ᠥᠪᠡᠷᠲᠡᠭᠡᠨ ᠵᠠᠰᠠᠬᠤ ᠤᠷᠤᠨ  ᠤ  ᠰᠤᠨᠢᠨ ᠮᠡᠳᠡᠭᠡᠨ ᠦ ᠰᠤᠷᠪᠤᠯᠵᠢᠯᠠᠭᠴᠢ ᠣᠷᠳᠣᠰ ᠠᠷᠠᠳ ᠤᠨ ᠳᠤᠮᠳᠠ ᠵᠡᠷᠭᠡ  ᠶᠢᠨ ᠰᠢᠭᠦᠬᠦ ᠬᠣᠷᠢᠶᠠᠨ ᠳᠦ ᠬᠦᠷᠴᠦ《 ᠭᠦᠢᠴᠡᠳᠬᠡᠬᠦ ᠵᠢᠯ 》 ᠦᠨ ᠲᠤᠰᠬᠠᠶ ᠰᠡᠳᠦᠪᠲᠦ
2016.09.30 ᠲᠣᠰ ᠥᠷᠲᠡᠭᠡᠨ᠎ᠦ ᠨᠠᠢᠷᠠᠭᠤᠯᠤᠭᠴᠢ

ᠥᠪᠡᠷᠲᠡᠭᠡᠨ ᠵᠠᠰᠠᠬᠤ ᠤᠷᠤᠨ  ᠤ  ᠰᠤᠨᠢᠨ ᠮᠡᠳᠡᠭᠡᠨ ᠦ ᠰᠤᠷᠪᠤᠯᠵᠢᠯᠠᠭᠴᠢ ᠣᠷᠳᠣᠰ ᠠᠷᠠᠳ ᠤᠨ ᠳᠤᠮᠳᠠ ᠵᠡᠷᠭᠡ  ᠶᠢᠨ ᠰᠢᠭᠦᠬᠦ ᠬᠣᠷᠢᠶᠠᠨ ᠳᠦ ᠬᠦᠷᠴᠦ《 ᠭᠦᠢᠴᠡᠳᠬᠡᠬᠦ ᠵᠢᠯ 》 ᠦᠨ ᠲᠤᠰᠬᠠᠶ ᠰᠡᠳᠦᠪᠲᠦ ᠮᠡᠳᠡᠭᠡᠯᠡᠯ ᠬᠢᠪᠡ

 

 

 

    ᠪᠦᠬᠦ ᠣᠷᠣᠨ ᠤ ᠰᠢᠭᠦᠬᠦ ᠬᠣᠷᠢᠶᠠᠨ ᠤ 《 ᠭᠦᠢᠴᠡᠳᠬᠡᠬᠦ ᠵᠢᠯ 》  ᠦᠨ ᠲᠥᠯᠥᠪᠵᠢᠭᠦᠯᠭᠡ ᠶᠢᠨ ᠡᠯ᠎ᠡ ᠵᠦᠢᠯ ᠦᠨ ᠠᠵᠢᠯ ᠢ ᠭᠦᠨᠵᠡᠭᠡᠶ ᠥᠷᠨᠢᠭᠦᠯᠬᠦ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ ᠂《 ᠭᠦᠢᠴᠡᠳᠬᠡᠬᠦ  ᠵᠢᠯ 》  ᠦᠨ ᠠᠵᠢᠯ ᠢ ᠥᠷᠨᠢᠭᠦᠯᠬᠦ ᠶᠠᠪᠤᠴᠠ ᠳᠤᠮᠳᠠ ᠣᠯᠵᠤ ᠮᠡᠳᠡᠭᠰᠡᠨ ᠠᠮᠵᠢᠯᠲᠠᠲᠠᠶ ᠲᠤᠷᠰᠢᠯᠭ᠎ᠠ ᠪᠠ ᠠᠷᠭ᠎ᠠ ᠪᠡᠨ ᠳ᠋ᠦᠩᠨᠡᠬᠦ ᠶᠢᠨ ᠲᠥᠯᠦᠭᠡ ᠂ 7 ᠰᠠᠷ᠎ᠠ ᠶᠢᠨ 4  ᠦ ᠡᠳᠦᠷ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ  ᠶᠢᠨ ᠰᠢᠭᠦᠬᠦ ᠬᠣᠷᠢᠶ᠎ᠠ  ᠶᠢᠨ ᠤᠬᠠᠭᠤᠯᠭ᠎ᠠ ᠰᠤᠷᠭᠠᠨ ᠬᠥᠮᠦᠵᠢᠯ ᠦᠨ ᠭᠠᠵᠠᠷ   ᠠᠴᠠ ᠠᠷᠠᠳᠴᠢᠯᠠᠯ ᠪᠠ ᠬᠠᠤᠯᠢ ᠲᠦᠷᠢᠮ ᠦᠨ ᠰᠣᠨᠢᠨ  ᠤ ᠬᠣᠷᠢᠶ᠎ᠠ ᠂ ᠥᠪᠥᠷ ᠮᠣᠩᠭᠣᠯ ᠤᠨ ᠡᠳᠦᠷ ᠦᠨ ᠰᠣᠨᠢᠨ ᠂ ᠥᠪᠥᠷ ᠮᠣᠩᠭᠣᠯ ᠤᠨ ᠲᠧᠯᠸᠢᠰ ᠬᠣᠷᠢᠶ᠎ᠠ ᠵᠡᠷᠭᠡ ᠣᠯᠠᠨ ᠵᠠᠭᠤᠴᠢᠯᠠᠭᠤᠷ ᠤᠨ ᠰᠤᠷᠪᠤᠯᠵᠢᠯᠠᠭᠴᠢ ᠶᠢ ᠵᠤᠬᠢᠶᠠᠨ ᠪᠠᠢᠭᠤᠯᠵᠤ ᠂ ᠣᠷᠳᠣᠰ ᠬᠤᠲᠠ  ᠶᠢᠨ ᠠᠷᠠᠳ ᠤᠨ ᠳᠤᠮᠳᠠ ᠵᠡᠷᠭᠡ  ᠶᠢᠨ ᠰᠢᠭᠦᠬᠦ ᠬᠣᠷᠢᠶᠠᠨ ᠤ 《 ᠭᠦᠢᠴᠡᠳᠬᠡᠬᠦ ᠵᠢᠯ 》  ᠦᠨ ᠲᠤᠰᠬᠠᠶ ᠠᠵᠢᠯᠯᠠᠭ᠎ᠠ ᠥᠷᠨᠢᠭᠦᠯᠵᠦ ᠡᠬᠢᠯᠡᠭᠰᠡᠨ ᠡᠴᠡ ᠨᠠᠰᠢ ᠬᠣᠯᠪᠣᠭᠳᠠᠯ ᠪᠦᠬᠦᠢ ᠠᠵᠢᠯ  ᠦᠨ ᠠᠬᠢᠴᠠ ᠶᠢᠨ ᠪᠠᠶᠢᠳᠠᠯ   ᠦᠨ ᠲᠤᠰᠬᠠᠶ ᠰᠡᠳᠦᠪᠲᠦ ᠰᠤᠷᠪᠤᠯᠵᠢᠯᠠᠭ᠎ᠠ ᠬᠢᠵᠦ ᠮᠡᠳᠡᠭᠡᠯᠯᠡᠪᠠ ᠃ ᠰᠤᠷᠪᠤᠯᠵᠢᠯᠠᠬᠤ ᠳᠤᠭᠤᠶᠢᠯᠠᠩ ᠨᠢ ᠡᠩ ᠲᠡᠷᠢᠭᠦᠨ ᠳᠦ ᠣᠷᠳᠣᠰ ᠬᠤᠲᠠ  ᠶᠢᠨ ᠠᠷᠠᠳ ᠤᠨ ᠳᠤᠮᠳᠠ ᠵᠡᠷᠭᠡ  ᠶᠢᠨ ᠰᠢᠭᠦᠬᠦ ᠬᠣᠷᠢᠶᠠᠨ ᠤ ᠬᠣᠯᠪᠣᠭᠳᠠᠯ ᠪᠦᠬᠦᠢ ᠰᠠᠯᠠᠭ᠎ᠠ ᠮᠥᠴᠢᠷ ᠲᠠᠢ ᠶᠠᠷᠢᠯᠴᠠᠬᠤ ᠬᠤᠷᠠᠯ ᠬᠤᠷᠠᠯᠳᠤᠭᠤᠯᠵᠤ ᠂ ᠳᠤᠮᠳᠠ ᠵᠡᠷᠭᠡ  ᠶᠢᠨ ᠰᠢᠭᠦᠬᠦ ᠬᠣᠷᠢᠶᠠᠨ ᠤ ᠳᠡᠳ᠋ ᠳᠠᠷᠤᠭ᠎ᠠ ᠹᠠᠨ ᠶᠥᠦ ᠹᠦ᠋ ᠂ ᠭᠦᠢᠴᠡᠳᠬᠡᠬᠦ ᠲᠣᠪᠴᠢᠶᠠᠨ ᠤ ᠲᠣᠪᠴᠢᠶᠠᠨ ᠳᠠᠷᠤᠭ᠎ᠠ ᠵᠠᠩ ᠶᠦᠸᠸ ᠹᠸᠩ ᠂ ᠭᠦᠢᠴᠡᠳᠬᠡᠬᠦ ᠬᠤᠶᠠᠳᠤᠭᠠᠷ ᠲᠣᠪᠴᠢᠶᠠᠨ ᠤ ᠲᠣᠪᠴᠢᠶᠠᠨ ᠳᠠᠷᠤᠭ᠎ᠠ ᠎ᠶᠥᠦ ᠵᠢᠶᠠᠨ  ᠬᠤᠸᠠ  ᠂ ᠠᠯᠪᠠᠨ ᠭᠡᠷ ᠦᠨ ᠡᠷᠬᠢᠯᠡᠭᠴᠢ ᠸᠠᠩ ᠷᠦᠢ ᠱᠠᠨ ᠵᠡᠷᠭᠡ ᠶᠠᠷᠢᠯᠴᠠᠬᠤ ᠬᠤᠷᠠᠯ ᠳᠤ ᠣᠷᠣᠯᠴᠠᠵᠠᠶ ᠃ ᠶᠠᠷᠢᠯᠴᠠᠬᠤ ᠬᠤᠷᠠᠯ ᠳᠡᠭᠡᠷ᠎ᠡ ᠂ ᠹᠠᠨ ᠶᠥᠦ ᠹᠦ᠋ ᠳᠡᠳ᠋ ᠳᠠᠷᠤᠭ᠎ᠠ ᠮᠠᠨ ᠤ ᠬᠤᠲᠠ ᠶᠢᠨ ᠰᠢᠭᠦᠬᠦ ᠬᠣᠷᠢᠶ᠎ᠠ ᠣᠢᠷ᠎ᠠ ᠶᠢᠨ ᠵᠢᠯ ᠦᠳ ᠲᠦ ᠬᠡᠷᠡᠭ ᠢ ᠬᠦᠯᠢᠶᠡᠨ ᠠᠪᠴᠤ ᠰᠢᠢᠳᠪᠦᠷᠢᠯᠡᠵᠦ  ᠪᠠᠢᠭ᠎ᠠ ᠪᠠᠶᠢᠳᠠᠯ ᠂ ᠢᠯᠠᠩᠭᠤᠶ᠎ᠠ 《 ᠭᠦᠢᠴᠡᠳᠬᠡᠬᠦ ᠵᠢᠯ 》  ᠦᠨ ᠲᠤᠰᠬᠠᠶ ᠠᠵᠢᠯᠯᠠᠭ᠎ᠠ ᠥᠷᠨᠢᠭᠦᠯᠡᠭᠰᠡᠨ ᠡᠴᠡ ᠨᠠᠰᠢᠬᠢ ᠠᠵᠢᠯ ᠤᠨ ᠠᠬᠢᠴᠠ ᠂ ᠦᠷ᠎ᠡ ᠪᠦᠲᠦᠮᠵᠢ ᠪᠠ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠶ ᠵᠠᠭᠤᠴᠢᠯᠠᠭᠤᠷ ᠤᠨ ᠰᠤᠷᠪᠤᠯᠵᠢᠯᠠᠭᠴᠢ  ᠳᠦ ᠮᠡᠳᠡᠭᠳᠡᠪᠠ᠃ ᠹᠠᠨ ᠶᠥᠦ ᠹᠦ᠋ ᠳᠡᠳ᠋ ᠳᠠᠷᠤᠭ᠎ᠠ ᠵᠢᠭᠠᠵᠤ ᠭᠠᠷᠭᠠᠭᠰᠠᠨ ᠨᠢ ᠂ ᠤᠢᠢᠷ᠎ᠠ ᠶᠢᠨ ᠵᠢᠯ ᠦᠳ ᠲᠦ ᠂ ᠤᠯᠤᠰ ᠤᠨ ᠬᠣᠷᠸ᠎ᠠ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯ ᠪᠠ ᠠᠵᠤ ᠠᠬᠤᠶ ᠪᠠᠭᠤᠷᠠᠬᠤ ᠵᠡᠷᠭᠡ ᠬᠦᠴᠦᠨ ᠵᠦᠢᠯ ᠦᠨ ᠬᠠᠮᠲᠤ ᠶᠢᠨ ᠨᠥᠯᠥᠭᠡ ᠳᠣᠣᠷ᠎ᠠ᠂ ᠮᠠᠨ ᠤ ᠬᠤᠲᠠ ᠶᠢᠨ ᠰᠢᠭᠦᠬᠦ ᠬᠣᠷᠢᠶ᠎ᠠ ᠡᠯ᠎ᠡ ᠲᠥᠷᠦᠯ ᠦᠨ ᠬᠡᠷᠡᠭ ᠢ ᠬᠦᠯᠢᠶᠠᠨ ᠠᠪᠬᠤ ᠲᠣᠭ᠎ᠠ ᠦᠷᠭᠦᠯᠵᠢᠯᠡᠨ ᠲᠦᠷᠭᠡᠨ ᠨᠡᠮᠡᠭᠳᠡᠵᠦ  ᠂ ᠭᠦᠢᠴᠡᠳᠬᠡᠬᠦ ᠬᠡᠷᠡᠭ ᠦᠨ ᠲᠣᠭ᠎ᠠ ᠪᠠᠰᠠ ᠲᠡᠭᠦᠨ ᠢ ᠳᠠᠭᠠᠨ ᠲᠠᠰᠤᠷᠠᠯᠲᠠ ᠦᠭᠡᠢ ᠨᠡᠮᠡᠨᠭᠳᠡᠨ ᠂ ᠭᠦᠢᠴᠡᠳᠬᠡᠬᠦ ᠠᠵᠢᠯ ᠤᠨ ᠳᠤᠮᠳᠠ ᠭᠦᠢᠴᠡᠳᠬᠡᠭᠳᠡᠭᠴᠢ  ᠢ ᠤᠯᠬᠤ ᠳᠤ ᠪᠡᠷᠬᠡ ᠂ ᠭᠦᠢᠴᠡᠳᠬᠡᠭᠳᠡᠬᠦ ᠡᠳ᠋ ᠬᠥᠷᠦᠩᠭᠡ ᠶᠢᠨ ᠡᠷᠢᠬᠦ  ᠳᠦ ᠪᠡᠷᠬᠡ ᠂ ᠪᠠᠶᠢᠴᠠᠭᠠᠨ ᠡᠵᠡᠮᠳᠡᠬᠦ ᠡᠳ᠋ ᠬᠦᠷᠦᠩᠭᠡ ᠶᠢ ᠰᠢᠶᠳᠪᠦᠷᠢᠯᠡᠬᠦ  ᠳᠦ ᠪᠡᠷᠬᠡ ᠵᠡᠷᠭᠡ 《 ᠭᠦᠢᠴᠡᠳᠬᠡᠬᠦ ᠳᠦ ᠪᠡᠷᠬᠡᠲᠡᠶ 》 ᠠᠰᠠᠭᠤᠳᠠᠯ ᠲᠣᠪᠣᠶᠢᠮ᠎ᠠ ᠣᠷᠣᠰᠢᠵᠤ ᠪᠠᠶᠢᠨ᠎ᠠ ᠂ ᠳᠠᠭᠤᠰᠤᠭᠠᠳᠤᠶ ᠭᠦᠢᠴᠡᠳᠬᠡᠬᠦ ᠬᠡᠷᠡᠭ ᠴᠦ ᠦᠷᠭᠦᠯᠵᠢᠯᠡᠨ ᠨᠡᠮᠡᠭᠳᠡᠵᠦ ᠪᠠᠶᠢᠨ᠎ᠠ ᠃ ᠤᠷᠢᠳ ᠡᠮᠦᠨ᠎ᠡ ᠭᠠᠷᠤᠭ᠎ᠠ ᠦᠭᠡᠢ ᠳᠠᠷᠤᠯᠲᠠ ᠳᠤ ᠬᠠᠨᠳᠤᠭᠤᠯᠵᠤ ᠂ ᠪᠦᠬᠦ ᠬᠣᠲᠠ ᠶᠢᠨ ᠬᠣᠶᠠᠷ ᠱᠠᠲᠤᠨ ᠤ ᠰᠢᠭᠦᠬᠦ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠳᠡᠭᠡᠳᠦ ᠬᠡᠮᠵᠢᠶ᠎ᠡ ᠪᠡᠷ ᠴᠢᠬᠤᠯᠠᠴᠢᠯᠠᠨ ᠦᠵᠡᠵᠦ ᠂ ᠪᠦᠬᠦ ᠺᠠᠳ᠋ᠷ ᠴᠠᠭᠳᠠᠭ᠎ᠠ ᠨᠠᠷ  ᠬᠦᠴᠢᠷ ᠪᠡᠷᠬᠡᠰᠢᠶᠡᠯ  ᠢ ᠰᠥᠷᠥᠨ ᠣᠷᠣᠵᠤ ᠂ ᠬᠡᠷᠡᠭ ᠢ ᠬᠠᠷᠭᠤᠭᠤᠯᠤᠨ ᠪᠠᠶᠢᠴᠠᠭᠠᠬᠤ ᠳᠤᠭᠤᠶᠢᠯᠠᠩ ᠪᠠᠢᠭᠤᠯᠵᠤ᠂ᠡᠯ᠎ᠡ ᠲᠤᠶᠢᠯᠪᠤᠷᠢᠲᠠᠶ ᠪᠠᠶᠢᠴᠠᠭᠠᠨ ᠰᠤᠳᠤᠯᠤᠯᠲᠠ ᠬᠢᠵᠦ ᠳᠠᠭᠤᠰᠤᠭᠠᠳᠤᠶ ᠭᠦᠢᠴᠡᠳᠬᠡᠬᠦ ᠬᠡᠷᠡᠭ ᠢ ᠲᠥᠪᠯᠡᠷᠡᠭᠦᠯᠦᠨ ᠡᠮᠬᠢᠯᠡᠨ ᠲᠢᠭᠯᠡᠵᠦ ᠂ ᠬᠡᠷᠡᠭ ᠦᠨ ᠦᠨᠳᠡᠰᠤ ᠶᠢ ᠡᠷᠢᠨ᠂ ᠰᠢᠭᠦᠵᠦ ᠳᠠᠭᠤᠰᠤᠭᠠᠳᠤᠶ ᠬᠡᠷᠡᠭ ᠦᠨ ᠭᠦᠢᠴᠡᠳᠬᠡᠬᠦ ᠲᠣᠭ᠎ᠠ ᠵᠢ ᠡᠮᠬᠢᠳᠬᠡᠨ᠂ ᠬᠣᠶᠠᠷ ᠱᠠᠲᠤᠨ ᠤ ᠰᠢᠭᠦᠬᠦ ᠬᠣᠷᠢᠶ᠎ᠠ ᠡᠨᠡ ᠵᠢᠯ ᠦᠨ 《 ᠭᠦᠢᠴᠡᠳᠬᠡᠬᠦ ᠵᠢᠯ 》 ᠦᠨ ᠲᠤᠰᠬᠠᠶ ᠠᠵᠢᠯᠯᠠᠭ᠎ᠠ ᠳᠤᠮᠳᠠ ᠲᠥᠪᠯᠡᠷᠡᠭᠦᠯᠦᠨ ᠥᠷᠨᠢᠭᠦᠯᠵᠦ ᠂ 《 ᠭᠦᠢᠴᠡᠳᠬᠡᠬᠦ ᠳᠦ ᠵᠢᠯ  ᠦᠨ ᠬᠤᠷᠴᠠ ᠰᠡᠯᠡᠮ᠎ᠡ 》ᠬᠦᠳᠡᠯᠭᠡᠭᠡᠨ ᠂ 《 ᠭᠦᠢᠴᠡᠳᠬᠡᠬᠦ ᠳᠦ ᠵᠢᠯ  ᠦᠨ ᠡᠳ᠋ ᠬᠥᠷᠥᠩᠭᠡ ᠪᠠᠶᠢᠴᠠᠭᠠᠨ ᠡᠵᠡᠮᠳᠡᠬᠦ( ᠲᠠᠪᠤ ᠵᠢ ᠪᠠᠢᠴᠠᠭᠠᠬᠤ) ᠲᠤᠰᠬᠠᠶ ᠵᠦᠢᠯ  ᠦᠨ ᠠᠵᠢᠯᠯᠠᠭ᠎ᠠ 》 ᠪᠠ 《 ᠭᠦᠢᠴᠡᠳᠬᠡᠬᠦ ᠵᠢᠯ  ᠦᠨ ᠵᠠᠭᠤᠨ ᠡᠳᠦᠷ ᠦᠨ ᠪᠡᠬᠢᠯᠡᠯᠲᠡ ᠰᠢᠪᠲᠤᠯᠬᠤ 》 ᠲᠤᠰᠬᠠᠶ ᠵᠦᠢᠯ ᠦᠨ ᠠᠵᠢᠯᠯᠠᠭ᠎ᠠ ᠵᠡᠷᠭᠡ ᠲᠥᠪᠯᠡᠷᠡᠭᠦᠯᠦᠨ ᠭᠦᠢᠴᠡᠳᠬᠡᠬᠦ ᠠᠵᠢᠯᠯᠠᠭ᠎ᠠ ᠶᠢ ᠦᠷᠨᠢᠭᠦᠯᠵᠤ᠂ ᠪᠦᠬᠦ ᠬᠣᠲᠠ ᠶᠢᠨ ᠰᠢᠭᠦᠬᠦ ᠬᠣᠷᠢᠶᠠᠨ ᠤ ᠬᠦᠴᠦᠨ ᠢ ᠭᠦᠢᠴᠡᠳ ᠳᠠᠢᠴᠢᠯᠠᠨ ᠂ 《 ᠭᠦᠢᠴᠡᠳᠬᠡᠬᠦ ᠳᠦ ᠪᠡᠷᠬᠡᠲᠡᠶ 》ᠠᠰᠠᠭᠤᠳᠠᠯ ᠢ ᠪᠦᠬᠦ ᠲᠠᠯ᠎ᠠ ᠪᠠᠷ ᠰᠢᠪᠲᠤᠯᠤᠯᠲᠠ ᠬᠢᠪᠡ᠃ 7 ᠰᠠᠷ᠎ᠠ ᠶᠢᠨ 1  ᠦ ᠡᠳᠦᠷ ᠪᠣᠯᠲᠠᠯ᠎ᠠ ᠂ ᠪᠦᠬᠦ ᠬᠣᠲᠠ ᠶᠢᠨ ᠰᠢᠭᠦᠬᠦ ᠬᠣᠷᠢᠶ᠎ᠠ ᠨᠤᠭᠤᠳ 9600 ᠵᠤᠷᠪᠤᠰ ᠬᠡᠷᠡᠭ ᠢ ᠭᠦᠢᠴᠡᠳᠬᠡᠨ ᠳᠠᠭᠤᠰᠬᠠᠵᠤ ᠂ ᠬᠡᠷᠡᠭ  ᠲᠤ ᠬᠤᠯᠪᠤᠭᠳᠠᠭᠰᠠᠨ 92.08ᠳ᠋ᠦᠩᠰᠢᠭᠤᠷ ᠲᠥᠭᠥᠷᠢᠭ ᠂ ᠬᠠᠤᠯᠢ ᠴᠠᠭᠠᠵᠠ  ᠪᠠᠷ 1320ᠬᠥᠮᠦᠨ ᠢ ᠲᠦᠷ ᠬᠤᠷᠢᠵᠤ ᠂ ᠢᠲᠡᠭᠡᠮᠵᠢ ᠠᠯᠳᠠᠭᠰᠠᠨ ᠭᠦᠢᠴᠡᠳᠬᠡᠭᠳᠡᠭᠴᠢ ᠶᠢᠨ ᠨᠡᠷᠡᠰ ᠲᠤ 11078 ᠬᠥᠮᠦᠨ ᠂ 461ᠠᠵᠤ ᠠᠬᠤᠢᠯᠠᠯ  ᠢ ᠤᠷᠤᠭᠤᠯᠵᠤ᠂ 1900 ᠭᠠᠷᠤᠢ ᠤᠳᠠᠭ᠎ᠠ ᠴᠠᠭᠳᠠᠭᠠᠨ ᠤ ᠲᠡᠷᠭᠡ ᠬᠥᠳᠡᠯᠭᠡᠵᠦ ᠂ 7500ᠭᠠᠷᠤᠢ ᠬᠥᠮᠦᠨ ᠤᠳᠠᠭ᠎ᠠ ᠴᠠᠭᠳᠠᠭ᠎ᠠ ᠬᠦᠳᠡᠯᠭᠡᠪᠠ᠃ ᠨᠢᠭᠡ ᠪᠦᠯᠦᠭ ᠳᠠᠷᠤᠭᠳᠠᠮᠠᠯ ᠬᠡᠷᠡᠭ ᠢ ᠪᠦᠲᠦᠮᠵᠢᠲᠡᠶ ᠰᠢᠶᠳᠪᠦᠷᠢᠯᠡᠭᠡᠳ ᠂ ᠵᠤᠬᠢᠬᠤ ᠲᠤᠭᠠᠨ ᠤ ᠪᠤᠯᠢᠬᠠᠶᠢᠯᠠᠭᠴᠢ ᠵᠠᠯᠬᠠᠭᠠᠨ ᠰᠢᠢᠳᠬᠡᠵᠤ᠂ ᠨᠡᠶᠢᠭᠡᠮ ᠳᠡᠭᠡᠷ᠎ᠡ ᠨᠦᠯᠦᠭᠡᠯᠡᠬᠦ ᠬᠦᠴᠦᠨ ᠢ ᠪᠤᠢ ᠪᠤᠯᠭᠠᠵᠤ᠂ ᠴᠢᠩᠭ᠎ᠠ ᠴᠡᠭᠡᠷᠯᠡᠭᠦᠯᠬᠦ ᠦᠢᠯᠠᠳᠦᠯ ᠭᠠᠷᠭᠠᠭᠰᠠᠨ ᠪᠠᠢᠨ᠎ᠠ ᠃

  ᠪᠠᠶᠢᠳᠠᠯ ᠢ ᠰᠣᠨᠣᠰᠤᠭᠰᠠᠨ ᠤ ᠳᠠᠷᠠᠭ᠎ᠠ ᠂ ᠥᠨᠳᠥᠷ ᠵᠡᠷᠭᠡ  ᠶᠢᠨ ᠰᠢᠭᠦᠬᠦ ᠬᠣᠷᠢᠶ᠎ᠠ  ᠶᠢᠨ ᠤᠬᠠᠭᠤᠯᠭ᠎ᠠ ᠰᠤᠷᠭᠠᠨ ᠬᠥᠮᠦᠵᠢᠯ ᠦᠨ ᠭᠠᠵᠠᠷ ᠤᠨ ᠳᠠᠷᠤᠭ᠎ᠠ ᠯᠢᠶᠠᠩ ᠱᠤ ᠳ᠋ᠸ ᠵᠢᠴᠢ ᠡᠯ᠎ᠡ ᠵᠠᠭᠤᠴᠢᠯᠠᠭᠤᠷ ᠤᠨ ᠰᠤᠷᠪᠤᠯᠵᠢᠯᠠᠭᠴᠢ ᠡᠴᠡ ᠣᠷᠳᠣᠰ ᠪᠣᠯ ᠪᠥᠬᠥ ᠣᠷᠣᠨ  ᠤ ᠳᠠᠷᠤᠭᠳᠠᠮᠠᠯ ᠬᠡᠷᠡᠭ ᠴᠤᠭᠯᠠᠷᠠᠭᠰᠠᠨ ᠨᠡᠯᠢᠶᠡᠳ ᠠᠷᠪᠢᠨ ᠠᠶᠢᠮᠠᠭ ᠬᠤᠲᠠ ᠶᠢᠨ ᠨᠢᠭᠡ ᠂ ᠭᠦᠢᠴᠡᠳᠬᠡᠬᠦ ᠠᠵᠢᠯ ᠳᠤ ᠲᠤᠯᠭᠠᠷᠠᠵᠤ ᠪᠠᠶᠢᠭ᠎ᠠ ᠠᠰᠠᠭᠤᠳᠠᠯ ᠪᠠ ᠳᠠᠷᠤᠯᠲᠠ ᠲᠤᠩ ᠶᠡᠬᠡ ᠪᠠᠶᠢᠨ᠎ᠠ ᠃ ᠭᠡᠪᠡᠴᠦ ᠪᠦᠬᠦ ᠬᠣᠲᠠ  ᠶᠢᠨ ᠬᠣᠶᠠᠷ ᠱᠠᠲᠤᠨ ᠤ ᠰᠢᠭᠦᠬᠦ ᠬᠣᠷᠢᠶᠠᠨ ᠤ ᠤᠳᠤᠷᠢᠳᠤᠯᠭ᠎ᠠ ᠪᠠ ᠥᠷᠭᠡᠨ ᠣᠯᠠᠨ ᠭᠦᠢᠴᠡᠳᠬᠡᠬᠦ ᠺᠠᠳ᠋ᠷ ᠴᠠᠭᠳᠠᠭ᠎ᠠ ᠨᠠᠷ ᠬᠦᠴᠢᠷ ᠪᠡᠷᠬᠡ ᠶᠢ ᠰᠦᠷᠦᠨ ᠤᠷᠤᠭᠰᠢᠯᠠᠵᠤ ᠂ ᠢᠳᠡᠪᠬᠢᠲᠡᠶ ᠠᠷᠭ᠎ᠠ ᠬᠡᠮᠵᠢᠶ᠎ᠡ ᠠᠪᠴᠤ ᠂ 《 ᠭᠦᠢᠴᠡᠳᠬᠡᠬᠦ ᠳᠦ ᠵᠢᠯ 》 ᠲᠤᠰᠬᠠᠶ ᠵᠦᠢᠯ  ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ ᠂ ᠬᠡᠰᠡᠡᠭ ᠪᠦᠯᠦᠭ ᠳᠠᠷᠤᠭᠳᠠᠮᠠᠯ ᠬᠡᠷᠡᠭ ᠢ ᠳᠤᠬᠢᠷᠠᠮᠵᠢᠲᠠᠢ ᠰᠢᠢᠳᠪᠦᠷᠢᠯᠡᠵᠦ᠂ ᠠᠩᠬᠠᠨ ᠤ ᠠᠮᠵᠢᠯᠲᠠ ᠶᠢ ᠲᠡᠮᠡᠴᠡᠨ ᠤᠯᠵᠤ᠂ ᠨᠡᠶᠢᠭᠡᠮ ᠦᠨ ᠡᠯ᠎ᠡ ᠡᠲᠡᠭᠡᠳ ᠦᠨ ᠠᠩᠬᠠᠷᠤᠯ  ᠢ ᠥᠷᠭᠡᠨ  ᠢᠶᠡᠷ ᠲᠠᠲᠠᠵᠤ ᠂ ᠳᠡᠭᠡᠳᠦ ᠬᠡᠮᠵᠢᠶᠡᠨ ᠦ ᠦᠨᠡᠯᠡᠯᠲᠡ ᠬᠦᠷᠲᠡᠭᠰᠡᠨ ᠨᠢ ᠲᠤᠶᠢᠯ ᠤᠨ ᠬᠢᠯᠪᠠᠷ ᠪᠤᠰᠤ ᠶᠤᠮ ᠃ ᠳᠠᠷᠠᠭᠠᠴᠢ  ᠶᠢᠨ ᠠᠯᠬᠤᠮ ᠳᠤ ᠂ ᠵᠠᠭᠤᠴᠢᠯᠠᠭᠤᠷ ᠤᠨ ᠬᠢᠨ ᠦ ᠣᠷᠳᠣᠰ ᠬᠤᠲᠠ ᠶᠢᠨ ᠬᠣᠶᠠᠷ ᠱᠠᠲᠤᠨ ᠤ ᠰᠢᠭᠦᠬᠦ ᠬᠣᠷᠢᠶᠠᠨ ᠤ 《 ᠭᠦᠢᠴᠡᠳᠬᠡᠬᠦ ᠵᠢᠯ 》  ᠦᠨ ᠲᠤᠰᠬᠠᠶ ᠠᠵᠢᠯ ᠤᠨ ᠣᠯᠤᠭᠰᠠᠨ ᠠᠮᠵᠢᠯᠲᠠ ᠪᠦᠲᠦᠭᠡᠯ᠂ᠭᠦᠢᠴᠡᠳᠬᠡᠬᠦ ᠠᠵᠢᠯ  ᠤᠨ ᠳᠤᠭᠲᠠᠴᠠ ᠶᠢᠨ ᠪᠠᠢᠭᠤᠯᠤᠯᠲᠠ᠂ᠭᠦᠢᠴᠡᠳᠬᠡᠬᠦ ᠳᠤᠭᠤᠢᠯᠠᠩ ᠤᠨ ᠰᠠᠢᠨ ᠰᠠᠢᠬᠠᠨ ᠳᠦᠷᠢ ᠳᠦᠷᠬᠦ ᠵᠢᠴᠢ ᠠᠵᠢᠯ ᠭᠦᠢᠴᠡᠳᠬᠡᠬᠦ ᠳᠤᠮᠳᠠᠬᠢ ᠳᠠᠪᠰᠢᠩᠭᠤᠢ ᠬᠡᠷᠡᠭ ᠤᠴᠢᠷ ᠪᠠ ᠲᠥᠯᠦᠭᠡᠯᠡᠭᠴᠢ ᠴᠢᠨᠠᠷᠲᠠᠢ ᠬᠤᠪᠢ ᠬᠦᠮᠦᠨ ᠢ ᠮᠠᠳᠠᠭᠡᠯᠡᠬᠦ ᠬᠦᠴᠦᠯᠡᠴᠡ ᠪᠡᠨ ᠴᠢᠩᠭᠠᠳᠬᠠᠵᠤ᠂ᠪᠦᠬᠦ ᠣᠷᠤᠨ ᠤ ᠰᠢᠭᠦᠬᠦ ᠬᠤᠷᠢᠶᠠᠨ ᠤ ᠰᠢᠰᠲ᠋ᠧᠮ ᠳᠦ ᠤᠢᠷᠢᠶᠠᠯᠭ᠎ᠠ ᠭᠠᠷᠭᠠᠨ ᠂ ᠨᠡᠢᠭᠡᠮ   ᠤᠨ ᠡᠯ᠎ᠡ ᠡᠲᠡᠭᠡᠳ ᠲᠦ ᠰᠢᠭᠦᠬᠦ ᠬᠤᠷᠢᠶᠠᠨ  ᠤ ᠭᠦᠢᠴᠡᠳᠬᠡᠬᠦ ᠶᠢ ᠤᠢᠯᠭᠠᠨ ᠂ᠰᠢᠭᠦᠬᠦ ᠬᠤᠷᠢᠶᠠᠨ ᠤ ᠭᠦᠢᠴᠡᠳᠬᠡᠭᠦ ᠶᠢ ᠬᠦᠨᠳᠦᠳᠭᠡᠨ ᠂ᠰᠢᠭᠦᠬᠦ ᠬᠣᠷᠢᠶ᠎ᠠ ᠲᠠᠢ ᠬᠠᠮᠲᠤᠷᠠᠨ ᠲᠠᠰᠤᠯᠠᠯᠲᠠ ᠶᠢ ᠭᠦᠢᠴᠡᠳᠬᠡᠬᠦ ᠰᠠᠢᠨ ᠰᠠᠢᠬᠠᠨ ᠨᠡᠢᠭᠡᠮ ᠦᠨ ᠤᠷᠴᠢᠨ ᠲᠤᠭᠤᠷᠢᠨ ᠢ ᠪᠤᠢ ᠪᠤᠯᠭᠠᠪᠠ ᠃

  ᠬᠤᠷᠠᠯ  ᠦᠨ ᠲᠠᠷᠠᠭ᠎ᠠ ᠂ ᠯᠢᠶᠠᠩ ᠱᠤ ᠳ᠋ᠸ ᠭᠠᠵᠠᠷ  ᠤᠨ ᠳᠠᠷᠤᠭ᠎ᠠ ᠬᠢᠭᠡᠳ ᠡᠯ᠎ᠡ ᠵᠠᠭᠤᠴᠢᠯᠠᠭᠤᠷ ᠤᠨ ᠬᠢᠨᠢ ᠬᠤᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶ᠎ᠠ  ᠶᠢᠨ ᠭᠦᠢᠴᠡᠳᠬᠡᠬᠦ ᠲᠣᠪᠴᠢᠶ᠎ᠠ᠂ ᠳ᠋ᠦᠩᠱᠧᠩ ᠲᠤᠭᠤᠷᠢᠭ ᠤᠨ ᠰᠢᠬᠦᠬᠦ ᠬᠣᠷᠢᠶ᠎ᠠ᠂ᠳᠠᠷᠬᠠᠨ ᠬᠤᠰᠢᠭᠤᠨ ᠤ ᠰᠢᠭᠦᠬᠦ ᠬᠣᠷᠢᠶ᠎ᠠ ᠪᠠ ᠡᠵᠡᠨ ᠬᠣᠷᠤᠭ᠎ᠠ ᠬᠣᠰᠢᠭᠤᠨ ᠤ ᠰᠢᠭᠦᠬᠦ ᠬᠤᠷᠢᠶᠠᠨ ᠳᠤ ᠲᠤᠰ ᠲᠤᠰ ᠬᠦᠷᠴᠦ ᠭᠦᠨᠵᠡᠭᠡᠢ ᠰᠤᠷᠪᠤᠯᠵᠢᠯᠠᠭ᠎ᠠ ᠬᠢᠪᠡ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )