ᠤᠤᠯ ᠤᠨ ᠬᠥᠬᠡᠬᠣᠲᠠ ᠶᠢᠨ ᠨᠠᠮ ᠤᠨ ᠬᠣᠷᠢᠶ᠎ᠠ ᠶᠢᠨ ᠳᠡᠳ᠋ ᠱᠦᠵᠢ ᠂ ᠬᠣᠲᠠ  ᠶᠢᠨ ᠳᠠᠷᠤᠭ᠎ᠠ ᠳᠠᠩ ᠠᠶ ᠵᠢᠶᠦ᠋ᠨ ᠬᠡᠭᠡᠯᠢ ᠢᠳᠡᠭᠰᠡᠨ ᠬᠡᠷᠡᠭ ᠥᠨᠥᠳᠦᠷ ᠣᠷᠳᠣᠰ ᠬᠤᠲᠠ ᠶᠢᠨ ᠳᠤᠮᠳᠠ ᠵᠡᠷᠭᠡ  ᠶᠢᠨ ᠰᠢᠭᠦᠬᠦ
2016.07.12 ᠲᠣᠰ ᠥᠷᠲᠡᠭᠡᠨ᠎ᠦ ᠨᠠᠢᠷᠠᠭᠤᠯᠤᠭᠴᠢ

ᠤᠤᠯ ᠤᠨ ᠬᠥᠬᠡᠬᠣᠲᠠ ᠶᠢᠨ ᠨᠠᠮ ᠤᠨ ᠬᠣᠷᠢᠶ᠎ᠠ ᠶᠢᠨ ᠳᠡᠳ᠋ ᠱᠦᠵᠢ ᠂ ᠬᠣᠲᠠ  ᠶᠢᠨ ᠳᠠᠷᠤᠭ᠎ᠠ ᠳᠠᠩ ᠠᠶ ᠵᠢᠶᠦ᠋ᠨ ᠬᠡᠭᠡᠯᠢ ᠢᠳᠡᠭᠰᠡᠨ ᠬᠡᠷᠡᠭ ᠥᠨᠥᠳᠦᠷ ᠣᠷᠳᠣᠰ ᠬᠤᠲᠠ ᠶᠢᠨ ᠳᠤᠮᠳᠠ ᠵᠡᠷᠭᠡ  ᠶᠢᠨ ᠰᠢᠭᠦᠬᠦ ᠬᠣᠷᠢᠶᠠᠨ ᠳᠤ ᠬᠠᠤᠯᠢ ᠶᠣᠰᠣᠭᠠᠷ ᠢᠯᠡ ᠪᠡᠷ ᠲᠢᠩᠬᠢᠮ ᠨᠡᠭᠡᠭᠡᠨ ᠰᠢᠭᠦᠪᠡ

     

      2016ᠤᠨ ᠤ7ᠰᠠᠷ᠎ᠠ ᠶᠢᠨ12 ᠤ᠋ ᠡᠳᠦᠷ ᠦᠨ ᠦᠳᠡ ᠶᠢᠨ ᠡᠮᠦᠨ᠎ᠡ 9 ᠴᠠᠭ ᠲᠤ ᠂ ᠣᠷᠳᠣᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠨᠢᠭᠡ ᠳ᠋ᠤᠭᠠᠷ ᠰᠢᠭᠦᠬᠦ ᠲᠢᠩᠬᠢᠮ ᠳᠦ ᠤᠤᠯ  ᠦᠨ ᠬᠥᠬᠡᠬᠣᠲᠠ ᠶᠢᠨ ᠨᠠᠮ ᠤᠨ ᠬᠣᠷᠢᠶ᠎ᠠ ᠶᠢᠨ ᠳᠡᠳ᠋ ᠱᠦᠵᠢ ᠂ ᠬᠣᠲᠠ  ᠶᠢᠨ ᠳᠠᠷᠤᠭ᠎ᠠ ᠳᠠᠩ ᠠᠶ ᠵᠢᠶᠦ᠋ᠨ  ᠦ ᠬᠡᠭᠡᠯᠢ ᠢᠳᠡᠭᠰᠡᠨ ᠬᠡᠷᠡᠭ ᠢ ᠢᠯᠡ ᠰᠢᠭᠦᠪᠡ ᠃

  ᠲᠤᠰ ᠬᠡᠷᠡᠭ   ᠢ ᠣᠷᠳᠣᠰ ᠬᠣᠲᠠ ᠶᠢᠨ ᠪᠠᠶᠢᠴᠠᠭᠠᠬᠤ ᠬᠣᠷᠢᠶ᠎ᠠ2016ᠤᠨ ᠤ4ᠰᠠᠷ᠎ᠠ  ᠶᠢᠨ18 ᠤ᠋ ᠡᠳᠦᠷ ᠣᠷᠳᠣᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠳ᠋ᠤ ᠠᠯᠪᠠᠨ ᠵᠠᠭᠠᠯᠳᠤᠯᠭ᠎ᠠ ᠭᠠᠷᠭᠠᠪᠠ ᠂ ᠣᠷᠳᠣᠰ ᠬᠣᠲᠠ ᠶᠢᠨ ᠠᠷᠠᠳ ᠤᠨ ᠪᠠᠶᠢᠴᠠᠭᠠᠬᠤ ᠬᠣᠷᠢᠶ᠎ᠠ ᠵᠢᠭᠠᠭᠰᠠᠨ ᠨᠢ ᠄1999ᠤᠨ ᠠᠴᠠ2013ᠤᠨ ᠬᠦᠷᠲᠡᠯᠡᠬᠢ ᠬᠤᠭᠤᠴᠠᠭᠠᠨ ᠳᠤ ᠂ ᠵᠠᠭᠠᠯᠳᠤᠭᠳᠠᠭᠴᠢ ᠳᠠᠩ ᠠᠶ ᠵᠢᠶᠦ᠋ᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠦᠨ ᠳᠠᠷᠤᠭ᠎ᠠ ᠂ ᠪᠠᠲᠤᠯᠠᠨ ᠬᠠᠮᠠᠭᠠᠯᠠᠯᠲᠠ  ᠶᠢᠨ ᠰᠢᠨᠵᠢᠯᠡᠬᠦ ᠤᠬᠠᠭᠠᠨ ᠮᠡᠷᠭᠡᠵᠢᠯ ᠦᠨ ᠠᠵᠤ ᠦᠢᠯᠡᠳᠪᠦᠷᠢ ᠶᠢᠨ ᠠᠯᠪᠠᠨ ᠭᠡᠷ ᠦᠨ ᠡᠷᠬᠢᠯᠡᠭᠴᠢ ᠂ ᠬᠥᠯᠥᠨ ᠪᠤᠢᠷ ᠬᠤᠳᠠ ᠶᠢᠨ ᠨᠠᠮ ᠤᠨ ᠬᠣᠷᠢᠶᠠᠨ ᠤ ᠳᠡᠳ᠋ ᠱᠦᠵᠢ ᠂ ᠬᠤᠳᠠ ᠶᠢᠨ ᠳᠠᠷᠤᠭ᠎ᠠ ᠂ ᠬᠥᠬᠡᠬᠣᠲᠠ ᠶᠢᠨ ᠨᠠᠮ ᠤᠨ ᠬᠣᠷᠢᠶ᠎ᠠ ᠶᠢᠨ ᠳᠡᠳ᠋ ᠱᠦᠵᠢ ᠂ ᠬᠤᠳᠠ ᠶᠢᠨ ᠳᠠᠷᠤᠭ᠎ᠠ ᠵᠡᠷᠭᠡ ᠡᠭᠦᠷᠭᠡ ᠲᠤᠰᠢᠶᠠᠯ  ᠵᠢᠴᠢ ᠡᠷᠬᠡ ᠲᠤᠰᠢᠶᠠᠯ ᠪᠠᠶᠢᠷᠢ ᠰᠠᠭᠤᠷᠢ ᠠᠴᠠ ᠪᠦᠷᠢᠯᠳᠦᠭᠰᠡᠨ ᠲᠦᠬᠦᠮ ᠨᠦᠭᠦᠴᠡᠯ ᠢᠶᠡᠨ ᠠᠰᠢᠭᠯᠠᠨ ᠂ ᠪᠥᠲᠦᠭᠡᠨ ᠪᠠᠢᠭᠤᠯᠤᠯᠲᠠ ᠳᠠᠭᠠᠭᠠᠨ ᠠᠪᠬᠤ ᠂ ᠠᠵᠢᠯ ᠰᠢᠯᠵᠢᠬᠦ  ᠶᠢ ᠲᠤᠬᠢᠷᠠᠭᠤᠯᠬᠤ᠂ ᠺᠠᠳ᠋ᠷ ᠢ ᠳᠡᠪᠰᠢᠭᠦᠯᠦᠨ ᠬᠡᠷᠡᠭᠯᠡᠬᠦ ᠂ ᠦᠷ᠎ᠡ ᠬᠡᠦᠬᠡᠳ ᠦᠨ ᠰᠤᠷᠭᠠᠭᠤᠯᠢ ᠳᠤ ᠣᠷᠣᠬᠤ ᠵᠡᠷᠭᠡ ᠲᠠᠯ᠎ᠠ ᠪᠠᠷ ᠂ ᠵᠤᠤ ᠣᠪᠣᠭᠲᠤ ᠂ ᠦ᠋ ᠣᠪᠣᠭᠲᠤ ᠂ ᠯᠢ ᠣᠪᠣᠭᠲᠤ ᠵᠡᠷᠭᠡ 60 ᠬᠥᠮᠦᠨ ᠳᠤ ᠠᠰᠢᠭ ᠲᠤᠰᠠ ᠣᠯᠭᠣᠭᠰᠠᠨ ᠪᠥᠭᠡᠳ ᠪᠤᠰᠤᠳ ᠤᠨ ᠵᠣᠭᠣᠰ ᠮᠥᠩᠭᠥ ᠡᠳ᠋ ᠪᠣᠳᠠᠰ ᠢ ᠬᠦᠯᠢᠶᠡᠠ ᠠᠪᠴᠤ ᠂ ᠨᠡᠶᠢᠲᠡ 1799 ᠭᠠᠷᠤᠶ ᠲᠦᠮᠡᠨ ᠲᠥᠭᠥᠷᠢᠭ  ᠦᠨ ᠦᠷᠲᠡᠭ ᠲᠦ ᠬᠦᠷᠴᠡᠶ ᠃

   ᠲᠤᠰ ᠬᠡᠷᠡᠭ ᠤᠳᠤᠬᠠᠨ ᠳᠤ ᠶᠠᠭ ᠰᠠᠢᠬᠠᠨ ᠰᠢᠭᠦᠯᠲᠠ ᠶᠢᠨ ᠶᠠᠪᠤᠴᠠ ᠳᠤ ᠪᠤᠢ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )