ᠵᠢᠯᠤᠭᠤᠳᠤᠯᠭ᠎ᠠ ᠶᠢ ᠴᠢᠩᠭᠠᠳᠬᠠᠵᠤ ᠂ ᠰᠠᠭᠤᠷᠢ ᠶᠢ ᠪᠠᠲᠤᠳᠬᠠᠬᠤ ᠬᠡᠷᠡᠭᠲᠡᠢ
ᠬᠤᠳᠠ ᠶᠢᠨ ᠲᠤᠮᠳᠠ ᠵᠡᠷᠬᠡ ᠶᠢᠨ ᠰᠢᠬᠦᠬᠦ ᠬᠤᠷᠢᠶᠠᠨ ᠤ ᠠᠷᠠᠳ ᠤᠨ ᠨᠢᠭᠡᠲᠦᠭᠡᠷ ᠲᠢᠩᠬᠢᠮ ᠂ ᠠᠷᠠᠳ ᠤᠨ ᠬᠤᠶᠠᠳᠤᠭᠠᠷ ᠲᠢᠩᠬᠢᠮ ᠡᠵᠡᠨ ᠬᠤᠷᠤᠭ᠎ᠠ ᠬᠤᠰᠢᠭᠤᠨ ᠤ ᠰᠢᠬᠦᠬᠦ ᠬᠤᠷᠢᠶᠠᠨ ᠳᠤ ᠬᠦᠷᠴᠦ ᠢᠷᠬᠡᠨ ᠦ ᠬᠡᠷᠡᠭ ᠬᠤᠳᠠᠯᠳᠤᠭᠠᠨ ᠤ ᠬᠡᠷᠡᠭ ᠦᠨ ᠰᠢᠭᠦᠯᠲᠡ ᠶᠢᠨ ᠠᠵᠢᠯ ᠢ ᠵᠢᠭᠠᠨ ᠵᠢᠯᠤᠭᠤᠳᠪᠠ
ᠣᠢᠷ᠎ᠠ ᠳᠤ ᠂ ᠤᠷᠳᠤᠰ ᠬᠤᠳᠠ ᠶᠢᠨ ᠳᠤᠮᠳᠠ ᠵᠡᠷᠬᠡ ᠶᠢᠨ ᠠᠷᠠᠳ ᠤᠨ ᠰᠢᠬᠦᠬᠦ ᠬᠤᠷᠢᠶᠠᠨ ᠤ ᠨᠢᠭᠡᠲᠦᠭᠡᠷ ᠲᠢᠩᠬᠢᠮ ᠦᠨ ᠳᠠᠷᠤᠭ᠎ᠠ ᠦᠨᠡᠨ ᠂ ᠬᠤᠶᠠᠳᠤᠭᠠᠷ ᠲᠢᠩᠬᠢᠮ ᠦᠨ ᠳᠠᠷᠤᠭ᠎ᠠ ᠴᠠᠩ ᠯᠢ ᠱᠦᠨ ᠾᠧ ᠨᠠᠷ ᠡᠵᠡᠨ ᠬᠤᠷᠤᠭ᠎ᠠ ᠬᠤᠰᠢᠭᠤᠨ ᠤ ᠰᠢᠬᠦᠬᠦ ᠬᠤᠷᠢᠶᠠᠨ ᠳᠤ ᠬᠦᠷᠴᠦ ᠢᠷᠬᠡᠨ ᠦ ᠬᠡᠷᠡᠭ ᠬᠤᠳᠠᠯᠳᠤᠭᠠᠨ ᠤ ᠬᠡᠷᠡᠭ ᠦᠨ ᠰᠢᠭᠦᠯᠲᠡ ᠶᠢᠨ ᠠᠵᠢᠯ ᠢ ᠵᠢᠭᠠᠨ ᠵᠢᠯᠤᠭᠤᠳᠤᠭᠰᠠᠨ ᠮᠦᠷᠲᠡᠭᠡᠨ ᠤᠳᠤᠬᠠᠨ ᠤ ᠢᠷᠭᠡᠨ ᠦ ᠬᠡᠷᠡᠭ ᠬᠤᠳᠠᠯᠳᠤᠭᠠᠨ ᠤ ᠬᠡᠷᠡᠭ ᠦᠨ ᠰᠢᠬᠦᠨ ᠲᠠᠰᠤᠯᠠᠬᠤ ᠠᠵᠢᠯ ᠤᠨ ᠲᠤᠮᠳᠠ ᠢᠯᠡᠷᠡᠭᠰᠡᠨ ᠲᠤᠪᠤᠢᠮ᠎ᠠ ᠠᠰᠠᠭᠤᠳᠠᠯ ᠳᠤ ᠴᠢᠭᠯᠡᠭᠦᠯᠦᠨ ᠲᠤᠰᠬᠠᠢ ᠰᠡᠳᠦᠪᠲᠦ ᠶᠠᠷᠢᠯᠴᠠᠬᠤ ᠬᠤᠷᠠᠯ ᠡᠷᠬᠢᠯᠡᠪᠡ ᠃ ᠡᠵᠡᠨ ᠬᠤᠷᠤᠭ᠎ᠠ ᠬᠤᠰᠢᠭᠤᠨ ᠤ ᠰᠢᠭᠦᠬᠦ ᠬᠤᠷᠢᠶᠠᠨ ᠤ ᠳᠡᠳ᠋ ᠬᠤᠷᠢᠶᠠᠨ ᠲᠠᠷᠤᠭ᠎ᠠ ᠵᠢᠶᠠᠩ ᠱᠤᠸᠠᠩ ᠬᠤ ᠵᠢᠴᠢ ᠢᠷᠭᠡᠨ ᠦ ᠬᠡᠷᠡᠭ ᠬᠤᠳᠠᠯᠳᠤᠭᠠᠨ ᠤ ᠬᠡᠷᠡᠭ ᠦᠨ ᠰᠢᠭᠦᠬᠦ ᠲᠢᠩᠬᠢᠮ ᠲᠦᠯᠦᠭᠡᠯᠡᠨ ᠰᠠᠭᠤᠳᠠᠯ ᠤᠨ ᠬᠤᠷᠠᠯ ᠳᠤ ᠤᠷᠤᠯᠴᠠᠪᠠ ᠃ᠰᠠᠭᠤᠳᠠᠯ ᠤᠨ ᠬᠤᠷᠠᠯ ᠳᠡᠭᠡᠷ᠎ᠡ ᠂ ᠵᠢᠶᠠᠩ ᠱᠤᠸᠠᠩ ᠬᠤ ᠳᠡᠳ᠋ ᠬᠤᠷᠢᠶᠠᠨ ᠳᠠᠷᠤᠭ᠎ᠠ 2016 ᠤᠨ ᠤ ᠳᠡᠭᠡᠷ᠎ᠠ ᠬᠠᠭᠠᠰ ᠵᠢᠯ ᠦᠨ ᠳᠤᠰ ᠬᠤᠷᠢᠶᠠᠨ ᠤ ᠢᠷᠭᠡᠨ ᠦ ᠬᠡᠷᠡᠭ ᠬᠤᠳᠠᠯᠳᠤᠭᠠᠨ ᠤ ᠬᠡᠷᠡᠭ ᠦᠨ ᠠᠵᠢᠯ ᠤᠨ ᠪᠠᠢᠳᠠᠯ ᠢ ᠲᠦᠭᠦᠮ ᠬᠠᠷᠢᠭᠤ ᠮᠡᠳᠡᠭᠦᠯᠦᠯᠲᠡ ᠬᠢᠵᠦ ᠂ ᠬᠤᠷᠠᠯ ᠳᠤ ᠤᠷᠤᠯᠴᠠᠭᠰᠠᠳ ᠡᠭᠦᠨ ᠦ ᠲᠤᠬᠠᠢ ᠶᠠᠷᠢᠯᠴᠠᠪᠠ ᠃ ᠢᠷᠭᠡᠨ ᠦ ᠬᠡᠷᠡᠭ ᠬᠤᠳᠠᠯᠳᠤᠭᠠᠨ ᠤ ᠬᠡᠷᠡᠭ ᠦᠨ ᠰᠢᠭᠦᠭᠦ ᠲᠢᠩᠬᠢᠮ ᠦᠨ ᠡᠯ᠎ᠠ ᠲᠦᠯᠦᠭᠡᠯᠡᠭᠴᠢᠳ ᠦᠪᠡᠷ ᠦᠨ ᠰᠢᠬᠦᠨ ᠲᠠᠰᠤᠯᠤᠭᠰᠠᠨ ᠦᠢᠯᠡᠳᠦᠯᠭᠡ ᠲᠠᠢ ᠪᠠᠨ ᠤᠶᠠᠯᠳᠤᠭᠤᠯᠵᠤ ᠂ ᠰᠢᠬᠦᠨ ᠲᠠᠰᠤᠯᠠᠬᠤ ᠠᠵᠢᠯ ᠳᠤᠮᠳᠠ ᠲᠤᠯᠭᠠᠷᠠᠭᠰᠠᠨ ᠬᠦᠴᠢᠷᠳᠡᠯ ᠲᠠᠢ ᠠᠰᠠᠭᠤᠳᠠᠯ ᠤᠨ ᠲᠤᠬᠠᠢ ᠨᠠᠷᠢᠯᠢᠭ ᠠᠰᠠᠭᠤᠵᠤ ᠯᠠᠪᠯᠠᠪᠠ ᠂ ᠬᠤᠶᠠᠷ ᠲᠢᠩᠬᠢᠮ ᠦᠨ ᠳᠠᠷᠤᠭ᠎ᠠ ᠬᠠᠤᠯᠢ ᠵᠦᠢ ᠂ᠬᠠᠤᠯᠢ ᠴᠠᠭᠠᠵᠠ ᠶᠢᠨ ᠦᠢᠯᠡᠳᠦᠯᠭᠡ ᠵᠢᠴᠢ ᠡᠢᠮᠦᠷᠬᠦ ᠬᠡᠷᠡᠭ ᠢ ᠰᠢᠢᠳᠪᠦᠷᠢᠯᠡᠬᠦ ᠳᠦ ᠠᠩᠬᠠᠷᠠᠬᠤ ᠵᠦᠢᠯ ᠵᠡᠷᠬᠡ ᠲᠠᠯ᠎ᠠ ᠠᠴᠠ ᠨᠠᠷᠢᠨ ᠬᠢᠨᠠᠮᠠᠭᠠᠢ ᠲᠠᠥᠯᠪᠤᠷᠢᠯᠠᠯᠲᠠ ᠬᠢᠪᠡ ᠃ ᠲᠤᠬᠠᠢ ᠶᠢᠨ ᠲᠠᠯᠠᠪᠤᠷ ᠲᠤ ᠬᠠᠷᠢᠭᠤᠯᠲᠠ ᠬᠢᠵᠦ ᠲᠡᠢᠯᠬᠦ ᠦᠬᠡᠢ ᠵᠠᠷᠢᠮ ᠠᠰᠠᠭᠤᠯᠲᠠ ᠶᠢ ᠲᠤᠮᠳᠠ ᠵᠡᠷᠭᠡ ᠶᠢᠨ ᠠᠷᠠᠳ ᠤᠨ ᠰᠢᠬᠦᠬᠦ ᠬᠤᠷᠢᠶᠠᠨ ᠤ ᠨᠢᠭᠡᠳᠦᠭᠡᠷ ᠲᠢᠩᠬᠢᠮ ᠪᠤᠯᠤᠨ ᠬᠤᠶᠠᠳᠤᠭᠠᠷ ᠲᠢᠩᠬᠢᠮ ᠨᠢ ᠠᠰᠠᠭᠤᠯᠲᠠ ᠶᠢ ᠲᠦᠷᠦᠯ ᠬᠤᠪᠢᠶᠠᠨ ᠂ ᠨᠠᠷᠢᠨ ᠳᠡᠮᠳᠡᠭᠯᠡᠯ ᠬᠢᠵᠦ᠂ ᠳᠤᠮᠳᠠ ᠵᠡᠷᠬᠡ ᠶᠢᠨ ᠰᠢᠬᠦᠬᠦ ᠬᠤᠷᠢᠶᠠᠨ ᠳᠤ ᠠᠪᠠᠴᠢᠵᠦ ᠬᠠᠮᠲᠤᠪᠠᠷ ᠰᠤᠳᠤᠯᠤᠭᠰᠠᠨ ᠤ ᠰᠡᠭᠦᠯᠡᠷ ᠨᠢᠭᠡᠲᠦᠯᠲᠠᠢ ᠬᠠᠷᠢᠭᠤᠯᠲᠠ ᠦᠭᠭᠦᠨ᠎ᠠ ᠃
ᠳᠤᠰ ᠤᠳᠠᠭᠠᠨ ᠤ ᠰᠠᠭᠤᠳᠠᠯ ᠤᠨ ᠬᠤᠷᠠᠯ ᠨᠢ ᠦᠨᠳᠦᠰᠦᠨ ᠱᠠᠳᠤᠨ ᠤ ᠰᠢᠭᠦᠭᠴᠢ ᠶᠢᠨ ᠬᠡᠷᠡᠭ ᠰᠢᠢᠳᠪᠦᠷᠢᠯᠡᠬᠦ ᠳᠦ ᠮᠠᠳᠠᠭ ᠲᠠᠢ ᠬᠠᠤᠯᠢ ᠴᠠᠭᠠᠵᠠ ᠬᠡᠷᠡᠭᠯᠡᠬᠦ ᠠᠰᠠᠭᠤᠳᠠᠯ ᠢ ᠴᠠᠭ ᠲᠤᠬᠠᠢ ᠳᠤ ᠨᠢ ᠰᠢᠢᠳᠪᠦᠷᠢᠯᠡᠵᠦ ᠂ ᠦᠨᠳᠦᠰᠦᠨ ᠱᠠᠲᠤᠨ ᠤ ᠰᠢᠬᠦᠬᠦ ᠬᠤᠷᠢᠶᠠᠨ ᠤ ᠭᠡᠷᠡᠭ ᠰᠢᠢᠳᠪᠦᠷᠢᠯᠡᠬᠦ ᠦᠷ᠎ᠠ ᠪᠦᠲᠦᠮᠵᠢ ᠶᠢ ᠵᠤᠬᠢᠰᠲᠠᠢ ᠳᠡᠭᠡᠭᠰᠢᠯᠡᠭᠦᠯᠵᠦ ᠂ ᠳᠡᠭᠡᠳᠦ ᠱᠠᠳᠤᠨ ᠤ ᠰᠢᠬᠦᠬᠦ ᠬᠤᠷᠢᠶᠠᠨ ᠤ 《ᠠᠰᠠᠭᠤᠳᠠᠯ ᠢ ᠦᠨᠳᠦᠰᠦᠨ ᠱᠠᠳᠤᠨ ᠳᠤ ᠰᠢᠢᠳᠪᠦᠷᠢᠯᠡᠵᠦ ᠂ ᠵᠦᠷᠢᠴᠡᠯ ᠢ ᠦᠨᠳᠦᠰᠦᠨ ᠱᠠᠳᠤᠨ ᠳᠤ ᠠᠷᠢᠯᠭᠠᠬᠤ》ᠱᠠᠭᠠᠷᠳᠠᠯᠭ᠎ᠠ ᠶᠢ ᠲᠤᠤᠱᠢᠯᠠᠭᠤᠯᠤᠭᠰᠠᠨ ᠪᠠᠢᠨ᠎ᠠ ᠃
ᠦᠨᠡᠯᠡᠬᠦ 0ᠦᠨᠡᠯᠡᠯᠲᠡ᠎ᠲᠠᠢ