ᠮᠠᠨ ᠤ ᠬᠣᠷᠢᠶ᠎ᠠ  ᠶᠢᠨ ᠯᠢ ᠫᠧᠩ ᠠᠷᠠᠳ ᠤᠨ ᠳᠡᠭᠡᠳᠦ ᠰᠢᠭᠦᠬᠦ ᠬᠣᠷᠢᠶᠠᠨ ᠤ ᠵᠠᠷᠯᠠᠯ ᠪᠠ ᠮᠠᠭᠲᠠᠭᠠᠯ ᠢ ᠣᠯᠪᠠ
2016.06.21 ᠲᠣᠰ ᠥᠷᠲᠡᠭᠡᠨ ᠦ ᠨᠠᠢᠷᠠᠭᠤᠯᠤᠭᠴᠢ

    ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠶᠢᠨ ᠬᠡᠷᠡᠭ ᠪᠣᠯᠭᠠᠨ ᠳᠠᠩᠰᠠᠯᠠᠬᠤ ᠬᠣᠶᠠᠳᠤᠭᠠᠷ ᠲᠢᠩᠬᠢᠮ  ᠤᠨ ᠺᠠᠳ᠋ᠷ ᠴᠠᠭᠳᠠᠭ᠎ᠠ ᠯᠢ ᠫᠧᠩ ᠨᠥᠬᠥᠷ 2016 ᠣᠨ  ᠦ ᠪᠥᠬᠥ ᠤᠯᠤᠰ  ᠤᠨ 《 ᠬᠣᠶᠠᠷ ᠬᠤᠷᠠᠯ 》  ᠤᠨ ᠬᠤᠭᠤᠴᠠᠭᠠᠨ ᠳᠤ ᠬᠡᠷᠡᠭ ᠪᠣᠯᠭᠠᠨ ᠳᠠᠩᠰᠠᠯᠠᠬᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠳᠤᠮᠳᠠ ᠲᠣᠪᠣᠢᠮ᠎ᠠ ᠢᠯᠡᠷᠡᠵᠦ ᠂ ᠠᠷᠠᠳ ᠤᠨ ᠳᠡᠭᠡᠳᠦ ᠰᠢᠭᠦᠬᠦ ᠬᠣᠷᠢᠶ᠎ᠠ ᠶᠢᠨ ᠠᠯᠪᠠᠨ ᠲᠢᠩᠬᠢᠮ ᠠᠴᠠ ᠵᠠᠷᠯᠠᠨ ᠰᠠᠶᠢᠰᠢᠶᠠᠭᠳᠠᠭᠰᠠᠨ ᠪᠥᠭᠡᠳ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠦ ᠢᠷᠠᠭᠤ ᠠᠯᠳᠠᠷ ᠢ ᠵᠡᠷᠭᠡᠪᠡᠷ ᠡᠳ᠋ᠯᠡᠭᠰᠡᠨ ᠨᠢ ᠭᠤᠷᠪᠠᠨ ᠬᠥᠮᠥᠨ ᠪᠠᠢᠨ᠎ᠠ ᠃

    ᠬᠡᠷᠡᠭ ᠪᠣᠯᠭᠠᠨ ᠳᠠᠩᠰᠠᠯᠠᠬᠤ ᠬᠣᠶᠠᠳᠤᠭᠠᠷ ᠲᠢᠩᠬᠢᠮ ᠳᠦ ᠣᠷᠣᠭᠰᠠᠨ ᠠᠴᠠ ᠨᠠᠰᠢ ᠂ ᠯᠢ ᠫᠧᠩ ᠨᠥᠬᠥᠷ ᠠᠵᠢᠯ ᠳᠠᠭᠠᠨ ᠨᠠᠷᠢᠨ ᠬᠢᠨᠠᠮᠠᠭᠠᠶ ᠬᠠᠷᠢᠭᠤᠴᠠᠵᠤ ᠂ ᠵᠠᠬᠢᠳᠠᠯ ᠰᠤᠷᠪᠤᠯᠵᠢᠯᠠᠭ᠎ᠠ ᠬᠢᠭᠰᠡᠳ ᠲᠦ ᠬᠠᠯᠠᠭᠤᠨ ᠰᠡᠳᠬᠢᠯ ᠢᠶᠡᠷ ᠬᠦᠯᠢᠴᠡᠩᠭᠦᠶ ᠪᠠᠶᠢᠵᠤ ᠂ ᠠᠵᠢᠯᠴᠢ ᠬᠢᠴᠢᠶᠡᠩᠭᠦᠶ ᠪᠠ ᠯᠠᠪᠳᠠᠭᠤᠨ ᠪᠠᠲᠤᠲᠠᠶ  ᠪᠡᠷ ᠠᠵᠢᠯ ᠶᠠᠪᠤᠳᠠᠯ ᠬᠢᠵᠦ᠂ ᠪᠦᠬᠦ ᠬᠣᠲᠠ ᠶᠢᠨ ᠰᠢᠭᠦᠬᠦ ᠬᠣᠷᠢᠶᠠᠨ ᠤ ᠵᠠᠷᠭᠤ ᠳᠤ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠹᠷᠣᠨᠲ᠋ ᠳᠤ ᠦᠯᠢᠭᠡᠷ ᠳᠠᠭᠤᠷᠢᠶᠠᠯ ᠪᠣᠯᠤᠭᠰᠠᠨ ᠪᠠᠢᠨ᠎ᠠ ᠃ ᠲᠤᠰ ᠤᠳᠠᠭ᠎ᠠ 2016 ᠣᠨ  ᠤ ᠪᠦᠬᠦ ᠤᠯᠤᠰ  ᠤᠨ 《 ᠬᠣᠶᠠᠷ ᠬᠤᠷᠠᠯ 》 ᠤᠨ ᠬᠤᠭᠤᠴᠠᠭᠠᠨ ᠳᠤ ᠪᠡᠭᠡᠵᠢᠩ ᠦᠨ ᠰᠤᠷᠪᠤᠯᠵᠢᠯᠠᠭ᠎ᠠ ᠶᠢ ᠬᠦᠯᠢᠶᠡᠨ ᠠᠪᠴᠤ ᠂ ᠯᠢ  ᠫᠧᠩ ᠨᠥᠬᠥᠷ ᠨᠠᠩ ᠴᠤ ᠰᠢᠷᠭᠠᠭᠤ ᠬᠠᠲᠠᠭᠤᠵᠢᠯᠲᠠᠢ ᠠᠵᠢᠯᠯᠠᠵᠤ ᠂ ᠣᠶᠢᠯᠠᠰᠴᠢ ᠰᠡᠳᠬᠢᠯᠭᠡ ᠂  ᠳᠡᠭᠡᠳᠦ ᠬᠡᠮᠵᠢᠶᠡᠨ ᠦ ᠬᠠᠷᠢᠭᠤᠴᠠᠯᠭᠠᠲᠤ ᠰᠡᠳᠬᠢᠯᠭᠡ ᠪᠠ ᠣᠷᠭᠢᠯᠤᠮ᠎ᠠ ᠬᠠᠯᠠᠭᠤᠨ ᠰᠡᠳᠬᠢᠯᠭᠡ ᠪᠡᠷ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠂ ᠦᠢᠮᠡᠭᠡᠨ ᠢ ᠰᠢᠢᠳᠪᠦᠷᠢᠯᠡᠬᠦ ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠵᠡᠷᠭᠡ ᠠᠵᠢᠯ ᠢ ᠲᠣᠪᠣᠢᠮ᠎ᠠ ᠠᠮᠵᠢᠯᠲᠠ ᠲᠠᠶ ᠪᠡᠶᠡᠯᠡᠭᠦᠯᠵᠦ ᠂ ᠨᠡᠢᠰᠯᠡᠯ ᠦᠨ ᠡᠶ᠎ᠡ ᠵᠣᠬᠢᠴᠠᠩᠭᠤᠢ ᠲᠣᠭᠲᠠᠭᠤᠨ ᠢ ᠬᠠᠮᠠᠭᠠᠯᠠᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠵᠡᠢ ᠃ 

 

 

ᠣᠷᠳᠣᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠠᠴᠠ ᠣᠷᠴᠢᠭᠤᠯᠪᠠ

ᠬᠢᠳᠠᠨ ᠬᠡᠯᠡᠨ ᠦ ᠮᠠᠲ᠋ᠧᠷᠢᠶᠠᠯ ᠢᠶᠠᠷ ᠪᠠᠷᠢᠮᠵᠢᠶ᠎ᠠ ᠪᠣᠯᠭᠠᠭᠠᠷᠠᠢ︕

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )