ᠬᠡᠷᠡᠭ ᠦᠨ ᠵᠢᠱᠢᠶ᠎ᠠ ᠶᠢᠨ ᠵᠠᠳᠠᠯᠤᠯᠲᠠ ᠪᠤᠯᠤᠨ ᠤᠢᠯᠭᠠᠭᠳᠠᠭᠤᠨ ᠢ ᠬᠠᠮᠳᠤ ᠪᠠᠷ ᠡᠳᠡᠯᠡᠬᠦ ᠶᠢ ᠵᠡᠷᠭᠡᠪᠡᠷ ᠶᠠᠪᠤᠭᠳᠠᠭᠤᠯᠵᠤ ᠂ ᠦᠨᠳᠦᠰᠦᠨ ᠱᠠᠳᠤᠨ ᠤ ᠰᠢᠭᠦᠬᠦ ᠬᠤᠷᠢᠶᠠᠨ ᠤ ᠭᠠᠵᠠᠷ ᠰᠢᠷᠤᠢ ᠭᠡᠷ ᠬᠦᠷᠦᠩᠭᠡ ᠶᠢᠨ ᠲᠦᠷᠦᠯ ᠦᠨ ᠬᠡᠷᠡᠭ ᠦᠨ ᠰᠢᠭᠦᠨ ᠲᠠᠰᠤᠯᠤᠯᠲᠠ ᠶᠢᠨ ᠪᠠᠷᠢᠮᠵᠢᠶ᠎ᠠ ᠶᠢ ᠵᠢᠭᠠᠨ ᠵᠢᠯᠤᠭᠤᠳᠤᠨ᠎ᠠ
2016ᠤᠨ ᠤ 8 ᠰᠠᠷ᠎ᠠ ᠶᠢᠨ 2 ᠤ ᠡᠳᠦᠷ᠂ ᠮᠠᠨ ᠤ ᠬᠣᠷᠢᠶᠠᠨ ᠤ ᠢᠷᠭᠡᠨ ᠦ ᠵᠢᠷᠭᠤᠭᠠᠨ ᠲᠢᠩᠬᠢᠮ ᠳᠠᠷᠤᠭ᠎ᠠ ᠶᠠᠩ ᠵᠧᠨ ᠂ ᠸᠠᠩ ᠰᠢᠤᠸᠠᠢ ᠵᠢᠶᠦ᠋ᠨ᠂ ᠨᠢ ᡁᠢ ᠴᠢᠶᠠᠩ᠂ ᠶᠠᠩ ᠷᠦᠢ ᠬᠤᠸᠠ ᠵᠡᠷᠭᠡ ᠭᠤᠷᠪᠠᠨ ᠰᠢᠭᠦᠭᠴᠢ ᠶᠢ ᠳᠠᠭᠠᠭᠤᠯᠤᠨ ᠳᠠᠷᠬᠠᠨ ᠬᠤᠰᠢᠭᠤᠨ ᠤ ᠰᠢᠭᠦᠬᠦ ᠬᠣᠷᠢᠶᠠᠨ ᠳᠤ ᠬᠦᠷᠴᠦ ᠭᠡᠷ ᠬᠦᠷᠦᠩᠭᠡ ᠭᠠᠵᠠᠷ ᠰᠢᠷᠣᠶ ᠶᠢᠨ ᠲᠦᠷᠦᠯ ᠦᠨ ᠬᠡᠷᠡᠭ ᠲᠤ ᠪᠠᠶᠢᠴᠠᠭᠠᠨ ᠰᠤᠳᠤᠯᠤᠯᠲᠠ ᠬᠢᠵᠡᠶ ᠃ ᠲᠤᠰ ᠡᠳᠦᠷ ᠦᠨ ᠦᠳᠡ ᠶᠢᠨ ᠡᠮᠦᠨ᠎ᠡ ᠂ ᠶᠠᠩ ᠵᠧᠨ ᠳᠠᠷᠤᠭ᠎ᠠ ᠂ ᠸᠠᠩ ᠰᠢᠤᠸᠠᠢ ᠵᠢᠶᠦ᠋ᠨ ᠳᠡᠳ᠋ ᠲᠢᠩᠬᠢᠮ ᠦᠨ ᠳᠠᠷᠤᠭ᠎ᠠ ᠨᠢ ᠲᠤᠰ ᠲᠤᠰ ᠤᠨ ᠳᠠᠭᠠᠴᠢᠯᠠᠨ ᠳᠡᠳᠬᠦᠭᠰᠡᠨ ᠶᠠᠳᠠᠭᠤ ᠬᠦᠴᠢᠷᠳᠡᠯᠲᠡᠶ ᠡᠲᠡᠭᠡᠳ ᠢᠶᠡᠨ ᠪᠤᠯᠭᠠᠨ ᠳᠤᠬᠢᠨᠠᠭᠤᠯᠪᠠ ᠃ ᠲᠤᠰ ᠡᠳᠦᠷ ᠦᠨ ᠦᠳᠡ ᠶᠢᠨ ᠬᠣᠶᠢᠨᠠ ᠂ ᠬᠣᠰᠢᠭᠤ ᠶᠢᠨ ᠰᠢᠭᠦᠬᠦ ᠬᠣᠷᠢᠶᠠᠨ ᠤ ᠵᠣᠬᠢᠶᠠᠨ ᠪᠠᠶᠢᠭᠤᠯᠤᠯᠲᠠ ᠶᠢᠨ ᠢᠷᠭᠡᠨ ᠦ ᠬᠡᠷᠡᠭ ᠦᠨ ᠰᠢᠭᠦᠨ ᠲᠠᠰᠤᠯᠬᠤ ᠲᠤᠬᠠᠶᠢᠯᠠᠭᠰᠠᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠳᠠᠷᠤᠭ᠎ᠠ ᠂ ᠲᠢᠩᠬᠢᠮ ᠦᠨ ᠠᠯᠪᠠᠨ ᠭᠡᠷ ᠦᠨ ᠬᠠᠷᠢᠭᠤᠴᠠᠯᠭᠠᠲᠠᠨ ᠪᠠ ᠬᠣᠯᠪᠣᠭᠳᠠᠯ ᠪᠦᠬᠦᠢ ᠲᠤᠬᠠᠶᠢᠯᠠᠭᠰᠠᠨ ᠠᠵᠢᠯ ᠤᠨ ᠭᠣᠣᠯᠯᠠᠭᠴᠢ ᠬᠦᠴᠦᠨ ᠢ ᠶᠠᠷᠢᠯᠴᠠᠬᠤ ᠬᠤᠷᠠᠯ ᠳᠤ ᠣᠷᠣᠯᠴᠠᠵᠠᠶ ᠃ ᠢᠷᠭᠡᠨ ᠦ ᠵᠢᠷᠭᠤᠭᠠᠨ ᠤ ᠬᠢᠨᠢ ᠭᠡᠷ ᠬᠦᠷᠦᠩᠭᠡ ᠂ ᠭᠠᠵᠠᠷ ᠰᠢᠷᠣᠶ ᠶᠢᠨ ᠠᠵᠢᠯ ᠤᠨ ᠰᠢᠭᠦᠨ ᠲᠠᠰᠤᠯᠬᠤ ᠲᠤᠰᠬᠠᠶ ᠲᠢᠩᠬᠢᠮ ᠵᠤᠬᠢᠶᠠᠨ ᠪᠠᠢᠭᠤᠯᠤᠭᠰᠠᠨ《 ᠠᠩᠬᠠᠨ ᠤ ᠰᠠᠨᠠᠭ᠎ᠠ 》 ᠪᠠᠨ ᠮᠠᠷᠲᠠᠬᠤ ᠦᠭᠡᠢ ᠪᠠᠢᠵᠤ ᠂ ᠭᠡᠷ ᠬᠥᠷᠦᠩᠭᠡ ᠭᠠᠵᠠᠷ ᠰᠢᠷᠣᠶ ᠶᠢᠨ ᠰᠢᠭᠦᠨ ᠲᠠᠰᠤᠯᠬᠤ ᠲᠤᠰᠬᠠᠶ ᠮᠡᠷᠭᠡᠵᠢᠯ ᠦᠨ ᠪᠠᠷᠢᠮᠵᠢᠶ᠎ᠠ ᠴᠢᠩᠭ᠎ᠠ ᠠᠳᠬᠤᠵᠤ ᠂ ᠳᠣᠣᠷ᠎ᠠ ᠱᠠᠲᠤᠨ ᠤ ᠰᠢᠭᠦᠬᠦ ᠬᠣᠷᠢᠶ᠎ᠠ ᠶᠢ ᠵᠢᠭᠠᠨ ᠵᠢᠯᠣᠭᠣᠳᠬᠤ ᠪᠡᠷ ᠳᠠᠮᠵᠢᠭᠤᠯᠤᠨ ᠭᠡᠷ ᠬᠦᠷᠦᠩᠭᠡ ᠭᠠᠵᠠᠷ ᠰᠢᠷᠣᠶ ᠶᠢᠨ ᠬᠡᠷᠡᠭ ᠢ ᠬᠠᠤᠯᠢ ᠶᠣᠰᠣᠭᠠᠷ ᠂ ᠲᠥᠪ ᠭᠣᠣᠯᠴᠢ ᠪᠠᠷ ᠰᠢᠶᠳᠪᠦᠷᠢᠯᠡᠬᠦ ᠬᠡᠷᠡᠭᠲᠡᠶ ᠃
ᠶᠠᠷᠢᠯᠴᠠᠬᠤ ᠬᠤᠷᠠᠯ ᠳᠡᠭᠡᠷ᠎ᠡ ᠂ ᠶᠠᠩ ᠵᠧᠨ ᠳᠠᠷᠤᠭ᠎ᠠ ᠶᠠᠭᠤᠨ ᠤ ᠡᠮᠦᠨ᠎ᠡ ᠢᠷᠡᠭᠰᠡᠨ ᠰᠠᠨᠠᠭ᠎ᠠ ᠪᠠᠨ ᠢᠯᠡᠷᠬᠡᠢᠯᠡᠭᠰᠡᠨ ᠪᠥᠭᠡᠳ ᠂ ᠬᠠᠤᠯᠢ ᠴᠠᠭᠠᠵᠠ ᠶᠢᠨ ᠥᠭᠡᠷᠡᠴᠢᠯᠡᠯᠲᠡ ᠶᠢ ᠠᠬᠤᠶ ᠪᠠᠶᠢᠳᠠᠯ ᠤᠨ ᠳᠣᠣᠷ᠎ᠠ ᠂ ᠳᠡᠭᠡᠳᠦ ᠱᠠᠲᠤᠨ ᠤ ᠰᠢᠭᠦᠬᠦ ᠬᠣᠷᠢᠶ᠎ᠠ ᠠᠴᠠ ᠳᠣᠣᠷ᠎ᠠ ᠱᠠᠲᠤ ᠪᠠᠨ ᠵᠢᠯᠣᠭᠣᠳᠬᠤ ᠶᠢᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠤᠨᠴᠠᠭᠠᠢᠯᠠᠨ ᠴᠢᠬᠤᠯᠠᠴᠢᠯᠠᠪᠠ᠃ᠳᠠᠷᠬᠠᠨ ᠬᠣᠰᠢᠭᠤ ᠶᠢᠨ ᠰᠢᠭᠦᠬᠦ ᠬᠣᠷᠢᠶ᠎ᠠ ᠬᠣᠯᠪᠣᠭᠳᠠᠯ ᠪᠦᠬᠦᠢ ᠬᠤᠪᠢᠳᠠᠨ ᠬᠠᠮᠢᠶᠠᠷᠴᠤ ᠪᠥᠬᠥᠢ ᠤᠳᠤᠷᠢᠳᠤᠯᠭ᠎ᠠ ᠨᠢ ᠬᠣᠯᠪᠣᠭᠳᠠᠯ ᠪᠦᠬᠦᠢ ᠬᠡᠷᠡᠭ ᠦᠨ ᠪᠠᠶᠢᠳᠠᠯ ᠤᠨ ᠲᠤᠬᠠᠶ ᠲᠣᠪᠴᠢᠬᠠᠨ ᠬᠠᠷᠢᠭᠤ ᠮᠡᠳᠡᠭᠦᠯᠦᠯᠲᠡ ᠬᠢᠵᠦ ᠂ ᠬᠠᠮᠲᠤ ᠭᠡᠷ ᠬᠥᠷᠥᠩᠭᠡ ᠭᠠᠵᠠᠷ ᠰᠢᠷᠣᠶ ᠶᠢᠨ ᠬᠡᠷᠡᠭ ᠦᠨ ᠬᠡᠷᠡᠭ ᠳᠠᠩᠰᠤᠯᠠᠬᠤ ᠂ ᠰᠢᠭᠦᠨ ᠲᠠᠰᠤᠯᠠᠬᠤ ᠵᠡᠷᠭᠡ ᠲᠠᠯ᠎ᠠ ᠪᠠᠷ ᠬᠢ ᠬᠠᠮᠢᠶᠠᠲᠠᠢ ᠠᠰᠠᠭᠤᠳᠠᠯ ᠢ ᠳᠤᠷᠠᠳᠤᠭᠰᠠᠨ ᠪᠠᠶᠢᠨ᠎ᠠ ᠃ ᠳᠡᠳ᠋ ᠲᠢᠩᠬᠢᠮ ᠦᠨ ᠳᠠᠷᠤᠭ᠎ᠠ ᠸᠠᠩ ᠰᠢᠤᠸᠠᠢ ᠵᠢᠶᠦ᠋ᠨ ᠬᠦᠷᠴᠦ ᠂ ᠬᠣᠰᠢᠭᠤ ᠰᠢᠭᠦᠬᠦ ᠬᠣᠷᠢᠶ᠎ᠠ ᠳᠡᠭᠡᠷ᠎ᠡ ᠳᠤᠷᠠᠳᠤᠭᠰᠠᠨ ᠠᠰᠠᠭᠤᠳᠠᠯ ᠢ ᠬᠠᠨᠳᠤᠯᠭᠠᠲᠤ ᠴᠢᠨᠠᠷᠲᠠᠶ ᠰᠠᠨᠠᠭᠤᠯᠭ᠎ᠠ ᠭᠠᠷᠭᠠᠭᠰᠠᠨ ᠪᠥᠭᠡᠳ ᠬᠠᠤᠯᠢ ᠲᠣᠭᠲᠠᠭᠠᠬᠤ ᠦᠨᠳᠦᠰᠦᠯᠡᠯ ᠡᠭᠦᠳᠡᠨ ᠡᠴᠡ ᠰᠠᠨᠠᠭᠤᠯᠭ᠎ᠠ ᠳᠤᠷᠠᠳᠤᠭᠰᠠᠨ ᠪᠠᠶᠢᠨ᠎ᠠ ᠃ᠨᠢ ᡁᠢ ᠴᠢᠶᠠᠩ ᠳᠠᠷᠬᠠᠨ ᠬᠤᠰᠢᠭᠤ ᠶᠢᠨ ᠬᠣᠰᠢᠭᠤ ᠰᠢᠭᠦᠬᠦ ᠬᠣᠷᠢᠶ᠎ᠠ ᠶᠢᠨ ᠰᠢᠭᠦᠭᠴᠢ ᠨᠢ ᡁᠢ ᠴᠢᠶᠠᠩ ᠬᠣᠯᠪᠣᠭᠳᠠᠯ ᠪᠦᠬᠦᠢ ᠬᠡᠷᠡᠭ ᠢ ᠰᠢᠭᠦᠬᠦ ᠳᠤᠮᠳᠠ ᠣᠯᠵᠤ ᠮᠡᠳᠡᠭᠰᠡᠨ ᠶᠢᠰᠦᠨ ᠨᠠᠷᠢᠯᠢᠭ ᠴᠢᠨᠠᠷ ᠂ ᠬᠡᠮᠵᠢᠶᠡᠲᠦ ᠴᠢᠨᠠᠷ ᠂ ᠤᠢᠯᠠᠭᠠᠭᠳᠠᠬᠤᠨ ᠤ ᠴᠢᠨᠠᠷᠲᠠᠶ ᠠᠰᠠᠭᠤᠳᠠᠯ ᠢ ᠲᠣᠳᠣᠷᠬᠠᠶᠢᠯᠠᠬᠤ ᠪᠠ ᠵᠠᠳᠠᠯᠤᠯᠲᠠ ᠬᠢᠵᠦ ᠂ ᠳᠠᠷᠠᠭ᠎ᠠ ᠭᠡᠷ ᠬᠦᠷᠦᠩᠭᠡ ᠭᠠᠵᠠᠷ ᠰᠢᠷᠣᠶ ᠶᠢᠨ ᠬᠡᠷᠡᠭ ᠢ ᠰᠢᠶᠳᠪᠦᠷᠢᠯᠡᠬᠦ ᠵᠠᠷᠴᠢᠮ ᠪᠠ ᠪᠠᠷᠢᠮᠵᠢᠶ᠎ᠠ ᠳᠤ ᠨᠠᠶᠮᠠᠨ ᠵᠠᠷᠴᠢᠮ ᠤᠨ ᠴᠢᠨᠠᠷᠲᠠᠶ ᠰᠠᠨᠠᠭᠤᠯᠭ᠎ᠠ ᠳᠤᠷᠠᠳᠤᠭᠰᠠᠨ ᠪᠠᠶᠢᠨ᠎ᠠ ᠃ ᠰᠢᠭᠦᠭᠴᠢ ᠶᠠᠩ ᠷᠦᠢ ᠬᠤᠸᠠ ᠳᠠᠷᠤᠶ ᠭᠡᠷ ᠬᠦᠷᠦᠩᠭᠡ ᠭᠠᠵᠠᠷ ᠰᠢᠷᠣᠶ ᠶᠢᠨ ᠬᠡᠷᠡᠭ ᠢ ᠰᠢᠭᠦᠨ ᠲᠠᠰᠤᠯᠬᠤ ᠣᠢᠯᠭᠠᠭᠳᠠᠬᠤᠨ ᠳᠤ ᠬᠠᠨᠳᠤᠯᠭᠠᠲᠤ ᠴᠢᠨᠠᠷᠲᠠᠶ ᠰᠠᠨᠠᠭᠤᠯᠭ᠎ᠠ ᠳᠤᠷᠠᠳᠤᠭᠰᠠᠨ ᠪᠠᠶᠢᠨ᠎ᠠ ᠃
ᠬᠤᠷᠠᠯ ᠤᠨ ᠳᠠᠷᠠᠭ᠎ᠠ ᠂ ᠳᠠᠷᠬᠠᠨ ᠬᠣᠰᠢᠭᠤ ᠶᠢᠨ ᠰᠢᠭᠦᠬᠦ ᠬᠣᠷᠢᠶ᠎ᠠ ᠶᠢᠨ ᠬᠣᠯᠪᠣᠭᠳᠠᠯ ᠪᠦᠬᠦᠢ ᠤᠳᠤᠷᠢᠳᠤᠯᠭ᠎ᠠ ᠵᠢᠴᠢ ᠲᠤᠬᠠᠶᠢᠯᠠᠭᠰᠠᠨ ᠠᠵᠢᠯ ᠤᠨ ᠭᠣᠣᠯᠯᠠᠭᠴᠢ ᠬᠦᠴᠦᠨ ᠢᠷᠭᠡᠨ ᠦ ᠵᠢᠷᠭᠤᠭᠠᠨ ᠲᠢᠩᠬᠢᠮ ᠤᠨ ᠡᠨᠡ ᠤᠳᠠᠭᠠᠨ ᠤ ᠪᠠᠶᠢᠴᠠᠭᠠᠨ ᠰᠤᠳᠤᠯᠤᠯᠲᠠ ᠶᠢ ᠳᠡᠭᠡᠳᠦ ᠬᠡᠮᠵᠢᠶ᠎ᠡ ᠪᠡᠷ ᠦᠨᠡᠯᠡᠵᠦ ᠂ ᠬᠡᠰᠡᠭ ᠤᠳᠤᠷᠢᠳᠤᠯᠭ᠎ᠠ ᠨᠡᠩ ᠲᠡᠭᠦᠨ ᠢ 《 ᠬᠠᠭᠤᠷᠠᠢ ᠬᠦᠷᠦᠰᠦ ᠬᠤᠷ᠎ᠠ ᠳᠤ ᠵᠤᠯᠭᠠᠪᠠ》 ᠭᠡᠵᠦ ᠳᠦᠷᠰᠦᠯᠡᠪᠠ᠃ ᠶᠡᠬᠡ ᠲᠥᠯᠥᠪ ᠂ ᠲᠤᠰ ᠤᠳᠠᠭᠠᠨ ᠤ ᠵᠢᠭᠠᠨ ᠵᠢᠯᠤᠭᠤᠳᠴᠤ ᠪᠠᠢᠴᠠᠭᠠᠬᠤ ᠠᠵᠢᠯᠯᠠᠭ᠎ᠠ ᠶᠢᠨ ᠢᠳᠡᠪᠬᠢᠲᠡᠶ ᠠᠴᠢ ᠬᠣᠯᠪᠣᠭᠳᠠᠯ ᠨᠢ ᠳᠣᠣᠷᠠᠬᠢ ᠬᠡᠳᠦᠨ ᠵᠦᠢᠯ ᠪᠣᠯᠤᠨ᠎ᠠ ᠄ ᠨᠢᠭᠡ ᠳᠦ ᠂ ᠬᠡᠷᠡᠭ ᠢ ᠨᠢᠭᠡᠲᠦᠯᠲᠠᠢ ᠪᠠᠷᠢᠮᠵᠢᠶᠠᠯᠠᠬᠤ ᠪᠠ ᠬᠡᠮᠵᠢᠶᠡᠯᠡᠬᠦ ᠳᠦ ᠠᠰᠢᠭᠲᠠᠢ᠂ ᠦᠵᠡᠯᠲᠡ ᠪᠠ ᠪᠠᠷᠢᠮᠵᠢᠶ᠎ᠠ ᠨᠢ ᠨᠢᠭᠡᠳᠦᠯ ᠦᠭᠡᠢ ᠠᠰᠠᠭᠤᠳᠠᠯ ᠠᠴᠠ ᠪᠣᠯᠤᠭᠰᠠᠨ ᠬᠡᠷᠡᠭ ᠢ ᠥᠭᠡᠷᠡᠴᠢᠯᠡᠨ ᠲᠠᠰᠤᠯᠬᠤ ᠠᠰᠠᠭᠤᠳᠠᠯ ᠡᠴᠡ ᠵᠠᠢᠯᠠᠰᠬᠢᠪᠠ ; ᠬᠣᠶᠠᠷ ᠲᠤ ᠂ ᠭᠡᠷ ᠬᠥᠷᠦᠩᠭᠡ ᠭᠠᠵᠠᠷ ᠰᠢᠷᠤᠢ ᠶᠢᠨ ᠵᠠᠷᠭᠤ ᠶᠢ ᠰᠢᠭᠦᠨ ᠲᠠᠰᠤᠯᠬᠤ ᠶᠠᠪᠤᠴᠠ ᠳᠤ 《 ᠬᠠᠤᠯᠢ ᠶᠣᠰᠣᠭᠠᠷ ᠂ ᠲᠥᠪ ᠭᠣᠣᠯᠴᠢ 》ᠰᠢᠭᠦᠨ ᠲᠠᠰᠤᠯᠬᠤ ᠣᠶᠢᠯᠠᠭᠠᠭᠳᠠᠬᠤᠨ ᠢ ᠤᠯᠠᠮ ᠨᠢᠭᠡ ᠠᠯᠬᠤᠮ ᠲᠣᠳᠣᠷᠬᠠᠶᠢᠯᠠᠵᠤ ᠂ ᠤᠯᠤᠰ ᠤᠨ ᠭᠡᠷ ᠬᠥᠷᠦᠩᠭᠡ ᠭᠠᠵᠠᠷ ᠰᠢᠷᠣᠶ ᠶᠢᠨ ᠬᠦᠷᠢᠶᠡᠨ ᠦ ᠬᠣᠯᠪᠣᠭᠳᠠᠯ ᠪᠦᠬᠦᠢ ᠬᠠᠤᠯᠢ ᠴᠠᠭᠠᠵᠠ ᠂ ᠬᠠᠤᠯᠢ ᠲᠣᠭᠲᠠᠭᠠᠯ ᠢ ᠲᠣᠭᠲᠠᠭᠠᠬᠤ ᠵᠣᠷᠢᠭ ᠰᠠᠨᠠᠭ᠎ᠠ ᠪᠠ ᠪᠣᠳᠠᠲᠠᠶ ᠲᠤᠢᠷᠢᠮ ᠢ 《 ᠵᠦᠪᠣᠨᠣᠪᠴᠢᠲᠠᠶ 》 ᠬᠡᠷᠡᠭᠯᠡᠬᠦ ᠢ ᠦᠨᠡᠨ ᠬᠦ ᠪᠠᠲᠤᠯᠠᠵᠤ ᠂ ᠡᠯ᠎ᠡ ᠲᠠᠯ᠎ᠠ ᠶᠢᠨ ᠲᠤᠬᠠᠶ ᠶᠢᠨ ᠬᠥᠮᠦᠨ ᠦ ᠠᠰᠢᠭ ᠲᠤᠰᠠ ᠶᠢᠨ ᠲᠣᠭᠠᠴᠠᠯ ᠭᠤᠶᠤᠴᠢᠯᠠᠯ ᠢ ᠰᠢᠭᠦᠨ ᠲᠠᠰᠤᠯᠬᠤ ᠳᠤᠮᠳᠠ ᠡᠷᠬᠡᠪᠢᠰᠢ ᠲᠥᠪ ᠭᠣᠣᠯᠴᠢ ᠬᠠᠨᠳᠤᠬᠤ ; ᠭᠤᠷᠪᠠ ᠳᠤ ᠂ ᠭᠡᠷ ᠬᠦᠷᠦᠩᠭᠡ ᠭᠠᠵᠠᠷ ᠰᠢᠷᠣᠶ ᠶᠢᠨ ᠵᠠᠬ᠎ᠠ ᠳᠡᠯᠭᠡᠭᠦᠷ ᠪᠠᠭᠤᠷᠠᠯᠲᠠ ᠶᠢᠨ ᠦᠢ᠎ᠡ ᠳᠦ ᠭᠡᠷ ᠬᠦᠷᠦᠩᠭᠡ ᠭᠠᠵᠠᠷ ᠰᠢᠷᠣᠶ ᠶᠢᠨ ᠬᠡᠷᠡᠭ ᠢ ᠬᠡᠷᠬᠢᠨ ᠲᠣᠬᠢᠲᠠᠶ ᠰᠢᠶᠳᠪᠦᠷᠢᠯᠡᠬᠦ ᠬᠣᠯᠪᠣᠭᠳᠠᠯ ᠪᠦᠬᠦᠢ ᠠᠰᠠᠭᠤᠳᠠᠯ ᠤᠨ ᠲᠤᠬᠠᠶ ᠤᠯᠠᠮ ᠨᠢᠭᠡ ᠠᠯᠬᠤᠮ ᠲᠤᠳᠤᠷᠬᠠᠢᠯᠠᠪᠠ ;ᠳᠦᠷᠪᠡ ᠳᠦ ᠂ ᠦᠨᠳᠦᠰᠦᠨ ᠱᠠᠲᠤᠨ ᠤ ᠰᠢᠭᠦᠬᠦ ᠬᠣᠷᠢᠶᠠᠨ ᠤ ᠬᠡᠷᠡᠭ ᠰᠢᠭᠦᠬᠦ ᠳᠤᠮᠳᠠ ᠪᠠ ᠲᠠᠰᠤᠯᠤᠨ ᠲᠣᠭᠲᠠᠭᠠᠯᠲᠠ ᠶᠢᠨ ᠪᠢᠴᠢᠭ ᠬᠠᠷ᠎ᠠ ᠵᠣᠬᠢᠶᠠᠬᠤ ᠳᠤᠮᠳᠠ ᠣᠷᠣᠰᠢᠵᠤ ᠪᠠᠶᠢᠭ᠎ᠠ ᠤᠯᠡᠠ ᠠᠰᠠᠭᠤᠳᠠᠯ ᠢ ᠦᠨᠡᠨ ᠬᠦ ᠵᠢᠭᠠᠨ ᠭᠠᠷᠭᠠᠵᠤ ᠂ ᠵᠠᠷᠢᠮ ᠦᠨᠳᠦᠰᠦᠨ ᠱᠠᠲᠤᠨ ᠤ ᠰᠢᠭᠦᠬᠦ ᠬᠣᠷᠢᠶ᠎ᠠ ᠳᠦ ᠭᠠᠷᠤᠭᠰᠠᠨ ᠨᠠᠷᠢᠨ ᠴᠢᠨᠠᠷ ᠪᠠ ᠣᠨᠴᠠ ᠵᠠᠷᠢᠮ ᠵᠠᠷᠴᠢᠮ ᠤᠨ ᠴᠢᠨᠠᠷᠲᠠᠶ ᠠᠰᠠᠭᠤᠳᠠᠯ ᠲᠡᠷᠡ ᠳᠠᠷᠤᠶ ᠳᠤᠨᠢ ᠵᠠᠯᠠᠷᠠᠭᠤᠯᠬᠤ ᠬᠡᠷᠡᠭᠲᠡᠶ ᠃
ᠳᠡᠭᠡᠷ᠎ᠡ ᠳᠤᠷᠠᠳᠤᠭᠰᠠᠨ ᠠᠷᠠᠳ ᠵᠢᠷᠭᠤᠭᠠᠨ ᠲᠢᠩᠬᠢᠮ ᠦᠨ ᠪᠠᠶᠢᠴᠠᠭᠠᠨ ᠰᠤᠳᠤᠯᠤᠯᠲᠠ ᠬᠢᠬᠦ ᠪᠠ ᠶᠠᠳᠠᠭᠤ ᠶᠢ ᠲᠡᠳᠬᠦᠬᠦ ᠠᠵᠢᠯᠯᠠᠭ᠎ᠠ ᠪᠡᠷ ᠳᠠᠮᠵᠢᠨ ᠪᠠᠰᠠ ᠡᠳᠦᠶ ᠲᠡᠳᠦᠶ ᠠᠰᠠᠭᠤᠳᠠᠯ ᠪᠠᠶᠢᠬᠤ ᠶᠢ ᠮᠡᠳᠡᠵᠤ ᠂ ᠬᠠᠨᠳᠤᠯᠭᠠᠲᠤ ᠴᠢᠨᠠᠷᠲᠠᠶ ᠰᠢᠶᠳᠪᠦᠷᠢᠯᠡᠬᠦ ᠰᠠᠨᠠᠭᠤᠯᠭ᠎ᠠ ᠳᠤᠷᠠᠳᠤᠨ ᠭᠠᠷᠭᠠᠪᠠ᠂ ᠳᠠᠷᠤᠢ᠄ 1 . ᠨᠠᠮ ᠤᠨ ᠲᠥᠪ ᠬᠣᠷᠢᠶᠠᠨ ᠤ ᠠᠯᠪᠠᠨ ᠲᠢᠩᠬᠢᠮ ᠪᠣᠯᠤᠨ ᠲᠥᠷᠥ ᠶᠢᠨ ᠶᠠᠪᠤᠳᠠᠯ ᠤᠨ ᠬᠣᠷᠢᠶᠠᠨ ᠤ ᠠᠯᠪᠠᠨ ᠲᠢᠩᠬᠢᠮ 2016ᠤᠨ ᠤ7ᠰᠠᠷ᠎ᠠ ᠶᠢᠨ21 ᠤ ᠡᠳᠦᠷ ᠳᠠᠷᠤᠮᠠᠯᠯᠠᠨ ᠲᠠᠷᠬᠠᠭᠠᠭᠰᠠᠨ 《 ᠬᠠᠤᠯᠢ ᠪᠠᠷᠢᠬᠤ ᠠᠵᠢᠯᠲᠠᠨ ᠤ ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠭᠡᠵᠦ ᠬᠠᠮᠠᠭᠠᠯᠠᠬᠤ ᠲᠣᠭᠲᠠᠭᠠᠯ ᠤᠨ ᠲᠤᠬᠠᠶ ᠮᠡᠳᠡᠭᠳᠡᠯ 》 ᠦᠨ ᠭᠤᠷᠪᠠᠳᠤᠭᠠᠷ ᠵᠦᠢᠯ ᠦᠨ ᠲᠣᠭᠲᠠᠭᠠᠯ᠄ 《 ᠶᠠᠮᠠᠷᠪᠠ ᠨᠢᠭᠡᠴᠢ ᠪᠤᠶᠤ ᠬᠤᠪᠢ ᠬᠥᠮᠦᠨ ᠰᠢᠭᠦᠬᠦ ᠲᠤᠰᠢᠶᠠᠯᠲᠠᠨ ᠂ ᠪᠠᠶᠢᠴᠠᠭᠠᠬᠤ ᠲᠤᠰᠢᠶᠠᠯᠲᠠᠨ ᠤ ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠶᠢᠨ ᠬᠦᠷᠢᠶ᠎ᠡ ᠬᠡᠪᠴᠢᠶ᠎ᠡ ᠡᠴᠡ ᠳᠠᠪᠠᠭᠰᠠᠨ ᠬᠡᠷᠡᠭ ᠶᠠᠪᠤᠳᠠᠯ ᠢ ᠱᠠᠭᠠᠷᠳᠠᠨ ᠬᠢᠯᠭᠡᠵᠤ ᠪᠤᠯᠬᠤ ᠦᠭᠡᠢ᠃ ᠠᠷᠠᠳ ᠤᠨ ᠰᠢᠭᠦᠬᠦ ᠬᠣᠷᠢᠶ᠎ᠠ ᠂ ᠠᠷᠠᠳ ᠤᠨ ᠪᠠᠶᠢᠴᠠᠭᠠᠬᠤ ᠬᠣᠷᠢᠶ᠎ᠠ ᠶᠠᠮᠠᠷᠪᠠ ᠨᠢᠭᠡᠴᠢ ᠪᠤᠶᠤ ᠬᠤᠪᠢ ᠬᠥᠮᠦᠨ ᠥᠪᠡᠷᠲᠡᠭᠡᠨ ᠰᠢᠭᠦᠬᠦ ᠲᠤᠰᠢᠶᠠᠯᠲᠠᠨ ᠂ ᠪᠠᠶᠢᠴᠠᠭᠠᠬᠤ ᠲᠤᠰᠢᠶᠠᠯᠲᠠᠨ ᠲᠣᠬᠢᠷᠠᠭᠤᠯᠵᠤ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠬᠡᠲᠦᠷᠡᠭᠰᠡᠨ ᠬᠡᠷᠡᠭ ᠶᠠᠪᠤᠳᠠᠯ ᠬᠢᠬᠦ ᠶᠢ ᠲᠡᠪᠴᠢᠬᠦ ᠡᠷᠬᠡ ᠲᠠᠢ ᠃ 》᠂ ᠶᠠᠳᠠᠭᠤ ᠶᠢ ᠲᠡᠳᠬᠦᠬᠦ ᠠᠵᠢᠯ ᠨᠢ ᠬᠠᠤᠯᠢ ᠶᠢᠨ ᠲᠤᠰᠢᠶᠠᠯᠲᠠᠨ ᠤ ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠳᠦ ᠬᠠᠷᠢᠶᠠᠯᠠᠭᠳᠠᠬᠤ ᠦᠭᠡᠢ ᠪᠥᠭᠡᠳ ᠬᠠᠤᠯᠢ ᠶᠢᠨ ᠲᠤᠰᠢᠶᠠᠯᠲᠠᠨ ᠲᠤᠰᠢᠶᠠᠯ ᠬᠠᠷᠢᠭᠤᠴᠠᠯᠭ᠎ᠠ ᠶᠢᠨ ᠬᠦᠷᠢᠶ᠎ᠡ ᠬᠡᠪᠴᠢᠶ᠎ᠡ ᠡᠴᠡ ᠳᠠᠪᠠᠭᠰᠠᠨ ᠱᠠᠭᠠᠷᠳᠠᠯᠭ᠎ᠠ ᠶᠢ ᠲᠡᠪᠴᠢᠬᠦ ᠡᠷᠬᠡ ᠲᠡᠶ ᠭᠡᠵᠠᠢ ᠃ ᠲᠤᠰ ᠲᠣᠭᠲᠠᠭᠠᠯ ᠢ 2016ᠤᠨ ᠤ7ᠰᠠᠷ᠎ᠠ ᠶᠢᠨ21 ᠤ ᠡᠳᠦᠷ ᠡᠴᠡ ᠡᠬᠢᠯᠡᠵᠦ ᠬᠡᠷᠡᠭᠵᠢᠭᠦᠯᠦᠨ᠎ᠡ ᠂ ᠲᠤᠰ ᠬᠣᠷᠢᠶ᠎ᠠ ᠡᠯ᠎ᠡ ᠶᠠᠳᠠᠭᠤ ᠶᠢ ᠳᠡᠳᠬᠦᠬᠦ ᠰᠠᠯᠠᠭ᠎ᠠ ᠮᠥᠴᠢᠷ ᠲᠠᠢ ᠢᠳᠡᠪᠬᠢᠲᠡᠶ ᠬᠠᠷᠢᠯᠴᠠᠬᠤ ᠂ ᠲᠤᠰ ᠬᠣᠷᠢᠶᠠᠨ ᠤ ᠪᠠᠨ ᠰᠢᠭᠦᠨ ᠲᠠᠰᠤᠯᠬᠤ ᠠᠵᠢᠯᠲᠠᠨ ᠤ ᠶᠠᠳᠠᠭᠤ ᠶᠢ ᠲᠡᠳᠬᠦᠬᠦ ᠠᠵᠢᠯ ᠤᠨ ᠡᠭᠦᠷᠭᠡ ᠶᠢ ᠲᠣᠬᠢᠲᠠᠶ ᠰᠢᠶᠳᠪᠦᠷᠢᠯᠡᠬᠦ ᠬᠡᠷᠡᠭᠲᠠᠢ ᠭᠡᠵᠦ ᠰᠠᠨᠠᠭᠤᠯᠪᠠ ᠃ 2 . ᠭᠡᠷ ᠬᠦᠷᠥᠩᠭᠡ ᠭᠠᠵᠠᠷ ᠰᠢᠷᠣᠶ ᠶᠢᠨ ᠠᠵᠢᠯ ᠲᠦᠷᠦᠯ ᠨᠢ ᠲᠤᠰ ᠭᠠᠵᠠᠷ ᠣᠷᠣᠨ ᠤ ᠲᠤᠯᠭᠠᠭᠤᠷᠢᠯᠠᠬᠤ ᠴᠢᠨᠠᠷᠲᠠᠶ ᠠᠵᠤ ᠦᠢᠯᠡᠰ ᠤᠨ ᠨᠢᠭᠡ ᠂ ᠰᠢᠭᠦᠬᠦ ᠪᠠ ᠭᠦᠢᠴᠡᠳᠬᠡᠬᠦ ᠠᠵᠢᠯ ᠴᠥᠮ ᠨᠡᠯᠢᠶᠡᠳ ᠶᠡᠬᠡ ᠬᠦᠴᠢᠷᠳᠡᠯ ᠲᠤᠯᠭᠠᠷᠠᠵᠤ ᠪᠠᠶᠢᠨ᠎ᠠ ᠂ ᠬᠣᠯᠪᠣᠭᠳᠠᠯ ᠪᠦᠬᠦᠢ ᠰᠢᠷᠢᠰ ᠠᠰᠠᠭᠤᠳᠠᠯ ᠪᠠ ᠤᠯᠠᠨ ᠲᠦᠮᠡᠨᠴᠢ ᠠᠰᠠᠭᠤᠳᠠᠯ ᠢ ᠳᠤᠬᠢᠲᠠᠢ ᠰᠢᠳᠪᠦᠷᠢᠯᠡᠬᠦ ᠶᠢᠨ ᠳᠤᠯᠠᠳᠠ᠂ ᠲᠤᠰ ᠬᠣᠷᠢᠶ᠎ᠠ ᠨᠢᠭᠡᠴᠢ ᠶᠢᠨ ᠨᠡᠷ᠎ᠡ ᠪᠡᠷ ᠬᠣᠯᠪᠣᠭᠳᠠᠯ ᠪᠦᠬᠦᠢ ᠬᠡᠷᠡᠭ ᠦᠨ ᠲᠤᠬᠠᠶ ᠬᠤᠳᠠ ᠶᠢᠨ ᠨᠠᠮ ᠤᠨ ᠬᠣᠷᠢᠶ᠎ᠠ ᠂ ᠵᠠᠰᠠᠭ ᠤᠨ ᠣᠷᠳᠣᠨ ᠪᠣᠯᠤᠨ ᠬᠣᠯᠪᠣᠭᠳᠠᠯ ᠪᠦᠬᠦᠢ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠡᠷᠡᠭ ᠤᠨ ᠡᠮᠦᠨᠡᠬᠢ ᠪᠠ ᠬᠡᠷᠡᠭ ᠳᠤᠮᠳᠠᠬᠢ ᠵᠣᠬᠢᠴᠠᠭᠤᠯᠬᠤ ᠲᠣᠭᠲᠠᠴᠠ ᠂ ᠬᠡᠷᠡᠭ ᠢ ᠭᠦᠯᠢᠶᠡᠨ ᠠᠪᠴᠤ ᠰᠢᠶᠳᠪᠦᠷᠢᠯᠡᠭᠰᠡᠨ ᠦ ᠲᠡᠷᠡᠭ᠎ᠠ ᠬᠠᠮᠵᠢᠯᠴᠠᠬᠤ ᠲᠣᠭᠲᠠᠴᠠ ᠶᠢ ᠬᠡᠷᠡᠭᠵᠢᠭᠦᠯᠵᠦ ᠂ 《 ᠰᠢᠭᠦᠬᠦ ᠪᠠ ᠭᠦᠢᠴᠡᠳᠬᠡᠬᠦ ᠶᠢ ᠬᠣᠶᠠᠷ ᠵᠦᠢᠯ ᠦᠨ ᠶᠠᠭᠤᠮ᠎ᠠ ᠪᠣᠯᠭᠠᠬᠤ 》 ᠠᠴᠠ ᠵᠠᠢᠯᠠᠰᠬᠢᠵᠤ ᠂ 《 ᠰᠢᠭᠦᠨ ᠲᠠᠰᠤᠯᠬᠤ ᠶᠢᠨ ᠠᠷᠭ᠎ᠠ ᠦᠭᠡᠢ 》 ᠪᠤᠶᠤ 《 ᠭᠦᠢᠴᠡᠳᠬᠡᠬᠦ ᠶᠢᠨ ᠠᠷᠭ᠎ᠠ ᠦᠭᠡᠢ》 ᠠᠰᠠᠭᠤᠳᠠᠯ ᠪᠤᠯᠬᠤ ᠡᠴᠡ ᠵᠠᠢᠯᠠᠰᠬᠢᠬᠤ ᠬᠡᠷᠡᠭᠲᠠᠢ ᠭᠡᠵᠤ ᠰᠠᠨᠠᠭᠤᠯᠪᠠ ᠃ 3 . ᠦᠨᠳᠦᠰᠦᠨ ᠱᠠᠲᠤᠨ ᠤ ᠰᠢᠭᠦᠬᠦ ᠬᠣᠷᠢᠶ᠎ᠠ ᠣᠨᠴᠠ ᠵᠠᠷᠢᠮ ᠭᠡᠷ ᠬᠦᠷᠦᠩᠭᠡ ᠭᠠᠵᠠᠷ ᠰᠢᠷᠣᠶ ᠶᠢᠨ ᠲᠦᠷᠦᠯ ᠦᠨ ᠬᠡᠷᠡᠭ ᠢ ᠰᠢᠭᠦᠨ ᠲᠠᠰᠤᠯᠬᠤ ᠳᠤᠮᠳᠠ ᠬᠡᠳᠦ ᠭᠠᠵᠠᠷ ᠬᠦᠷᠦᠩᠭᠡ ᠶᠢᠨ ᠺᠣᠮᠫᠠᠨᠢ ᠶᠢᠨ ᠠᠰᠢᠭ ᠲᠤᠰᠠ ᠶᠢᠨ ᠲᠥᠯᠥᠭᠡ ᠪᠤᠳᠤᠯᠬᠢᠯᠠᠨᠰᠠᠨ ᠠᠴᠠ ᠪᠣᠯᠤᠭᠰᠠᠨ 《ᠣᠨᠣᠭᠳᠠᠭᠤᠯᠬᠤ ᠠᠷᠭ᠎ᠠ 》 ᠨᠢ《 ᠬᠠᠤᠯᠢ ᠲᠣᠭᠲᠠᠭᠠᠬᠤ ᠵᠣᠷᠢᠭ ᠰᠠᠨᠠᠭ᠎ᠠ 》 ᠶᠢ ᠲᠡᠷᠰᠯᠡᠭᠰᠡᠨ ᠠᠰᠠᠭᠤᠳᠠᠯ ᠂ ᠳᠡᠭᠡᠷ᠎ᠡ ᠳᠤᠷᠠᠳᠤᠭᠰᠠᠨ ᠬᠡᠷᠡᠭ ᠤᠨ ᠰᠢᠭᠦᠬᠦ ᠳᠤᠮᠳᠠ 《 ᠥᠷᠲᠡᠭ ᠦᠨ ᠦᠵᠡᠯᠲᠡ 》 ᠪᠠ 《 ᠣᠨᠣᠭᠳᠠᠭᠤᠯᠬᠤ ᠠᠷᠭ᠎ᠠ 》ᠬᠤᠳᠬᠤᠯᠳᠤᠬᠤ ᠠᠰᠠᠭᠤᠳᠠᠯ ᠠᠴᠠ ᠵᠠᠢᠯᠠᠰᠬᠢᠬᠤ ᠶᠢᠨ ᠲᠥᠯᠦᠭᠡ ᠂ ᠭᠡᠷ ᠬᠦᠷᠦᠩᠭᠡ ᠭᠠᠵᠠᠷ ᠰᠢᠷᠣᠶ ᠶᠢᠨ ᠬᠡᠷᠡᠭ ᠢ ᠰᠢᠭᠦᠬᠦ ᠶᠠᠪᠤᠴᠠ ᠳᠠᠬᠢ ᠬᠦᠴᠢᠷᠳᠡᠯ ᠳᠦ ᠴᠢᠭᠯᠡᠭᠦᠯᠦᠨ 《ᠲᠠᠸᠠᠷ ᠤᠨ ᠭᠡᠷ ᠪᠠᠶᠢᠰᠢᠩ ᠢ ᠬᠤᠳᠠᠯᠳᠤᠭᠠᠯᠠᠬᠤ ᠭᠡᠷ᠎ᠡ ᠶᠢᠨ ᠵᠢᠭᠤᠷᠠᠯᠳᠤᠭᠠᠨ ᠪᠠ ᠨᠡᠭᠦᠯᠭᠡᠵᠤ ᠲᠥᠪᠬᠢᠨᠡᠭᠦᠯᠬᠦ ᠳᠤ ᠨᠥᠬᠥᠪᠥᠷᠢ ᠥᠭᠬᠦ ᠵᠢᠭᠤᠷᠠᠯᠳᠤᠭᠠᠨ ᠤ ᠬᠡᠷᠡᠭ ᠢ ᠰᠢᠶᠳᠪᠦᠷᠢᠯᠡᠬᠦ ᠰᠠᠨᠠᠯ 》 ᠢ ᠡᠷᠲᠡᠬᠡᠨ ᠲᠣᠭᠲᠠᠭᠠᠨ ᠬᠡᠷᠡᠭᠵᠢᠭᠦᠯᠬᠦ ᠶᠢ ᠲᠤᠰ ᠬᠣᠷᠢᠶᠠᠨ ᠤ ᠰᠢᠭᠦᠨ ᠲᠠᠰᠤᠯᠬᠤ ᠺᠣᠮᠢᠰ ᠲᠤ ᠰᠠᠨᠠᠭᠠᠴᠢᠯᠠᠪᠠ ᠃
ᠦᠨᠡᠯᠡᠬᠦ 0ᠦᠨᠡᠯᠡᠯᠲᠡ᠎ᠲᠠᠢ