ᠬᠤᠲᠠ ᠶᠢᠨ ᠳᠤᠮᠳᠠᠳᠤ ᠵᠡᠷᠭᠡ ᠶᠢᠨ ᠰᠢᠭᠦᠬᠦ ᠬᠣᠷᠢᠶᠠᠨ ᠤ ᠠᠩᠬᠠᠨ ᠤ ᠪᠦᠯᠦᠭ ᠦᠨ ᠳᠤᠭᠲᠠᠭᠠᠯ ᠨᠤᠷᠮ᠎ᠠ ᠳᠦ ᠤᠷᠤᠭᠰᠠᠨ ᠬᠠᠤᠯᠢ ᠶᠢᠨ ᠲᠤᠰᠢᠶᠠᠯᠲᠠᠨ ᠤ ᠠᠷᠠᠳᠴᠢᠯᠠᠯ ᠢᠶᠠᠷ ᠰᠢᠯᠭᠠᠨ ᠦᠨᠡᠯᠡᠬᠦ ᠶᠡᠬᠡ ᠬᠤᠷᠠᠯ ᠬᠤᠷᠠᠯᠳᠤᠭᠤᠯᠵᠤ ᠬᠠᠤᠯᠢ ᠶᠢᠨ ᠲᠤᠰᠢᠶᠠᠯᠲᠠᠨ ᠤ ᠠᠵᠢᠯᠳᠠᠨ ᠤ ᠳᠤᠭᠲᠠᠭᠠᠯ ᠨᠤᠷᠮ᠎ᠠ ᠶᠢᠨ ᠥᠭᠡᠷᠡᠴᠢᠯᠡᠯᠲᠡ ᠪᠦᠬᠦ ᠲᠠᠯ᠎ᠠ ᠪᠠᠷ ᠡᠬᠢᠯᠡᠪᠠ
8 ᠰᠠᠷ᠎ᠠ ᠶᠢᠨ 18 ᠤ ᠦᠳᠡ ᠶᠢᠨ ᠬᠣᠶᠢᠨᠠ ᠂ ᠳᠤᠮᠳᠠᠳᠤ ᠵᠡᠷᠭᠡ ᠶᠢᠨ ᠰᠢᠭᠦᠬᠦ ᠬᠣᠷᠢᠶᠠᠨ ᠤ ᠠᠩᠬᠠᠨ ᠤ ᠪᠦᠯᠦᠭ ᠦᠨ ᠳᠤᠭᠲᠠᠭᠠᠯ ᠨᠤᠷᠮ᠎ᠠ ᠶᠢᠨ ᠬᠠᠤᠯᠢ ᠶᠢᠨ ᠲᠤᠰᠢᠶᠠᠯᠲᠠᠨ ᠤ ᠠᠷᠠᠳᠴᠢᠯᠠᠯ ᠢᠶᠠᠷ ᠰᠢᠯᠭᠠᠨ ᠦᠨᠡᠯᠡᠬᠦ ᠶᠡᠬᠡ ᠬᠤᠷᠠᠯ ᠬᠤᠷᠠᠯᠳᠤᠭᠤᠯᠪᠠ ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠣᠷᠢᠶᠠᠨ ᠤ ᠬᠢᠨᠠᠨ ᠵᠢᠯᠣᠭᠣᠳᠬᠤ ᠳᠤᠭᠤᠶᠢᠯᠠᠩ ᠤᠨ ᠬᠡᠰᠢᠭᠦᠨ ᠰᠢᠦᠢ ᠷᠦᠢ ᠰᠢᠶᠠ ᠳᠡᠳ᠋ ᠳᠠᠷᠤᠭ᠎ᠠ ᠂ ᠢᠷᠭᠡᠨ ᠦ ᠨᠢᠭᠡᠳᠦᠭᠡᠷ ᠲᠢᠩᠬᠢᠮ ᠦᠨ ᠬᠠᠷᠢᠭᠤᠴᠠᠯᠭᠠᠲᠠᠨ ᠬᠤᠤ ᠯᠢ ᠂ ᠪᠠᠶᠢᠭᠤᠯᠭ᠎ᠠ ᠶᠢᠨ ᠨᠠᠮ ᠤᠨ ᠬᠣᠷᠢᠶ᠎ᠠ ᠡᠷᠬᠢᠯᠡᠬᠦ ᠭᠡᠰᠢᠭᠦᠴᠢ ᠵᠤᠤ ᠫᠸᠩ ᠂ ᠵᠢᠴᠢ ᠬᠤᠲᠠ ᠶᠢᠨ ᠨᠠᠮ ᠤᠨ ᠬᠣᠷᠢᠶ᠎ᠠ ᠤᠯᠤᠰ ᠲᠦᠷᠤ ᠬᠠᠤᠯᠢ ᠴᠠᠭᠠᠵᠠ ᠶᠢᠨ ᠵᠥᠪᠯᠡᠯ ᠂ ᠬᠤᠳᠠ ᠶᠢᠨ ᠨᠠᠮ ᠤᠨ ᠬᠣᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠪᠣᠯᠤᠨ ᠬᠤᠲᠠ ᠶᠢᠨ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠬᠣᠯᠪᠣᠭᠳᠠᠯ ᠪᠦᠬᠦᠢ ᠬᠥᠮᠦᠰ ᠢᠶᠡᠷ ᠪᠦᠷᠢᠯᠳᠦᠭᠰᠡᠨ ᠬᠢᠨᠠᠨ ᠰᠢᠯᠭᠠᠬᠤ ᠳᠤᠭᠤᠶᠢᠯᠠᠩ ᠤᠨ ᠬᠢᠨᠢ ᠲᠤᠰ ᠬᠤᠷᠠᠯ ᠳᠤ ᠤᠷᠤᠯᠴᠠᠪᠠ ᠃ ᠬᠤᠷᠠᠯ ᠢ ᠬᠤᠲᠠ ᠶᠢᠨ ᠳᠤᠮᠳᠠᠳᠤ ᠵᠡᠷᠭᠡ ᠶᠢᠨ ᠰᠢᠭᠦᠬᠦ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠂ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠬᠥ᠋ ᠴᠢᠩ ᠴᠢᠤᠸᠠᠨ ᠡᠷᠬᠢᠯᠡᠪᠠ ᠃
ᠬᠤᠷᠠᠯ ᠳᠡᠭᠡᠷ᠎ᠡ ᠂ ᠬᠤᠳᠠ ᠶᠢᠨ ᠨᠠᠮ ᠤᠨ ᠬᠣᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠣᠷᠢᠶᠠᠨ ᠤ ᠪᠠᠶᠢᠴᠠᠭᠠᠨ ᠰᠤᠳᠤᠯᠤᠭᠴᠢ ᠪᠥᠭᠡᠳ ᠤᠯᠤᠰ ᠲᠦᠷᠦ ᠶᠢᠨ ᠬᠡᠯᠲᠡᠰ ᠦᠨ ᠡᠷᠬᠢᠯᠡᠭᠴᠢ ᠂ ᠬᠤᠳᠠ ᠶᠢᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ ᠳᠡᠳ᠋ ᠬᠤᠷᠢᠶᠠᠨ ᠳᠡᠰ ᠦᠨ ᠳᠤᠭᠲᠠᠭᠠᠯ ᠨᠤᠷᠮ᠎ᠠ ᠳᠤ ᠤᠷᠤᠬᠤ ᠨᠡᠷᠡᠰ ᠦᠨ ᠠᠵᠢᠯ ᠤᠨ ᠪᠥᠲᠦᠮᠵᠢ ᠶᠢ ᠬᠢᠨᠠᠨ ᠰᠢᠯᠭᠠᠬᠤ ᠳᠤᠭᠤᠢᠯᠠᠩ ᠤᠨ ᠳᠠᠷᠤᠭ᠎ᠠ ᠯᠢᠦᠢ ᠵᠢᠶᠦ᠋ᠨ ᠡᠢ ᠶᠠᠷᠢᠶ᠎ᠠ ᠲᠠᠯᠪᠢᠪᠠ ᠃ ᠲᠡᠷᠡ ᠴᠢᠬᠤᠯᠠᠴᠢᠯᠠᠭᠰᠠᠨ ᠨᠢ ᠂ ᠬᠠᠤᠯᠢ ᠶᠢᠨ ᠲᠤᠰᠢᠶᠠᠯᠲᠠᠨ ᠤ ᠠᠵᠢᠯᠳᠠᠨ ᠤ ᠳᠤᠭᠲᠠᠭᠠᠯ ᠨᠤᠷᠮ᠎ᠠ ᠦᠨ ᠥᠭᠡᠷᠡᠴᠢᠯᠡᠯᠲᠡ ᠪᠣᠯ ᠬᠠᠤᠯᠢ ᠴᠠᠭᠠᠵᠠ ᠶᠢᠨ ᠵᠢᠮ᠎ᠡ ᠶᠣᠰᠣᠭᠠᠷ ᠰᠢᠭᠦᠨ ᠲᠠᠰᠤᠯᠬᠤ ᠬᠥᠮᠦᠨ ᠦ ᠬᠦᠴᠦᠨ ᠦ ᠡᠬᠢ ᠪᠠᠶᠠᠯᠢᠭ ᠢ ᠲᠣᠬᠢᠷᠠᠭᠤᠯᠵᠤ ᠂ ᠬᠠᠤᠯᠢ ᠶᠢᠨ ᠲᠤᠰᠢᠶᠠᠯᠲᠠᠨ ᠤ ᠡᠩᠨᠡᠭᠡᠨ ᠦ ᠵᠢᠩᠬᠢᠨᠢᠴᠢᠯᠡᠬᠦ ᠂ ᠲᠤᠰᠬᠠᠶᠢᠵᠢᠬᠤ ᠪᠠ ᠲᠤᠰᠬᠠᠶᠢᠵᠢᠯᠲᠠ ᠶᠢᠨ ᠴᠢᠬᠤᠯᠠ ᠳᠦᠷᠢᠮ ᠂ ᠰᠢᠭᠦᠬᠦ ᠬᠣᠷᠢᠶᠠᠨ ᠤ ᠠᠵᠢᠯᠲᠠᠳ ᠢ ᠲᠦᠷᠦᠯᠵᠢᠬᠦᠯᠦᠨ ᠬᠠᠮᠢᠶᠠᠷᠬᠤ ᠶᠢᠨ ᠰᠠᠭᠤᠷᠢ ᠮᠥᠨ ᠂ ᠪᠠᠰᠠ ᠴᠤ ᠬᠠᠤᠯᠢ ᠪᠠᠷᠢᠬᠤ ᠬᠠᠷᠢᠭᠤᠴᠠᠯᠭ᠎ᠠ ᠶᠢᠨ ᠳᠦᠷᠢᠮ ᠢ ᠲᠡᠭᠦᠯᠳᠡᠷᠵᠢᠭᠦᠯᠬᠦ ᠰᠠᠭᠤᠷᠢ ᠮᠥᠨ ᠃ ᠪᠦᠬᠦ ᠬᠤᠷᠢᠶᠠᠨ ᠤ ᠭᠠᠨᠪᠦ᠋ ᠴᠠᠭᠳᠠᠭ᠎ᠠ ᠨᠠᠷ ᠰᠢᠭᠦᠬᠦ ᠬᠣᠷᠢᠶ᠎ᠠ ᠪᠠ ᠰᠢᠭᠦᠨ ᠲᠠᠰᠤᠯᠬᠤ ᠠᠵᠢᠯ ᠦᠢᠯᠡᠰ ᠲᠦ ᠬᠠᠷᠢᠭᠤᠴᠠᠬᠤ ᠣᠪᠣᠷ ᠢᠶᠠᠷ ᠬᠠᠨᠳᠤᠵᠤ᠂ ᠪᠤᠰᠤᠳᠴᠢ ᠭᠣᠣᠯᠴᠢ ᠪᠠᠷ ᠰᠢᠯᠭᠠᠨ ᠦᠨᠡᠯᠡᠬᠦ ᠠᠵᠢᠯ ᠨᠢᠭᠡᠪᠦᠷᠢ ᠶᠢ ᠰᠠᠢᠲᠤᠷ ᠬᠢᠬᠦ ᠬᠡᠷᠡᠭᠲᠡᠶ ᠭᠡᠵᠠᠢ᠃
ᠬᠤᠷᠠᠯ ᠳᠡᠭᠡᠷ᠎ᠡ ᠂ ᠬᠤᠳᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠶᠢᠨ 6 ᠨᠡᠷ᠎ᠡ ᠳᠡᠳ᠋ ᠬᠤᠷᠢᠶᠠᠨ ᠳᠡᠰ ᠦᠨ ᠤᠳᠤᠷᠢᠳᠤᠯᠭ᠎ᠠ ᠲᠤᠰ ᠲᠤᠰ ᠲᠤᠰᠢᠶᠠᠯ ᠤᠨ ᠮᠡᠳᠡᠭᠦᠯᠦᠯᠲᠡ ᠪᠠ ᠠᠷᠢᠭᠤᠨ ᠴᠢᠬᠡᠴᠢ ᠶᠢᠨ ᠮᠡᠳᠡᠭᠦᠯᠦᠯᠲᠡ ᠬᠢᠪᠡ ᠃ ᠪᠦ᠋ᠬᠦ ᠬᠤᠷᠢᠶᠠᠨ ᠤ ᠭᠠᠮᠪᠤ ᠴᠠᠭᠳᠠᠭ᠎ᠠ ᠨᠠᠷ ᠲᠤᠰ 6 ᠨᠡᠷᠡᠰ ᠳᠡᠳ᠋ ᠬᠤᠷᠢᠠᠶᠠᠨ ᠳᠡᠰ ᠦᠨ ᠤᠳᠤᠷᠢᠳᠤᠯᠭ᠎ᠠ ᠬᠢᠭᠡᠳ ᠪᠤᠰᠤᠳ ᠠᠩᠬᠠᠨ ᠤ ᠳᠤᠭᠲᠠᠭᠠᠯ ᠨᠤᠷᠮ᠎ᠠ ᠳᠤ ᠤᠷᠯᠴᠠᠭᠰᠠᠳ ᠳᠤ ᠠᠷᠠᠳᠴᠢᠯᠠᠯ ᠢᠶᠠᠷ ᠦᠨᠡᠯᠡᠯᠲᠠ ᠬᠢᠪᠠ᠃ ᠬᠤᠷᠠᠯ ᠤᠨ ᠲᠠᠷᠠᠭ᠎ᠠ ᠬᠢᠨᠠᠨ ᠰᠢᠯᠭᠠᠬᠤ ᠳᠤᠭᠤᠢᠯᠠᠩ ᠤᠨ ᠬᠢᠨᠢ ᠬᠤᠷᠢᠶᠠᠨ ᠤ ᠤᠳᠤᠷᠢᠳᠤᠯᠭ᠎ᠠ ᠬᠢᠭᠡᠳ ᠵᠢᠩᠬᠢᠨᠢ ᠳᠤᠰᠢᠶᠠᠯᠲᠠᠳ ᠲᠠᠢ ᠶᠠᠷᠢᠯᠴᠠᠨ ᠵᠦᠪᠯᠡᠵᠦ ᠲᠠᠨᠢᠯᠴᠠᠭᠤᠯᠤᠭᠰᠠᠨ ᠪᠠᠢᠨ᠎ᠠ᠃ᠳᠡᠳ᠋ ᠬᠤᠷᠢᠶᠠᠨ ᠳᠡᠰ ᠦᠨ ᠤᠳᠤᠷᠢᠳᠤᠯᠭ᠎ᠠ ᠶᠢᠨ ᠠᠵᠢᠯ ᠤᠨ ᠰᠡᠳᠬᠢᠴᠡ ᠂ ᠠᠵᠢᠯ ᠤᠨ ᠪᠦᠲᠦᠮᠵᠢ ᠪᠠ ᠠᠷᠢᠭᠤᠨ ᠴᠢᠭᠡᠴᠢ ᠪᠡᠷ ᠪᠡᠶ᠎ᠡ ᠪᠡᠨ ᠪᠠᠷᠢᠬᠤ ᠲᠤᠬᠠᠢ ᠭᠦᠨᠵᠡᠭᠡᠢ ᠣᠢᠯᠭᠠᠭᠰᠠᠨ ᠪᠠᠢᠨ᠎ᠠ ᠃
ᠲᠤᠰ ᠤᠳᠠᠭᠠᠨ ᠤ ᠳᠡᠳ᠋ ᠬᠤᠷᠢᠶᠠᠨ ᠳᠡᠰ ᠦᠨ ᠤᠳᠤᠷᠢᠳᠤᠯᠭ᠎ᠠ ᠶᠢᠨ ᠬᠢᠨᠠᠨ ᠰᠢᠯᠭᠠᠯᠲᠠ ᠳᠤ ᠂ ᠬᠢᠨᠠᠨ ᠰᠢᠯᠭᠠᠬᠤ ᠳᠤᠭᠤᠢᠯᠠᠩ ᠬᠢᠨᠢ ᠳᠤᠭᠲᠠᠭᠠᠯ ᠶᠤᠰᠤᠭᠠᠷ ᠡᠯ᠎ᠡ ᠬᠢᠨᠠᠨ ᠰᠢᠯᠭᠠᠬᠤ ᠲᠦᠷᠦᠯ ᠢ ᠶᠠᠪᠤᠭᠳᠠᠭᠤᠯᠵᠤ ᠂ ᠬᠢᠨᠠᠨ ᠰᠢᠯᠭᠠᠬᠤ ᠳᠤᠭᠲᠠᠭᠠᠯ ᠢ ᠴᠢᠩᠭ᠎ᠠ ᠵᠢᠷᠦᠮᠯᠡᠵᠤ᠂ ᠬᠢᠨᠠᠨ ᠰᠢᠯᠭᠠᠯᠲᠠ ᠶᠢᠨ ᠡᠷᠭᠡ ᠳᠡᠭᠰᠢ᠂ ᠢᠯᠡ ᠲᠤᠳᠤ᠂ ᠲᠦᠪ ᠭᠤᠤᠯᠴᠢ ᠪᠠᠢᠬᠤ ᠶᠢ ᠪᠠᠲᠤᠯᠠᠭᠰᠠᠨ ᠪᠠᠢᠨ᠎ᠠ ᠃ ᠦᠪᠡᠷᠲᠡᠭᠡᠨ ᠵᠠᠰᠠᠬᠤ ᠤᠷᠤᠨ ᠤ ᠳᠡᠭᠡᠳᠦ ᠳᠡᠰ ᠦᠨ ᠰᠢᠬᠦᠬᠦ ᠬᠤᠷᠢᠶᠠᠨ ᠤ ᠬᠢᠨᠠᠯᠲᠠ ᠲᠠᠯᠪᠢᠨ ᠵᠢᠭᠠᠨ ᠵᠢᠯᠤᠭᠤᠳᠬᠤ ᠳᠤᠭᠤᠢᠯᠠᠩ ᠬᠢᠨᠢ ᠡᠨᠡ ᠤᠳᠠᠭᠠᠨ ᠤ ᠬᠢᠨᠠᠨ ᠰᠢᠯᠭᠠᠯᠲᠠ ᠶᠢᠨ ᠪᠥᠬᠦ ᠶᠠᠪᠤᠴᠠ ᠳᠤ ᠬᠢᠨᠠᠯᠲᠠ ᠲᠠᠯᠪᠢᠪᠠ᠃ ᠠᠷᠳᠴᠢᠯᠠᠯ ᠢᠶᠠᠷ ᠬᠢᠨᠠᠨ ᠰᠢᠯᠭᠠᠬᠤ ᠶᠡᠭᠡ ᠬᠤᠷᠠᠯ ᠳᠠᠭᠤᠰᠤᠭᠰᠠᠨ ᠤ ᠳᠠᠷᠠᠭ᠎ᠠ ᠂ ᠬᠤᠲᠠ ᠶᠢᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ ᠨᠠᠮ ᠤᠨ ᠳᠤᠭᠤᠢᠯᠠᠩ ᠤᠨ ᠬᠡᠰᠢᠭᠦᠨ᠂ ᠳᠡᠳ᠋ ᠬᠤᠷᠢᠶᠠᠨ ᠳᠠᠷᠤᠭ᠎ᠠ ᠵᠢᠴᠢ ᠤᠯᠤᠰ ᠲᠦᠷᠦ ᠶᠢᠨ ᠰᠠᠯᠠᠭᠠᠨ ᠤ ᠡᠷᠬᠢᠯᠡᠭᠴᠢ ᠯᠢ ᠵᠢᠩ ᠭᠦᠸᠸ ᠥᠪᠡᠷᠲᠡᠭᠡᠨ ᠵᠠᠰᠠᠬᠤ ᠣᠷᠤᠨ ᠤ ᠳᠡᠭᠡᠳᠦ ᠵᠡᠷᠭᠡ ᠶᠢᠨ ᠰᠢᠭᠦᠬᠦ ᠬᠤᠷᠢᠶᠠᠨ ᠤ ᠬᠢᠨᠠᠯᠲᠠ ᠲᠠᠯᠪᠢᠨ ᠵᠢᠭᠠᠨ ᠵᠢᠯᠤᠭᠤᠳᠬᠤ ᠳᠤᠭᠤᠢᠯᠠᠩ ᠳᠤ ᠤᠷᠳᠤᠰ ᠬᠤᠲᠠ ᠶᠢᠨ ᠬᠤᠶᠠᠷ ᠳᠡᠰ ᠦᠨ ᠰᠢᠭᠦᠬᠦ ᠬᠤᠷᠢᠶᠠᠨ ᠤ ᠳᠤᠭᠲᠠᠭᠠᠯ ᠨᠤᠷᠮ᠎ᠠ ᠳᠤ ᠪᠠᠨᠲᠠᠭᠰᠠᠨ ᠤᠳᠤᠷᠢᠳᠤᠯᠭ᠎ᠠ ᠨᠠᠷ ᠤᠨ ᠪᠠᠢᠳᠠᠯ ᠢ ᠨᠠᠷᠢᠯᠠᠭ ᠬᠠᠷᠢᠭᠤ ᠮᠡᠳᠡᠭᠦᠯᠡᠭᠰᠡᠨ ᠪᠠᠢᠨ᠎ᠠ ᠃
ᠦᠨᠡᠯᠡᠬᠦ 0ᠦᠨᠡᠯᠡᠯᠲᠡ᠎ᠲᠠᠢ