ᠨᠡᠢᠳᠡᠮ ᠬᠡᠷᠡᠭ ᠦᠨ ᠵᠢᠱᠢᠶ᠎ᠠ ᠪᠠᠷ ᠭᠤᠤᠯ ᠪᠤᠯᠭᠠᠨ ᠤᠨᠴᠠᠭᠠᠢ ᠬᠡᠷᠡᠭ ᠦᠨ ᠵᠢᠱᠢᠶ᠎ᠠ ᠪᠠᠷ ᠬᠠᠪᠰᠤᠷᠤᠮᠵᠢ ᠪᠤᠯᠭᠠᠵᠤ ——ᠠᠷᠠᠳ ᠤᠨ ᠵᠢᠷᠭᠤᠳᠤᠭᠠᠷ ᠲᠢᠩᠬᠢᠮ ᠬᠡᠷᠡᠭ ᠦᠨ ᠵᠢᠱᠢᠶ᠎ᠠ ᠲᠠᠢ ᠬᠦᠳᠡᠭᠡ ᠪᠠᠭᠤᠪᠠ
2016.08.03 ᠲᠣᠰ ᠥᠷᠲᠡᠭᠡᠨ᠎ᠦ ᠨᠠᠢᠷᠠᠭᠤᠯᠤᠭᠴᠢ

ᠨᠡᠢᠳᠡᠮ ᠬᠡᠷᠡᠭ ᠦᠨ ᠵᠢᠱᠢᠶ᠎ᠠ ᠪᠠᠷ ᠭᠤᠤᠯ ᠪᠤᠯᠭᠠᠨ ᠤᠨᠴᠠᠭᠠᠢ ᠬᠡᠷᠡᠭ ᠦᠨ ᠵᠢᠱᠢᠶ᠎ᠠ ᠪᠠᠷ ᠬᠠᠪᠰᠤᠷᠤᠮᠵᠢ ᠪᠤᠯᠭᠠᠵᠤ ——ᠠᠷᠠᠳ ᠤᠨ ᠵᠢᠷᠭᠤᠳᠤᠭᠠᠷ ᠲᠢᠩᠬᠢᠮ ᠬᠡᠷᠡᠭ ᠦᠨ ᠵᠢᠱᠢᠶ᠎ᠠ ᠲᠠᠢ ᠬᠦᠳᠡᠭᠡ ᠪᠠᠭᠤᠪᠠ

 

2016ᠤᠨ ᠤ7ᠰᠠᠷ᠎ᠠ ᠶᠢᠨ26 ᠤ ᠡᠳᠦᠷ᠂ ᠢᠷᠭᠡᠨ ᠦ ᠵᠢᠷᠭᠤᠳᠤᠭᠠᠷ ᠲᠢᠩᠬᠢᠮ ᠦᠨ ᠳᠠᠷᠤᠭ᠎ᠠ ᠶᠠᠩ ᠵᠧᠨ ᠭᠤᠷᠪᠠᠨ ᠬᠠᠮᠲᠤ ᠠᠵᠢᠯᠠᠯᠠᠭᠰᠠᠳ ᠲᠠᠢ ᠪᠡᠨ ᠤᠲᠤᠭ  ᠤᠨ ᠡᠮᠦᠨᠡᠲᠦ ᠬᠣᠰᠢᠭᠤᠨ ᠳᠤ ᠬᠦᠷᠴᠦ ᠭᠡᠷ ᠬᠥᠷᠦᠩᠭᠡ ᠭᠠᠵᠠᠷ ᠰᠢᠷᠤᠢ ᠶᠢᠨ ᠵᠢᠭᠤᠷᠠᠯᠳᠤᠭᠠᠨ  ᠳᠤ ᠰᠤᠳᠤᠯᠭᠠᠨ ᠦᠷᠨᠢᠭᠦᠯᠵᠤ᠂ ᠣᠨᠴᠠᠭᠠᠶ ᠬᠡᠷᠡᠭ ᠲᠤ ᠴᠢᠭᠯᠡᠭᠦᠯᠦᠨ ᠲᠤᠬᠠᠶ ᠶᠢᠨ ᠭᠠᠵᠠᠷ ᠲᠤᠨᠢ ᠬᠠᠶᠢᠨ ᠪᠠᠢᠴᠠᠭᠠᠵᠤ ᠂ ᠡᠶᠡᠳᠡᠭᠦᠯᠦᠯᠲᠠ ᠬᠢᠪᠡ ᠃

ᠢᠷᠭᠡᠨ ᠦ ᠵᠢᠷᠭᠤᠳᠦᠭᠠᠷ ᠲᠢᠩᠬᠢᠮ ᠪᠠ ᠤᠲᠤᠭ ᠤᠨ ᠡᠮᠦᠨᠡᠲᠦ ᠬᠣᠰᠢᠭᠤᠨ ᠤ ᠰᠢᠭᠦᠬᠦ ᠬᠣᠷᠢᠶ᠎ᠠ ᠭᠡᠷ ᠬᠦᠷᠥᠩᠭᠡ ᠭᠠᠵᠠᠷ ᠰᠢᠷᠤᠢ  ᠶᠢᠨ ᠵᠢᠭᠤᠷᠠᠯᠳᠤᠭᠠᠨ ᠤ ᠬᠡᠷᠡᠭ ᠢ ᠶᠠᠷᠢᠯᠴᠠᠬᠤ ᠬᠤᠷᠠᠯ ᠬᠤᠷᠠᠯᠳᠤᠭᠤᠯᠪᠠ ᠃ ᠬᠤᠷᠠᠯ ᠳᠡᠭᠡᠷ᠎ᠡ ᠂ ᠤᠲᠤᠭ ᠤᠨ ᠡᠮᠦᠨᠡᠲᠦ ᠬᠣᠰᠢᠭᠤᠨ ᠤ ᠰᠢᠭᠦᠬᠦ ᠬᠣᠷᠢᠶ᠎ᠠ ᠶᠢᠨ ᠬᠠᠮᠢᠶᠠᠷᠬᠤ ᠠᠯᠪᠠᠨ ᠭᠡᠷ ᠡᠴᠡ 2014ᠤᠨ ᠠᠴᠠ 2016 ᠤᠨ ᠤ ᠬᠤᠭᠤᠷᠤᠨᠳᠦᠬᠢ ᠤᠲᠤᠭ ᠤᠨ ᠡᠮᠦᠨᠡᠲᠦ ᠬᠣᠰᠢᠭᠤ  ᠶᠢᠨ ᠰᠢᠭᠦᠬᠦ ᠬᠣᠷᠢᠶ᠎ᠠ ᠭᠡᠷ ᠬᠦᠷᠥᠩᠭᠡ ᠭᠠᠵᠠᠷ ᠰᠢᠷᠤᠢ ᠶᠢᠨ ᠵᠢᠭᠤᠷᠠᠯᠳᠤᠭᠠᠨ ᠤ ᠬᠡᠷᠡᠭ ᠢ ᠬᠥᠯᠢᠶᠡᠨ ᠠᠪᠤᠭᠰᠠᠨ ᠪᠠ ᠰᠢᠭᠦᠵᠦ ᠳᠠᠭᠤᠰᠬᠠᠭᠰᠠᠨ ᠲᠣᠭ᠎ᠠ ᠬᠡᠮᠵᠢᠶ᠎ᠡ ᠂ ᠠᠷᠭ᠎ᠠ ᠮᠠᠶ᠋ᠢᠭ ᠂ ᠲᠤᠢᠷᠦᠯ ᠵᠢᠴᠢ ᠡᠯ᠎ᠡ ᠢᠷᠭᠡᠨ ᠦ ᠬᠡᠷᠡᠭ ᠢ ᠰᠢᠭᠦᠨ ᠲᠠᠰᠤᠯᠬᠤ ᠲᠢᠩᠬᠢᠮ ᠦᠨ ᠲᠠᠷᠬᠠᠯᠲᠠ ᠶᠢᠨ ᠪᠠᠶᠢᠳᠠᠯ ᠨᠢ ᠬᠠᠷᠢᠭᠤ ᠮᠡᠳᠡᠭᠦᠯᠦᠯᠲᠡ ᠬᠢᠭᠰᠡᠨ ᠪᠠᠶᠢᠨ᠎ᠠ ᠃ ᠳᠤᠮᠳᠠᠳᠤ ᠵᠡᠷᠭᠡ  ᠶᠢᠨ ᠰᠢᠭᠦᠬᠦ ᠬᠣᠷᠢᠶᠠᠨ ᠤ ᠢᠷᠭᠡᠨ ᠦ ᠵᠢᠷᠭᠤᠳᠤᠭᠠᠷ ᠲᠢᠩᠬᠢᠮ ᠬᠠᠷᠢᠭᠤᠴᠠᠵᠤ ᠂ ᠤᠲᠤᠭ ᠤᠨ ᠡᠮᠦᠨᠡᠲᠦ ᠬᠤᠰᠢᠭᠤᠨ ᠤ ᠰᠢᠭᠦᠬᠦ ᠬᠣᠷᠢᠶ᠎ᠠ ᠭᠡᠷ ᠬᠦᠷᠥᠩᠭᠡ ᠭᠠᠵᠠᠷ ᠰᠢᠷᠤᠢ  ᠶᠢᠨ ᠵᠢᠭᠤᠷᠠᠯᠳᠤᠭᠠᠨ  ᠢ ᠳᠡᠭᠡᠭᠰᠢ ᠵᠠᠭᠠᠯᠳᠤᠭᠰᠠᠨ ᠬᠡᠷᠡᠭ ᠢ ᠰᠢᠭᠦᠬᠦ ᠪᠠ ᠵᠢᠭᠠᠨ ᠵᠢᠯᠣᠭᠣᠳᠬᠤ  ᠬᠠᠤᠯᠢ ᠶᠢᠨ ᠲᠤᠰᠢᠶᠠᠯᠲᠠᠨ ᠶᠠᠩ ᠷᠦᠢ ᠬᠤᠸᠠ ᠤ ᠳᠠᠷᠤᠶ ᠤᠲᠤᠭ ᠤᠨ ᠡᠮᠦᠨᠡᠲᠦ ᠬᠤᠰᠢᠭᠤᠨ ᠤ ᠰᠢᠭᠦᠬᠦ ᠬᠣᠷᠢᠶ᠎ᠠ ᠭᠡᠷ ᠬᠦᠷᠦᠨᠭᠭᠡ ᠭᠠᠵᠠᠷ ᠰᠢᠷᠤᠢ  ᠶᠢᠨ ᠵᠢᠭᠤᠷᠠᠯᠳᠤᠭᠠᠨ  ᠤ ᠳᠡᠭᠡᠭᠰᠢ ᠵᠠᠭᠠᠯᠳᠤᠭᠰᠠᠨ ᠬᠡᠷᠡᠭ ᠢ ᠰᠢᠢᠳᠪᠦᠷᠢᠯᠡᠵᠦ ᠪᠠᠶᠢᠭ᠎ᠠ ᠪᠠᠶᠢᠳᠠᠯ ᠪᠠ ᠣᠷᠣᠰᠢᠵᠤ ᠪᠠᠶᠢᠭ᠎ᠠ ᠠᠰᠠᠭᠤᠳᠠᠯ ᠢ ᠨᠢᠭᠡ ᠨᠢᠭᠡ ᠪᠡᠷ ᠨᠢ ᠨᠢᠭᠡᠳᠦᠭᠡᠷ ᠰᠢᠭᠦᠯᠲᠡ ᠶᠢᠨ ᠳᠠᠭᠠᠭᠠᠨ ᠭᠦᠢᠴᠡᠳᠬᠡᠭᠴᠢ ᠲᠠᠢ ᠶᠠᠷᠢᠯᠴᠠᠨ ᠰᠦᠪᠡᠭᠴᠢᠯᠡᠪᠠ ᠃

ᠢᠷᠭᠡᠨ ᠦ ᠵᠢᠷᠭᠤᠳᠤᠭᠠᠷ ᠲᠢᠩᠬᠢᠮ ᠦᠨ ᠳᠠᠷᠤᠭ᠎ᠠ ᠶᠠᠩ ᠵᠧᠨ ᠤᠲᠤᠭ ᠤᠨ ᠡᠮᠦᠨᠡᠲᠦ ᠬᠣᠰᠢᠭᠤᠨ ᠤ ᠰᠢᠭᠦᠬᠦ ᠬᠣᠷᠢᠶ᠎ᠠ ᠶᠢᠨ ᠰᠢᠭᠦᠭᠰᠡᠨ ᠭᠡᠷ ᠬᠦᠷᠥᠩᠭᠡ ᠭᠠᠵᠠᠷ ᠰᠢᠷᠤᠢ  ᠶᠢᠨ ᠵᠢᠭᠤᠷᠠᠯᠳᠤᠭᠠᠨ ᠤ ᠬᠡᠷᠡᠭ ᠦᠨ ᠰᠢᠨᠵᠢ ᠴᠢᠨᠠᠷ ᠢ ᠲᠣᠭᠲᠠᠭᠠᠭᠰᠠᠨ ᠨᠢ ᠣᠨᠣᠪᠴᠢᠲᠠᠶ ᠂ ᠲᠠᠰᠣᠯᠣᠯᠳᠠ ᠶᠢ ᠲᠠᠭᠠᠵᠥ ᠥᠯᠥ ᠵᠠᠭᠠᠯᠳᠣᠬᠣ ᠨᠣᠷᠮ᠎ᠠ ᠥᠨᠳᠥᠷ ᠵᠡᠷᠭᠡ ᠳᠠᠪᠠᠭᠤᠯᠢᠭ ᠲᠠᠯ᠎ᠠ ᠲᠠᠶ ᠪᠠᠶᠢᠳᠠᠭ  ᠢ ᠭᠦᠢᠴᠡᠳ ᠨᠤᠲᠠᠯᠠᠵᠤ ᠂ ᠭᠡᠷ ᠬᠦᠷᠥᠩᠭᠡ ᠭᠠᠵᠠᠷ ᠰᠢᠷᠤᠢ ᠶᠢᠨ ᠬᠡᠷᠡᠭ  ᠢ ᠰᠢᠳᠪᠦᠷᠢᠯᠡᠬᠦ  ᠳᠦ ᠶᠠᠮᠠᠷ ᠪᠠᠢᠳᠠᠯ  ᠳᠣᠣᠷ᠎ᠠ ᠴᠦ ᠭᠡᠰᠡᠨ ᠲᠤᠬᠠᠢ  ᠶᠢᠨ ᠲᠠᠯᠠᠪᠠᠢ ᠶᠢᠨ ᠪᠣᠳᠠᠲᠠᠶ ᠬᠠᠶᠢᠨ ᠪᠠᠶᠢᠴᠠᠭᠠᠯᠲᠠ ᠬᠢᠬᠦ ᠶᠢ ᠰᠠᠭᠠᠷᠳᠠᠵᠤ᠂ ᠤᠲᠤᠭ ᠤᠨ ᠡᠮᠦᠨᠡᠲᠦ ᠬᠣᠰᠢᠭᠤᠨ ᠤ ᠰᠢᠭᠦᠬᠦ ᠬᠣᠷᠢᠶ᠎ᠠ ᠬᠣᠶᠢᠰᠢᠳᠠ ᠡᠶᠢᠮᠦ ᠲᠦᠷᠦᠯ ᠦᠨ ᠬᠡᠷᠡᠭ ᠢ ᠰᠢᠭᠦᠬᠦ ᠳᠦ ᠰᠡᠳᠬᠢᠮᠵᠢ ᠪᠡᠨ ᠡᠮᠬᠢᠯᠡᠵᠦ ᠂ ᠭᠦᠨᠵᠡᠭᠡᠶ ᠰᠤᠳᠤᠯᠵᠤ ᠂ ᠪᠣᠳᠠᠲᠤ ᠪᠠᠶᠢᠳᠠᠯ ᠢ ᠪᠠᠶᠢᠴᠠᠭᠠᠨ ᠲᠣᠳᠣᠷᠬᠠᠶᠢᠯᠠᠭᠰᠠᠨ ᠰᠠᠭᠤᠷᠢᠨ ᠳᠡᠭᠡᠷ᠎ᠡ ᠶᠣᠰᠣ ᠤᠴᠢᠷ ᠭᠦᠶᠴᠡᠳ ᠰᠢᠭᠦᠨ ᠲᠠᠰᠤᠯᠤᠯᠲᠠ ᠭᠠᠷᠭᠠᠬᠤ ᠶᠢ ᠬᠦᠰᠡᠵᠤ ᠪᠠᠢᠨ᠎ᠠ ᠭᠡᠵᠠᠢ ᠃

ᠤᠲᠤᠭ ᠤᠨ ᠡᠮᠦᠨᠡᠲᠦ ᠬᠣᠰᠢᠭᠤᠨ ᠤ ᠰᠢᠭᠦᠬᠦ ᠬᠣᠷᠢᠶ᠎ᠠ ᠨᠢ ᠳᠤᠮᠳᠠᠳᠤ ᠵᠡᠷᠭᠡ  ᠶᠢᠨ ᠰᠢᠭᠦᠬᠦ ᠬᠣᠷᠢᠶᠠᠨ ᠤ ᠡᠨᠡ ᠤᠳᠠᠭ᠎ᠠ ᠶᠢᠨ ᠪᠠᠶᠢᠴᠠᠭᠠᠨ ᠰᠤᠳᠤᠯᠤᠯᠲᠠ ᠶᠢ ᠳᠡᠭᠡᠳᠦ ᠬᠡᠮᠵᠢᠶ᠎ᠡ ᠪᠡᠷ ᠴᠢᠬᠤᠯᠠᠴᠢᠯᠠᠨᠦᠵᠡᠬᠦ ᠶᠢᠨ ᠬᠠᠮᠲᠤ ᠭᠡᠷ ᠬᠦᠷᠥᠩᠭᠡ ᠭᠠᠵᠠᠷ ᠰᠢᠷᠤᠢ ᠶᠢᠨ ᠵᠢᠭᠤᠷᠠᠯᠳᠤᠭᠠᠨ ᠤ ᠬᠡᠷᠡᠭ ᠢ ᠰᠢᠭᠦᠨ ᠰᠢᠶᠳᠪᠦᠷᠢᠯᠡᠬᠦ ᠥᠪᠡᠷᠮᠢᠴᠡ ᠦᠵᠡᠯᠲᠡ ᠪᠡᠨ ᠳᠤᠷᠠᠳᠤᠨ ᠭᠠᠷᠭᠠᠪᠠ ᠃ ᠤᠶᠠᠩᠭ᠎ᠠ ᠬᠤᠷᠢᠶᠠᠨ ᠳᠠᠷᠤᠭ᠎ᠠ ᠬᠡᠯᠡᠬᠦ ᠳᠡᠭᠡᠨ ᠂ ᠡᠨᠡ ᠤᠳᠠᠭ᠎ᠠ ᠶᠢᠨ ᠪᠠᠶᠢᠴᠠᠭᠠᠨ ᠰᠤᠳᠤᠯᠤᠯᠲᠠ  ᠨᠢ ᠤᠲᠤᠭ ᠤᠨ ᠡᠮᠦᠨᠡᠲᠦ ᠬᠤᠰᠢᠭᠤᠨ ᠤ ᠰᠢᠭᠦᠬᠦ ᠬᠣᠷᠢᠶ᠎ᠠ  ᠶᠢᠨ ᠳᠠᠷᠠᠭ᠎ᠠ ᠠᠯᠬᠤᠮ ᠤᠨ ᠠᠵᠢᠯ ᠢ ᠥᠷᠨᠢᠭᠦᠯᠬᠦ ᠳᠦ ᠮᠠᠰᠢ ᠶᠡᠬᠡ ᠲᠤᠰᠠᠲᠠᠶ ᠶᠤᠮ ᠂ ᠢᠯᠡᠭᠦᠬᠡᠨ ᠬᠠᠮᠲᠤᠷᠠᠯᠴᠠᠬᠤ  ᠶᠢ ᠬᠣᠶᠠᠷ ᠱᠠᠲᠤᠨ ᠤ ᠰᠢᠭᠦᠬᠦ ᠬᠣᠷᠢᠶᠠᠨ ᠳᠤ ᠬᠦᠰᠡᠵᠦ ᠂ ᠬᠠᠮᠲᠤ ᠪᠠᠷ ᠭᠡᠷ ᠬᠦᠷᠥᠩᠭᠡ ᠭᠠᠵᠠᠷ ᠰᠢᠷᠤᠢ ᠶᠢᠨ ᠵᠢᠭᠤᠷᠠᠯᠳᠤᠭᠠᠨ ᠤ ᠬᠡᠷᠡᠭ ᠦᠨ ᠰᠢᠢᠳᠪᠦᠷᠢᠯᠡᠬᠦ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ ᠂ ᠨᠡᠶᠢᠭᠡᠮ ᠦᠨ ᠵᠥᠷᠢᠴᠡᠯ ᠢ ᠲᠣᠬᠢᠲᠠᠶ ᠨᠠᠮᠬᠠᠷᠠᠭᠤᠯᠤᠶ᠎ᠠ ᠬᠡᠰᠡᠨ ᠪᠠᠢᠨ᠎ᠠ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )