠨᠢᠭᠦᠯᠵᠦ ᠂ ᠥᠭᠡᠷᠡᠴᠢᠯᠡᠯᠲᠡ ᠬᠥᠭᠵᠢᠯᠲᠡ ᠶ᠋ᠢᠨ ᠲᠥᠷᠥ ᠶ᠋ᠢᠨ ᠪᠣᠳᠣᠯᠭ᠎ᠠ ᠪᠠ ᠪᠠᠢᠷᠢᠯᠠᠭᠤᠯᠤᠯᠲᠠ ᠶ᠋ᠢ ᠨᠠᠢᠳᠠᠪᠤᠷᠢᠵᠢᠭᠤᠯᠬᠤ ᠶ᠋ᠢ ᠠᠬᠢᠭᠤᠯᠪᠠ ᠃ ᠬᠢᠨᠠᠨ ᠪᠣᠳᠣᠵᠤ ᠬᠢᠨᠠᠯᠲᠠ ᠲᠠᠯᠪᠢᠬᠤ ᠦᠢᠯᠡᠳᠦᠯ ᠢ᠋ ᠪᠠᠳᠠᠷᠠᠭᠤᠯᠤᠨ᠎ᠠ ᠃ ᠬᠣᠲᠠ ᠬᠥᠳᠡᠭᠡ ᠶ᠋ᠢᠨ ᠦᠨᠳᠦᠰᠦᠨ ᠱᠠᠲᠤᠨ ᠤ᠋ ᠵᠠᠰᠠᠯᠲᠠ ᠶ᠋ᠢ ᠥᠭᠡᠷᠡᠴᠢᠯᠡᠨ ᠲᠡᠭᠦᠯᠳᠡᠷᠵᠢᠭᠦᠯᠦᠨ᠎ᠡ ᠃ ᠵᠠᠬᠢᠳᠠᠯ ᠰᠤᠷᠪᠤᠯᠵᠢᠯᠠᠭ᠎ᠠ ᠶ᠋ᠢᠨ ᠠᠵᠢᠯ ᠤ᠋ᠨ ᠠᠷᠭ᠎ᠠ ᠮᠠᠶᠢᠭ ᠤ᠋ᠨ ᠰᠢᠨ᠎ᠡ ᠶ᠋ᠢ ᠡᠭᠦᠳᠦᠨ᠎ᠡ ᠃

      5. ᠢᠳᠡᠭᠡᠨ ᠪᠠ ᠡᠮ ᠦ᠋ᠨ ᠵᠦᠢᠯ ᠦ᠋ᠨ ᠠᠶᠤᠯ ᠥᠬᠡᠢ ᠶ᠋ᠢᠨ ᠬᠢᠨᠠᠯᠲᠠ ᠬᠠᠮᠢᠶᠠᠷᠤᠯᠲᠠ

      ᠤᠭ ᠮᠠᠲ᠋ᠧᠷᠢᠶᠠᠯ᠄ ᠪᠠᠴᠢᠮ ᠪᠠᠢᠳᠠᠯ ᠢ᠋ ᠠᠷᠭᠠᠴᠠᠬᠤ ᠬᠠᠮᠢᠶᠠᠷᠤᠯᠲᠠ ᠶ᠋ᠢ ᠥᠭᠡᠷᠡᠴᠢᠯᠡᠨ ᠴᠢᠩᠭᠠᠳᠬᠠᠬᠤ ᠪᠠ ᠬᠦᠨᠳᠦ ᠬᠡᠴᠡᠭᠦᠦ ᠪᠠᠢᠭᠠᠯᠢ ᠶ᠋ᠢᠨ ᠭᠠᠮᠰᠢᠭ ᠢ᠋ ᠴᠠᠭ ᠲᠤᠬᠠᠢ ᠳ᠋ᠤᠨᠢ ᠪᠦᠲᠦᠮᠵᠢᠲᠡᠢ ᠠᠷᠭᠠᠴᠠᠬᠤ ᠦᠢᠯᠡᠳᠪᠦᠷᠢᠯᠡᠯ ᠦ᠋ᠨ ᠠᠶᠤᠯᠭᠦᠢ ᠶ᠋ᠢᠨ ᠡᠨᠳᠡᠯ ᠦ᠋ᠨ ᠶᠡᠷᠦᠩᠬᠡᠢ ᠬᠡᠮᠵᠢᠶ᠎ᠡ ᠪᠠ ᠬᠦᠨᠳᠦ ᠶᠡᠬᠡ ᠣᠨᠴᠠ ᠶᠡᠬᠡ ᠡᠨᠳᠡᠯ ᠦ᠋ᠨ ᠲᠣᠭ᠎ᠠ ᠬᠡᠮᠵᠢᠶ᠎ᠡ ᠶ᠋ᠢ ᠦᠷᠭᠦᠯᠵᠢᠯᠡᠨ ᠪᠠᠭᠤᠷᠠᠭᠤᠯᠪᠠ ᠃ ᠢᠳᠡᠭᠡᠨ ᠡᠮ ᠦ᠋ᠨ ᠵᠦᠢᠯᠡᠰ ᠦ᠋ᠨ ᠠᠮᠤᠷ ᠲᠦᠪᠰᠢᠨ ᠦ᠌ ᠬᠢᠨᠠᠨ ᠬᠠᠮᠢᠶᠠᠷᠤᠯᠲᠠ ᠶ᠋ᠢ ᠴᠢᠩᠭᠠᠳᠬᠠᠨ ᠂ ᠴᠠᠩ ᠴᠦᠨ ᠴᠠᠩ ᠱᠧᠩ ᠺᠣᠮᠫᠠᠨᠢ ᠵᠡᠷᠭᠡ ᠠᠰᠠᠭᠤᠳᠠᠯ ᠤ᠋ᠨ ᠲᠠᠷᠢᠯᠭ᠎ᠠ ᠵᠢᠨ ᠶᠠᠪᠤᠳᠠᠯ ᠢ᠋ ᠴᠢᠩᠭ᠎ᠠ ᠪᠠᠢᠴᠠᠭᠠᠨ ᠰᠢᠢᠳᠪᠦᠷᠢᠯᠡᠨ᠎ᠡ ᠃

      6. ᠬᠠᠷ᠎ᠠ ᠪᠦᠯᠦᠭᠲᠡᠨ ᠬᠠᠷᠭᠢᠰ ᠬᠦᠴᠦᠨ ᠢ᠋  ᠠᠷᠢᠯᠭᠠᠨ᠎ᠠ

     ᠤᠭ ᠮᠠᠲ᠋ᠧᠷᠢᠶᠠᠯ᠄ ᠲᠥᠷᠥ ᠶ᠋ᠢᠨ ᠠᠶᠤᠯ ᠦᠭᠡᠢ ᠪᠠᠢᠳᠠᠯ ᠤ᠋ᠨ ᠰᠢᠰᠲ᠋ᠧᠮ ᠢ᠋ ᠪᠣᠯᠪᠠᠰᠤᠷᠠᠩᠭᠤᠢ ᠪᠣᠯᠭᠠᠨ᠎ᠠ ᠃ ᠨᠡᠢᠭᠡᠮ ᠦ᠋ᠨ ᠠᠮᠤᠷ ᠲᠦᠪᠰᠢᠨ ᠢ᠋ ᠶᠡᠷᠦᠩᠬᠡᠢᠯᠡᠨ ᠵᠠᠰᠠᠬᠤ ᠶ᠋ᠢ ᠴᠢᠩᠭᠠᠳᠬᠠᠵᠤ ᠂ ᠬᠠᠷ᠎ᠠ ᠪᠦᠯᠦᠭᠲᠡᠨ ᠬᠠᠷᠭᠢᠰ ᠬᠦᠴᠦᠨ ᠢ᠋ ᠠᠷᠢᠯᠭᠠᠬᠤ ᠲᠤᠰᠬᠠᠢ ᠲᠡᠮᠡᠴᠡᠯ ᠢ᠋ ᠥᠷᠨᠢᠭᠦᠯᠵᠦ ᠂ ᠡᠯ᠎ᠡ ᠲᠥᠷᠥᠯ ᠦ᠋ᠨ ᠬᠠᠤᠯᠢ ᠵᠥᠷᠢᠴᠡᠭᠰᠡᠨ ᠶᠠᠯᠠᠲᠤ ᠠᠵᠢᠯᠯᠠᠭ᠎ᠠ ᠳ᠋ᠤ᠌ ᠬᠠᠤᠯᠢ ᠶᠣᠰᠣᠭᠠᠷ ᠴᠣᠬᠢᠯᠲᠠ ᠥᠭᠴᠦ ᠂ ᠠᠮᠤᠷ ᠲᠦᠪᠰᠢᠨ ᠳᠤᠮᠳᠠᠳᠤ ᠤᠯᠤᠰ ᠤ᠋ᠨ ᠪᠦᠲᠦᠭᠡᠨ ᠪᠠᠢᠭᠤᠯᠤᠯᠲᠠ ᠰᠢᠨ᠎ᠡ ᠠᠬᠢᠴᠠ ᠲᠠᠢ ᠪᠣᠯᠪᠠ ᠃

      7. ᠬᠠᠤᠯᠢ ᠲᠣᠭᠲᠠᠭᠠᠯ ᠠ᠋ᠴᠠ ᠵᠥᠷᠢᠴᠡᠭᠰᠡᠨ ᠦᠢᠯᠡ ᠠᠵᠢᠯᠯᠠᠭ᠎ᠠ ᠶ᠋ᠢ ᠴᠢᠩᠭ᠎ᠠ ᠪᠠᠢᠴᠠᠭᠠᠨ᠎ᠠ

      ᠤᠭ ᠮᠠᠲ᠋ᠧᠷᠢᠶᠠᠯ᠄ ᠨᠠᠮ ᠤ᠋ᠨ ᠲᠥᠪ ᠬᠣᠷᠢᠶᠠᠨ ᠤ᠋ ᠨᠠᠮ ᠢ᠋ ᠪᠥᠬᠥ ᠲᠠᠯ᠎ᠠ ᠪᠠᠷ ᠴᠢᠩᠭ᠎ᠠ ᠵᠠᠰᠠᠬᠤ ᠪᠠᠢᠯᠳᠤᠬᠤ ᠪᠣᠳᠣᠯᠭ᠎ᠠ ᠶ᠋ᠢᠨ ᠪᠠᠢᠷᠢᠯᠠᠭᠤᠯᠤᠯᠲᠠ ᠶ᠋ᠢ ᠨᠠᠷᠢᠨ ᠬᠢᠨᠠᠮᠠᠭᠠᠢ ᠲᠤᠤᠱᠯᠠᠭᠤᠯᠵᠤ ᠂ ᠨᠠᠮ ᠤ᠋ᠨ ᠰᠤᠷᠲᠠᠯ ᠴᠢᠬᠡᠴᠢ ᠵᠠᠰᠠᠭ ᠤ᠋ᠨ ᠪᠠᠢᠭᠤᠯᠤᠯᠲᠠ ᠶ᠋ᠢ ᠴᠢᠩᠭᠠᠳᠬᠠᠵᠠᠢ ᠃ 《ᠬᠣᠶᠠᠷ ᠢ᠋ ᠰᠤᠷᠤᠯᠴᠠᠵᠤ ᠬᠢᠷᠢ ᠲᠡᠩᠴᠡᠭᠰᠡᠨ ᠨᠠᠮ ᠤ᠋ᠨ ᠭᠡᠰᠢᠭᠦᠨ ᠪᠣᠯᠬᠤ》 ᠰᠤᠷᠤᠯᠴᠠᠯᠭ᠎ᠠ ᠬᠥᠮᠦᠵᠢᠯ ᠢ᠋  ᠳᠦᠷᠢᠮᠵᠢᠭᠦᠯᠬᠦ ᠶ᠋ᠢ ᠲᠦᠯᠬᠢᠨ ᠠᠬᠢᠭᠤᠯᠤᠨ᠎ᠠ ᠃ ᠲᠥᠪ ᠦ᠋ᠨ ᠨᠠᠢ᠍ᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠦ᠋ᠨ ᠵᠣᠷᠢᠭ ᠰᠠᠨᠠᠭ᠎ᠠ ᠶ᠋ᠢ ᠴᠢᠩᠭ᠎ᠠ ᠨᠠᠢᠳᠠᠪᠤᠷᠢᠵᠢᠭᠤᠯᠵᠤ ᠂ 《ᠳᠥᠷᠪᠡᠨ ᠰᠤᠷᠲᠠᠯ》 ᠢ᠋ ᠡᠷᠡᠰ ᠭᠤᠢᠪᠢᠰᠢ ᠦᠭᠡᠢ ᠵᠠᠯᠠᠷᠠᠭᠤᠯᠤᠨ᠎ᠠ ᠃ ᠬᠠᠤᠯᠢ ᠲᠣᠭᠲᠠᠭᠠᠯ ᠢ᠋ ᠵᠥᠷᠢᠴᠡᠭᠰᠡᠨ ᠡᠯ᠎ᠡ ᠲᠥᠷᠥᠯ ᠦ᠋ᠨ ᠦᠢᠯᠡ ᠠᠵᠢᠯᠯᠠᠭ᠎ᠠ ᠶ᠋ᠢ ᠴᠢᠩᠭ᠎ᠠ ᠪᠠᠢᠴᠠᠭᠠᠨ ᠰᠢᠢᠳᠪᠦᠷᠢᠯᠡᠵᠦ ᠢᠯᠵᠠᠷᠠᠮᠠᠯ ᠡᠲᠡᠭᠡᠳ ᠦ᠋ᠨ ᠢᠯᠵᠠᠷᠠᠯ ᠢ᠋ ᠡᠰᠡᠷᠭᠦᠴᠡᠬᠦ ᠲᠡᠮᠡᠴᠡᠯ ᠦ᠋ᠨ ᠳᠡᠢᠯᠦᠩᠭᠦᠢ ᠴᠢᠨᠠᠷᠲᠠᠢ ᠢᠯᠠᠯᠲᠠ ᠶ᠋ᠢ ᠣᠯᠤᠭᠰᠠᠨ ᠃

       8. ᠬᠠᠤᠯᠢ ᠪᠠᠷ ᠵᠠᠰᠠᠬᠤ ᠠᠷᠭ᠎ᠠ ᠪᠠᠷᠢᠯ ᠢ᠋ᠶ᠋ᠠᠷ ᠥᠭᠡᠷᠡᠴᠢᠯᠡᠯᠲᠡ ᠶ᠋ᠢᠨ ᠦᠷ᠎ᠡ ᠪᠦᠲᠦᠭᠡᠯ ᠢ᠋ ᠪᠡᠬᠢᠵᠢᠭᠦᠯᠦᠶ᠎ᠡ

      ᠤᠭ ᠮᠠᠲ᠋ᠧᠷᠢᠶᠠᠯ᠄  ᠬᠠᠩᠭᠠᠯᠭ᠎ᠠ ᠶ᠋ᠢᠨ ᠲᠠᠯ᠎ᠠ ᠶ᠋ᠢᠨ ᠪᠦᠲᠦᠴᠡ ᠶ᠋ᠢᠨ ᠴᠢᠨᠠᠷᠲᠠᠢ ᠥᠭᠡᠷᠡᠴᠢᠯᠡᠯᠲᠡ ᠪᠡᠷ ᠭᠣᠣᠯ ᠱᠤᠭᠤᠮ ᠪᠣᠯᠭᠠᠵᠤ 《ᠪᠡᠬᠢᠵᠢᠭᠦᠯᠬᠦ ᠂ ᠨᠡᠮᠡᠭᠳᠡᠭᠦᠯᠬᠦ ᠂ ᠳᠡᠭᠡᠭᠰᠢᠯᠡᠭᠦᠯᠬᠦ ᠂ ᠰᠠᠭᠠᠳ ᠥᠬᠡᠢ ᠨᠡᠪᠲᠡᠷᠡᠬᠦ》 ᠨᠠᠢ᠍ᠮᠠᠨ ᠦᠭᠡ ᠶ᠋ᠢ ᠦᠷᠭᠦᠯᠵᠢᠯᠡᠨ ᠪᠠᠷᠢᠮᠲᠠᠯᠠᠬᠤ ᠬᠡᠷᠡᠭᠲᠡᠢ ᠃ ᠨᠡᠩ ᠣᠯᠠᠨ ᠥᠭᠡᠷᠡᠴᠢᠯᠡᠨ ᠪᠠᠢᠭᠤᠯᠤᠯᠲᠠ ᠶ᠋ᠢᠨ ᠠᠷᠭ᠎ᠠ ᠶ᠋ᠢ ᠠᠪᠴᠤ ᠵᠠᠬ᠎ᠠ ᠵᠢᠭᠡᠯᠡᠵᠢᠬᠦ ᠂ ᠬᠠᠤᠯᠢᠵᠢᠬᠤ ᠠᠷᠭ᠎ᠠ ᠪᠠᠷᠢᠯ ᠢ᠋ ᠠᠰᠢᠭᠯᠠᠨ 《 ᠭᠤᠷᠪᠠ ᠶ᠋ᠢ ᠪᠠᠭᠠᠰᠬᠠᠵᠤ ᠨᠢᠭᠡ ᠶ᠋ᠢ ᠪᠠᠭᠤᠷᠠᠭᠤᠯᠵᠤ ᠨᠢᠭᠡ ᠶ᠋ᠢ ᠨᠥᠬᠥᠪᠥᠷᠢᠯᠡᠬᠦ》 ᠦᠷ᠎ᠡ ᠪᠦᠲᠦᠭᠡᠯ ᠢ᠋ ᠪᠠᠲᠤᠳᠬᠠᠵᠤ ᠂ ᠪᠢᠴᠢᠯ ᠭᠣᠣᠯ ᠴᠣᠭᠴᠠ ᠶ᠋ᠢᠨ ᠠᠮᠢᠵᠢᠷᠠᠯ ᠤ᠋ᠨ ᠬᠦᠴᠦ ᠶ᠋ᠢ ᠨᠡᠮᠡᠭᠳᠡᠭᠦᠯᠵᠦ ᠂ ᠠᠵᠤ ᠦᠢᠯᠡᠰ ᠦ᠋ᠨ ᠬᠡᠯᠬᠢᠶ᠎ᠡ ᠶ᠋ᠢᠨ ᠲᠦᠪᠰᠢᠨ ᠢ᠋ ᠳᠡᠭᠡᠭᠰᠢᠯᠡᠭᠦᠯᠵᠦ ᠂ ᠤᠯᠤᠰ ᠠᠷᠠᠳ ᠤ᠋ᠨ ᠠᠵᠤ ᠠᠬᠤᠢ ᠶ᠋ᠢᠨ ᠣᠷᠴᠢᠯ ᠢ᠋ᠶ᠋ᠠᠷ ᠠᠵᠤ ᠠᠬᠤᠢ ᠶ᠋ᠢᠨ ᠥᠨᠳᠥᠷ ᠴᠢᠨᠠᠷᠲᠠᠢ ᠬᠥᠭᠵᠢᠯᠲᠡ ᠶ᠋ᠢ  ᠠᠭᠢᠭᠤᠯᠤᠨ᠎ᠠ᠃

       9. ᠬᠠᠤᠯᠢᠵᠢᠭᠰᠠᠨ ᠬᠤᠳᠠᠯᠳᠤᠭ᠎ᠠ ᠡᠵᠡᠩᠨᠡᠯᠲᠡ ᠶ᠋ᠢᠨ ᠣᠷᠴᠢᠨ

       ᠤᠭ ᠮᠠᠲ᠋ᠧᠷᠢᠶᠠᠯ᠄ ᠥᠭᠡᠷᠡᠴᠢᠯᠡᠯᠲᠡ ᠨᠡᠭᠡᠭᠡᠯᠲᠡ ᠶ᠋ᠢ ᠶᠡᠬᠡᠪᠡᠷ ᠲᠦᠯᠬᠢᠨ ᠠᠬᠢᠭᠤᠯᠵᠤ ᠂ ᠨᠢᠭᠡᠳᠦᠯᠲᠡᠢ ᠨᠡᠭᠡᠭᠡᠯᠲᠡᠲᠡᠢ ᠂ ᠥᠷᠢᠰᠦᠯᠳᠦᠭᠡᠨ ᠨᠢ ᠡᠮᠬᠢ ᠵᠢᠷᠤᠮ ᠲᠠᠢ ᠣᠳᠣ ᠦᠶ᠎ᠡ ᠶ᠋ᠢᠨ ᠵᠠᠬ᠎ᠠ ᠳᠡᠯᠭᠡᠭᠦᠷ ᠦ᠋ᠨ ᠰᠢᠰᠲ᠋ᠧᠮ ᠢ᠋ ᠲᠦᠷᠭᠡᠨ ᠪᠠᠢᠭᠤᠯᠤᠨ᠎ᠠ ᠃

       10. ᠬᠠᠤᠯᠢ ᠬᠡᠷᠡᠭᠵᠢᠭᠦᠯᠬᠦ ᠠᠷᠭ᠎ᠠ ᠮᠠᠶᠢᠭ ᠢ᠋ ᠰᠢᠯᠢᠳᠡᠭᠵᠢᠭᠦᠯᠦᠨ᠎ᠡ

       ᠤᠭ ᠮᠠᠲ᠋ᠧᠷᠢᠶᠠᠯ᠄  ᠤᠯᠤᠰ ᠤ᠋ᠨ ᠲᠠᠯ᠎ᠠ ᠠ᠋ᠴᠠ ᠨᠢᠭᠡᠳᠦᠯᠲᠡᠢ ᠬᠢᠨᠠᠨ ᠬᠠᠮᠢᠶᠠᠷᠬᠤ ᠳᠦᠷᠢᠮ ᠪᠣᠯᠤᠨ ᠪᠠᠷᠢᠮᠵᠢᠶ᠎ᠠ ᠲᠣᠭᠲᠠᠭᠠᠬᠤ ᠂ ᠣᠷᠣᠨ ᠨᠤᠲᠤᠭ ᠤ᠋ᠨ ᠵᠠᠰᠠᠭ ᠤ᠋ᠨ ᠣᠷᠳᠣᠨ ᠤ᠋ ᠭᠣᠣᠯ ᠬᠦᠴᠦᠨ ᠢ᠋ ᠲᠥᠪ ᠭᠣᠣᠯᠴᠢ ᠪᠠᠷ ᠬᠢᠨᠠᠨ ᠬᠠᠮᠢᠶᠠᠷᠬᠤ ᠳᠡᠭᠡᠷ᠎ᠡ ᠲᠠᠯᠪᠢᠬᠤ ᠬᠡᠷᠡᠭᠲᠡᠢ ᠃ 《ᠬᠣᠶᠠᠷ ᠢ᠋ ᠰᠤᠭᠤᠴᠢᠵᠤ ᠂ ᠨᠢᠭᠡ ᠶ᠋ᠢ ᠢᠯᠡ ᠪᠣᠯᠭᠠᠬᠤ》 ᠰᠠᠯᠠᠭ᠎ᠠ ᠮᠥᠴᠢᠷ ᠠᠯᠤᠰᠯᠠᠨ ᠬᠣᠯᠪᠣᠭᠠᠯᠠᠨ ᠬᠢᠨᠠᠨ ᠬᠠᠮᠢᠶᠠᠷᠬᠤ ᠶ᠋ᠢ ᠠᠬᠢᠭᠤᠯᠵᠤ ᠂ ᠢᠲᠡᠭᠡᠮᠵᠢ ᠶ᠋ᠢᠨ ᠬᠢᠨᠠᠯᠲᠠ ᠬᠠᠮᠢᠶᠠᠷᠤᠯᠲᠠ ᠪᠠ 《ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ》 ᠶ᠋ᠢᠨ ᠥᠭᠡᠷᠡᠴᠢᠯᠡᠯᠲᠡ ᠶ᠋ᠢ ᠲᠦᠯᠬᠢᠨ ᠠᠬᠢᠭᠤᠯᠵᠤ ᠂ ᠣᠷᠴᠢᠨ ᠲᠣᠭᠣᠷᠢᠨ ᠤ᠋ ᠬᠠᠮᠠᠭᠠᠯᠠᠯᠲᠠ ᠂ ᠭᠠᠯ ᠰᠡᠷᠭᠡᠢᠯᠡᠬᠦ ᠂ ᠭᠠᠢᠯᠢ ᠶ᠋ᠢᠨ ᠶᠠᠪᠤᠳᠠᠯ ᠂ ᠵᠠᠬ᠎ᠠ ᠳᠡᠯᠭᠡᠭᠦᠷ ᠦ᠋ᠨ ᠬᠢᠨᠠᠯᠲᠠ ᠬᠠᠮᠢᠶᠠᠷᠤᠯᠲᠠ ᠵᠡᠷᠭᠡ ᠬᠠᠤᠯᠢ ᠬᠡᠷᠡᠭᠵᠢᠭᠦᠯᠬᠦ ᠠᠷᠭ᠎ᠠ ᠮᠠᠶᠢᠭ ᠢ᠋ ᠰᠢᠯᠢᠳᠡᠭᠵᠢᠭᠦᠯᠦᠨ ᠂ ᠬᠠᠤᠯᠢ ᠠ᠋ᠴᠠ ᠵᠥᠷᠢᠴᠡᠭᠰᠡᠳ ᠢ᠋ ᠬᠠᠤᠯᠢ ᠶᠣᠰᠣᠭᠠᠷ ᠴᠢᠩᠭ᠎ᠠ ᠰᠢᠳᠬᠡᠵᠦ ᠂ ᠬᠠᠤᠯᠢ ᠶ᠋ᠢ ᠵᠥᠷᠢᠴᠡᠭᠰᠡᠳ ᠲᠦ᠍ ᠤᠴᠢᠷ ᠰᠢᠯᠲᠠᠭᠠᠨ ᠦᠭᠡᠢ ᠪᠡᠷ ᠰᠢᠢᠳᠪᠦᠷᠢᠯᠡᠬᠦ ᠦᠭᠡᠢ ᠃

      11 ᠶᠡᠷᠦᠩᠬᠡᠢᠯᠡᠭᠰᠡᠨ ᠵᠠᠰᠠᠭ ᠵᠠᠬᠢᠷᠭᠠᠨ ᠤ᠋ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶ᠋ᠢ ᠭᠦᠨᠵᠡᠭᠡᠢᠷᠡᠭᠦᠯᠦᠨ᠎ᠡ

      ᠤᠭ ᠮᠠᠲ᠋ᠧᠷᠢᠶᠠᠯ᠄ ᠵᠠᠰᠠᠭ ᠵᠠᠬᠢᠷᠭᠠᠨ ᠤ᠋ ᠶᠡᠷᠦᠩᠬᠡᠢᠯᠡᠭᠰᠡᠨ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶ᠋ᠢ ᠭᠦᠨᠵᠡᠭᠡᠢᠷᠡᠭᠦᠯᠵᠦ ᠵᠠᠰᠠᠭ ᠵᠠᠬᠢᠷᠭᠠᠨ ᠤ᠋ ᠲᠣᠷᠭᠠᠭᠤᠯᠢ ᠶ᠋ᠢᠨ ᠬᠡᠷᠡᠭ ᠶᠠᠪᠤᠳᠠᠯ ᠢ᠋ ᠴᠡᠪᠡᠷᠯᠡᠨ ᠵᠢᠷᠤᠮᠵᠢᠭᠤᠯᠵᠤ ᠣᠯᠠᠨ ᠲᠠᠯ᠎ᠠ ᠠ᠋ᠴᠠ ᠪᠠᠢᠴᠠᠭᠠᠬᠤ ᠂ ᠳᠠᠪᠬᠤᠷᠳᠠᠭᠤᠯᠤᠨ ᠪᠠᠢᠴᠠᠭᠠᠬᠤ ᠠᠵᠢᠯ ᠢ᠋ ᠡᠷᠡᠰ ᠵᠠᠰᠠᠪᠠ ᠃ ᠬᠢᠨᠠᠨ ᠬᠠᠮᠢᠶᠠᠷᠤᠭᠴᠢᠳ ᠢ᠋ ᠴᠦ᠍ ᠪᠠᠰᠠ ᠴᠢᠩᠬ᠎ᠠ ᠬᠢᠨᠠᠨ ᠬᠠᠮᠢᠶᠠᠷᠴᠤ᠂ ᠶᠣᠰᠣ ᠳᠦᠷᠢᠮ ᠲᠣᠭᠲᠠᠭᠠᠬᠤ ᠬᠡᠷᠡᠭᠲᠡᠢ᠂ ᠰᠣᠩᠭᠣᠯᠲᠠ ᠶ᠋ᠢᠨ ᠴᠢᠨᠠᠷᠲᠠᠢ ᠬᠠᠤᠯᠢ ᠬᠡᠷᠡᠭᠵᠢᠭᠦᠯᠬᠦ᠂ ᠳᠤᠷ᠎ᠠ ᠪᠠᠷ ᠢ᠋ᠶ᠋ᠠᠨ ᠬᠠᠤᠯᠢ ᠬᠡᠷᠡᠭᠵᠢᠭᠦᠯᠬᠦ ᠶ᠋ᠢ ᠣᠭᠲᠣ ᠵᠥᠪᠰᠢᠶᠡᠷᠡᠬᠦ ᠥᠬᠡᠢ᠂ ᠠᠵᠤ ᠠᠬᠤᠢᠯᠠᠯ ᠪᠠ ᠣᠯᠠᠨ ᠲᠦᠮᠡᠨ ᠢ᠋ ᠭᠠᠴᠢᠵᠤ ᠣᠭᠲᠣ ᠪᠣᠯᠬᠤ ᠥᠬᠡᠢ᠃

      12. ᠬᠠᠭᠤᠷᠮᠠᠭ ᠮᠠᠭᠤ ᠲᠠᠸᠠᠷ ᠦᠢᠯᠡᠳᠴᠦ ᠪᠣᠷᠣᠯᠠᠭᠤᠯᠤᠭᠰᠠᠨ ᠶᠠᠪᠤᠳᠠᠯ ᠳ᠋ᠤ᠌ ᠴᠣᠬᠢᠯᠲᠠ ᠥᠭᠭᠦᠨ᠎ᠡ

      ᠤᠭ ᠮᠠᠲ᠋ᠧᠷᠢᠶᠠᠯ᠄ᠬᠠᠭᠤᠷᠮᠠᠭ ᠮᠠᠭᠤ ᠲᠠᠸᠠᠷ ᠦᠢᠯᠡᠳᠴᠦ ᠪᠣᠷᠣᠯᠠᠭᠤᠯᠬᠤ ᠵᠡᠷᠭᠡ ᠬᠠᠤᠯᠢ ᠶ᠋ᠢ ᠵᠥᠷᠢᠴᠡᠭᠰᠡᠨ ᠠᠵᠢᠯᠯᠠᠭ᠎ᠠ ᠳ᠋ᠤ᠌ ᠬᠠᠤᠯᠢ ᠶᠣᠰᠣᠭᠠᠷ ᠴᠣᠬᠢᠯᠲᠠ ᠥᠭᠴᠦ ᠬᠠᠤᠯᠢ ᠶ᠋ᠢ ᠵᠥᠷᠢᠴᠡᠭᠰᠡᠳ ᠲᠦ᠍ ᠦᠷᠡᠭᠳᠡᠯ ᠭᠠᠷᠭᠠᠭᠤᠯᠵᠠᠢ ᠃ ᠲᠥᠪ ᠭᠣᠣᠯᠴᠢ ᠪᠠᠷ ᠬᠢᠨᠠᠨ ᠬᠠᠮᠢᠶᠠᠷᠴᠤ ᠡᠷᠬᠡ ᠲᠡᠭᠰᠢ ᠪᠡᠷ ᠬᠡᠷᠡᠭᠯᠡᠨ ᠂ ᠦᠷ᠎ᠡ ᠪᠦᠲᠦᠮᠵᠢ ᠣᠯᠬᠤ ᠶ᠋ᠢ ᠬᠠᠮᠢᠶᠠᠷᠴᠤ ᠂ ᠠᠮᠢᠵᠢᠷᠠᠯ ᠤ᠋ᠨ ᠬᠦᠴᠦᠨ ᠢ᠋ ᠭᠠᠷᠭᠠᠨ᠎ᠠ ᠃

      13. ᠰᠢᠨ᠎ᠡ ᠬᠤᠪᠢ ᠬᠥᠮᠦᠨ ᠦ᠌ ᠠᠰᠢᠭ ᠣᠷᠣᠯᠭ᠎ᠠ ᠶ᠋ᠢᠨ ᠭᠠᠢᠯᠢ ᠶ᠋ᠢᠨ ᠬᠠᠤᠯᠢ ᠶ᠋ᠢ ᠨᠠᠢᠳᠠᠪᠤᠷᠢᠵᠢᠭᠤᠯᠤᠨ᠎ᠠ

      ᠤᠭ ᠮᠠᠲ᠋ᠧᠷᠢᠶᠠᠯ᠄ ᠬᠡᠷᠡᠭᠯᠡᠭᠡᠨ ᠦ᠌ ᠲᠣᠭᠲᠠᠪᠤᠷᠢᠲᠠᠢ ᠥᠰᠦᠯᠲᠡ ᠶ᠋ᠢ  ᠠᠭᠢᠭᠤᠯᠤᠨ᠎ᠠ ᠃ ᠣᠯᠠᠨ ᠠᠷᠭ᠎ᠠ ᠪᠠᠷᠢᠯ ᠢ᠋ ᠵᠡᠷᠭᠡ ᠳ᠋ᠦ᠍ᠨᠢ ᠬᠡᠷᠡᠭᠯᠡᠨ ᠬᠣᠲᠠ ᠬᠥᠳᠡᠭᠡ ᠶ᠋ᠢᠨ ᠰᠠᠭᠤᠭᠠᠯᠢ ᠠᠷᠠᠳ ᠤ᠋ᠨ ᠣᠷᠣᠯᠭ᠎ᠠ ᠶ᠋ᠢᠨ ᠨᠡᠮᠡᠭᠳᠡᠯ ᠢ᠋ ᠠᠬᠢᠭᠤᠯᠵᠤ ᠬᠡᠷᠡᠭᠯᠡᠭᠡᠨ ᠦ᠌ ᠴᠢᠳᠠᠪᠤᠷᠢ ᠶ᠋ᠢ ᠨᠡᠮᠡᠭᠳᠡᠭᠦᠯᠦᠨ᠎ᠡ᠃ ᠰᠢᠨ᠎ᠡ ᠪᠡᠷ ᠵᠠᠰᠠᠪᠤᠷᠢ ᠣᠷᠣᠭᠤᠯᠤᠭᠰᠠᠨ ᠬᠤᠪᠢ ᠬᠥᠮᠦᠨ ᠦ᠌ ᠣᠷᠣᠯᠭ᠎ᠠ ᠶ᠋ᠢᠨ ᠭᠠᠢᠯᠢ ᠶ᠋ᠢᠨ ᠬᠠᠤᠯᠢ ᠶ᠋ᠢ ᠰᠠᠢᠲᠤᠷ ᠨᠠᠢᠳᠠᠪᠤᠷᠢᠵᠢᠭᠤᠯᠵᠤ ᠂ ᠭᠠᠢᠯᠢ ᠬᠥᠩᠭᠡᠯᠡᠬᠦ ᠲᠥᠷᠥ ᠶ᠋ᠢᠨ ᠪᠣᠳᠣᠯᠭ᠎ᠠ ᠳ᠋ᠤ᠌ ᠨᠡᠢᠴᠡᠬᠦ ᠪᠠᠷᠤᠭ 8000 ᠲᠦᠮᠡᠨ ᠭᠠᠢᠯᠢ ᠲᠤᠰᠢᠶᠠᠭᠴᠢ ᠶ᠋ᠢ ᠡᠳ᠋ᠯᠡᠭᠦᠯᠪᠡᠯ ᠵᠣᠬᠢᠨ᠎ᠠ ᠃

       14. ᠡᠮᠴᠢᠯᠡᠬᠦ ᠠᠰᠠᠷᠠᠬᠤ ᠶ᠋ᠢ ᠤᠶᠠᠯᠳᠤᠭᠤᠯᠬᠤ ᠲᠥᠷᠥ ᠶ᠋ᠢᠨ ᠪᠣᠳᠣᠯᠭ᠎ᠠ

      ᠤᠭ ᠮᠠᠲ᠋ᠧᠷᠢᠶᠠᠯ᠄ ᠮᠠᠨ ᠤ᠋ ᠤᠯᠤᠰ ᠤ᠋ᠨ 60 ᠨᠠᠰᠤᠨ ᠠ᠋ᠴᠠ ᠳᠡᠭᠡᠭᠰᠢᠬᠢ ᠬᠥᠮᠦᠨ ᠠᠮᠠ ᠨᠢᠭᠡᠨᠲᠡ 2.5 ᠳ᠋ᠦᠩᠰᠢᠭᠤᠷ ᠲᠤ᠌ ᠬᠦᠷᠴᠡᠢ ᠃ ᠥᠲᠡᠯᠦᠭᠡ ᠨᠠᠰᠤᠨ ᠤ᠋ ᠠᠰᠠᠷᠠᠯ ᠣᠨᠴᠠᠭᠠᠢᠯᠠᠨ ᠨᠡᠢᠭᠡᠮ ᠲᠣᠭᠣᠷᠢᠭ ᠤ᠋ᠨ ᠨᠠᠰᠤᠵᠢᠯ ᠤ᠋ᠨ ᠦᠢᠯᠡᠴᠢᠯᠡᠭᠡᠨ ᠦ᠌ ᠦᠢᠯᠡᠰ ᠢ᠋ ᠶᠡᠬᠡ ᠪᠡᠷ ᠬᠥᠭᠵᠢᠭᠦᠯᠵᠦ ᠨᠡᠢᠭᠡᠮ ᠲᠣᠭᠣᠷᠢᠭ ᠲᠤ᠌ ᠡᠳᠦᠷ ᠳᠣᠳᠣᠮ ᠤ᠋ᠨ ᠬᠠᠷᠠᠭᠠᠯᠵᠠᠯ ᠂ ᠡᠷᠡᠭᠦᠯᠵᠢᠭᠦᠯᠦᠨ ᠰᠤᠪᠢᠯᠠᠬᠤ ᠂ ᠬᠣᠭᠣᠯᠠᠨ ᠤ᠋ ᠲᠤᠰᠠᠯᠠᠭᠴᠢ ᠵᠡᠷᠭᠡ ᠦᠢᠯᠡᠴᠢᠯᠡᠭᠡ ᠬᠠᠩᠭᠠᠬᠤ ᠪᠠᠢᠭᠤᠯᠤᠮᠵᠢ ᠳ᠋ᠤ᠌ ᠭᠠᠢᠯᠢ ᠰᠦᠢᠳᠬᠡᠯ ᠢ᠋ ᠬᠠᠰᠤᠵᠤ ᠬᠡᠯᠲᠦᠷᠢᠭᠦᠯᠬᠦ ᠂ ᠪᠡᠯᠡ ᠮᠥᠩᠭᠥ ᠶ᠋ᠢᠨ ᠳᠡᠮᠵᠢᠯᠭᠡ ᠦᠵᠡᠭᠦᠯᠬᠦ ᠂ ᠤᠰᠤ ᠴᠠᠬᠢᠯᠭᠠᠨ ᠬᠡᠢ ᠢᠯᠴᠢ ᠶ᠋ᠢᠨ ᠦᠨ᠎ᠡ ᠬᠠᠩᠰᠢ ᠶ᠋ᠢᠨ ᠬᠠᠷᠠᠭᠠᠯᠵᠠᠯ ᠦᠵᠡᠭᠦᠯᠬᠦ ᠵᠡᠷᠭᠡ ᠰᠢᠨ᠎ᠡ ᠪᠡᠷ ᠪᠠᠢᠭᠤᠯᠵᠤ ᠪᠣᠯᠬᠤ ᠣᠷᠣᠨ ᠨᠢ ᠨᠡᠢᠭᠡᠮ ᠲᠣᠭᠣᠷᠢᠭ ᠤ᠋ᠨ ᠨᠠᠰᠤᠵᠢᠯ ᠤ᠋ᠨ ᠦᠢᠯᠡᠴᠢᠯᠡᠭᠡᠨ ᠦ᠌ ᠲᠥᠬᠥᠭᠡᠷᠦᠮᠵᠢ ᠶ᠋ᠢᠨ ᠥᠭᠡᠷᠡᠴᠢᠯᠡᠯᠲᠡ ᠪᠡᠷ ᠳᠠᠮᠵᠢᠨ ᠲᠤᠰᠠᠯᠠᠯᠲᠠ ᠶ᠋ᠢ ᠤᠶᠠᠯᠳᠤᠭᠤᠯᠬᠤ ᠲᠥᠷᠥ ᠶ᠋ᠢᠨ ᠪᠣᠳᠣᠯᠭ᠎ᠠ ᠶ᠋ᠢ ᠥᠷᠭᠡᠳᠬᠡᠬᠦ ᠬᠡᠷᠡᠭᠲᠡᠢ ᠃

       15. ᠬᠥᠯᠥᠰᠥᠨ ᠠᠵᠢᠯᠴᠢᠨ ᠤ᠋ ᠴᠠᠯᠢᠩ ᠬᠥᠯᠥᠰᠥ ᠶ᠋ᠢ ᠦᠨᠳᠦᠰᠦ ᠪᠡᠷ ᠨᠢ ᠵᠠᠰᠠᠨ᠎ᠠ

       ᠤᠭ ᠮᠠᠲ᠋ᠧᠷᠢᠶᠠᠯ᠄  ᠨᠤᠲᠤᠭ ᠲᠠᠭᠠᠨ ᠪᠤᠴᠠᠵᠤ ᠦᠢᠯᠡᠰ ᠪᠦᠲᠦᠭᠡᠬᠦ ᠰᠢᠨ᠎ᠡ ᠶ᠋ᠢ ᠡᠭᠦᠳᠬᠦ ᠶ᠋ᠢ ᠳᠡᠮᠵᠢᠵᠦ ᠂ ᠨᠢᠭᠡᠳᠦᠭᠡᠷ ᠬᠣᠶᠠᠳᠤᠭᠠᠷ ᠭᠤᠷᠪᠠᠳᠤᠭᠠᠷ ᠠᠵᠤ ᠦᠢᠯᠡᠰ ᠦ᠋ᠨ ᠠᠭᠤᠰᠤᠯᠴᠠᠨ ᠬᠥᠭᠵᠢᠬᠦ ᠶ᠋ᠢ ᠠᠬᠢᠭᠤᠯᠤᠨ᠎ᠠ ᠃ ᠬᠥᠯᠥᠰᠥᠨ ᠠᠵᠢᠯ ᠬᠢᠵᠦ ᠪᠠᠢᠭ᠎ᠠ ᠣᠷᠣᠯᠭ᠎ᠠ ᠪᠣᠯ ᠲᠠᠷᠢᠶᠠᠴᠢᠳ ᠤ᠋ᠨ ᠣᠷᠣᠯᠭ᠎ᠠ ᠶ᠋ᠢ ᠨᠡᠮᠡᠭᠳᠡᠭᠦᠯᠬᠦ ᠶᠡᠬᠡ ᠲᠠᠯ᠎ᠠ ᠪᠣᠯᠤᠨ᠎ᠠ ᠃ ᠲᠠᠷᠢᠶᠠᠴᠢᠨ ᠬᠦᠴᠦ ᠶᠠᠪᠤᠭᠰᠠᠳ ᠤ᠋ᠨ ᠴᠠᠯᠢᠩ ᠥᠷᠢᠲᠦᠬᠦ ᠠᠰᠠᠭᠤᠳᠠᠯ ᠢ᠋ ᠴᠡᠭᠴᠡᠯᠡᠨ ᠵᠠᠰᠠᠬᠤ ᠬᠡᠷᠡᠭᠲᠡᠢ ᠵᠠᠰᠠᠭ ᠵᠠᠬᠢᠷᠭᠠᠨ ᠤ᠋ ᠲᠤᠰᠬᠠᠢ ᠬᠠᠤᠯᠢ ᠲᠣᠭᠲᠠᠭᠠᠯ ᠢ᠋ ᠱᠠᠯᠠᠪᠳᠠᠨ ᠲᠣᠭᠲᠠᠭᠠᠬᠤ ᠬᠡᠷᠡᠭᠲᠡᠢ ᠂ᠬᠦᠴᠦ ᠬᠥᠯᠥᠰᠥ ᠭᠠᠷᠭᠠᠭᠰᠠᠨ ᠲᠠᠷᠢᠶᠠᠴᠢᠨ ᠬᠦᠴᠦ ᠶᠠᠪᠤᠭᠰᠠᠳ ᠵᠣᠬᠢᠬᠤ ᠬᠠᠷᠠᠮᠵᠢ ᠴᠠᠭ ᠲᠠᠭᠠᠨ ᠣᠯᠬᠤ ᠶ᠋ᠢ ᠦᠨᠡᠨᠬᠦ ᠪᠠᠲᠤᠯᠠᠬᠤ ᠬᠡᠷᠡᠭᠲᠡᠢ᠃

      16. ᠣᠷᠴᠢᠨ ᠠᠬᠤᠢ ᠶ᠋ᠢ ᠵᠠᠰᠠᠬᠤ ᠠᠵᠢᠯ ᠢ᠋ ᠬᠠᠤᠯᠢ ᠶᠣᠰᠣᠭᠠᠷ ᠬᠢᠨᠠᠵᠤ ᠬᠠᠮᠢᠶᠠᠷᠤᠨ᠎ᠠ

      ᠤᠭ ᠮᠠᠲ᠋ᠧᠷᠢᠶᠠᠯ᠄  ᠳᠤᠷᠠᠳᠤᠭᠰᠠᠨ ᠠᠵᠤ ᠠᠬᠤᠢ ᠶ᠋ᠢᠨ ᠨᠢᠭᠡᠴᠡ ᠨᠦ᠍ᠭᠦᠳ ᠪᠣᠬᠢᠷᠳᠠᠯ ᠠ᠋ᠴᠠ ᠰᠡᠷᠭᠡᠢᠯᠡᠬᠦ ᠭᠣᠣᠯ ᠴᠣᠭᠴᠠ ᠪᠣᠯᠤᠭᠰᠠᠨ ᠤ᠋ ᠬᠤᠪᠢ ᠳ᠋ᠤ᠌ ᠣᠷᠴᠢᠨ ᠲᠣᠭᠣᠷᠢᠨ ᠢ᠋ ᠬᠠᠮᠠᠭᠠᠯᠠᠬᠤ ᠬᠠᠷᠢᠭᠤᠴᠠᠯᠭ᠎ᠠ ᠶ᠋ᠢ ᠬᠠᠤᠯᠢ ᠶ᠋ᠢᠨ ᠳᠠᠭᠠᠤ ᠭᠦᠢᠴᠡᠳᠬᠡᠬᠦ ᠬᠡᠷᠡᠭᠲᠡᠢ ᠃ ᠣᠷᠴᠢᠨ ᠲᠣᠭᠣᠷᠢᠨ ᠢ᠋ ᠵᠠᠰᠠᠬᠤ ᠠᠷᠭ᠎ᠠ ᠮᠠᠶᠢᠭ ᠲᠤ᠌ ᠰᠢᠨ᠎ᠡ ᠶ᠋ᠢ ᠡᠭᠦᠳᠬᠦ ᠠᠷᠭ᠎ᠠ ᠮᠠᠶᠢᠭ ᠢ᠋ ᠥᠭᠡᠷᠡᠴᠢᠯᠡᠵᠦ ᠰᠢᠨ᠎ᠡ ᠶ᠋ᠢ ᠡᠭᠦᠳᠦᠨ᠎ᠡ ᠠᠵᠤ ᠠᠬᠤᠢᠯᠠᠯ ᠤ᠋ᠨ ᠬᠠᠤᠯᠢ ᠲᠣᠭᠲᠠᠭᠠᠯ ᠶᠣᠰᠣᠭᠠᠷ ᠬᠢᠨᠠᠨ ᠬᠠᠮᠢᠶᠠᠷᠤᠭᠰᠠᠨ ᠮᠥᠷᠲᠡᠭᠡᠨ ᠪᠠᠰᠠ ᠵᠦᠢ ᠵᠣᠬᠢᠰᠲᠠᠢ ᠱᠠᠭᠠᠷᠳᠠᠯᠭ᠎ᠠ ᠶ᠋ᠢ ᠴᠢᠬᠤᠯᠠᠴᠢᠯᠠᠵᠤ ᠂ ᠬᠠᠪᠰᠤᠷᠤᠨ ᠲᠡᠳᠬᠦᠬᠦ ᠶ᠋ᠢ ᠴᠢᠩᠭᠠᠳᠬᠠᠵᠤ ᠂ ᠪᠠᠷᠢᠮᠵᠢᠶ᠎ᠠ ᠳ᠋ᠤ᠌ ᠬᠦᠷᠦᠭᠦᠯᠦᠨ ᠴᠡᠭᠴᠡᠯᠡᠨ ᠥᠭᠡᠷᠡᠴᠢᠯᠡᠬᠦ ᠴᠢᠬᠤᠯᠠᠲᠠᠢ ᠪᠠᠢᠪᠠᠯ ᠵᠦᠢ ᠵᠣᠬᠢᠰᠲᠠᠢ ᠰᠢᠯᠵᠢᠯᠲᠡ ᠶ᠋ᠢᠨ ᠬᠤᠭᠤᠴᠠᠭ᠎ᠠ ᠶ᠋ᠢ ᠨᠢ ᠰᠢᠢᠳᠪᠦᠷᠢᠯᠡᠬᠦ ᠠᠷᠭ᠎ᠠ ᠬᠡᠮᠵᠢᠶ᠎ᠡ ᠨᠢ ᠳᠥᠭᠥᠮ ᠪᠦᠳᠦᠭᠦᠯᠢᠭ ᠪᠦᠳᠦᠭᠦᠯᠢᠭ ᠰᠢᠷᠦᠭᠦᠨ ᠂ ᠨᠢᠭᠡ ᠯᠡ ᠪᠣᠭᠣᠮᠲᠠ ᠶ᠋ᠢ ᠵᠠᠢᠯᠠᠰᠬᠢᠪᠡ ᠃ ᠠᠵᠤ ᠠᠬᠤᠢᠯᠠᠯ ᠤ᠋ᠨ ᠳᠣᠲᠣᠭᠠᠳᠤ ᠶ᠋ᠢᠨ ᠬᠥᠳᠡᠯᠭᠡᠬᠦ ᠬᠦᠴᠦᠨ ᠪᠠ ᠭᠠᠳᠠᠭᠠᠳᠤ ᠲᠠᠯ᠎ᠠ ᠶ᠋ᠢᠨ ᠳᠠᠷᠤᠯᠲᠠ ᠪᠦᠬᠦᠢ ᠪᠣᠬᠢᠷᠲᠤᠯ ᠢ᠋ ᠰᠡᠷᠭᠡᠢᠯᠡᠨ ᠵᠠᠰᠠᠬᠤ ᠠᠵᠢᠯ ᠨᠡᠩ ᠶᠡᠬᠡ ᠦᠷ᠎ᠡ ᠪᠦᠲᠦᠮᠵᠢ ᠣᠯᠬᠤ ᠨᠢ ᠯᠠᠪᠲᠠᠢ ᠃

       17. 《 ᠦᠬᠦᠰᠢᠷᠡᠮᠡᠯ ᠠᠵᠤ ᠠᠬᠤᠢᠯᠠᠯ 》  ᠢ᠋ ᠬᠠᠤᠯᠢ ᠶᠣᠰᠣᠭᠠᠷ ᠰᠢᠢᠳᠪᠦᠷᠢᠯᠡᠪᠡ

      ᠤᠭ ᠮᠠᠲ᠋ᠧᠷᠢᠶᠠᠯ᠄ ᠤᠯᠤᠰ ᠤ᠋ᠨ ᠬᠥᠷᠥᠩᠭᠡ ᠪᠠ ᠤᠯᠤᠰ ᠤ᠋ᠨ ᠥᠮᠴᠢᠯᠡᠯ ᠦ᠋ᠨ ᠠᠵᠤ ᠠᠬᠤᠢᠯᠠᠯ ᠤ᠋ᠨ ᠥᠭᠡᠷᠡᠴᠢᠯᠡᠯᠲᠡ ᠶ᠋ᠢ ᠲᠦᠷᠭᠡᠳᠬᠡᠵᠦ᠂ ᠤᠯᠤᠰ ᠤ᠋ᠨ ᠥᠮᠴᠢᠯᠡᠯ ᠦ᠋ᠨ ᠡᠳ᠋ ᠬᠥᠷᠥᠩᠭᠡ ᠶ᠋ᠢᠨ ᠬᠢᠨᠠᠯᠲᠠ ᠬᠠᠮᠢᠶᠠᠷᠤᠯᠲᠠ ᠶ᠋ᠢ ᠴᠢᠩᠭᠠᠳᠬᠠᠨ ᠲᠡᠭᠦᠯᠳᠡᠷᠵᠢᠭᠦᠯᠵᠦ ᠂ ᠤᠯᠤᠰ ᠤ᠋ᠨ ᠥᠮᠴᠢᠯᠡᠯ ᠦ᠋ᠨ ᠬᠥᠷᠥᠩᠭᠡ ᠶ᠋ᠢᠨ ᠪᠡᠯᠡ ᠣᠷᠣᠭᠤᠯᠤᠯᠲᠠ ᠂ ᠡᠵᠡᠩᠨᠡᠯᠲᠡ ᠶ᠋ᠢᠨ ᠺᠣᠮᠫᠠᠨᠢ ᠶ᠋ᠢᠨ ᠥᠭᠡᠷᠡᠴᠢᠯᠡᠯᠲᠡ ᠶ᠋ᠢᠨ ᠲᠤᠷᠰᠢᠯᠲᠠ ᠶ᠋ᠢ ᠠᠬᠢᠭᠤᠯᠪᠠ ᠃ ᠬᠣᠯᠢᠮᠠᠭ ᠥᠮᠴᠢᠯᠡᠯ ᠦ᠋ᠨ ᠥᠭᠡᠷᠡᠴᠢᠯᠡᠯᠲᠡ ᠶ᠋ᠢ ᠢᠳᠡᠪᠬᠢᠲᠡᠢ ᠪᠥᠭᠡᠳ ᠯᠠᠪᠳᠠᠭᠤᠨ ᠢ᠋ᠶ᠋ᠠᠷ ᠠᠬᠢᠭᠤᠯᠤᠨ᠎ᠠ ᠃ ᠺᠣᠮᠫᠠᠨᠢ ᠶ᠋ᠢᠨ ᠵᠠᠰᠠᠯᠲᠠ ᠶ᠋ᠢᠨ ᠪᠦᠲᠦᠴᠡ ᠶ᠋ᠢ ᠲᠡᠭᠦᠯᠳᠡᠷᠵᠢᠭᠦᠯᠦᠨ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ ᠶ᠋ᠢᠨ ᠲᠣᠭᠲᠠᠴᠠ ᠶ᠋ᠢ ᠲᠡᠭᠦᠯᠳᠡᠷᠵᠢᠭᠦᠯᠦᠨ᠎ᠡ᠃ 《 ᠦᠬᠦᠰᠢᠷᠡᠮᠡᠯ ᠠᠵᠤ ᠠᠬᠤᠢᠯᠠᠯ 》  ᠢ᠋ ᠬᠠᠤᠯᠢ ᠶᠣᠰᠣᠭᠠᠷ ᠰᠢᠢᠳᠪᠦᠷᠢᠯᠡᠨ᠎ᠡ ᠃

      18. ᠥᠮᠴᠢᠯᠡᠯ ᠦ᠋ᠨ ᠡᠷᠬᠡ ᠶ᠋ᠢ ᠬᠠᠮᠠᠭᠠᠯᠠᠬᠤ

       ᠤᠭ ᠮᠠᠲ᠋ᠧᠷᠢᠶᠠᠯ᠄ ᠵᠠᠰᠠᠭ ᠵᠠᠬᠢᠷᠭ᠎ᠠ ᠪᠣᠯᠤᠨ ᠠᠵᠤ ᠠᠬᠤᠢᠯᠠᠯ ᠤ᠋ᠨ ᠬᠣᠭᠣᠷᠣᠨᠳᠣᠬᠢ ᠳᠣᠲᠣᠨᠣ ᠴᠢᠬᠡᠴᠢ ᠰᠢᠨ᠎ᠡ ᠮᠠᠶᠢᠭ ᠤ᠋ᠨ ᠬᠠᠷᠢᠴᠠᠭ᠎ᠠ ᠶ᠋ᠢ ᠴᠣᠭᠴᠠᠯᠠᠨ ᠪᠠᠢᠭᠤᠯᠬᠤ ᠳ᠋ᠤ᠌ ᠵᠠᠰᠠᠭ ᠵᠠᠬᠢᠷᠭ᠎ᠠ ᠪᠠ ᠠᠵᠤ ᠠᠬᠤᠢᠯᠠᠯ ᠤ᠋ᠨ ᠬᠠᠷᠢᠯᠴᠠᠬᠤ ᠲᠣᠭᠲᠠᠴᠠ ᠶ᠋ᠢ ᠲᠡᠭᠦᠯᠳᠡᠷᠵᠢᠭᠦᠯᠪᠡᠯ ᠠᠵᠤ ᠠᠬᠤᠢᠯᠠᠯᠲᠠᠨ ᠤ᠋ ᠵᠣᠷᠢᠭ ᠰᠠᠨᠠᠭ᠎ᠠ ᠶ᠋ᠢ ᠬᠥᠭᠵᠢᠭᠡᠵᠦ ᠂ ᠠᠷᠠᠳ ᠠ᠋ᠴᠠ ᠡᠵᠡᠩᠨᠡᠭᠰᠡᠨ ᠠᠵᠤ ᠠᠬᠤᠢ ᠶ᠋ᠢᠨ ᠬᠥᠭᠵᠢᠯᠲᠡ ᠶ᠋ᠢᠨ ᠳᠡᠰ ᠲᠠᠪᠰᠢᠯᠲᠠ ᠶ᠋ᠢ ᠠᠬᠢᠭᠤᠯᠤᠶ᠎ᠠ ᠥᠮᠴᠢᠯᠡᠯ ᠦ᠋ᠨ ᠡᠷᠬᠡ ᠶ᠋ᠢ ᠬᠠᠮᠠᠭᠠᠯᠠᠬᠤ ᠳ᠋ᠤ᠌ ᠡᠷᠬᠡᠪᠰᠢ ᠡᠷᠬᠡ ᠳ᠋ᠦ᠍ ᠬᠠᠯᠳᠠᠭᠰᠠᠨ ᠦᠢᠯᠡ ᠠᠵᠢᠯᠯᠠᠭ᠎ᠠ ᠶ᠋ᠢ ᠡᠷᠡᠰ ᠭᠤᠢᠪᠢᠰᠢ ᠦᠭᠡᠢ ᠪᠡᠷ ᠵᠥᠪ ᠪᠤᠷᠤᠭᠤ ᠬᠡᠷᠡᠭ ᠢ᠋ ᠬᠠᠤᠯᠢ ᠶᠣᠰᠣᠭᠠᠷ ᠵᠠᠯᠬᠠᠭᠠᠨ ᠰᠢᠳᠬᠡᠬᠦ ᠬᠡᠷᠡᠭᠲᠡᠢ᠃ ᠬᠤᠳᠠᠯᠳᠤᠭ᠎ᠠ ᠡᠷᠬᠢᠯᠡᠬᠦ ᠰᠠᠢᠨ ᠰᠠᠢᠬᠠᠨ ᠣᠷᠴᠢᠨ ᠲᠣᠭᠣᠷᠢᠨ ᠢ᠋ ᠴᠢᠷᠮᠠᠢᠨ ᠪᠣᠢ ᠪᠣᠯᠭᠠᠵᠤ ᠠᠵᠤ ᠠᠬᠤᠢᠯᠠᠯᠲᠠᠳ ᠢ᠋ ᠰᠠᠨᠠᠭ᠎ᠠ ᠠᠮᠤᠷ ᠡᠵᠡᠩᠨᠡᠯᠲᠡ ᠬᠢᠯᠭᠡᠵᠦ ᠂ ᠠᠵᠤ ᠠᠬᠤᠢᠯᠠᠯ ᠢ᠋ ᠰᠠᠨᠠᠭ᠎ᠠ ᠠᠮᠤᠷ ᠠᠵᠢᠯᠯᠠᠭᠤᠯᠬᠤ ᠬᠡᠷᠡᠭᠲᠡᠢ ᠃

      19. ᠭᠡᠷ ᠪᠠᠢᠰᠢᠩ ᠭᠠᠵᠠᠷ ᠰᠢᠷᠣᠢ ᠶ᠋ᠢᠨ ᠬᠥᠷᠥᠩᠭᠡ ᠶ᠋ᠢᠨ ᠭᠠᠢᠯᠢ ᠶ᠋ᠢᠨ ᠬᠠᠤᠯᠢ ᠲᠣᠭᠲᠠᠭᠠᠬᠤ

      ᠤᠭ ᠮᠠᠲ᠋ᠧᠷᠢᠶᠠᠯ᠄ ᠡᠳ᠋ ᠦ᠋ᠨ ᠵᠠᠰᠠᠭ ᠭᠠᠢᠯᠢ ᠮᠥᠩᠭᠥᠨ ᠭᠦᠢᠯᠭᠡᠭᠡᠨ ᠦ᠌ ᠪᠠᠢᠭᠤᠯᠤᠯ ᠤ᠋ᠨ ᠥᠭᠡᠷᠡᠴᠢᠯᠡᠯᠲᠡ ᠶ᠋ᠢ ᠭᠦᠨᠵᠡᠭᠡᠢᠷᠡᠭᠦᠯᠦᠨ᠎ᠡ ᠃ ᠲᠥᠰᠥᠪ ᠢ᠋ ᠢᠯᠡ ᠪᠣᠯᠭᠠᠬᠤ ᠥᠭᠡᠷᠡᠴᠢᠯᠡᠯᠲᠡ ᠶ᠋ᠢᠨ ᠡᠷᠴᠢᠮ ᠢ᠋ ᠴᠢᠩᠭ᠋ᠠᠷᠠᠭᠤᠯᠵᠤ ᠲᠥᠪ ᠦ᠋ᠨ ᠪᠠ ᠣᠷᠣᠨ ᠨᠤᠲᠤᠭ ᠤ᠋ᠨ ᠡᠳ᠋ ᠦ᠋ᠨ ᠵᠠᠰᠠᠭ ᠤ᠋ᠨ ᠠᠵᠢᠯ ᠶᠠᠪᠤᠳᠠᠯ ᠤ᠋ᠨ ᠡᠷᠬᠡ ᠪᠠ ᠵᠠᠷᠤᠯᠭ᠎ᠠ ᠶ᠋ᠢᠨ ᠬᠠᠷᠢᠭᠤᠴᠠᠯᠭ᠎ᠠ ᠶ᠋ᠢ ᠬᠤᠪᠢᠶᠠᠷᠢᠯᠠᠬᠤ ᠥᠭᠡᠷᠡᠴᠢᠯᠡᠯᠲᠡ ᠶ᠋ᠢ ᠲᠦᠯᠬᠢᠨ ᠠᠬᠢᠭᠤᠯᠤᠨ᠎ᠠ ᠃ ᠣᠷᠣᠨ ᠨᠤᠲᠤᠭ ᠤ᠋ᠨ ᠭᠠᠢᠯᠢ ᠶ᠋ᠢᠨ ᠰᠢᠰᠲ᠋ᠧᠮ ᠢ᠋ ᠲᠡᠭᠦᠯᠳᠡᠷᠵᠢᠭᠦᠯᠵᠦ ᠂ ᠭᠡᠷ ᠭᠠᠵᠠᠷ ᠤ᠋ᠨ ᠬᠥᠷᠥᠩᠭᠡ ᠶ᠋ᠢᠨ ᠭᠠᠢᠯᠢ ᠶ᠋ᠢᠨ ᠬᠠᠤᠯᠢ ᠲᠣᠭᠲᠠᠭᠠᠬᠤ ᠶ᠋ᠢ ᠲᠣᠭᠲᠠᠭᠤᠨ ᠢ᠋ᠶ᠋ᠠᠷ ᠠᠬᠢᠭᠤᠯᠤᠨ᠎ᠠ ᠃

      20 .ᠭᠠᠳᠠᠭᠠᠳᠤ ᠶ᠋ᠢᠨ ᠬᠤᠳᠠᠯᠳᠤᠭᠠᠴᠢᠨ ᠤ᠋ ᠬᠠᠤᠯᠢ ᠶᠣᠰᠣᠨ ᠤ᠋ ᠡᠷᠬᠡ ᠠᠰᠢᠭ ᠤ᠋ᠨ ᠬᠠᠮᠠᠭᠠᠯᠠᠯᠲᠠ

     ᠤᠭ ᠮᠠᠲ᠋ᠧᠷᠢᠶᠠᠯ᠄ ᠭᠠᠳᠠᠭᠠᠳᠤ ᠶ᠋ᠢᠨ ᠬᠥᠷᠥᠩᠭᠡ ᠣᠷᠣᠭᠤᠯᠤᠯᠲᠠ ᠶ᠋ᠢ ᠲᠠᠲᠠᠬᠤ ᠡᠷᠴᠢᠮ ᠢ᠋ᠶ᠋ᠡᠨ ᠴᠢᠨᠭᠠᠷᠠᠭᠤᠯᠵᠤ ᠃ ᠵᠠᠬ᠎ᠠ ᠳᠡᠯᠭᠡᠭᠦᠷ ᠲᠦ᠍ ᠵᠥᠪᠰᠢᠶᠡᠷᠡᠨ ᠣᠷᠣᠭᠤᠯᠬᠤ ᠶ᠋ᠢ ᠪᠠᠭᠠᠰᠬᠠᠬᠤ ᠨᠠᠵᠠᠭᠠᠢ ᠲᠠᠯ᠎ᠠ ᠶ᠋ᠢᠨ ᠨᠠᠷᠢᠨ ᠳᠠᠩᠰᠠ ᠶ᠋ᠢ ᠤᠯᠠᠮ ᠨᠢᠭᠡ ᠠᠯᠬᠤᠮ ᠠᠭᠤᠵᠢᠭᠤ ᠲᠠᠯᠪᠢᠵᠤ ᠨᠡᠩ ᠣᠯᠠᠨ ᠬᠦᠷᠢᠶᠡᠨ ᠳ᠋ᠦ᠍ ᠭᠠᠳᠠᠭᠠᠳᠤ ᠪᠡᠯᠡ ᠶ᠋ᠢᠨ ᠲᠤᠰᠠᠭᠠᠷ ᠪᠡᠯᠡ ᠣᠷᠣᠭᠤᠯᠬᠤ ᠶ᠋ᠢ ᠵᠥᠪᠰᠢᠶᠡᠷᠡᠨ᠎ᠡ ᠃ ᠮᠥᠩᠭᠥᠨ ᠭᠦᠢᠯᠭᠡᠭᠡ ᠵᠡᠷᠭᠡ ᠠᠵᠢᠯ ᠲᠥᠷᠥᠯ ᠦ᠋ᠨ ᠥᠭᠡᠷᠡᠴᠢᠯᠡᠯᠲᠡ ᠨᠡᠭᠡᠭᠡᠯᠲᠡ ᠶ᠋ᠢᠨ ᠠᠷᠭ᠎ᠠ ᠬᠡᠮᠵᠢᠶ᠎ᠡ ᠶ᠋ᠢ ᠨᠠᠢᠳᠠᠪᠤᠷᠢᠵᠢᠭᠤᠯᠵᠤ ᠵᠢᠭᠡᠯᠡᠯᠭᠡ ᠶ᠋ᠢᠨ ᠲᠡᠮᠳᠡᠭᠲᠦ ᠶ᠋ᠢᠨ ᠵᠠᠬ᠎ᠠ ᠳᠡᠯᠭᠡᠭᠦᠷ ᠦ᠋ᠨ ᠨᠡᠭᠡᠭᠡᠯᠲᠡ ᠶ᠋ᠢᠨ ᠲᠥᠷᠥ ᠶ᠋ᠢᠨ ᠪᠣᠳᠣᠯᠭ᠎ᠠ ᠶ᠋ᠢ  ᠲᠡᠭᠦᠯᠳᠡᠷᠵᠢᠭᠦᠯᠦᠨ᠎ᠡ ᠃ ᠣᠯᠠᠨ ᠤᠯᠤᠰ ᠤ᠋ᠨ ᠨᠡᠢᠳᠡᠮ ᠬᠡᠷᠡᠭᠯᠡᠬᠦ ᠠᠵᠤ ᠠᠬᠤᠢ ᠠᠷᠠᠯᠵᠢᠶᠠᠨ ᠤ᠋ ᠳᠦᠷᠢᠮ ᠲᠡᠢ ᠵᠣᠯᠭᠠᠭᠤᠯᠬᠤ ᠶ᠋ᠢ ᠲᠦᠷᠭᠡᠳᠬᠡᠨ᠎ᠡ ᠲᠥᠷᠥ ᠶ᠋ᠢᠨ ᠪᠣᠳᠣᠯᠭ᠎ᠠ ᠶ᠋ᠢᠨ ᠢᠯᠡ ᠲᠣᠳᠣ ᠶ᠋ᠢᠨ ᠬᠡᠮᠵᠢᠶ᠎ᠡ ᠪᠠ ᠬᠡᠷᠡᠭᠵᠢᠭᠦᠯᠬᠦ ᠨᠢᠭᠡᠳᠦᠯᠲᠦ ᠴᠢᠨᠠᠷ ᠢ᠋ ᠲᠤᠨ ᠭᠠᠳᠠᠭᠠᠳᠤ ᠪᠡᠯᠡ ᠶ᠋ᠢᠨ ᠠᠵᠤ ᠠᠬᠤᠢᠯᠠᠯ ᠲᠠᠢ ᠠᠳᠠᠯᠢ ᠪᠠᠷ ᠬᠠᠨᠳᠤᠬᠤ ᠂ ᠡᠷᠬᠡ ᠲᠡᠭᠰᠢ ᠥᠷᠢᠰᠦᠯᠳᠦᠬᠦ ᠲᠥᠪ ᠭᠣᠣᠯᠴᠢ ᠵᠠᠬ᠎ᠠ ᠳᠡᠯᠭᠡᠭᠦᠷ ᠦ᠋ᠨ ᠣᠷᠴᠢᠨ ᠲᠣᠭᠣᠷᠢᠨ ᠢ᠋ ᠪᠠᠢᠭᠤᠯᠤᠨ᠎ᠠ ᠃ ᠭᠠᠳᠠᠭᠠᠳᠤ ᠶ᠋ᠢᠨ ᠬᠤᠳᠠᠯᠳᠤᠭᠠᠴᠢᠨ ᠤ᠋ ᠬᠠᠤᠯᠢ ᠶᠣᠰᠣᠨ ᠤ᠋ ᠡᠷᠬᠡ ᠠᠰᠢᠭ ᠤ᠋ᠨ ᠬᠠᠮᠠᠭᠠᠯᠠᠯᠲᠠ ᠶ᠋ᠢ ᠴᠢᠩᠭᠠᠳᠬᠠᠨ᠎ᠠ ᠃

      21 ᠲᠤᠰ ᠪᠡᠶ᠎ᠡ ᠶ᠋ᠢᠨ ᠬᠠᠤᠯᠢ ᠶᠣᠰᠣᠨ ᠤ᠋ ᠡᠷᠬᠡ ᠠᠰᠢᠭ ᠢ᠋ ᠬᠠᠮᠠᠭᠠᠯᠠᠬᠤ

     ᠤᠭ ᠮᠠᠲ᠋ᠧᠷᠢᠶᠠᠯ᠄  ᠳᠤᠮᠳᠠᠳᠤ ᠤᠯᠤᠰ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠬᠢᠵᠦ ᠂ ᠬᠠᠮᠲᠤ ᠪᠠᠷ ᠠᠰᠢᠭ ᠬᠦᠷᠲᠡᠬᠦ ᠬᠥᠭᠵᠢᠯᠲᠡ ᠶ᠋ᠢ ᠢᠮᠠᠭᠲᠠ ᠢᠮᠠᠭᠲᠠ ᠡᠷᠬᠡ ᠲᠡᠭᠰᠢ ᠵᠥᠪᠳᠡᠯᠴᠡᠬᠦ ᠪᠡᠷ ᠳᠠᠮᠵᠢᠨ ᠠᠷᠠᠯᠵᠢᠶᠠᠨ ᠤ᠋ ᠵᠢᠭᠤᠷᠠᠯᠳᠤᠭᠠᠨ ᠢ᠋ ᠰᠢᠢᠳᠪᠦᠷᠢᠯᠡᠬᠦ ᠶ᠋ᠢ ᠵᠣᠷᠢᠨ᠎ᠠ᠃ ᠪᠢᠳᠡ ᠬᠢᠭᠰᠡᠨ ᠠᠮᠠᠯᠠᠯᠲᠠ ᠪᠠᠨ ᠬᠢᠨᠠᠮᠠᠭᠠᠢ ᠰᠠᠢᠲᠤᠷ ᠪᠡᠶᠡᠯᠡᠭᠦᠯᠵᠦ ᠂ ᠲᠤᠰ ᠪᠡᠶ᠎ᠡ ᠶ᠋ᠢᠨ ᠬᠠᠤᠯᠢ ᠶᠣᠰᠣᠨ ᠤ᠋ ᠡᠷᠬᠡ ᠠᠰᠢᠭ ᠢ᠋ᠶ᠋ᠠᠨ ᠡᠷᠡᠰ ᠬᠠᠮᠠᠭᠠᠯᠠᠨ᠎ᠠ᠃

      22. ᠡᠮ ᠦ᠋ᠨ ᠵᠦᠢᠯ ᠪᠣᠯᠤᠨ ᠲᠠᠷᠢᠯᠭ᠎ᠠ ᠵᠢᠨ ᠬᠠᠤᠯᠢ ᠶ᠋ᠢ ᠵᠥᠷᠢᠴᠡᠭᠰᠡᠳ ᠢ᠋ ᠴᠢᠩᠭ᠎ᠠ ᠰᠢᠳᠬᠡᠨ᠎ᠡ

      ᠤᠭ ᠮᠠᠲ᠋ᠧᠷᠢᠶᠠᠯ᠄  ᠡᠬᠡ ᠨᠢᠯᠬᠠᠰ ᠤ᠋ᠨ ᠡᠷᠡᠭᠦᠯ ᠮᠡᠨᠳᠦ ᠶ᠋ᠢ ᠬᠠᠮᠠᠭᠠᠯᠠᠬᠤ  ᠦᠢᠯᠡᠴᠢᠯᠡᠭᠡ ᠶ᠋ᠢ ᠡᠷᠴᠢᠮᠵᠢᠭᠦᠯᠦᠨ᠎ᠡ ᠃ ᠬᠢᠲᠠᠳ ᠡᠮ ᠡᠮᠨᠡᠯᠭᠡ ᠶ᠋ᠢᠨ ᠦᠢᠯᠡᠰ ᠢ᠋ ᠤᠯᠠᠮᠵᠢᠯᠠᠨ ᠵᠠᠯᠭᠠᠮᠵᠢᠯᠠᠵᠤ ᠰᠢᠨ᠎ᠡ ᠶ᠋ᠢ ᠡᠭᠦᠳᠦᠨ ᠬᠥᠭᠵᠢᠭᠦᠯᠬᠦ ᠶ᠋ᠢ ᠳᠡᠮᠵᠢᠨ᠎ᠡ ᠃ ᠡᠮ ᠦ᠋ᠨ ᠵᠦᠢᠯ ᠳ᠋ᠦ᠍ ᠬᠣᠯᠪᠣᠭᠳᠠᠭᠰᠠᠨ ᠠᠮᠢ ᠨᠠᠰᠤᠨ ᠤ᠋ ᠠᠮᠤᠷ ᠲᠦᠪᠰᠢᠨ ᠳ᠋ᠦ᠍ ᠬᠣᠯᠪᠣᠭᠳᠠᠭᠰᠠᠨ ᠡᠷᠬᠡᠪᠰᠢ ᠪᠥᠬᠥ ᠶᠠᠪᠤᠴᠠ ᠶ᠋ᠢᠨ ᠬᠢᠨᠠᠨ ᠬᠠᠮᠢᠶᠠᠷᠤᠯᠲᠠ ᠶ᠋ᠢ ᠴᠢᠩᠭ᠋ᠠᠳᠬᠠᠵᠤ ᠂ ᠬᠠᠤᠯᠢ ᠠ᠋ᠴᠠ ᠵᠥᠷᠢᠴᠡᠭᠰᠡᠳ ᠢ᠋ ᠴᠢᠩᠭ᠎ᠠ ᠰᠢᠳᠬᠡᠬᠦ ᠬᠡᠷᠡᠭᠲᠡᠢ ᠂ ᠬᠠᠷᠢᠭᠤᠴᠠᠯᠭ᠎ᠠ ᠪᠠᠨ ᠠᠯᠳᠠᠵᠤ ᠲᠤᠰᠢᠶᠠᠯ ᠢ᠋ᠶ᠋ᠠᠨ ᠭᠤᠲᠤᠭᠠᠭᠰᠠᠨ ᠬᠥᠮᠦᠰ ᠢ᠋ ᠴᠢᠩᠬ᠎ᠠ ᠪᠠᠢᠴᠠᠭᠠᠨ ᠰᠢᠳᠬᠡᠵᠦ ᠂ ᠠᠷᠠᠳ ᠣᠯᠠᠨ ᠤ᠋ ᠠᠮᠢ ᠨᠠᠰᠤᠨ ᠤ᠋ ᠡᠷᠡᠭᠦᠯ ᠮᠡᠨᠳᠦ ᠶ᠋ᠢᠨ ᠰᠡᠷᠭᠡᠢᠯᠡᠯᠲᠡ ᠶ᠋ᠢᠨ ᠱᠤᠭᠤᠮ ᠢ᠋ ᠪᠠᠲᠤ ᠰᠠᠬᠢᠬᠤ ᠬᠡᠷᠡᠭᠲᠡᠢ ᠃

       23. ᠡᠮᠡᠭᠲᠡᠢᠴᠦᠳ ᠂ ᠬᠡᠦᠬᠡᠳ ᠂ ᠨᠠᠰᠤᠲᠠᠢᠴᠤᠳ ᠂ᠵᠡᠮᠳᠡᠭᠴᠦᠳ  ᠤ᠋ᠨ  ᠬᠠᠤᠯᠢ  ᠶᠤᠰᠤᠨ ᠤ ᠡᠷᠬᠡ ᠠᠰᠢᠭ ᠢ  ᠪᠠᠲᠤᠯᠠᠨ᠎ᠠ

      ᠤᠭ ᠮᠠᠲ᠋ᠧᠷᠢᠶᠠᠯ᠄ ᠨᠡᠢᠭᠡᠮ ᠦ᠋ᠨ ᠵᠣᠬᠢᠶᠠᠨ ᠪᠠᠢᠭᠤᠯᠤᠯᠲᠠ ᠂ ᠬᠥᠮᠦᠯᠢᠭ ᠠᠪᠤᠷᠠᠨ ᠲᠤᠰᠠᠯᠠᠯᠲᠠ ᠂ ᠰᠠᠢᠨ ᠳᠤᠷ᠎ᠠ ᠶ᠋ᠢᠨ ᠦᠢᠯᠡᠴᠢᠯᠡᠭᠡ ᠪᠣᠯᠤᠨ ᠨᠢᠭᠦᠯᠡᠰᠦᠩᠭᠦᠢ ᠶ᠋ᠢᠨ ᠦᠢᠯᠡᠰ ᠦ᠋ᠨ ᠡᠷᠡᠭᠦᠯ ᠢ᠋ᠶ᠋ᠡᠷ ᠬᠥᠭᠵᠢᠬᠦ ᠶ᠋ᠢ ᠬᠥᠲᠥᠯᠦᠨ ᠵᠢᠯᠣᠭᠣᠳᠴᠤ ᠳᠡᠮᠵᠢᠨ᠎ᠡ᠃ ᠨᠡᠢᠭᠡᠮ ᠦ᠋ᠨ ᠢᠲᠡᠭᠡᠮᠵᠢ ᠶ᠋ᠢᠨ ᠰᠢᠰᠲ᠋ᠸᠮ ᠢ᠋ ᠲᠡᠭᠦᠯᠳᠡᠷᠵᠢᠭᠦᠯᠦᠨ᠎ᠡ ᠃ ᠡᠮᠡᠭᠲᠡᠢᠴᠦᠳ ᠂ ᠬᠡᠦᠬᠡᠳ ᠪᠠᠭᠠᠴᠤᠳ ᠂ ᠨᠠᠰᠤᠲᠠᠢᠴᠤᠳ ᠂ ᠵᠡᠮᠳᠡᠭᠴᠦᠳ ᠦ᠋ᠨ ᠬᠠᠤᠯᠢ ᠶᠣᠰᠣᠨ ᠤ᠋ ᠡᠷᠬᠡ ᠠᠰᠢᠭ ᠢ᠋ ᠪᠠᠲᠤᠯᠠᠵᠤ᠂ ᠵᠠᠬᠢᠳᠠᠯ ᠰᠤᠷᠪᠤᠯᠵᠢᠯᠠᠭ᠎ᠠ ᠶ᠋ᠢᠨ ᠠᠵᠢᠯ ᠢ᠋ ᠰᠠᠢᠵᠢᠷᠠᠭᠤᠯᠵᠤ ᠣᠯᠠᠨ ᠲᠦᠮᠡᠨ ᠦ᠌ ᠵᠦᠢ ᠵᠣᠬᠢᠰᠲᠠᠢ ᠬᠦᠰᠡᠯ ᠱᠠᠭᠠᠷᠳᠠᠯᠭ᠎ᠠ ᠶ᠋ᠢ ᠴᠠᠭ ᠲᠤᠬᠠᠢ ᠳ᠋ᠤ᠌ ᠨᠢ ᠰᠢᠢᠳᠪᠦᠷᠢᠯᠡᠨ᠎ᠡ ᠃

      24. ᠬᠠᠤᠯᠢ ᠪᠤᠰᠤ ᠪᠠᠷ ᠪᠡᠯᠡ ᠮᠥᠩᠭᠥ ᠴᠤᠭᠯᠠᠭᠤᠯᠬᠤ ᠂ ᠳᠠᠮᠵᠢᠭᠤᠯᠤᠨ ᠪᠣᠷᠣᠯᠠᠭᠤᠯᠬᠤ ᠵᠡᠷᠭᠡ ᠠᠵᠤ ᠠᠬᠤᠢ ᠶ᠋ᠢᠨ ᠶᠠᠯᠠᠲᠤ ᠠᠵᠢᠯᠯᠠᠭ᠎ᠠ ᠳ᠋ᠤ᠌ ᠴᠣᠬᠢᠯᠲᠠ ᠥᠭᠭᠦᠨ᠎ᠡ

      ᠤᠭ ᠮᠠᠲ᠋ᠧᠷᠢᠶᠠᠯ᠄ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠢ᠋ ᠭᠦᠨᠵᠡᠭᠡᠢᠷᠡᠭᠦᠯᠵᠦ ᠂ᠤᠯᠤᠰ ᠤ᠋ᠨ ᠠᠮᠤᠷ ᠲᠦᠪᠰᠢᠨ ᠦ᠌ ᠴᠢᠳᠠᠪᠤᠷᠢ ᠶ᠋ᠢᠨ ᠪᠠᠢᠭᠤᠯᠤᠯᠲᠠ ᠶ᠋ᠢ ᠴᠢᠩᠭᠠᠳᠬᠠᠨ᠎ᠠ ᠃ ᠨᠡᠢᠭᠡᠮ ᠦ᠋ᠨ ᠠᠮᠤᠷ ᠢ᠋ ᠬᠠᠮᠠᠭᠠᠯᠠᠬᠤ ᠰᠡᠷᠭᠡᠢᠯᠡᠨ ᠡᠵᠡᠮᠳᠡᠬᠦ ᠲᠣᠭᠲᠠᠯᠴᠠᠭ᠎ᠠ ᠶ᠋ᠢ ᠲᠡᠭᠦᠯᠳᠡᠷᠵᠢᠭᠦᠯᠵᠦ ᠬᠠᠷ᠎ᠠ ᠪᠦᠯᠦᠭᠲᠡᠨ ᠬᠠᠷᠭᠢᠰ ᠬᠦᠴᠦᠨ ᠢ᠋ ᠠᠷᠢᠯᠭᠠᠬᠤ ᠲᠤᠰᠬᠠᠢ ᠲᠡᠮᠡᠴᠡᠯ ᠢ᠋ ᠭᠦᠨᠵᠡᠭᠡᠢ ᠠᠬᠢᠭᠤᠯᠤᠶ᠎ᠠ ᠃ ᠬᠠᠤᠯᠢ ᠪᠤᠰᠤ ᠪᠠᠷ ᠵᠣᠭᠣᠰ ᠴᠤᠭᠯᠠᠭᠤᠯᠬᠤ ᠂ ᠳᠠᠮᠵᠢᠭᠤᠯᠤᠨ ᠪᠣᠷᠣᠯᠠᠭᠤᠯᠬᠤ ᠵᠡᠷᠭᠡ ᠠᠵᠤ ᠠᠬᠤᠢ ᠶ᠋ᠢᠨ ᠶᠠᠯᠠᠲᠤ ᠠᠵᠢᠯᠯᠠᠭ᠎ᠠ ᠳ᠋ᠤ᠌ ᠴᠣᠬᠢᠯᠲᠠ ᠥᠭᠴᠦ ᠂ ᠠᠷᠠᠳ ᠢᠷᠭᠡᠳ ᠦ᠋ᠨ ᠬᠤᠪᠢ ᠬᠥᠮᠦᠨ ᠦ᠌ ᠰᠤᠷᠠᠭ ᠵᠠᠩᠭᠢ ᠳ᠋ᠤ᠌ ᠬᠠᠯᠳᠠᠭᠰᠠᠨ ᠵᠡᠷᠭᠡ ᠳᠣᠪᠣᠢᠮ᠎ᠠ ᠠᠰᠠᠭᠤᠳᠠᠯ ᠢ᠋ ᠬᠠᠤᠯᠢ ᠶᠣᠰᠣᠭᠠᠷ ᠵᠠᠯᠬᠠᠭᠠᠨ ᠰᠢᠳᠬᠡᠵᠦ ᠂ ᠠᠷᠠᠳ ᠣᠯᠠᠨ ᠤ᠋ ᠠᠮᠤᠷ ᠲᠠᠢᠪᠤᠩ ᠠᠮᠢᠳᠤᠷᠠᠯ ᠢ᠋ ᠡᠷᠡᠰ ᠰᠠᠬᠢᠨ ᠬᠠᠮᠠᠭᠠᠯᠠᠨ᠎ᠠ ᠃

      25ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠪᠥᠬᠥ ᠲᠠᠯ᠎ᠠ ᠪᠠᠷ ᠭᠦᠢᠴᠡᠳᠬᠡᠨ᠎ᠡ

      ᠤᠭ ᠮᠠᠲ᠋ᠧᠷᠢᠶᠠᠯ᠄ ᠬᠠᠤᠯᠢ ᠶᠣᠰᠣᠭᠠᠷ ᠪᠥᠬᠥ ᠲᠠᠯ᠎ᠠ ᠪᠠᠷ ᠡᠭᠦᠷᠭᠡ ᠲᠤᠰᠢᠶᠠᠯ ᠢ᠋ᠶ᠋ᠠᠨ ᠭᠦᠢᠴᠡᠳᠬᠡᠬᠦ ᠶ᠋ᠢ ᠪᠠᠷᠢᠮᠲᠠᠯᠠᠨ᠎ᠠ ᠃ ᠪᠦᠬᠦ ᠲᠠᠯ᠎ᠠ ᠪᠠᠷ ᠬᠠᠤᠯᠢ ᠪᠠᠷ ᠤᠯᠤᠰ ᠢ᠋ᠶ᠋ᠠᠨ ᠵᠠᠰᠠᠬᠤ ᠦᠨᠳᠦᠰᠦᠨ ᠠᠷᠭ᠎ᠠ ᠪᠣᠳᠣᠯᠭ᠎ᠠ ᠶ᠋ᠢ ᠭᠦᠨᠵᠡᠭᠡᠢ ᠲᠤᠤᠱᠯᠠᠭᠤᠯᠵᠤ ᠂ ᠦᠨᠳᠦᠰᠦᠨ ᠬᠠᠤᠯᠢ᠂ ᠬᠠᠤᠯᠢ ᠴᠠᠭᠠᠵᠠ ᠬᠠᠤᠯᠢ ᠳᠦᠷᠢᠮ ᠢ᠋ ᠴᠢᠩᠭ᠎ᠠ ᠵᠢᠷᠤᠮᠯᠠᠨ ᠵᠠᠰᠠᠭ ᠤ᠋ᠨ ᠣᠷᠳᠣᠨ ᠤ᠋ ᠠᠵᠢᠯᠯᠠᠭ᠎ᠠ ᠶ᠋ᠢ ᠪᠦᠬᠦ ᠲᠠᠯ᠎ᠠ ᠪᠠᠷ ᠬᠠᠤᠯᠢ ᠪᠠᠷ ᠵᠠᠰᠠᠬᠤ ᠵᠠᠮ ᠳ᠋ᠤ᠌ ᠣᠷᠣᠭᠤᠯᠪᠠ ᠃ ᠡᠯ᠎ᠡ ᠱᠠᠲᠤᠨ ᠤ᠋ ᠵᠠᠰᠠᠭ ᠤ᠋ᠨ ᠣᠷᠳᠣᠨ ᠠᠳᠠᠯᠢ ᠱᠠᠲᠤᠨ ᠤ᠋ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠵᠢᠴᠢ ᠲᠡᠭᠦᠨ ᠦ᠌ ᠪᠠᠢᠩᠭᠤ ᠶ᠋ᠢᠨ ᠬᠣᠷᠢᠶ᠎ᠠ ᠶ᠋ᠢᠨ ᠬᠢᠨᠠᠯᠲᠠ ᠶ᠋ᠢ ᠬᠠᠤᠯᠢ ᠶᠣᠰᠣᠭᠠᠷ ᠬᠦᠯᠢᠶᠡᠵᠦ ᠂ ᠠᠷᠠᠳ ᠤ᠋ᠨ ᠤᠯᠤᠰ ᠲᠥᠷᠥ ᠶ᠋ᠢᠨ ᠵᠥᠪᠯᠡᠯᠭᠡᠨ ᠦ᠌ ᠠᠷᠠᠳᠴᠢᠯᠠᠭᠰᠠᠨ ᠬᠢᠨᠠᠯᠲᠠ ᠶ᠋ᠢ ᠤᠬᠠᠮᠰᠠᠷ ᠠ᠋ᠴᠠ ᠪᠠᠨ ᠬᠦᠯᠢᠶᠡᠨ ᠠᠪᠴᠤ ᠨᠡᠢᠭᠡᠮ ᠪᠠ ᠶᠠᠷᠢᠶ᠎ᠠ ᠬᠡᠯᠡᠯᠴᠡᠭᠡᠨ ᠦ᠌ ᠬᠢᠨᠠᠯᠲᠠ ᠶ᠋ᠢ ᠰᠠᠨᠠᠭᠠᠴᠢᠯᠠᠭ᠎ᠠ ᠠ᠋ᠴᠠ ᠪᠠᠨ ᠬᠦᠯᠢᠶᠡᠨ ᠠᠪᠴᠤ ᠂ ᠡᠷᠬᠡ ᠶ᠋ᠢ ᠢᠯᠡ ᠪᠡᠷ ᠬᠡᠷᠡᠭᠵᠢᠭᠦᠯᠬᠦ ᠬᠡᠷᠡᠭᠲᠡᠢ ᠃ ᠵᠠᠰᠠᠭ ᠤ᠋ᠨ ᠣᠷᠳᠣᠨ ᠬᠢᠵᠦ ᠪᠠᠢᠭ᠎ᠠ ᠪᠦᠬᠦᠨ ᠢ᠋ ᠴᠥᠮ ᠠᠷᠠᠳ ᠲᠦᠮᠡᠨ ᠬᠦᠰᠡᠵᠦ ᠪᠠᠢᠨ᠎ᠠ ᠃ ᠰᠢᠨᠵᠢᠯᠡᠬᠦ ᠤᠬᠠᠭᠠᠨᠴᠢ ᠂ ᠠᠷᠠᠳᠴᠢᠯᠠᠯ ᠲᠠᠢ ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶ᠋ᠢ ᠪᠠᠷᠢᠮᠲᠠᠯᠠᠵᠤ ᠂ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠲᠥᠯᠥᠭᠡᠯᠡᠭᠴᠢ ᠂ ᠤᠯᠤᠰ ᠲᠥᠷᠥ ᠶ᠋ᠢᠨ ᠵᠥᠪᠯᠡᠯᠭᠡᠨ ᠦ᠌ ᠭᠡᠰᠢᠭᠦᠳ ᠦ᠋ᠨ ᠰᠠᠨᠠᠯ ᠢ᠋ ᠬᠢᠨᠠᠮᠠᠭᠠᠢ ᠰᠣᠨᠣᠰᠴᠤ ᠠᠷᠠᠳᠴᠢᠯᠠᠭᠰᠠᠨ ᠨᠠᠮ ᠪᠦᠯᠦᠭ ᠂ ᠦᠢᠯᠡᠳᠪᠦᠷᠢ ᠬᠤᠳᠠᠯᠳᠤᠭᠠᠨ ᠤ᠋ ᠬᠣᠯᠪᠣᠭ᠎ᠠ ᠂ ᠨᠠᠮ ᠪᠦᠯᠦᠭ ᠦ᠋ᠨ ᠪᠤᠰᠤ ᠬᠥᠮᠦᠰ ᠪᠠ ᠡᠯ᠎ᠡ ᠠᠷᠠᠳ ᠤ᠋ᠨ ᠪᠦᠯᠬᠦᠮ ᠦ᠋ᠨ ᠰᠠᠨᠠᠯ ᠢ᠋ ᠰᠣᠨᠣᠰᠴᠤ ᠂ ᠨᠡᠢᠭᠡᠮ ᠦ᠋ᠨ ᠣᠯᠠᠨ ᠨᠡᠢᠲᠡ ᠪᠠ ᠠᠵᠤ ᠠᠬᠤᠢᠯᠠᠯ ᠤ᠋ᠨ ᠰᠠᠨᠠᠯ ᠢ᠋ ᠰᠣᠨᠣᠰᠴᠤ ᠂ ᠡᠯ᠎ᠡ ᠵᠦᠢᠯ ᠦ᠋ᠨ ᠲᠥᠷᠥ ᠶ᠋ᠢᠨ ᠪᠣᠳᠣᠯᠭ᠎ᠠ ᠶ᠋ᠢ ᠤᠯᠤᠰ ᠤ᠋ᠨ ᠦᠨᠳᠦᠰᠦᠨ ᠪᠠᠢᠳᠠᠯ ᠪᠠ ᠪᠣᠳᠠᠲᠤ ᠪᠠᠢᠳᠠᠯ ᠳ᠋ᠤ᠌ ᠨᠡᠢᠴᠡᠭᠦᠯᠵᠦ ᠂ ᠠᠷᠠᠳ ᠤ᠋ᠨ ᠰᠡᠳᠬᠢᠯ ᠳ᠋ᠦ᠍ ᠨᠡᠩ ᠢᠯᠡᠭᠦᠦ ᠨᠡᠢᠴᠡᠭᠦᠯᠬᠦ ᠬᠡᠷᠡᠭᠲᠡᠢ ᠃ ᠵᠠᠰᠠᠭ ᠤ᠋ᠨ ᠶᠠᠪᠤᠳᠠᠯ ᠢ᠋ ᠢᠯᠡ ᠪᠣᠯᠭᠠᠬᠤ ᠶ᠋ᠢ ᠪᠥᠬᠥ ᠲᠠᠯ᠎ᠠ ᠪᠠᠷ ᠲᠦᠯᠬᠢᠨ  ᠠᠭᠢᠭᠤᠯᠤᠨ᠎ᠠ ᠃ ᠠᠵᠢᠯᠴᠢᠨ ᠤ᠋ ᠡᠪᠯᠡᠯ᠂ ᠡᠪ ᠬᠠᠮᠲᠤ ᠵᠠᠯᠠᠭᠤᠴᠤᠳ ᠤ᠋ᠨ ᠡᠪᠯᠡᠯ᠂ ᠡᠮᠡᠭᠲᠡᠢᠴᠦᠳ ᠦ᠋ᠨ ᠬᠣᠯᠪᠣᠭᠠᠲᠤ ᠬᠤᠷᠠᠯ ᠵᠡᠷᠭᠡ ᠣᠯᠠᠨ ᠲᠦᠮᠡᠨ ᠦ᠌ ᠪᠦᠯᠬᠦᠮ ᠦ᠋ᠨ ᠵᠣᠬᠢᠶᠠᠨ ᠪᠠᠢᠭᠤᠯᠤᠯᠲᠠ ᠶ᠋ᠢᠨ ᠦᠢᠯᠡᠳᠦᠯ ᠢ᠋ᠶ᠋ᠡᠨ ᠨᠡᠩ ᠰᠠᠢᠲᠤᠷ ᠪᠠᠳᠠᠷᠠᠭᠤᠯᠬᠤ ᠶ᠋ᠢ ᠳᠡᠮᠵᠢᠨ᠎ᠡ᠃ ᠵᠠᠰᠠᠭ ᠵᠠᠬᠢᠷᠭᠠᠨ ᠤ᠋ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶ᠋ᠢᠨ ᠳᠦᠷᠢᠮ ᠪᠠ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ᠋ ᠪᠥᠬᠥ ᠲᠠᠯ᠎ᠠ ᠪᠠᠷ ᠨᠠᠢᠳᠠᠪᠤᠷᠢᠵᠢᠭᠤᠯᠬᠤ ᠬᠡᠷᠡᠭᠲᠡᠢ ᠬᠠᠤᠯᠢ ᠳᠦᠷᠢᠮ ᠡᠴᠡ ᠵᠥᠷᠢᠴᠡᠭᠰᠡᠨ ᠠᠯᠢᠪᠠ ᠠᠵᠢᠯᠯᠠᠭ᠎ᠠ ᠶ᠋ᠢ ᠪᠦᠷ ᠡᠷᠡᠰ ᠢ᠋ᠶ᠋ᠡᠷ ᠪᠠᠢᠴᠠᠭᠠᠨ ᠰᠢᠢᠳᠪᠦᠷᠢᠯᠡᠬᠦ ᠬᠡᠷᠡᠭᠲᠡᠢ ᠃ ᠠᠯᠢᠪᠠ ᠬᠠᠤᠯᠢ ᠬᠡᠷᠡᠭᠵᠢᠭᠦᠯᠬᠦ ᠨᠢ ᠲᠥᠪ ᠭᠣᠣᠯᠴᠢ ᠪᠢᠰᠢ ᠂ ᠪᠣᠯᠪᠠᠰᠤᠨ ᠪᠤᠰᠤ ᠦᠵᠡᠭᠳᠡᠯ ᠢ᠋ ᠡᠷᠡᠰ ᠴᠡᠭᠴᠡᠯᠡᠨ ᠵᠠᠰᠠᠬᠤ ᠬᠡᠷᠡᠭᠲᠡᠢ ᠃

       26. ᠢᠯᠵᠠᠷᠠᠬᠤ ᠠ᠋ᠴᠠ ᠠᠶᠤᠬᠤ ᠂ ᠢᠯᠵᠢᠷᠡᠵᠦ ᠪᠣᠯᠬᠤ ᠥᠬᠡᠢ  ᠶ᠋ᠢ ᠲᠦᠯᠬᠢᠨ ᠠᠬᠢᠭᠤᠯᠤᠨ᠎ᠠ

       ᠤᠭ ᠮᠠᠲ᠋ᠧᠷᠢᠶᠠᠯ᠄ ᠨᠠᠮ ᠤ᠋ᠨ ᠰᠤᠷᠲᠠᠯ ᠤ᠋ᠨ ᠪᠠᠢᠭᠤᠯᠤᠯᠲᠠ ᠠᠷᠢᠭᠤᠨ ᠴᠢᠭᠴᠢ ᠪᠡᠷ ᠵᠠᠰᠠᠭ ᠪᠠᠷᠢᠬᠤ ᠪᠠᠢᠭᠤᠯᠤᠯᠲᠠ ᠶ᠋ᠢ ᠭᠦᠨᠵᠡᠭᠡᠢ ᠠᠬᠢᠭᠤᠯᠵᠤ ᠃ 《ᠤᠭ ᠰᠠᠨᠠᠭ᠎ᠠ ᠪᠠᠨ ᠥᠯᠥ ᠮᠠᠷᠲᠠᠨ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ》 ᠭᠣᠣᠯ ᠰᠡᠳᠦᠪᠲᠦ ᠬᠥᠮᠦᠵᠢᠯ ᠢ᠋ ᠯᠠᠪᠳᠠᠭᠤᠨ ᠪᠠᠲᠤᠲᠠᠢ ᠥᠷᠨᠢᠭᠦᠯᠦᠨ᠎ᠡ ᠃ ᠲᠥᠪ ᠦ᠋ᠨ ᠨᠠᠢ᠍ᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠦ᠋ᠨ ᠨᠠᠷᠢᠨ ᠳᠦᠷᠢᠮ ᠢ᠋ ᠨᠠᠷᠢᠨ ᠬᠢᠨᠠᠮᠠᠭᠠᠢ  ᠲᠤᠭᠤᠰᠢᠯᠠᠭᠤᠯᠤᠨ ᠨᠠᠢᠳᠠᠪᠤᠷᠢᠵᠢᠭᠤᠯᠤᠨ᠎ᠠ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )