ᠦᠪᠡᠷᠲᠡᠭᠡᠨ ᠵᠠᠰᠠᠬᠤ ᠤᠷᠤᠨ ᠤ ᠠᠷᠠᠳ ᠤᠨ ᠦᠨᠳᠦᠷ ᠵᠡᠷᠭᠡ ᠶᠢᠨ ᠰᠢᠬᠦᠬᠦ ᠬᠤᠷᠢᠶ᠎ᠠ ᠶᠢᠨ ᠲᠤᠪᠴᠢᠶᠠᠨ ᠤ ᠳᠠᠷᠤᠭ᠎ᠠ ᠸᠠᠩ ᠭᠤᠸᠠᠩ ᠶᠢᠨ ᠤᠷᠳᠤᠰ ᠬᠤᠳᠠ ᠳᠤ ᠬᠦᠷᠴᠦ ᠪᠠᠢᠴᠠᠭᠠᠯᠲᠠ ᠶᠢᠨ ᠬᠦᠢᠴᠡᠳᠬᠡᠬᠦ ᠠᠵᠢᠯ
2016.09.23 ᠲᠣᠰ ᠥᠷᠲᠡᠭᠡᠨ᠎ᠦ ᠨᠠᠢᠷᠠᠭᠤᠯᠤᠭᠴᠢ

ᠦᠪᠡᠷᠲᠡᠭᠡᠨ ᠵᠠᠰᠠᠬᠤ ᠤᠷᠤᠨ ᠤ ᠠᠷᠠᠳ ᠤᠨ ᠦᠨᠳᠦᠷ ᠵᠡᠷᠭᠡ ᠶᠢᠨ ᠰᠢᠬᠦᠬᠦ ᠬᠤᠷᠢᠶ᠎ᠠ ᠶᠢᠨ ᠲᠤᠪᠴᠢᠶᠠᠨ ᠤ ᠳᠠᠷᠤᠭ᠎ᠠ ᠸᠠᠩ ᠭᠤᠸᠠᠩ ᠶᠢᠨ ᠤᠷᠳᠤᠰ ᠬᠤᠳᠠ ᠳᠤ ᠬᠦᠷᠴᠦ ᠪᠠᠢᠴᠠᠭᠠᠯᠲᠠ ᠶᠢᠨ ᠬᠦᠢᠴᠡᠳᠬᠡᠬᠦ ᠠᠵᠢᠯ ᠬᠢᠪᠡ

 

 

 

 

9 ᠰᠠᠷᠠᠢᠨ 20 ᠂ 21 ᠡᠳᠦᠷ ᠂ ᠦᠪᠡᠷᠲᠡᠭᠡᠨ ᠵᠠᠰᠠᠬᠤ ᠤᠷᠤᠨ ᠤ ᠠᠷᠠᠳ ᠤᠨ ᠦᠨᠳᠦᠷ ᠵᠡᠷᠬᠡ ᠶᠢᠨ ᠰᠢᠬᠦᠬᠦ ᠬᠤᠷᠢᠶᠠᠨ ᠤ ᠬᠦᠢᠴᠡᠳᠬᠡᠬᠦ ᠲᠤᠪᠴᠢᠶᠠᠨ ᠤ ᠳᠤᠪᠴᠢᠶᠠᠨ ᠳᠠᠷᠤᠭ᠎ᠠ ᠸᠠᠩ ᠭᠤᠸᠠᠩ ᠶᠢᠨ᠂ ᠬᠦᠢᠴᠡᠳᠬᠡᠬᠦ ᠳᠤᠪᠴᠢᠶᠠᠨ ᠤ ᠰᠢᠬᠦᠨ ᠳᠠᠰᠤᠯᠠᠭᠴᠢ ᠬᠦᠬᠡᠠᠭᠤᠯᠠ ᠂ ᠬᠦᠢᠴᠡᠳᠬᠡᠬᠦ ᠳᠤᠪᠴᠢᠶᠠᠨ ᠤ ᠬᠠᠪᠰᠤᠷᠤᠭᠴᠢ ᠰᠢᠬᠦᠨ ᠳᠠᠰᠤᠯᠠᠭᠴᠢ ᠯᠢᠦ ᠢ ᠵᠢᠶᠦ᠋ᠨ ᠂  ᠷᠸᠨ ᠰᠢᠶᠤᠤ ᠵᠢᠶᠸ ᠵᠡᠷᠬᠡ ᠬᠦᠮᠦᠰ ᠤᠷᠳᠤᠰ ᠬᠤᠳᠠ ᠶᠢᠨ ᠳᠤᠮᠳᠠ ᠵᠡᠷᠬᠡ ᠶᠢᠨ ᠰᠢᠬᠦᠬᠦ ᠬᠤᠷᠢᠶ᠎ᠠ ᠂ ᠳ᠋ᠦᠩᠱᠧᠩ ᠳᠤᠭᠤᠷᠢᠭ ᠤᠨ ᠰᠢᠬᠦᠬᠦ ᠬᠤᠷᠢᠶ᠎ᠠ ᠵᠢᠴᠢ ᠤᠳᠤᠭ ᠬᠤᠰᠢᠭᠤᠨ ᠤ ᠰᠢᠬᠦᠬᠦ ᠬᠤᠷᠢᠶᠠᠨ ᠳᠤ ᠬᠦᠷᠴᠦ《ᠬᠦᠢᠴᠡᠳᠬᠡᠬᠦ ᠵᠢᠯ》ᠳᠤᠰᠬᠠᠢ ᠰᠡᠳᠦᠪᠲᠦ ᠠᠵᠢᠯ ᠤᠨ ᠪᠠᠢᠳᠠᠯ  ᠳᠤ ᠳᠤᠰᠬᠠᠢ ᠪᠠᠢᠴᠠᠭᠠᠯᠲᠠ ᠬᠢᠪᠡ ᠃

ᠳᠤᠰ ᠤᠳᠠᠭᠠᠨ ᠤ ᠪᠠᠢᠴᠠᠭᠠᠯᠲᠠ ᠨᠢ ᠭᠤᠤᠯᠳᠠᠭᠤ《ᠬᠤᠶᠠᠷ ᠠᠴᠠ ᠭᠤᠷᠪᠠᠨ ᠵᠢᠯ  ᠳᠦ ᠬᠦᠢᠴᠡᠳᠬᠡᠬᠦ ᠳᠦ ᠬᠦᠴᠢᠷ ᠢ ᠦᠨᠳᠦᠰᠦᠨ ᠳᠦ ᠪᠡᠨ ᠰᠢᠢᠳᠪᠦᠷᠢᠯᠡᠬᠦ》  ᠶᠢ ᠲᠦᠯᠬᠢᠨ ᠠᠬᠢᠭᠤᠯᠬᠤ ᠳᠤ ᠬᠠᠨᠳᠤᠭᠤᠯᠵᠤ ᠂ ᠳᠠᠷᠤᠢ ᠪᠦᠬᠦ ᠤᠷᠤᠨ ᠤ ᠰᠢᠬᠦᠬᠦ ᠬᠤᠷᠢᠶᠠᠨ ᠤ《ᠬᠦᠢᠴᠡᠳᠬᠡᠬᠦ ᠵᠢᠯ》ᠳᠤᠰᠬᠠᠢ ᠰᠡᠳᠦᠪᠲᠦ ᠠᠵᠢᠯ ᠤᠨ ᠬᠠᠭᠠᠰ ᠵᠢᠯ ᠦᠨ ᠳᠸᠯᠸᠢᠰ ᠤᠳᠠᠰᠤ ᠶᠢᠨ ᠬᠤᠷᠠᠯᠳᠤᠭᠠᠨ ᠤ ᠳᠤᠤᠱᠢᠯᠠᠭᠤᠯᠤᠭᠰᠠᠨ ᠪᠠᠢᠳᠠᠯ ᠂ ᠤᠳᠤ ᠪᠤᠯᠳᠠᠯ᠎ᠠ ᠬᠡᠷᠡᠭ ᠳᠤᠰᠴᠤ ᠬᠡᠷᠡᠭ ᠰᠢᠢᠳᠪᠦᠷᠢᠯᠭᠰᠡᠨ ᠪᠠᠢᠳᠠᠯ ᠂ ᠠᠯᠪᠠᠳᠠᠯᠭ᠎ᠠ ᠶᠢᠨ ᠠᠷᠭ᠎ᠠ ᠬᠡᠮᠵᠢᠶ᠎ᠠ ᠠᠪᠤᠭᠰᠠᠨ ᠪᠠᠢᠳᠠᠯ ᠂ ᠮᠦᠩᠬᠦᠨ ᠬᠦᠢᠯᠭᠡᠭᠡ ᠳᠦ ᠬᠤᠯᠪᠤᠭᠳᠠᠭᠰᠠᠨ ᠬᠡᠷᠡᠭ ᠦᠨ ᠪᠠᠢᠳᠠᠯ᠂ ᠵᠠᠬᠢᠳᠠᠯ ᠰᠤᠷᠪᠤᠯᠵᠢᠯᠭ᠎ᠠ ᠳᠤ ᠬᠤᠯᠪᠤᠭᠳᠠᠭᠰᠠᠨ ᠬᠡᠷᠡᠭ ᠢ ᠡᠶᠡᠳᠡᠭᠦᠯᠦᠭᠰᠡᠨ ᠪᠠᠢᠳᠠᠯ ᠂ ᠡᠷᠡᠭᠦᠦ ᠶᠢᠨ ᠬᠡᠷᠡᠭ  ᠶᠢᠨ ᠡᠳ᠋ ᠬᠥᠷᠦᠩᠭᠡ ᠶᠢᠨ ᠰᠢᠳᠬᠡᠯ ᠬᠡᠷᠡᠭᠵᠢᠬᠦᠯᠬᠦ ᠬᠡᠷᠡᠭ ᠦᠨ ᠪᠠᠢᠳᠠᠯ ᠂ ᠭᠦᠢᠴᠡᠳᠭᠡᠬᠦ ᠬᠡᠷᠡᠭ ᠦᠨ ᠮᠦᠩᠬᠦ ᠶᠢ ᠲᠢᠭᠯᠡᠭᠰᠡᠨ ᠪᠠᠢᠳᠠᠯ ᠂ ᠬᠦᠢᠴᠡᠳᠭᠡᠭᠰᠡᠨ ᠬᠡᠷᠡᠭ ᠢ ᠳᠠᠬᠢᠨ ᠳᠠᠩᠰᠠᠯᠠᠬᠤ ᠨᠦᠬᠦᠵᠦ ᠳᠠᠩᠰᠠᠯᠠᠭᠰᠠᠨ ᠪᠠᠢᠳᠠᠯ ᠂ ᠪᠦᠬᠦ ᠤᠯᠤᠰ ᠤᠨ ᠰᠢᠬᠦᠬᠦ ᠬᠤᠷᠢᠶᠠᠨ ᠤ ᠬᠡᠷᠡᠭ ᠬᠦᠢᠴᠡᠳᠬᠡᠬᠦ ᠠᠯᠬᠤᠮ ᠳᠠᠷᠠᠭ᠎ᠠ(ᠴᠡᠭ) ᠶᠢᠨ ᠬᠠᠮᠢᠶᠠᠷᠤᠯᠲᠠ ᠶᠢᠨ ᠰᠢᠰᠲ᠋ᠧᠮ ᠢ ᠬᠡᠷᠡᠭᠯᠡᠭᠰᠡᠨ ᠪᠠᠢᠳᠠᠯ ᠂ ᠬᠡᠷᠡᠭ  ᠢ ᠲᠦᠷᠢᠮ ᠳᠤᠭᠳᠠᠭᠠᠯ ᠶᠤᠰᠤᠭᠠᠷ ᠬᠦᠢᠴᠡᠳᠭᠡᠭᠰᠡᠨ ᠪᠠᠢᠳᠠᠯ ᠤᠨ ᠳ᠋ᠦᠩᠨᠡᠯᠲᠡ ᠵᠡᠷᠭᠡ ᠠᠷᠪᠠᠨ ᠳᠠᠯ᠎ᠠ ᠳᠤ ᠪᠠᠢᠴᠠᠭᠠᠯᠲᠠ ᠬᠢᠪᠡ ᠃

ᠬᠤᠳᠠ ᠶᠢᠨ ᠳᠤᠮᠳᠠ ᠵᠡᠷᠭᠡ ᠶᠢᠨ ᠰᠢᠬᠦᠬᠦ ᠬᠤᠷᠢᠶᠠᠨ ᠤ ᠹᠠᠨ ᠶᠢᠤ ᠹᠠ ᠳᠡᠳ᠋ ᠬᠤᠷᠢᠶᠠᠨ ᠳᠠᠷᠤᠭ᠎ᠠ ᠂ ᠳ᠋ᠦᠩᠱᠧᠩ ᠳᠤᠭᠤᠷᠢᠭ ᠤᠨ ᠰᠢᠬᠦᠬᠦ ᠬᠤᠷᠢᠶᠠᠨ ᠤ ᠺᠠᠩ ᠵᠢᠶᠠᠨ ᡁᠢ ᠬᠤᠷᠢᠶᠠᠨ ᠳᠠᠷᠤᠭ᠎ᠠ ᠂ ᠤᠳᠤᠭ ᠬᠤᠰᠢᠭᠤᠨ ᠤ ᠰᠢᠬᠦᠬᠦ ᠬᠤᠷᠢᠶᠠᠨ ᠤ ᠯᠢᠦ ᠶᠦᠩ ᠵᠢᠶᠦ᠋ᠨ ᠬᠤᠷᠢᠶᠠᠨ ᠳᠠᠷᠤᠭ᠎ᠠ ᠠᠴᠠ ᠪᠠᠢᠴᠠᠭᠠᠬᠤ ᠳᠤᠭᠤᠢᠯᠠᠩ ᠤᠨ ᠳᠡᠭᠡᠷ᠎ᠠ ᠳᠤᠷᠠᠳᠤᠭᠰᠠᠨ ᠠᠭᠤᠯᠭ᠎ᠠ ᠳᠤᠰᠪᠤᠷᠢ ᠨᠠᠷᠢᠯᠢᠭ ᠬᠠᠷᠢᠭᠤ ᠮᠡᠳᠡᠭᠦᠯᠦᠯᠲᠡ ᠬᠢᠪᠡ ᠃ ᠬᠠᠷᠢᠭᠤ ᠮᠡᠳᠡᠭᠦᠯᠦᠯᠲᠡ ᠶᠢ ᠰᠤᠨᠤᠰᠤᠭᠰᠠᠨ ᠤ ᠳᠠᠷᠠᠭ᠎ᠠ ᠂ ᠸᠠᠩ ᠭᠤᠸᠠᠩ ᠶᠢᠨ ᠲᠤᠪᠴᠢᠶᠠᠨ ᠤ ᠳᠠᠷᠤᠭ᠎ᠠ ᠤᠷᠳᠤᠰ ᠬᠤᠳᠠ ᠶᠢᠨ ᠬᠤᠶᠠᠷ ᠱᠠᠳᠤᠨ ᠤ ᠰᠢᠬᠦᠬᠦ ᠬᠤᠷᠢᠶ᠎ᠠ ᠨᠢ ᠪᠦᠬᠦ ᠤᠷᠤᠨ ᠤ ᠰᠢᠬᠦᠬᠦ ᠬᠤᠷᠢᠶᠠᠨ ᠤ ᠠᠵᠢᠯ ᠳᠤ ᠦᠵᠡᠭᠦᠯᠦᠭᠰᠡᠨ ᠬᠤᠪᠢ ᠨᠡᠮᠡᠷᠢ ᠶᠢ ᠬᠦᠢᠴᠡᠳ ᠨᠤᠳᠠᠯᠠᠵᠤ ᠂ ᠤᠷᠳᠤᠰ ᠬᠤᠳᠠ ᠶᠢᠨ ᠬᠤᠶᠠᠷ ᠱᠠᠳᠤᠨ ᠤ ᠰᠢᠬᠦᠬᠦ ᠬᠤᠷᠢᠶᠠᠨ ᠤ《ᠬᠦᠢᠴᠡᠳᠬᠡᠬᠦ ᠵᠢᠯ》ᠳᠤᠰᠬᠠᠢ ᠰᠡᠳᠦᠪᠲᠦ ᠠᠵᠢᠯ ᠡᠬᠢᠯᠡᠬᠦᠯᠦᠭᠰᠡᠨ ᠡᠴᠡ ᠨᠠᠰᠢ ᠂ ᠨᠢᠬᠡ ᠪᠦᠯᠦᠭ《ᠬᠤᠷᠴᠠ ᠰᠡᠯᠡᠮ᠎ᠠ ᠬᠦᠳᠡᠯᠭᠡᠭᠡᠨ》᠂ ᠠᠯᠪᠠᠨ ᠳᠤᠰᠢᠶᠠᠯᠲᠠᠨ ᠬᠦᠢᠴᠡᠳᠬᠡᠬᠦ ᠬᠡᠷᠡᠭ ᠲᠦ ᠬᠤᠯᠪᠤᠭᠳᠠᠭᠰᠠᠨ ᠬᠡᠷᠡᠭ  ᠢ ᠰᠢᠢᠳᠪᠦᠷᠢᠯᠡᠬᠦ ᠬᠦᠳᠡᠯᠭᠡᠭᠡᠨ ᠂ ᠭᠤᠷᠪᠠᠳᠤᠭᠠᠷ ᠡᠳᠡᠭᠡᠳ ᠬᠢᠨᠠᠨ ᠪᠠᠢᠴᠠᠭᠠᠯᠲᠠ ᠶᠢ ᠬᠡᠷᠡᠭᠵᠢᠬᠦᠯᠬᠦ ᠳᠤᠰᠬᠠᠢ ᠡᠷᠦᠬᠡ ᠶᠢ ᠬᠡᠷᠡᠭᠵᠢᠬᠦᠯᠬᠦ ᠵᠡᠷᠬᠡ ᠬᠢᠯᠠᠰ ᠠᠵᠢᠯ ᠳᠤ ᠦᠨᠳᠦᠷ ᠦᠨᠡᠯᠡᠯᠲᠡ ᠦᠭᠭᠦᠭᠰᠡᠨ ᠪᠠᠢᠨ᠎ᠠ ᠃ ᠡᠭᠦᠨ ᠦ ᠬᠠᠮᠳᠤ ᠂ ᠸᠠᠩ ᠭᠤᠸᠠᠩ ᠶᠢᠨ ᠳᠤᠪᠴᠢᠶᠠᠨ ᠳᠠᠷᠤᠭ᠎ᠠ ᠠᠴᠠ ᠤᠷᠳᠤᠰ ᠬᠤᠳᠠ ᠶᠢᠨ ᠬᠤᠶᠠᠷ ᠱᠠᠳᠤᠨ ᠤ ᠰᠢᠬᠦᠬᠦ ᠬᠤᠷᠢᠶᠠᠨ ᠳᠤ 《ᠲᠠᠩᠱᠠᠨ ᠤ ᠬᠤᠷᠠᠯᠳᠤᠭᠠᠨ》 ᠤ ᠵᠤᠷᠢᠭ ᠰᠠᠨᠠᠭ᠎ᠠ ᠶᠢ ᠵᠦᠪ ᠤᠨᠤᠪᠴᠢᠲᠠᠢ ᠳᠠᠮᠵᠢᠭᠤᠯᠵᠤ ᠂ ᠳᠠᠪᠰᠢᠭᠰᠠᠨ ᠤᠷᠤᠨ ᠤ ᠬᠦᠢᠴᠡᠳᠬᠡᠬᠦ ᠠᠩᠬᠢ ᠶᠢᠨ ᠲᠦᠷᠢᠮᠵᠢᠯ ᠂ ᠬᠦᠢᠴᠡᠳᠬᠡᠬᠦ ᠠᠵᠢᠯᠲᠠᠨ ᠤ ᠬᠡᠪ ᠴᠢᠨᠠᠷ ᠳᠤᠰᠬᠠᠢᠵᠢᠭᠰᠠᠨ ᠂ ᠭᠦᠢᠴᠡᠳᠭᠡᠬᠦ ᠠᠩᠬᠢ ᠶᠢᠨ ᠬᠢᠨᠠᠯᠲᠠ ᠶᠢ ᠴᠢᠩᠭᠠᠳᠬᠠᠬᠤ ᠵᠡᠷᠭᠡ ᠳᠠᠯ᠎ᠠ ᠶᠢ ᠳᠠᠨᠢᠴᠠᠭᠤᠯᠪᠠ ᠃ ᠦᠷ᠎ᠠ ᠪᠦᠲᠦᠮᠵᠢ ᠶᠢ ᠨᠤᠳᠠᠯᠠᠬᠤ ᠶᠢᠨ ᠬᠠᠮᠳᠤ ᠂ ᠸᠠᠩ ᠭᠤᠸᠠᠩ ᠶᠢᠨ ᠳᠤᠪᠴᠢᠶᠠᠨ ᠳᠠᠷᠤᠭ᠎ᠠ ᠪᠠᠰᠠ ᠤᠷᠳᠤᠰ ᠬᠤᠳᠠ ᠶᠢᠨ ᠰᠢᠬᠦᠬᠦ ᠬᠤᠷᠢᠶᠠᠨ ᠤ ᠳᠤᠪᠤᠢᠭᠰᠠᠨ ᠠᠰᠠᠭᠤᠳᠠᠯ ᠢ ᠴᠢᠬᠤᠯᠴᠢᠯᠠᠵᠤ ᠂ ᠮᠥᠨᠴᠦ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠂ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠡᠶᠡᠳᠡᠬᠦᠯᠬᠦ ᠂ ᠬᠦᠢᠴᠡᠳᠬᠡᠬᠦ ᠳᠤᠰᠬᠠᠢ ᠡᠷᠦᠬᠡ ᠶᠢ ᠲᠢᠭᠯᠡᠬᠦ ᠵᠡᠷᠬᠡ ᠳᠠᠯ᠎ᠠ ᠳᠤ ᠪᠤᠳᠠᠳᠠᠢ ᠱᠠᠭᠠᠷᠳᠠᠯᠭ᠎ᠠ ᠳᠤᠷᠳᠴᠤ ᠂ ᠡᠭᠦᠷᠭᠡ ᠶᠢᠨ ᠴᠠᠭ ᠬᠤᠭᠤᠴᠠᠭ᠎ᠠ ᠳᠤᠭᠳᠠᠭᠠᠪᠠ ᠃

ᠪᠠᠢᠴᠠᠭᠠᠯᠲᠠ ᠶᠢᠨ ᠬᠤᠭᠤᠴᠠᠭᠠᠨ ᠳᠤ ᠂ ᠸᠠᠩ ᠭᠤᠸᠠᠩ ᠶᠢᠨ ᠳᠤᠪᠴᠢᠶᠠᠨ ᠳᠠᠷᠤᠭ᠎ᠠ ᠵᠡᠷᠭᠡ ᠬᠦᠮᠦᠰ ᠹᠠᠨ ᠶᠢᠦ ᠹᠠ ᠳᠡᠳ᠋ ᠬᠤᠷᠢᠶᠠᠨ ᠳᠠᠷᠤᠭ᠎ᠠ ᠂ ᠵᠠᠩ ᠶᠤᠸᠠᠢ ᠹᠸᠩ ᠳᠤᠪᠴᠢᠶᠠᠨ ᠳᠠᠷᠤᠭ᠎ᠠ ᠲᠠᠢ ᠬᠠᠮᠳᠤ ᠤᠳᠤᠭ ᠬᠤᠰᠢᠭᠤᠨ ᠤ ᠰᠢᠬᠦᠬᠦ ᠬᠤᠷᠢᠶᠠᠨ ᠤ ᠬᠦᠢᠴᠡᠳᠬᠡᠬᠦ  ᠶᠢ ᠵᠢᠯᠤᠭᠤᠳᠬᠤ ᠲᠦᠪ ᠵᠢᠴᠢ ᠴᠢᠪᠠᠭᠠᠨᠴᠠ ᠶᠢᠨ ᠬᠤᠳᠳᠤᠭ ᠤᠨ ᠰᠢᠬᠦᠬᠦ ᠬᠤᠷᠢᠶ᠎ᠠ ᠂ ᠤᠳᠤᠭ ᠬᠤᠰᠢᠭᠤᠨ ᠤ ᠰᠢᠬᠦᠬᠦ ᠬᠤᠷᠢᠶᠠᠨ ᠤ ᠬᠦᠢᠴᠡᠳᠬᠡᠬᠦ ᠬᠤᠶᠠᠳᠤᠭᠠᠷ ᠳᠤᠪᠴᠢᠶ᠎ᠠ(ᠴᠢᠪᠠᠭᠠᠨᠴᠠ ᠶᠢᠨ ᠬᠤᠳᠳᠤᠭ ᠪᠠᠯᠭᠠᠰᠤᠨ ᠳᠤ ᠪᠠᠢᠨ᠎ᠠ) ᠶᠢᠨ ᠠᠯᠪᠠᠨ ᠭᠠᠵᠠᠷ  ᠢ ᠳᠤᠭᠤᠷᠢᠨ ᠦᠵᠡᠭᠰᠡᠨ ᠮᠦᠷᠲᠡᠭᠡᠨ ᠤᠳᠤᠭ ᠬᠤᠰᠢᠭᠤᠨ ᠤ ᠰᠤᠷᠠᠭ ᠴᠢᠮᠡᠭᠡᠨ ᠦ ᠪᠦᠲᠦᠭᠡᠨ ᠪᠠᠢᠭᠤᠯᠤᠯᠲᠠ ᠂ ᠬᠦᠢᠴᠡᠳᠬᠡᠬᠦ ᠶᠢ ᠵᠢᠯᠤᠭᠤᠳᠬᠤ ᠲᠦᠪ ᠦᠨ ᠪᠦᠲᠦᠭᠡᠨ ᠪᠠᠢᠭᠤᠯᠤᠯᠲᠠ ᠵᠢᠴᠢ ᠰᠦᠯᠵᠢᠶᠡᠨ ᠦ ᠪᠦᠲᠦᠭᠡᠨ ᠪᠠᠢᠭᠤᠯᠤᠯᠲᠠ ᠳᠤ ᠬᠦᠢᠴᠡᠳ ᠨᠤᠳᠠᠯᠠᠯᠲᠠ ᠦᠭᠭᠦᠪᠡ ᠃

ᠳᠤᠰ ᠤᠳᠠᠭᠠᠨ ᠤ ᠪᠠᠢᠴᠠᠭᠠᠯᠲᠠ  ᠶᠢᠨ ᠠᠵᠢᠯ ᠨᠢ ᠤᠷᠳᠤᠰ ᠬᠤᠳᠠ ᠶᠢᠨ ᠬᠤᠶᠠᠷ ᠱᠠᠳᠤᠨ ᠤ ᠰᠢᠬᠦᠬᠦ ᠬᠤᠷᠢᠶᠠᠨ ᠤ ᠰᠡᠭᠦᠯ ᠦᠨ ᠬᠡᠳᠦᠨ ᠰᠠᠷ᠎ᠠ ᠶᠢᠨ ᠬᠦᠢᠴᠡᠳᠬᠡᠬᠦ ᠠᠵᠢᠯ ᠢ ᠪᠦᠬᠦ ᠳᠠᠯ᠎ᠠ ᠪᠠᠷ ᠲᠦᠯᠬᠢᠨ ᠠᠬᠢᠭᠤᠯᠵᠤ ᠂ 《ᠭᠦᠢᠴᠡᠳᠬᠡᠬᠦ ᠵᠢᠯ》ᠳᠤᠰᠬᠠᠢ ᠰᠡᠳᠦᠪᠲᠦ ᠠᠵᠢᠯ ᠤᠨ ᠡᠯ᠎ᠠ ᠲᠦᠷᠦᠯ ᠦᠨ ᠡᠭᠦᠷᠭᠡ ᠪᠦᠷᠢᠨ ᠳᠡᠬᠦᠯᠳᠡᠷ ᠪᠡᠶᠡᠯᠡᠬᠦᠯᠬᠦ ᠶᠢ ᠪᠠᠳᠤᠯᠠᠬᠤ ᠳᠤ ᠴᠢᠬᠤᠯᠠ ᠤᠳᠬ᠎ᠠ ᠠᠭᠤᠯᠭ᠎ᠠ ᠲᠠᠢ ᠶᠤᠮ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )