ᠬᠤᠳᠠ ᠶᠢᠨ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠵᠠᠰᠠᠭ ᠵᠠᠬᠢᠷᠭᠠᠨ ᠤ ᠰᠢᠬᠦᠨ ᠳᠠᠰᠤᠯᠠᠬᠤ ᠳᠤᠰᠬᠠᠢ ᠰᠡᠳᠦᠪᠲᠦ ᠪᠠᠢᠴᠠᠭᠠᠨ ᠰᠤᠳᠤᠯᠠᠬᠤ ᠲᠤᠭᠤᠢᠯᠠᠩ ᠮᠠᠨ ᠤ ᠬᠤᠷᠢᠶᠠᠨ ᠳᠤ ᠢᠷᠡᠵᠦ ᠪᠠᠢᠴᠠᠭᠠᠨ ᠰᠤᠳᠤᠯᠤᠯᠲᠠ ᠬᠢᠪᠡ
9 ᠰᠠᠷᠠᠢᠨ 28 ᠡᠳᠦᠷ ᠂ ᠬᠤᠳᠠ ᠶᠢᠨ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠪᠠᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠢᠯᠠᠩ ᠤᠨ ᠳᠡᠳ᠋ ᠱᠦᠵᠢ᠂ ᠳᠡᠳ᠋ ᠡᠷᠬᠢᠯᠡᠭᠴᠢ ᠯᠢᠦ ᠭᠦᠢ ᠬᠤᠸᠠ ᠪᠠᠷ ᠳᠤᠭᠤᠢᠯᠠᠩ ᠤᠨ ᠳᠠᠷᠤᠭ᠎ᠠ ᠪᠤᠯᠭᠠᠭᠰᠠᠨ ᠬᠤᠳᠠ ᠶᠢᠨ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠪᠠᠢᠴᠠᠭᠠᠨ ᠰᠤᠳᠤᠯᠠᠬᠤ ᠳᠤᠭᠤᠢᠯᠠᠩ ᠂ ᠮᠠᠨ ᠤ ᠬᠤᠷᠢᠶᠠᠨ ᠳᠤ ᠬᠦᠷᠴᠦ ᠪᠦᠬᠦ ᠤᠷᠤᠨ ᠤ ᠰᠢᠬᠦᠬᠦ ᠬᠤᠷᠢᠶᠠᠨ ᠤ ᠰᠢᠬᠦᠨ ᠳᠠᠰᠤᠯᠠᠬᠤ ᠠᠵᠢᠯ ᠳᠤ ᠳᠤᠰᠬᠠᠢ ᠪᠠᠢᠴᠠᠭᠠᠨ ᠰᠤᠳᠤᠯᠤᠯᠲᠠ ᠬᠢᠪᠡ ᠃
ᠯᠢᠦ ᠭᠦᠢ ᠬᠤᠸᠠ ᠡᠷᠬᠢᠯᠡᠭᠴᠢ ᠨᠢᠬᠡ ᠪᠦᠯᠦᠭ ᠬᠦᠮᠦᠰ ᠤᠷᠢᠳᠠᠪᠡᠷ ᠬᠤᠳᠠ ᠶᠢᠨ ᠳᠤᠮᠳᠠ ᠵᠡᠷᠬᠡ ᠶᠢᠨ ᠰᠢᠬᠦᠬᠦ ᠬᠤᠷᠢᠶᠠᠨ ᠳᠤ ᠬᠦᠷᠴᠦ ᠬᠤᠳᠠ ᠶᠢᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠪᠦᠬᠦ ᠤᠳᠤᠷᠢᠳᠬᠤ ᠪᠠᠭ ᠤᠨ ᠬᠡᠰᠢᠬᠦᠨ ᠲᠠᠢ ᠰᠠᠭᠤᠳᠠᠯ ᠤᠨ ᠬᠤᠷᠠᠯ ᠬᠢᠪᠡ ᠃ ᠰᠠᠭᠤᠳᠠᠯ ᠤᠨ ᠬᠤᠷᠠᠯ ᠳᠤ ᠬᠤᠳᠠ ᠶᠢᠨ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠪᠠᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠢᠯᠠᠩ ᠤᠨ ᠳᠡᠳ᠋ ᠱᠦᠵᠢ ᠂ ᠳᠡᠳ᠋ ᠡᠷᠬᠢᠯᠡᠭᠴᠢ ᠯᠢᠦ ᠭᠦᠢ ᠬᠤᠸᠠ ᠂ ᠬᠤᠳᠠ ᠶᠢᠨ ᠠᠷᠠᠳ ᠤᠨ ᠲᠦᠯᠦᠭᠡᠯᠡᠭᠴᠢᠳ ᠦᠨ ᠪᠠᠢᠩᠭᠤ ᠶᠢᠨ ᠬᠤᠷᠢᠶᠠᠨ ᠤ ᠳᠡᠳ᠋ ᠨᠠᠷᠢᠨ ᠪᠢᠴᠢᠭᠡᠴᠢ ᠶᠢᠨ ᠳᠠᠷᠤᠭ᠎ᠠ᠂ ᠠᠯᠪᠠᠨ ᠲᠢᠩᠬᠢᠮ ᠦᠨ ᠡᠷᠬᠢᠯᠡᠭᠴᠢ ᠯᠢ ᠹᠸᠩ ᠴᠢ ᠂ ᠬᠤᠳᠠ ᠶᠢᠨ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠳᠤᠳᠤᠭᠠᠳᠤ ᠶᠠᠪᠤᠳᠠᠯ ᠤᠨ ᠬᠠᠤᠯᠢ ᠪᠠᠷᠢᠬᠤ ᠺᠤᠮᠢᠰ ᠤᠨ ᠡᠷᠬᠢᠯᠡᠭᠴᠢ ᠸᠠᠩ ᠸᠸᠨ ᠮᠢᠩ ᠂ ᠬᠤᠳᠠ ᠶᠢᠨ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠳᠤᠳᠤᠭᠠᠳᠤ ᠶᠠᠪᠤᠳᠠᠯ ᠤᠨ ᠬᠠᠤᠯᠢ ᠪᠠᠷᠢᠬᠤ ᠺᠤᠮᠢᠰ ᠤᠨ ᠠᠯᠪᠠᠨ ᠭᠡᠷ ᠦᠨ ᠡᠷᠬᠢᠯᠡᠭᠴᠢ ᠴᠸᠨ ᠰᠢ ᠂ ᠬᠤᠳᠠ ᠶᠢᠨ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠪᠠᠢᠩᠭᠤ ᠶᠢᠨ ᠪᠠᠢᠭᠤᠯᠭ᠎ᠠ ᠶᠢᠨ ᠵᠢᠷᠦᠮᠵᠢᠯᠡᠯ ᠦᠨ ᠴᠢᠨᠠᠷᠲᠡᠢ ᠪᠢᠴᠢᠭ ᠮᠠᠲ᠋ᠧᠷᠢᠶᠠᠯ ᠢ ᠳᠠᠩᠰᠠᠯᠠᠨ ᠬᠢᠨᠠᠨ ᠪᠠᠢᠴᠠᠭᠠᠬᠤ ᠦᠢᠯᠡᠴᠢᠯᠡᠭᠡᠨ ᠦ ᠲᠦᠪ ᠦᠨ ᠡᠷᠬᠢᠯᠡᠭᠴᠢ ᠵᠸᠤ ᠷᠤ ᠾᠥᠩ ᠂ ᠬᠤᠳᠠ ᠶᠢᠨ ᠠᠷᠠᠳ ᠤᠨ ᠲᠦᠯᠦᠭᠡᠯᠡᠭᠴᠢᠳ ᠦᠨ ᠶᠡᠬᠡ ᠬᠤᠡᠷᠠᠯ ᠤᠨ ᠲᠦᠯᠦᠭᠡᠯᠡᠭᠴᠢ ᠂ ᠡᠵᠡᠨ ᠬᠤᠷᠤᠭ᠎ᠠ ᠬᠤᠰᠢᠭᠤᠨ ᠤ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠰᠤᠷᠭᠠᠨ ᠬᠦᠮᠦᠵᠢᠯ ᠰᠢᠨᠵᠢᠯᠡᠬᠦ ᠤᠬᠠᠭᠠᠨ ᠤ ᠰᠤᠶᠤᠯ ᠪᠤᠯᠪᠠᠰᠤᠷᠠᠯ ᠡᠷᠡᠭᠦᠯ ᠬᠠᠮᠠᠭᠠᠯᠠᠯ ᠤᠨ ᠺᠤᠮᠢᠰ ᠤᠨ ᠡᠷᠬᠢᠯᠡᠭᠴᠢ ᠰᠢᠶᠸ ᠯᠢ ᠶᠤᠸᠠᠨ ᠂ ᠬᠤᠳᠠ ᠶᠢᠨ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠲᠦᠯᠦᠭᠡᠯᠡᠭᠴᠢ ᠂ ᠳ᠋ᠦᠩᠱᠧᠩ ᠳᠤᠭᠤᠷᠢᠭ ᠤᠨ ᠠᠷᠠᠳ ᠤᠨ ᠪᠠᠢᠴᠠᠭᠠᠬᠤ ᠬᠤᠷᠢᠶᠠᠨ ᠤ ᠢᠷᠭᠡᠨ ᠦ ᠬᠡᠷᠡᠭ ᠂ ᠵᠠᠰᠠᠭ ᠵᠠᠬᠢᠷᠭᠠᠨ ᠤ ᠬᠡᠷᠡᠭ ᠪᠠᠢᠴᠠᠭᠠᠬᠤ ᠰᠠᠯᠠᠭ᠎ᠠ ᠶᠢᠨ ᠰᠠᠯᠠᠭᠠᠨ ᠳᠠᠷᠤᠭ᠎ᠠ ᠯᠢ ᠮᠸᠢ ᠯᠢᠨ ᠂ ᠬᠤᠳᠠ ᠶᠢᠨ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠳᠤᠳᠤᠭᠠᠳᠤ ᠶᠠᠪᠤᠳᠠᠯ ᠬᠠᠤᠯᠢ ᠪᠠᠷᠢᠬᠤ ᠺᠤᠮᠢᠰ ᠂ ᠠᠯᠪᠠᠨ ᠬᠡᠷ ᠦᠨ ᠠᠵᠢᠯᠳᠠᠨ ᠵᠢᠨ ᠮᠸᠢ ᠂ ᠬᠤᠳᠠ ᠶᠢᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠢᠯᠠᠩ ᠤᠨ ᠱᠦᠵᠢ ᠂ ᠤᠷᠤᠯᠠᠭᠴᠢ ᠬᠤᠷᠢᠶᠠᠨ ᠳᠠᠷᠤᠭ᠎ᠠ ᠯᠢ ᠶᠠᠨ ᠾᠥᠩ ᠵᠢᠴᠢ ᠬᠤᠳᠠ ᠶᠢᠨ ᠳᠤᠮᠳᠠ ᠵᠡᠷᠭᠡ ᠶᠢᠨ ᠰᠢᠬᠦᠬᠦ ᠬᠤᠷᠢᠶᠠᠨ ᠤ ᠪᠤᠰᠤᠳ ᠤᠳᠤᠷᠢᠳᠬᠤ ᠪᠠᠭ ᠤᠨ ᠬᠡᠰᠢᠬᠦᠨ ᠤᠷᠤᠯᠴᠠᠪᠠ ᠃
ᠬᠤᠷᠠᠯ ᠳᠡᠭᠡᠷ᠎ᠠ ᠂ ᠹᠠᠨ ᠶᠢᠦ ᠹᠠ ᠳᠡᠳ᠋ ᠬᠤᠷᠢᠶᠠᠨ ᠳᠠᠷᠤᠭ᠎ᠠ ᠬᠤᠳᠠ ᠶᠢᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠢᠯᠠᠩ ᠢ ᠲᠦᠯᠦᠭᠡᠯᠡᠵᠦ ᠪᠠᠢᠴᠠᠭᠠᠨ ᠰᠤᠳᠤᠯᠠᠬᠤ ᠲᠤᠭᠤᠢᠯᠠᠩ ᠳᠤ ᠪᠦᠬᠦ ᠬᠤᠳᠠ ᠶᠢᠨ ᠰᠢᠬᠦᠬᠦ ᠬᠤᠷᠢᠶᠠᠨ ᠤ ᠵᠠᠰᠠᠭ ᠵᠠᠬᠢᠷᠭᠠᠨ ᠤ ᠰᠢᠬᠦᠨ ᠳᠠᠰᠤᠯᠠᠬᠤ ᠠᠵᠢᠯ ᠤᠨ ᠬᠠᠷᠢᠭᠤ ᠮᠡᠳᠡᠬᠦᠯᠦᠯᠲᠡ ᠬᠢᠵᠦ ᠂ ᠪᠦᠬᠦ ᠬᠤᠳᠠ ᠶᠢᠨ ᠬᠤᠶᠠᠷ ᠱᠠᠳᠤᠨ ᠤ ᠰᠢᠬᠦᠬᠦ ᠬᠤᠷᠢᠶᠠᠨ ᠤ ᠤᠢᠷ᠎ᠠ ᠶᠢᠨ ᠭᠤᠷᠪᠠᠨ ᠵᠢᠯ ᠦᠨ ᠵᠠᠰᠠᠭ ᠵᠠᠬᠢᠷᠭᠠᠨ ᠤ ᠰᠢᠬᠦᠨ ᠳᠠᠰᠤᠯᠤᠯᠲᠠ ᠶᠢᠨ ᠬᠡᠷᠡᠭ ᠰᠢᠬᠦᠬᠦ ᠵᠢᠴᠢ ᠠᠵᠢᠯ ᠤᠨ ᠪᠠᠢᠳᠠᠯ ᠢ ᠪᠠᠢᠴᠠᠭᠠᠨ ᠰᠤᠳᠤᠯᠠᠬᠤ ᠳᠤᠭᠤᠢᠯᠠᠩ ᠳᠤ ᠨᠠᠷᠢᠨ ᠬᠢᠨᠠᠮᠠᠭᠠᠢ ᠳᠠᠨᠢᠴᠠᠭᠤᠯᠤᠭᠰᠠᠨ ᠪᠦᠭᠡᠳ ᠤᠳᠤᠬᠠᠨ ᠤ ᠵᠠᠰᠠᠭ ᠵᠠᠬᠢᠷᠭᠠᠨ ᠤ ᠰᠢᠬᠦᠨ ᠳᠠᠰᠤᠯᠠᠬᠤ ᠠᠵᠢᠯ ᠤᠨ ᠳᠤᠮᠳᠠ ᠤᠷᠤᠰᠢᠵᠤ ᠪᠠᠢᠬᠤ ᠠᠰᠠᠭᠤᠳᠠᠯ ᠪᠤᠯᠤᠨ ᠤᠳᠤ ᠠᠴᠠ ᠰᠡᠭᠦᠯᠡᠷᠬᠢ ᠠᠵᠢᠯ ᠤᠨ ᠭᠤᠤᠯᠳᠠᠯᠭ᠎ᠠ ᠶᠢ ᠵᠢᠭᠠᠵᠤ ᠭᠠᠷᠭᠠᠭᠰᠠᠨ ᠪᠠᠢᠨ᠎ᠠ ᠃ ᠯᠢ ᠾᠥᠩ ᠶᠠᠨ ᠤᠷᠤᠯᠠᠭᠴᠢ ᠬᠤᠷᠢᠶᠠᠨ ᠳᠠᠷᠤᠭ᠎ᠠ ᠬᠤᠷᠠᠯ ᠳᠡᠭᠡᠷ᠎ᠠ ᠴᠢᠬᠤᠯᠠ ᠶᠠᠷᠢᠶ᠎ᠠ ᠳᠠᠯᠪᠢᠵᠤ ᠂ ᠤᠢᠷ᠎ᠠ ᠶᠢᠨ ᠭᠤᠷᠪᠠᠨ ᠵᠢᠯ ᠦᠨ ᠪᠦᠬᠦ ᠬᠤᠳᠠ ᠶᠢᠨ ᠵᠠᠰᠠᠭ ᠵᠠᠬᠢᠷᠭᠠᠨ ᠤ ᠰᠢᠬᠦᠨ ᠳᠠᠰᠤᠯᠤᠯᠲᠠ ᠶᠢᠨ《ᠨᠢᠭᠡ ᠨᠡᠮᠡᠭᠳᠡᠭᠰᠡᠨ》(ᠭᠡᠷᠡᠭ ᠦᠨ ᠳᠤᠭ᠎ᠠ ᠭᠡᠮᠵᠢᠶ᠎ᠠ ᠨᠡᠮᠡᠭᠳᠡᠭᠰᠡᠨ)᠂《ᠨᠢᠬᠡ ᠦᠨᠳᠦᠷ》(ᠵᠠᠷᠭᠤ ᠶᠢᠨ ᠢᠯᠠᠭᠳᠠᠭᠰᠠᠨ ᠨᠤᠷᠮ᠎ᠠ ᠦᠨᠳᠦᠷ)᠂《ᠨᠢᠬᠡ ᠳᠤᠤᠷ᠎ᠠ》(ᠵᠠᠰᠠᠭ ᠵᠠᠬᠢᠷᠭᠠᠨ ᠤ ᠬᠠᠷᠢᠭᠤᠴᠠᠯᠭᠠᠳᠠᠨ ᠰᠢᠬᠦᠯᠲᠡ ᠳᠦ ᠤᠷᠤᠯᠴᠠᠨ ᠵᠠᠷᠭᠤ ᠬᠦᠯᠢᠶᠡᠬᠦ ᠨᠤᠷᠮ᠎ᠠ ᠳᠤᠤᠷ᠎ᠠ)ᠶᠡᠷᠦᠩᠬᠡᠢ ᠤᠨᠴᠠᠯᠢᠭ ᠢ ᠰᠢᠯᠢᠨ ᠳ᠋ᠦᠩᠨᠡᠭᠰᠡᠨ ᠮᠦᠷᠲᠡᠭᠡᠨ ᠵᠠᠰᠠᠭ ᠵᠠᠬᠢᠷᠭᠠᠨ ᠤ ᠰᠢᠬᠦᠨ ᠳᠠᠰᠤᠯᠤᠯᠲᠠ ᠶᠢᠨ ᠠᠵᠢᠯ ᠤᠨ ᠪᠠᠢᠳᠠᠯ ᠵᠢᠴᠢ ᠡᠭᠦᠨ ᠡᠴᠡ ᠬᠤᠢᠨᠠᠬᠢ ᠠᠵᠢᠯ ᠤᠨ ᠴᠢᠭᠯᠡᠯ ᠢ ᠳᠤᠳᠤᠷᠬᠠᠢᠯᠠᠪᠠ ᠃
ᠬᠤᠷᠠᠯ ᠳᠤ ᠤᠷᠤᠯᠴᠠᠭᠰᠠᠨ ᠬᠤᠳᠠ ᠶᠢᠨ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠪᠠᠢᠴᠠᠭᠠᠬᠤ ᠳᠤᠭᠤᠢᠯᠠᠩ ᠤᠨ ᠬᠡᠰᠢᠬᠦᠨ ᠬᠠᠷᠢᠭᠤ ᠮᠡᠳᠡᠭᠦᠯᠦᠯᠲᠡ ᠶᠢ ᠰᠤᠨᠤᠰᠤᠭᠰᠠᠨ ᠤ ᠳᠠᠷᠠᠭ᠎ᠠ ᠂ ᠪᠦᠬᠦ ᠬᠤᠳᠠ ᠶᠢᠨ ᠬᠤᠶᠠᠷ ᠱᠠᠳᠤᠨ ᠤ ᠰᠢᠬᠦᠬᠦ ᠬᠤᠷᠢᠶᠠᠨ ᠤ ᠵᠠᠰᠠᠭ ᠵᠠᠬᠢᠷᠭᠠᠨ ᠤ ᠰᠢᠬᠦᠨ ᠳᠠᠰᠤᠯᠤᠯᠲᠠ ᠶᠢᠨ ᠠᠵᠢᠯ ᠢ ᠳᠡᠭᠡᠳᠦ ᠬᠡᠮᠵᠢᠶ᠎ᠠ ᠪᠠᠷ ᠨᠤᠳᠠᠯᠠᠪᠠ ᠃ ᠬᠤᠳᠠ ᠶᠢᠨ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠪᠠᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠢᠯᠠᠩ ᠤᠨ ᠳᠡᠳ᠋ ᠱᠦᠵᠢ ᠂ ᠳᠡᠳ᠋ ᠡᠷᠬᠢᠯᠡᠭᠴᠢ ᠯᠢᠦ ᠭᠦᠢ ᠬᠤᠸᠠ ᠵᠢᠭᠠᠵᠤ ᠭᠠᠷᠭᠠᠭᠰᠠᠨ ᠨᠢ ᠂ ᠮᠠᠨ ᠤ ᠬᠤᠳᠠ ᠶᠢᠨ ᠵᠠᠰᠠᠭ ᠵᠠᠬᠢᠷᠭᠠᠨ ᠤ ᠬᠡᠷᠡᠭ ᠦᠨ ᠳᠤᠭ᠎ᠠ ᠲᠦᠷᠭᠡᠨ ᠨᠡᠮᠡᠭᠳᠡᠵᠦ ᠪᠠᠢᠬᠤ ᠪᠠᠢᠳᠠᠯ ᠳᠤᠤᠷ᠎ᠠ ᠂ ᠵᠠᠰᠠᠭ ᠵᠠᠬᠢᠷᠭᠠᠨ ᠤ ᠰᠢᠬᠦᠨ ᠳᠠᠰᠤᠯᠤᠯᠲᠠ ᠶᠢᠨ ᠬᠦᠷᠢᠶ᠎ᠠ ᠭᠡᠪᠴᠢᠶᠠᠨ ᠤ ᠦᠭᠡᠷᠡᠴᠢᠯᠡᠯᠲᠡ ᠰᠢᠨ᠎ᠠ ᠶᠢ ᠡᠭᠦᠳᠬᠦ ᠨᠢ ᠮᠦᠨ ᠬᠦ ᠳᠠᠰᠤᠷᠠᠯᠲᠠ ᠦᠭᠡᠢ ᠠᠮᠵᠢᠯᠲᠠ ᠤᠯᠵᠤ ᠪᠠᠢᠭ᠎ᠠ ᠨᠢ ᠬᠤᠳᠠ ᠶᠢᠨ ᠬᠤᠶᠠᠷ ᠱᠠᠳᠤᠨ ᠤ ᠠᠷᠠᠳ ᠤᠨ ᠰᠢᠬᠦᠬᠦ ᠬᠤᠷᠢᠶ᠎ᠠ ᠶᠢᠨ ᠤᠳᠤᠷᠢᠳᠬᠤ ᠪᠠᠭ ᠮᠠᠰᠢ ᠤᠯᠠᠨ ᠠᠵᠢᠯ ᠬᠢᠭᠰᠡᠨ ᠢ ᠢᠯᠡᠳᠬᠡᠵᠦ ᠂ ᠳᠠᠢᠴᠢᠨ ᠬᠦᠴᠦᠨ ᠪᠦᠬᠦᠢ ᠡᠩᠨᠡᠭᠡ ᠪᠠᠢᠵᠤ ᠂ ᠬᠤᠳᠠ ᠶᠢᠨ ᠬᠤᠶᠠᠷ ᠱᠠᠳᠤᠨ ᠤ ᠰᠢᠬᠦᠬᠦ ᠬᠤᠷᠢᠶᠠᠨ ᠤ ᠵᠠᠰᠠᠭ ᠵᠠᠬᠢᠷᠭᠠᠨ ᠤ ᠰᠢᠬᠦᠨ ᠳᠠᠰᠤᠯᠤᠯᠲᠠ ᠶᠢᠨ ᠡᠩᠨᠡᠭᠡ ᠦᠷᠭᠦᠯᠵᠢᠯᠡᠨ ᠡᠨᠡᠬᠦ《ᠴᠤᠭ ᠬᠡᠢ ᠰᠦᠷ》 ᠢᠶᠡᠨ ᠪᠠᠳᠠᠷᠠᠭᠤᠯᠬᠤ ᠶᠢ ᠬᠦᠰᠡᠵᠦ ᠂ ᠮᠠᠨ ᠤ ᠬᠤᠳᠠ ᠶᠢᠨ ᠵᠠᠰᠠᠭ ᠵᠠᠬᠢᠷᠭᠠᠨ ᠤ ᠰᠢᠬᠦᠨ ᠳᠠᠰᠤᠯᠤᠯᠲᠠ ᠶᠢᠨ ᠦᠢᠯᠡᠰ ᠢ ᠦᠷᠭᠦᠯᠵᠢᠯᠡᠨ ᠲᠦᠯᠬᠢᠨ ᠠᠬᠢᠭᠤᠯᠬᠤ ᠬᠡᠷᠡᠭᠲᠡᠢ ᠃ ᠬᠤᠳᠠ ᠶᠢᠨ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠳᠤᠳᠤᠭᠠᠳᠤ ᠶᠠᠪᠤᠳᠠᠯ ᠬᠠᠤᠯᠢ ᠪᠠᠷᠢᠬᠤ ᠺᠤᠮᠢᠰ ᠤᠨ ᠸᠠᠩ ᠸᠸᠨ ᠮᠢᠩ ᠡᠷᠬᠢᠯᠡᠭᠴᠢ ᠂ ᠬᠤᠳᠠ ᠶᠢᠨ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠪᠠᠢᠩᠭᠤ ᠶᠢᠨ ᠪᠠᠢᠭᠤᠯᠭ᠎ᠠ ᠶᠢᠨ ᠵᠢᠷᠦᠮᠵᠢᠯᠡᠯ ᠦᠨ ᠴᠢᠨᠠᠷᠲᠡᠢ ᠪᠢᠴᠢᠭ ᠮᠠᠲ᠋ᠧᠷᠢᠶᠠᠯ ᠢ ᠳᠠᠩᠰᠠᠯᠠᠨ ᠬᠢᠨᠠᠨ ᠪᠠᠢᠴᠠᠭᠠᠬᠤ ᠦᠢᠯᠡᠴᠢᠯᠡᠭᠡᠨ ᠦ ᠲᠦᠪ ᠦᠨ ᠡᠷᠬᠢᠯᠡᠭᠴᠢ ᠵᠸᠤ ᠷᠤ ᠾᠥᠩ᠂ ᠬᠤᠳᠠ ᠶᠢᠨ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠲᠦᠯᠦᠭᠡᠯᠡᠭᠴᠢ ᠰᠢᠶᠸ ᠯᠢ ᠶᠤᠸᠠᠨ ᠂ ᠯᠢ ᠮᠸᠢ ᠯᠢᠨ ᠵᠡᠷᠬᠡ ᠬᠤᠷᠠᠯ ᠳᠤ ᠤᠷᠤᠯᠴᠠᠭᠰᠠᠨ ᠬᠡᠰᠢᠬᠦᠨ ᠳᠤᠰᠪᠤᠷᠢ ᠵᠠᠰᠠᠭ ᠵᠠᠬᠢᠷᠭᠠᠨ ᠤ ᠰᠢᠬᠦᠨ ᠳᠠᠰᠤᠯᠤᠯᠲᠠ ᠶᠢᠨ ᠠᠵᠢᠯ ᠤᠨ ᠬᠠᠷᠢᠭᠤ ᠮᠡᠳᠡᠭᠦᠯᠦᠯᠲᠡ ᠳᠦ ᠰᠠᠨᠠᠯ ᠪᠠ ᠰᠠᠨᠠᠭᠤᠯᠭ᠎ᠠ ᠳᠤᠷᠠᠳᠤᠪᠠ ᠃
ᠬᠤᠷᠠᠯ ᠤᠨ ᠳᠠᠷᠠᠭ᠎ᠠ ᠂ ᠯᠢᠦ ᠭᠦᠢ ᠬᠤᠸᠠ ᠡᠷᠬᠢᠯᠡᠭᠴᠢ ᠵᠡᠷᠬᠡ ᠬᠦᠮᠦᠰ ᠤᠢᠷ᠎ᠠ ᠶᠢᠨ ᠭᠤᠷᠪᠠᠨ ᠵᠢᠯ ᠦᠨ ᠪᠦᠬᠦ ᠬᠤᠳᠠ ᠶᠢᠨ ᠬᠡᠪᠴᠢᠶᠠᠨ ᠳᠤᠳᠤᠷᠠᠬᠢ ᠬᠡᠰᠡᠭ ᠨᠡᠢᠲᠡᠯᠢᠭ ᠬᠡᠷᠡᠭ ᠦᠨ ᠵᠢᠱᠢᠶ᠎ᠠ ᠬᠡᠷᠡᠭ ᠦᠨ ᠡᠪᠬᠡᠮᠡᠯ ᠪᠠ ᠬᠠᠤᠯᠢ ᠴᠠᠭᠠᠵᠠ ᠶᠢᠨ ᠪᠢᠴᠢᠭ ᠬᠠᠷ᠎ᠠ ᠶᠢ ᠪᠠᠢᠴᠠᠭᠠᠨ ᠦᠵᠡᠵᠦ ᠂ ᠪᠦᠬᠦ ᠬᠤᠳᠠ ᠶᠢᠨ ᠵᠠᠰᠠᠭ ᠵᠠᠬᠢᠷᠭᠠᠨ ᠤ ᠰᠢᠬᠦᠨ ᠳᠠᠰᠤᠯᠤᠯᠲᠠ ᠶᠢᠨ ᠠᠵᠢᠯ ᠤᠨ ᠵᠢᠷᠤᠭ ᠪᠢᠴᠢᠭ ᠦᠨ ᠳᠠᠨᠢᠴᠠᠭᠤᠯᠭᠠ ᠶᠢᠨ ᠮᠠᠲ᠋ᠧᠷᠢᠶᠠᠯ ᠢ ᠤᠩᠰᠢᠵᠤ ᠂ ᠪᠦᠬᠦ ᠬᠤᠳᠠ ᠶᠢᠨ ᠵᠠᠰᠠᠭ ᠵᠠᠬᠢᠷᠭᠠᠨ ᠤ ᠰᠢᠬᠦᠨ ᠳᠠᠰᠤᠯᠤᠯᠲᠠ ᠶᠢᠨ ᠠᠵᠢᠯ ᠤᠨ ᠪᠠᠢᠳᠠᠯ ᠳᠤ ᠨᠡᠩ ᠰᠢᠭᠤᠳ ᠪᠠ ᠳᠤᠳᠤᠷᠬᠠᠢ ᠤᠢᠯᠭᠠᠯᠲᠠ ᠲᠠᠢ ᠪᠤᠯᠪᠠ ᠃
ᠳᠤᠰ ᠤᠳᠠᠭᠠᠨ ᠤ ᠳᠤᠰᠬᠠᠢ ᠰᠡᠳᠦᠪᠲᠦ ᠪᠠᠢᠴᠠᠭᠠᠨ ᠰᠤᠳᠤᠯᠤᠯᠲᠠ ᠨᠢ ᠬᠤᠳᠠ ᠶᠢᠨ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠨᠢ ᠨᠠᠮ ᠤᠨ ᠠᠷᠪᠠᠨ ᠨᠠᠢᠮᠠᠳᠤᠭᠠᠷ ᠶᠡᠬᠡ ᠬᠤᠷᠠᠯ ᠪᠤᠯᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ ᠂ ᠲᠦᠷᠪᠡᠳᠦᠭᠡᠷ ᠪᠠ ᠳᠠᠪᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ ᠂ ᠰᠢ ᠵᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠭᠦᠨᠵᠡᠭᠡᠢ ᠳᠤᠤᠱᠢᠯᠠᠭᠤᠯᠵᠤ ᠂ ᠬᠠᠤᠯᠢ ᠴᠠᠭᠠᠵᠠ ᠶᠢᠨ ᠪᠠᠢᠭᠤᠯᠭ᠎ᠠ ᠶᠢᠨ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠬᠦᠨ ᠳᠠᠰᠤᠯᠤᠯᠲᠠ ᠶᠢᠨ ᠳᠤᠰᠢᠶᠠᠯ ᠢᠶᠠᠨ ᠪᠡᠶᠡᠯᠡᠬᠦᠯᠬᠦ ᠶᠢ ᠳᠦᠯᠬᠢᠨ ᠠᠬᠢᠭᠤᠯᠵᠤ ᠂ ᠵᠠᠰᠠᠭ ᠵᠠᠬᠢᠷᠭᠠᠨ ᠤ ᠰᠢᠬᠦᠨ ᠳᠠᠰᠤᠯᠤᠯᠲᠠ ᠶᠢᠨ ᠠᠵᠢᠯ ᠢ ᠢᠳᠡᠪᠬᠢᠲᠠᠢ ᠶᠠᠪᠤᠭᠳᠠᠭᠤᠯᠬᠤ ᠶᠢᠨ ᠴᠢᠬᠤᠯᠠ ᠠᠷᠭ᠎ᠠ ᠠᠪᠴᠢᠯ ᠪᠠᠢᠵᠤ ᠂ ᠮᠦᠨᠴᠦ ᠪᠦᠬᠦ ᠬᠤᠳᠠ ᠶᠢᠨ ᠬᠤᠶᠠᠷ ᠱᠠᠳᠤᠨ ᠤ ᠰᠢᠬᠦᠬᠦ ᠬᠤᠷᠢᠶᠠᠨ ᠤ ᠵᠠᠰᠠᠭ ᠵᠠᠬᠢᠷᠭᠠᠨ ᠤ ᠰᠢᠬᠦᠨ ᠳᠠᠰᠤᠯᠤᠯᠲᠠ ᠶᠢᠨ ᠠᠵᠢᠯ ᠢ ᠤᠬᠠᠭᠠᠯᠤᠭᠰᠠᠨ ᠤ ᠦᠷ᠎ᠠ ᠳ᠋ᠦᠩ ᠮᠦᠨ ᠂ ᠪᠦᠬᠦ ᠬᠤᠳᠠ ᠶᠢᠨ ᠡᠯ᠎ᠠ ᠱᠠᠳᠤᠨ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠪᠠᠢᠭᠤᠯᠭ᠎ᠠ ᠪᠠ ᠠᠷᠠᠳ ᠤᠨ ᠲᠥᠯᠦᠭᠡᠯᠡᠭᠴᠢ ᠵᠠᠰᠠᠭ ᠵᠠᠬᠢᠷᠭᠠᠨ ᠤ ᠰᠢᠬᠦᠨ ᠳᠠᠰᠤᠯᠤᠲᠠ ᠶᠢ ᠤᠢᠯᠭᠠᠵᠤ ᠂ ᠵᠠᠰᠠᠭ ᠵᠠᠬᠢᠷᠭᠠᠨ ᠤ ᠰᠢᠬᠦᠨ ᠳᠠᠰᠤᠯᠤᠯᠲᠠ ᠶᠢ ᠳᠡᠮᠵᠢᠵᠤ ᠂ ᠵᠠᠰᠠᠭ ᠵᠠᠬᠢᠷᠭᠠᠨ ᠤ ᠰᠢᠬᠦᠨ ᠳᠠᠰᠤᠯᠤᠯᠲᠠ ᠶᠢᠨ ᠠᠵᠢᠯ ᠶᠠᠪᠤᠭᠳᠠᠬᠤ ᠶᠢ ᠲᠦᠯᠬᠢᠨ ᠠᠬᠢᠭᠤᠯᠵᠤ ᠂ ᠴᠢᠬᠤᠯᠠ ᠲᠤᠬᠢᠶᠠᠯ ᠢ ᠤᠯᠵᠤ ᠠᠳᠬᠤᠬᠤ ᠪᠠᠷ ᠳᠡᠮᠡᠴᠡᠨᠠ ᠃ᠳᠤᠰ ᠤᠳᠠᠭᠠᠨ ᠤ ᠪᠠᠢᠴᠠᠭᠠᠨ ᠰᠤᠳᠤᠯᠤᠯᠲᠠ ᠶᠢᠨ ᠬᠦᠳᠡᠯᠭᠡᠭᠡᠨ ᠨᠢ ᠤᠷᠤᠭᠰᠢᠲᠠᠢ ᠶᠠᠪᠤᠭᠳᠠᠵᠤ ᠂ ᠪᠦᠬᠦ ᠬᠤᠳᠠ ᠶᠢᠨ ᠬᠤᠶᠠᠷ ᠱᠠᠳᠤᠨ ᠤ ᠰᠢᠬᠦᠬᠦ ᠬᠤᠷᠢᠶᠠᠨ ᠤ ᠰᠢᠬᠦᠨ ᠳᠠᠰᠤᠯᠤᠯᠲᠠ ᠶᠢᠨ ᠠᠵᠢᠯ ᠳᠤ ᠳᠤᠰᠠᠯᠠᠭᠴᠢ ᠬᠦᠴᠦᠨ ᠨᠡᠮᠡᠵᠦ ᠂ ᠮᠠᠨ ᠤ ᠬᠤᠳᠠ ᠶᠢᠨ ᠵᠠᠰᠠᠭ ᠵᠠᠬᠢᠷᠭᠠᠨ ᠤ ᠰᠢᠬᠦᠨ ᠳᠠᠰᠤᠯᠤᠯᠲᠠ ᠶᠢᠨ ᠠᠵᠢᠯ ᠤᠯᠠᠮ ᠨᠢᠬᠡ ᠳᠡᠭᠳᠡᠷ ᠳᠤ ᠭᠠᠷᠭᠠᠬᠤ ᠶᠤᠮ ᠃
ᠦᠨᠡᠯᠡᠬᠦ 0ᠦᠨᠡᠯᠡᠯᠲᠡ ᠲᠠᠢ