ᠣᠷᠳᠣᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠶᠢᠨ ᠵᠤᠬᠢᠶᠠᠨ ᠪᠠᠢᠭᠤᠯᠤᠭᠰᠠᠨ ᠬᠠᠤᠯᠢ ᠶᠢᠨ ᠴᠠᠭᠳᠠᠭᠠᠨ ᠤ ᠵᠤᠳᠤᠭᠠᠨ ᠤ ᠮᠡᠷᠭᠡᠵᠢᠯ ᠦᠨ ᠤᠷᠤᠯᠳᠤᠭᠠᠨ ᠤ ᠪᠤᠯᠪᠠᠰᠤᠷᠠᠯ
ᠮᠠᠨ ᠤ ᠬᠤᠲᠠ ᠶᠢᠨ ᠰᠢᠭᠦᠬᠦ ᠬᠤᠷᠢᠶᠠᠨ ᠤ ᠬᠠᠤᠯᠢ ᠶᠢᠨ ᠴᠠᠭᠳᠠᠨᠭᠠᠨ ᠤ ᠪᠤᠲᠠᠲᠠᠢᠵᠢᠭᠤᠯᠤᠭᠰᠠᠨ ᠪᠤᠯᠪᠠᠰᠤᠷᠠᠯ ᠤᠨ ᠬᠢᠷᠢ ᠳᠦᠪᠰᠢᠨ ᠢ ᠳᠡᠭᠡᠭᠰᠢᠯᠡᠭᠦᠯᠵᠦ᠂ ᠲᠤᠬᠠᠢᠯᠠᠭᠰᠠᠨ ᠠᠵᠢᠯ ᠤᠨ ᠮᠡᠷᠭᠡᠵᠢᠯ ᠴᠢᠳᠠᠪᠦᠷᠢ ᠪᠠ ᠶᠠᠷᠦᠩᠬᠡᠢᠯᠡᠭᠰᠡᠨ ᠬᠡᠪ ᠴᠢᠨᠠᠷ ᠢ ᠴᠢᠩᠭᠠᠳᠭᠠᠵᠤ ᠂ ᠰᠢᠯᠢᠳᠡᠭ ᠬᠠᠤᠯᠢ ᠶᠢᠨ ᠴᠠᠭᠳᠠᠭᠠᠨ ᠤ ᠡᠩᠨᠡᠭᠡ ᠶᠢ ᠵᠤᠬᠢᠶᠠᠨ ᠪᠠᠢᠭᠤᠯᠵᠤ ᠪᠦᠬᠦ ᠬᠤᠲᠠ ᠶᠢᠨ ᠰᠢᠭᠦᠬᠦ ᠬᠤᠷᠢᠶᠠᠨ ᠤ ᠠᠵᠢᠯ ᠳᠤ ᠰᠢᠯᠢᠳᠡᠭ ᠰᠠᠢᠨ ᠠᠮᠤᠷ ᠳᠦᠪᠰᠢᠨ ᠦ ᠬᠠᠩᠭᠠᠯᠲᠠ ᠲᠠᠢ ᠪᠠᠢᠯᠭᠠᠬᠤ ᠶᠢᠨ ᠲᠦᠯᠦᠭᠡ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠦᠷᠭᠦᠯᠵᠢ ᠬᠠᠮᠢᠶ᠎ᠠ ᠪᠦᠬᠦᠢ ᠪᠤᠯᠪᠠᠰᠤᠷᠠᠯ ᠢ ᠨᠠᠷᠢᠨ ᠬᠢᠨᠠᠮᠠᠭᠠᠢ ᠵᠤᠬᠢᠶᠠᠨ ᠪᠠᠢᠭᠤᠯᠳᠠᠭ ᠪᠠᠢᠯ᠎ᠠ ᠃ ᠪᠤᠯᠪᠠᠰᠤᠷᠠᠯ ᠳᠤ ᠤᠷᠤᠯᠴᠠᠭᠰᠠᠳ
ᠬᠦᠴᠢᠷ ᠢ ᠳᠡᠰᠪᠦᠷᠢᠯᠠᠵᠤ ᠂ ᠬᠠᠲᠠᠭᠤᠵᠢᠯᠲᠠᠢ ᠪᠤᠯᠪᠠᠰᠤᠷᠠᠬᠤ ᠵᠤᠷᠢᠭ ᠰᠠᠨᠠᠭ᠎ᠠ ᠶᠢ ᠪᠠᠳᠠᠷᠠᠭᠤᠯᠵᠤ ᠂ ᠬᠠᠤᠯᠢ ᠶᠢᠨ ᠴᠠᠭᠳᠠᠭᠠᠨ ᠤ ᠡᠩᠨᠡᠭᠡᠨ ᠳᠤᠮᠳᠠ ᠲᠤᠬᠠᠢᠯᠠᠭᠰᠠᠨ ᠠᠵᠢᠯ ᠤᠨ ᠮᠡᠷᠭᠡᠵᠢᠯ ᠴᠢᠳᠠᠪᠦᠷᠢ ᠶᠢᠨ ᠪᠤᠯᠪᠠᠰᠤᠷᠠᠯ ᠤᠨ ᠦᠷᠨᠢᠯᠲᠡ ᠪᠤᠢ ᠪᠤᠯᠭᠠᠭᠰᠠᠨ ᠪᠠᠢᠨ᠎ᠠ ᠃
9 ᠰᠠᠷ᠎ᠠ ᠶᠢᠨ 26 ᠤ ᠡᠳᠦᠷ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠣᠷᠢᠶᠠᠨ ᠤ ᠬᠠᠤᠯᠢ ᠴᠠᠭᠠᠵᠠ ᠶᠢᠨ ᠴᠠᠭᠳᠠᠭ᠎ᠠ ᠤᠨ ᠮᠡᠷᠭᠡᠵᠢᠯ ᠤᠨ ᠴᠢᠳᠠᠪᠤᠷᠢ ᠶᠢᠨ ᠤᠷᠤᠯᠳᠤᠭᠠᠨ ᠢ ᠤᠭᠲᠤᠬᠤ ᠶᠢᠨ ᠲᠥᠯᠥᠭᠡ ᠂ 9 ᠰᠠᠷ᠎ᠠ ᠶᠢᠨ 19 ᠦ ᠡᠳᠦᠷ ᠂ ᠣᠷᠳᠣᠰ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠶᠢᠨ ᠬᠠᠤᠯᠢ ᠶᠢᠨ ᠴᠠᠭᠳᠠᠭ᠎ᠠ ᠰᠠᠯᠪᠤᠷᠢ ᠠᠩᠭᠢ ᠵᠣᠬᠢᠶᠠᠨ ᠪᠠᠶᠢᠭᠤᠯᠵᠤ ᠂ ᠪᠤᠯᠪᠠᠰᠤᠷᠠᠯ ᠳᠤ ᠣᠷᠣᠯᠴᠠᠵᠤ ᠪᠠᠶᠢᠭ᠎ᠠ ᠲᠠᠮᠢᠷᠴᠢᠨ ᠤᠷᠤᠯᠳᠤᠭᠠᠨ ᠠᠴᠠ ᠡᠮᠦᠨᠡᠬᠢ ᠬᠠᠷᠢᠭᠤ ᠮᠡᠳᠡᠭᠦᠯᠦᠯᠲᠡ ᠶᠢᠨ ᠰᠣᠷᠢᠯᠲᠠ ᠦᠷᠨᠢᠭᠦᠯᠦᠭᠰᠡᠨ ᠪᠠᠢᠨ᠎ᠠ᠃ ᠳᠤᠮᠳᠠᠳᠤ ᠵᠡᠷᠭᠡ ᠶᠢᠨ ᠰᠢᠭᠦᠬᠦ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠣᠷᠣᠯᠠᠭᠴᠢ ᠬᠤᠷᠢᠶᠠᠨ ᠳᠠᠷᠤᠭ᠎ᠠ ᠯᠢ ᠾᠥᠩ ᠶᠠᠨ ᠂ ᠪᠠᠶᠢᠴᠠᠭᠠᠨ ᠰᠤᠳᠤᠯᠤᠭᠴᠢ ᠂ ᠽᠠᠩ ᠵᠢᠶᠠᠨ ᠫᠢᠩ ᠂ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠬᠥ᠋ ᠴᠢᠩ ᠴᠢᠤᠸᠠᠨ ᠂ ᠳᠡᠳ᠋ ᠳᠠᠷᠤᠭ᠎ᠠ ᠯᠢ ᠮᠧᠶ ᠷᠦᠩ ᠂ ᠠᠢ ᠹᠧᠢ ᠲᠤᠬᠠᠶ ᠶᠢᠨ ᠲᠠᠯᠠᠪᠤᠷ ᠲᠤ ᠨᠢ ᠰᠢᠯᠭᠠᠨ ᠦᠵᠡᠵᠦ ᠵᠢᠭᠠᠨ ᠵᠢᠯᠤᠭᠤᠳᠤᠭᠰᠠᠨ ᠪᠠᠢᠨ᠎ᠠ᠃
ᠡᠨᠡ ᠤᠳᠠᠭᠠᠨ ᠤ ᠪᠣᠯᠪᠠᠰᠤᠷᠠᠯ ᠰᠣᠷᠢᠯᠲᠠ ᠶᠢ ᠠᠭᠤᠯᠭ᠎ᠠ ᠳᠤ ᠳᠠᠶᠢᠰᠤᠨ ᠢ ᠪᠠᠷᠢᠬᠤ ᠂ ᠪᠣᠳᠠᠲᠤ ᠪᠠᠶᠢᠯᠳᠤᠭᠠᠨ ᠤ ᠬᠠᠮᠠᠭᠠᠯᠠᠯᠲᠠ ᠶᠢᠨ ᠮᠡᠷᠭᠡᠵᠢᠯ ᠴᠢᠳᠠᠪᠤᠷᠢ ᠂ ᠭᠠᠷ ᠫᠤᠤ ᠶᠢᠨ ᠦᠨᠡᠨ ᠰᠤᠮᠤᠨ ᠤ ᠬᠡᠷᠡᠭᠯᠡᠭᠡᠨ ᠦ ᠫᠤᠤᠳᠠᠯᠭ᠎ᠠ ᠂ 1000 ᠮᠧᠲ᠋ᠷ / 800 ᠮᠧᠲ᠋ᠷ ᠪᠦᠷᠢᠨ ᠦᠪᠴᠢ ᠵᠡᠪᠰᠡᠭᠯᠡᠵᠦ ᠭᠥᠶᠦᠬᠦ ᠂ ᠦᠨᠳᠦᠰᠦᠨ ᠤᠷ᠎ᠠ ᠮᠡᠷᠭᠡᠵᠢᠯ ᠦᠨ ᠬᠠᠮᠲᠤᠷᠠᠯᠴᠠᠭ᠎ᠠ ᠵᠡᠷᠭᠡ ᠶᠢᠰᠦᠨ ᠲᠦᠷᠦᠯ ᠵᠦᠢᠯ ᠂ ᠪᠦᠬᠦ ᠲᠠᠯ᠎ᠠ ᠪᠠᠷ ᠬᠠᠤᠯᠢ ᠴᠠᠭᠠᠵᠠ ᠶᠢᠨ ᠴᠠᠭᠳᠠᠭ᠎ᠠ ᠶᠢᠨ ᠪᠣᠳᠠᠲᠤ ᠪᠠᠶᠢᠯᠳᠤᠭᠠᠨ ᠤ ᠤᠷ᠎ᠠ ᠮᠡᠷᠭᠡᠵᠢᠯ ᠪᠠ ᠲᠤᠬᠠᠶᠢᠯᠠᠭᠰᠠᠨ ᠠᠵᠢᠯ ᠤᠨ ᠮᠡᠷᠭᠡᠵᠢᠯ ᠢ ᠰᠢᠯᠭᠠᠨ ᠦᠨᠡᠯᠡᠪᠡ᠃ ᠰᠣᠷᠢᠯᠲᠠ ᠬᠢᠬᠦ ᠳᠤᠮᠳᠠ ᠂ ᠪᠣᠯᠪᠠᠰᠤᠷᠠᠭᠤᠯᠤᠯ ᠳᠤ ᠤᠷᠤᠯᠴᠠᠭᠰᠠᠳ ᠂ ᠵᠣᠪᠠᠭᠤᠷᠢ ᠵᠦᠳᠡᠭᠦᠷᠢ ᠠᠴᠠ ᠠᠶᠤᠬᠤ ᠦᠬᠡᠢ ᠂ ᠵᠣᠷᠢᠭᠲᠠᠶ ᠪᠠᠷ ᠥᠷᠢᠰᠥᠯᠳᠦᠭᠡᠨ ᠢ ᠳᠤᠭᠤᠯᠬᠤ ᠤᠶᠤᠨ ᠰᠠᠨᠠᠭ᠎ᠠ ᠂ ᠣᠷᠭᠢᠯᠤᠮ᠎ᠠ ᠬᠠᠯᠠᠭᠤᠨ ᠰᠡᠳᠬᠢᠯᠭᠡ ᠂ ᠰᠠᠢᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠪᠠ ᠴᠤᠭ ᠪᠠᠳᠠᠷᠠᠩᠭᠤᠶ ᠲᠡᠮᠡᠴᠡᠯ ᠦᠨ ᠵᠣᠷᠢᠭ ᠲᠠᠶ ᠪᠠᠶᠢᠵᠤ ᠂ ᠡᠯ᠎ᠡ ᠲᠠᠯ᠎ᠠ ᠶᠢᠨ ᠰᠣᠷᠢᠯᠲᠠ ᠶᠢᠨ ᠡᠭᠦᠷᠭᠡ ᠶᠢ ᠲᠡᠭᠦᠰ ᠠᠮᠵᠢᠯᠲᠠ ᠲᠠᠶ ᠪᠠᠷ ᠪᠡᠶᠡᠯᠡᠭᠦᠯᠵᠡᠶ ᠃
ᠤᠳᠤᠷᠢᠳᠤᠯᠭ᠎ᠠ ᠨᠠᠷ ᠤᠨ ᠬᠦᠷᠦᠯᠴᠡᠨ ᠢᠷᠡᠵᠦ ᠵᠢᠭᠠᠨ ᠵᠢᠯᠤᠭᠤᠳᠤᠭᠰᠠᠨ ᠨᠢ ᠬᠤᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠠᠤᠯᠢ ᠴᠠᠭᠠᠵᠠ ᠶᠢᠨ ᠴᠠᠭᠳᠠᠭ᠎ᠠ ᠶᠢᠨ ᠡᠩᠨᠡᠭᠡᠨ ᠦ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠡᠷ ᠴᠢᠬᠤᠯᠠᠴᠢᠯᠠᠵᠤ ᠪᠠᠢᠭ᠎ᠠ ᠶᠢ ᠭᠦᠢᠴᠡᠳ ᠢᠯᠡᠷᠡᠭᠦᠯᠵᠦ ᠂ ᠪᠤᠯᠪᠠᠰᠤᠷᠠᠯ ᠳᠤ ᠤᠷᠤᠯᠴᠠᠭᠰᠠᠳ ᠮᠠᠰᠢ ᠵᠣᠷᠢᠭᠵᠢᠵᠤ ᠂ ᠰᠢᠭᠦᠬᠦ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠦᠰᠡᠯ ᠨᠠᠶᠢᠳᠠᠯᠭ᠎ᠠ ᠶᠢ ᠯᠠᠪᠲᠠᠢ ᠬᠦᠰᠡᠷᠳᠡᠭᠦᠯᠬᠦ ᠦᠭᠡᠢ ᠪᠠᠢᠵᠤ᠂ ᠳᠠᠳᠬᠠᠯ ᠪᠣᠯᠪᠠᠰᠤᠷᠠᠯ ᠢᠶᠠᠨ ᠴᠢᠩᠭᠠᠳᠬᠠᠵᠦ᠂ ᠰᠢᠷᠭᠠᠭᠤ ᠳᠠᠭᠠᠭᠠᠮᠠᠭᠠᠶ ᠪᠠᠷ ᠡᠷᠡᠯᠬᠡᠭᠯᠡᠨ ᠲᠡᠮᠡᠴᠡᠵᠦ ᠂ ᠡᠩ ᠦᠨ ᠴᠠᠭ ᠤᠨ ᠪᠣᠯᠪᠠᠰᠤᠷᠠᠯ ᠤᠨ ᠬᠢᠷᠢ ᠳᠦᠪᠰᠢᠨ ᠢ ᠬᠠᠮᠤᠭ ᠥᠨᠳᠦᠷ ᠳᠦᠪᠰᠢᠨ ᠳᠦ ᠬᠦᠷᠭᠡᠵᠤ ᠂ ᠤᠷᠤᠯᠳᠤᠭᠠᠨ ᠤ ᠲᠠᠯᠠᠪᠤᠷ ᠳᠡᠭᠡᠷ᠎ᠡ ᠣᠷᠳᠣᠰ ᠰᠢᠭᠦᠬᠦ ᠬᠣᠷᠢᠶᠠᠨ ᠤ ᠬᠠᠤᠯᠢ ᠴᠠᠭᠠᠵᠠ ᠶᠢᠨ ᠴᠠᠭᠳᠠᠭ᠎ᠠ ᠰᠠᠶᠢᠨ ᠰᠠᠶᠢᠬᠠᠨ ᠣᠶᠤᠨ ᠰᠠᠨᠠᠭᠠᠨ ᠤ ᠳᠦᠷᠢ ᠳᠦᠷᠬᠦ ᠶᠢ ᠦᠵᠡᠭᠦᠯᠬᠦ ᠪᠣᠯᠤᠨ᠎ᠠ ᠭᠡᠰᠡᠨ ᠪᠠᠢᠨ᠎ᠠ᠃
ᠦᠨᠡᠯᠡᠬᠦ 0ᠦᠨᠡᠯᠡᠯᠲᠡ ᠲᠠᠢ