ᠪᠡᠷᠬᠡ ᠰᠡᠳᠦᠪ ᠢ ᠰᠢᠢᠳᠪᠦᠷᠢᠯᠡᠨ ᠠᠰᠢᠭ ᠲᠤᠰᠠ  ᠶᠢᠨ ᠲᠦᠯᠦᠭᠡ ᠲᠡᠮᠡᠴᠡᠬᠦ
2016.09.30 ᠲᠣᠰ ᠥᠷᠲᠡᠭᠡᠨ᠎ᠦ ᠨᠠᠢᠷᠠᠭᠤᠯᠤᠭᠴᠢ

ᠪᠡᠷᠬᠡ ᠰᠡᠳᠦᠪ ᠢ ᠰᠢᠢᠳᠪᠦᠷᠢᠯᠡᠨ  ᠠᠰᠢᠭ ᠲᠤᠰᠠ  ᠶᠢᠨ ᠲᠦᠯᠦᠭᠡ ᠲᠡᠮᠡᠴᠡᠬᠦ

ᠬᠤᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠠᠵᠢᠯ  ᠳᠤ ᠪᠠᠨ ᠲᠠᠬᠢᠨ ᠪᠠᠢᠷᠠᠯᠠᠭᠤᠯᠤᠯᠲᠠ ᠬᠢᠪᠡ

 

 

 

 ᠬᠤᠳᠠ ᠶᠢᠨ ᠨᠠᠮ ᠤᠨ ᠬᠣᠷᠢᠶᠠᠨ ᠤ ᠤᠳᠤᠷᠢᠳᠤᠯᠭ᠎ᠠ ᠂ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠬᠢᠨᠠᠯᠲᠠ ᠂ ᠵᠠᠰᠠᠭ ᠤᠨ ᠣᠷᠳᠣᠨ ᠤ ᠳᠡᠮᠵᠢᠯᠭᠡ ᠂ ᠤᠯᠤᠰ ᠲᠥᠷᠥ ᠶᠢᠨ ᠵᠥᠪᠯᠡᠯᠭᠡᠨ ᠦ ᠠᠷᠠᠳᠴᠢᠯᠠᠭᠰᠠᠨ ᠬᠢᠨᠠᠯᠲᠠ ᠪᠠ ᠨᠡᠶᠢᠭᠡᠮ ᠦᠨ ᠡᠯ᠎ᠡ ᠡᠲᠡᠭᠡᠳ ᠦᠨ ᠬᠠᠯᠠᠮᠵᠢᠯᠠᠯ ᠳᠣᠣᠷ᠎ᠠ ᠂ ᠳᠤᠮᠳᠠ ᠵᠡᠷᠭᠡ  ᠶᠢᠨ ᠰᠢᠭᠦᠬᠦ ᠬᠣᠷᠢᠶᠠᠨ ᠤ 《 ᠭᠦᠢᠴᠡᠳᠬᠡᠬᠦ ᠵᠢᠯ 》 ᠲᠤᠰᠬᠠᠶ ᠵᠦᠢᠯ  ᠤᠨ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ ᠱᠠᠲᠤ ᠦᠶ᠎ᠡ  ᠶᠢᠨ ᠴᠢᠨᠠᠷᠲᠠᠶ ᠦᠷ᠎ᠡ ᠪᠦᠲᠦᠭᠡᠯ ᠣᠯᠤᠭᠰᠠᠨ ᠪᠠᠶᠢᠨ᠎ᠠ ᠃ ᠨᠡᠶᠢᠭᠡᠮ ᠳᠡᠭᠡᠷ᠎ᠡ ᠨᠡᠯᠢᠶᠡᠳ ᠶᠡᠬᠡ ᠨᠦᠯᠦᠭᠡ ᠲᠤᠰᠬᠠᠯ ᠭᠠᠷᠴᠤ ᠂ ᠦᠨᠡᠨᠴᠢ ᠢᠲᠡᠭᠡᠮᠵᠢᠲᠡᠶ  ᠶᠢ ᠤᠬᠠᠭᠤᠯᠬᠤ ᠦᠢᠯᠡᠳᠦᠯ ᠳᠦ ᠬᠦᠷᠴᠦ ᠂ ︽ᠨᠠᠵᠠᠭᠠᠢᠷᠠᠬᠤ︾ ᠳᠤ ᠴᠤᠬᠢᠯᠲᠠ ᠦᠭᠬᠦ ᠢᠳᠡᠪᠬᠢᠲᠡᠶ ᠦᠢᠯᠡᠳᠦᠯ ᠦᠵᠡᠭᠦᠯᠦᠭᠰᠡᠨ ᠶᠤᠮ ᠃

  ᠭᠦᠢᠴᠡᠳᠬᠡᠬᠦ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠠᠵᠢᠯ   ᠢᠶᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠵᠦ᠂ 《 ᠭᠦᠢᠴᠡᠳᠬᠡᠬᠦ ᠵᠢᠯ 》 ᠦᠨ ᠲᠤᠰᠬᠠᠶ ᠠᠵᠢᠯ ᠢ ᠭᠦᠨᠵᠡᠭᠡᠶ ᠦᠷᠨᠢᠭᠦᠯᠬᠦ ᠶᠢᠨ ᠲᠦᠯᠦᠭᠡ ᠂ ᠳᠤᠮᠳᠠᠳᠤ ᠵᠡᠷᠭᠡ  ᠶᠢᠨ ᠰᠢᠭᠦᠬᠦ ᠬᠣᠷᠢᠶᠠᠨ ᠤ ᠭᠦᠢᠴᠡᠳᠬᠡᠬᠦ ᠰᠠᠯᠠᠭ᠎ᠠ ᠮᠥᠴᠢᠷ  ᠤᠨ ᠬᠢᠨᠢ 2016ᠤᠨ ᠤ 7ᠰᠠᠷ᠎ᠠ ᠶᠢᠨ 6 ᠤ  ᠡᠳᠦᠷ ᠵᠠᠬᠢᠳᠠᠯ ᠰᠤᠷᠪᠤᠯᠵᠢᠯᠠᠭ᠎ᠠ ᠶᠢᠨ ᠠᠰᠠᠷ ᠤᠨ ᠬᠣᠶᠠᠳᠤᠭᠠᠷ ᠳᠠᠪᠬᠤᠷᠯᠢᠭ ᠤᠨ ᠬᠤᠷᠠᠯ ᠤᠨ ᠭᠡᠷ ᠲᠦ ᠬᠤᠷᠠᠯ ᠬᠤᠷᠠᠯᠳᠤᠭᠤᠯᠵᠤ ᠂ ᠳᠤᠮᠳᠠ ᠵᠡᠷᠭᠡ  ᠶᠢᠨ ᠰᠢᠭᠦᠬᠦ ᠬᠣᠷᠢᠶᠠᠨ ᠤ ᠭᠦᠢᠴᠡᠳᠬᠡᠬᠦ ᠠᠵᠢᠯ ᠤᠨ ᠲᠤᠬᠠᠶ ᠳᠠᠬᠢᠨ ᠪᠠᠶᠢᠷᠢᠯᠠᠭᠤᠯᠤᠯᠲᠠ ᠬᠢᠭᠰᠡᠨ ᠪᠠᠶᠢᠨ᠎ᠠ ᠃ ᠬᠤᠷᠠᠯ ᠳᠤ ᠬᠤᠲᠠ  ᠶᠢᠨ ᠳᠤᠮᠳᠠ ᠵᠡᠷᠭᠡ  ᠶᠢᠨ ᠰᠢᠭᠦᠬᠦ ᠬᠣᠷᠢᠶᠠᠨ ᠤ ᠳᠡᠳ᠋ ᠳᠠᠷᠤᠭ᠎ᠠ ᠹᠠᠨ ᠶᠥᠦ ᠹᠦ᠋ ᠂ ᠰᠢᠭᠦᠨ ᠲᠠᠰᠤᠯᠬᠤ ᠺᠣᠮᠢᠰ ᠤᠨ ᠲᠤᠰᠬᠠᠶ ᠲᠤᠰᠢᠶᠠᠯᠳᠤ ᠭᠡᠰᠢᠭᠦᠨ ᠢ ᠾᠧ ᡁᠥᠩ ᠫᠢᠩ᠂ ᠤᠯᠤᠰ ᠲᠦ᠋ᠷᠦ ᠶᠢᠨ ᠬᠡᠯᠲᠡᠰ ᠦᠨ ᠪᠠᠶᠢᠩᠭᠤ ᠶᠢᠨ ᠳᠡᠳ᠋ ᠡᠷᠬᠢᠯᠡᠭᠴᠢ ᠯᠢᠦ ᠶᠠ ᠵᠢᠧ ᠵᠢᠴᠢ ᠬᠡᠷᠡᠭᠵᠢᠭᠦᠯᠬᠦ ᠰᠠᠯᠠᠭ᠎ᠠ ᠮᠥᠴᠢᠷ ᠪᠦᠬᠦ ᠺᠠᠳ᠋ᠷ ᠴᠠᠭᠳᠠᠭ᠎ᠠ ᠤᠷᠤᠯᠴᠠᠪᠠ ᠃

   ᠬᠤᠷᠠᠯ ᠳᠡᠭᠡᠷ᠎ᠡ ᠂ ᠭᠦᠢᠴᠡᠳᠬᠡᠬᠦ ᠲᠣᠪᠴᠢᠶᠠᠨ ᠤ ᠲᠣᠪᠴᠢᠶᠠᠨ ᠳᠠᠷᠤᠭ᠎ᠠ ᠵᠠᠩ ᠶᠦᠸᠸ ᠹᠸᠩ ᠂ ᠭᠦᠢᠴᠡᠳᠬᠡᠬᠦ ᠬᠤᠶᠠᠳᠤᠭᠠᠷ ᠲᠤᠪᠴᠢᠶᠠᠨ ᠤ ᠲᠣᠪᠴᠢᠶᠠᠨ ᠳᠠᠷᠤᠭ᠎ᠠ ᠶᠥᠦ ᠵᠢᠶᠠᠨ ᠬᠤᠸᠠ ᠂ ᠳᠡᠰ ᠳᠡᠪᠰᠢᠭᠦᠯᠦᠨ ᠭᠦᠢᠴᠡᠳᠬᠡᠬᠦ ᠳᠤᠭᠤᠶᠢᠯᠠᠩ ᠤᠨ ᠳᠡᠳ᠋ ᠳᠠᠷᠤᠭ᠎ᠠ ᠸᠠᠩ ᠱᠢᠶᠥᠥ ᠵᠢᠶᠦ᠋ᠨ ᠲᠤᠰ ᠲᠤᠰ ᠬᠠᠷᠢᠭᠤ ᠮᠡᠳᠡᠭᠦᠯᠦᠯᠲᠡ ᠬᠢᠵᠦ ᠂ ᠲᠤᠰ ᠰᠠᠯᠠᠭ᠎ᠠ ᠮᠥᠴᠢᠷ ᠦᠨ ᠢᠶᠡᠨ 《ᠭᠦᠢᠴᠡᠳᠬᠡᠬᠦ ᠵᠢᠯ 》 ᠤᠨ ᠲᠤᠰᠬᠠᠶ ᠠᠵᠢᠯ ᠢ ᠥᠷᠨᠢᠭᠦᠯᠦᠭᠰᠡᠨ ᠡᠴᠡ ᠨᠠᠰᠢ ᠣᠯᠤᠭᠰᠠᠨ ᠠᠮᠵᠢᠯᠲᠠ ᠪᠦᠲᠦᠮᠵᠢ ᠵᠢᠴᠢ ᠳᠠᠷᠠᠭᠠᠴᠢ  ᠶᠢᠨ ᠠᠯᠬᠤᠮ ᠤᠨ ᠠᠵᠢᠯ ᠤᠨ ᠲᠥᠯᠥᠪᠯᠡᠭᠡ ᠪᠡᠨ ᠳᠤᠭᠲᠠᠭᠠᠪᠠ ᠃ 

  ᠹᠠᠨ ᠶᠥᠦ ᠹᠦ᠋ ᠳᠡᠳ᠋ ᠳᠠᠷᠤᠭ᠎ᠠ ᠂ ᠲᠦᠷᠦᠭᠦᠦ ᠬᠠᠭᠠᠰ ᠵᠢᠯ ᠦᠨ ᠳᠤᠮᠳᠠ ᠵᠡᠷᠭᠡ  ᠶᠢᠨ ᠰᠢᠭᠦᠬᠦ ᠬᠣᠷᠢᠶᠠᠨ ᠤ ᠭᠦᠢᠴᠡᠳᠬᠡᠬᠦ ᠰᠠᠯᠠᠭ᠎ᠠ  ᠶᠢᠨ ︽ᠬᠤᠷᠴᠠ ᠰᠠᠯᠮ᠎ᠠ ᠬᠦᠳᠡᠯᠭᠡᠭᠡᠨ︾ ᠪᠠ 《ᠡᠳ᠋ ᠬᠥᠷᠥᠩᠭᠡ ᠪᠠᠶᠢᠴᠠᠭᠠᠨ ᠡᠵᠡᠮᠳᠡᠬᠦ(ᠲᠠᠪᠤ ᠵᠢ ᠪᠠᠢᠴᠠᠭᠠᠬᠤ) ᠤᠨ ᠲᠤᠰᠬᠠᠶ ᠵᠦᠢᠯ ᠠᠵᠢᠯᠯᠠᠭ᠎ᠠ 》 ᠳᠤᠮᠳᠠ ᠭᠠᠷᠭᠠᠭᠰᠠᠨ ᠴᠢᠷᠮᠠᠶᠢᠯᠭ᠎ᠠ ᠪᠠ ᠣᠯᠤᠭᠰᠠᠨ ᠠᠮᠵᠢᠯᠲᠠ ᠶᠢ ᠭᠦᠢᠴᠡᠳ ᠨᠤᠲᠠᠯᠠᠵᠤ ᠂ ᠡᠯ᠎ᠡ ᠰᠠᠯᠠᠭ᠎ᠠ ᠮᠥᠴᠢᠷ ᠦᠨ ᠬᠢᠨ ᠥᠪᠡᠷ ᠦᠨ ᠲᠤᠰᠬᠠᠶ ᠠᠵᠢᠯ ᠢ ᠥᠷᠨᠢᠭᠦᠯᠦᠭᠰᠡᠨ ᠡᠴᠡ ᠨᠠᠰᠢ ᠂ ᠡᠳᠦᠷ ᠰᠥᠨᠢ ᠦᠭᠡᠢ ᠰᠢᠷᠭᠠᠭᠤ ᠬᠦᠢᠲᠠᠯᠮᠣᠷᠢ ᠭᠠᠷᠭᠠᠭᠰᠠᠨ  ᠳᠤ ᠲᠠᠯᠠᠷᠬᠠᠵᠤ ᠪᠠᠢᠭ᠎ᠠ ᠪᠠᠨ ᠢᠯᠡᠳᠬᠡᠭᠰᠡᠨ ᠪᠠᠶᠢᠨ᠎ᠠ ᠃ ᠡᠭᠦᠨ ᠦ ᠬᠠᠮᠲᠤ ᠂ ᠹᠠᠨ ᠶᠥᠦ ᠹᠦ᠋ ᠳᠡᠳ᠋ ᠳᠠᠷᠤᠭ᠎ᠠ ᠳᠠᠷᠠᠭ᠎ᠠ ᠠᠯᠬᠤᠮ ᠤᠨ 《 ᠭᠦᠢᠴᠡᠳᠬᠡᠬᠦ ᠵᠢᠯ 》  ᠦᠨ ᠠᠵᠢᠯ ᠤᠨ ᠲᠤᠬᠠᠶ ᠪᠠᠶᠢᠷᠢᠯᠠᠭᠤᠯᠤᠯᠲᠠ ᠪᠠ ᠳᠤᠬᠢᠷᠠᠭᠤᠯᠤᠯᠳᠠ ᠬᠢᠵᠦ ᠂ ᠭᠦᠢᠴᠡᠳᠬᠡᠬᠦ ᠬᠡᠷᠡᠭ ᠢ ᠲᠥᠷᠦᠯ ᠬᠤᠪᠢᠶᠠᠨ ᠲᠢᠭᠯᠡᠵᠦ ᠂ 《 ᠬᠠᠤᠯᠢ ᠪᠤᠰᠤ 》 ᠳᠤ ᠬᠣᠯᠪᠣᠭᠳᠠᠭᠰᠠᠨ ᠬᠡᠷᠡᠭ ᠢ ᠰᠢᠶᠳᠪᠦᠷᠢᠯᠡᠬᠦ ᠂ ᠳᠠᠷᠤᠭᠳᠠᠮᠠᠯ ᠬᠡᠷᠡᠭ ᠢ ᠡᠮᠬᠢᠯᠡᠨ ᠢᠯᠭᠠᠷᠠᠭᠤᠯᠬᠤ ᠵᠡᠷᠭᠡ ᠬᠡᠳᠦᠨ ᠲᠠᠯ᠎ᠠ ᠶᠢᠨ ᠪᠣᠳᠠᠲᠠᠶ ᠠᠵᠢᠯ ᠤᠨ ᠲᠤᠬᠠᠶ ᠨᠠᠷᠢᠨ ᠲᠣᠳᠣᠷᠬᠠᠶ ᠲᠠᠶᠢᠯᠪᠤᠷᠢᠯᠠᠯᠲᠠ ᠪᠠ ᠲᠣᠬᠢᠷᠠᠭᠤᠯᠤᠯᠲᠠ ᠬᠢᠪᠡ ᠃

    ᠡᠨᠡ ᠤᠳᠠᠭᠠᠨ ᠤ ᠬᠤᠷᠠᠯ ᠨᠢ ᠳᠤᠮᠳᠠ ᠵᠡᠷᠭᠡ  ᠶᠢᠨ ᠰᠢᠭᠦᠬᠦ ᠬᠣᠷᠢᠶᠠᠨ ᠤ ᠭᠦᠢᠴᠡᠳᠬᠡᠬᠦ ᠡᠩᠨᠡᠭᠡ  ᠦᠨ ᠣᠮᠣᠭ ᠵᠤᠷᠢᠭ ᠢ ᠶᠡᠬᠡ ᠪᠡᠷ ᠬᠦᠭᠵᠢᠭᠡᠵᠦ᠂ ᠰᠡᠳᠬᠢᠮᠵᠢ ᠲᠣᠳᠣᠷᠬᠠᠶ ᠪᠤᠯᠵᠤ ᠂ ᠴᠢᠭᠯᠡᠯ  ᠢ ᠲᠣᠳᠣᠷᠬᠠᠶ ᠵᠢᠭᠠᠨ ᠥᠭᠴᠦ ᠂ ᠳᠠᠷᠠᠭᠠᠴᠢ  ᠶᠢᠨ ᠠᠯᠬᠤᠮ  ᠤᠨ《 ᠵᠠᠭᠤᠨ ᠡᠳᠦᠷ ᠦᠨ ᠪᠡᠬᠢᠯᠡᠯᠲᠡ ᠰᠢᠪᠲᠤᠯᠬᠤ 》 ᠠᠵᠢᠯᠯᠠᠭ᠎ᠠ ᠪᠠ 《 ᠭᠦᠢᠴᠡᠳᠬᠡᠬᠦ ᠵᠢᠯ》 ᠦᠨ ᠲᠤᠰᠬᠠᠶ ᠠᠵᠢᠯ ᠤᠨ ᠪᠦᠬᠦᠯᠢ ᠴᠣᠭᠴᠠ ᠶᠢᠨ ᠡᠭᠦᠷᠭᠡ ᠬᠠᠷᠠᠯᠲᠠ ᠶᠢ ᠪᠡᠶᠡᠯᠡᠭᠦᠯᠬᠦ ᠳᠦ ᠴᠢᠬᠤᠯᠠ ᠠᠴᠢ ᠬᠣᠯᠪᠣᠭᠳᠠᠯ ᠲᠠᠶ ᠶᠤᠮ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )