ᠲᠦᠪ ᠭᠤᠤᠯᠴᠢ ᠰᠢᠳᠤᠷᠭᠤ ᠶᠤᠰᠤ ᠠᠷᠢᠭᠤᠨ ᠴᠢᠭᠡᠴᠢ ᠠᠷᠠᠳ ᠤᠨ ᠲᠦᠯᠦᠭᠡ ᠬᠠᠤᠯᠢ ᠪᠠᠷᠢᠬᠤ ᠶᠢ ᠵᠢᠷᠦᠮᠯᠡᠵᠦ ᠨᠡᠢᠭᠡᠮ ᠵᠢᠷᠤᠮ  ᠤᠨ ᠬᠠᠤᠯᠢ ᠪᠠᠷ ᠵᠠᠰᠠᠬᠤ ᠠᠵᠢᠯ ᠦᠢᠯᠡᠰ ᠤᠷᠤᠭᠰᠢᠲᠠᠢ ᠶᠠᠪᠤᠭᠳᠠᠬᠤ ᠶᠢ
2016.10.08 ᠲᠣᠰ ᠥᠷᠲᠡᠭᠡᠨ ᠦ ᠨᠠᠢᠷᠠᠭᠤᠯᠤᠭᠴᠢ

ᠲᠦᠪ ᠭᠤᠤᠯᠴᠢ ᠰᠢᠳᠤᠷᠭᠤ ᠶᠤᠰᠤ ᠠᠷᠢᠭᠤᠨ ᠴᠢᠭᠡᠴᠢ ᠠᠷᠠᠳ ᠤᠨ ᠲᠦᠯᠦᠭᠡ ᠬᠠᠤᠯᠢ ᠪᠠᠷᠢᠬᠤ ᠶᠢ ᠵᠢᠷᠦᠮᠯᠡᠵᠦ  ᠨᠡᠢᠭᠡᠮ ᠵᠢᠷᠤᠮ  ᠤᠨ ᠬᠠᠤᠯᠢ ᠪᠠᠷ ᠵᠠᠰᠠᠬᠤ ᠠᠵᠢᠯ ᠦᠢᠯᠡᠰ ᠤᠷᠤᠭᠰᠢᠲᠠᠢ ᠶᠠᠪᠤᠭᠳᠠᠬᠤ ᠶᠢ ᠪᠠᠳᠤᠯᠠᠬᠤ

——ᠬᠤᠳᠠ ᠶᠢᠨ ᠳᠤᠮᠳᠠ ᠵᠡᠷᠬᠡ ᠰᠢᠬᠦᠬᠦ ᠬᠤᠷᠢᠶ᠎ᠠ ᠪᠦᠬᠦ ᠬᠤᠳᠠ ᠶᠢᠨ ᠰᠢᠬᠦᠬᠦ ᠬᠤᠷᠢᠶᠠᠨ ᠤ《ᠬᠤᠶᠠᠷ ᠢ ᠰᠤᠷᠤᠯᠴᠠᠵᠤ ᠨᠢᠬᠡ ᠬᠢᠬᠦ ᠶᠢ ᠦᠢᠯᠡᠳᠦᠯᠭᠡᠵᠢᠬᠦᠯᠬᠦ ᠂ ᠬᠢᠷᠢ ᠳᠡᠩᠴᠡᠭᠰᠡᠨ ᠰᠢᠭᠦᠭᠴᠢ ᠪᠤᠯᠬᠤ ᠪᠠᠷ ᠴᠢᠷᠮᠠᠢᠬᠤ》ᠶᠠᠷᠢᠶ᠎ᠠ ᠢᠯᠡᠳᠬᠡᠯ ᠦᠨ ᠤᠷᠤᠯᠳᠤᠭᠠᠨ ᠦᠷᠨᠢᠬᠦᠯᠪᠡ

 

 

 

 

 

 

 

 

 

 

 

《ᠬᠤᠶᠠᠷ ᠢ ᠰᠤᠷᠤᠯᠴᠠᠵᠤ ᠨᠢᠬᠡ ᠶᠢ ᠬᠢᠬᠦ》ᠰᠤᠷᠤᠯᠴᠠᠯᠭ᠎ᠠ ᠶᠢᠨ ᠰᠤᠷᠭᠠᠨ ᠬᠦᠮᠦᠵᠢᠯ ᠢ ᠭᠦᠨᠵᠡᠭᠡᠢ ᠦᠷᠨᠢᠬᠦᠯᠬᠦ ᠶᠢᠨ ᠲᠦᠯᠦᠭᠡ ᠂ ᠦᠷᠭᠡᠨ ᠤᠯᠠᠨ ᠨᠠᠮ ᠤᠨ ᠬᠡᠰᠢᠬᠦᠨ ᠰᠢᠬᠦᠭᠴᠢ ᠶᠢᠨ ᠬᠠᠤᠯᠢ ᠴᠠᠭᠠᠵᠠ ᠶᠢᠨ ᠢᠳᠡᠬᠡᠯ ᠪᠢᠰᠢᠷᠡᠯ ᠢ ᠤᠯᠠᠮ ᠨᠢᠬᠡ ᠠᠯᠬᠤᠮ ᠪᠠᠳᠤᠳᠬᠠᠵᠤ ᠂ ᠪᠡᠶ᠎ᠠ ᠪᠠᠨ ᠴᠢᠩᠭ᠎ᠠ ᠱᠠᠭᠠᠷᠠᠳᠠᠬᠤ ᠶᠢ ᠪᠠᠷᠢᠮᠳᠠᠯᠠᠵᠤ ᠂ ᠤᠯᠤᠰ ᠲᠦᠷᠦ ᠶᠢᠨ ᠤᠬᠠᠮᠰᠠᠷ ᠂ ᠭᠣᠣᠯᠳᠠᠯᠭ᠎ᠠ ᠶᠢᠨ ᠦᠵᠡᠯ ᠤᠬᠠᠮᠰᠠᠷ ᠂ ᠳᠡᠭᠰᠢ ᠦᠵᠡᠬᠦ ᠦᠵᠡᠯ ᠤᠬᠠᠮᠰᠠᠷ ᠂ ᠠᠷᠢᠭᠤᠨ ᠴᠢᠭᠡᠴᠢ ᠰᠤᠷᠳᠠᠯ ᠪᠤᠢ ᠪᠤᠯᠭᠠᠬᠤ ᠂ ᠵᠤᠷᠢᠭᠲᠠᠢ ᠡᠭᠦᠷᠭᠡᠯᠡᠬᠦ ᠂ ᠢᠳᠡᠪᠬᠢᠲᠠᠢ ᠠᠵᠢᠯ ᠬᠢᠬᠦ ᠰᠠᠢᠨ ᠠᠵᠢᠯ ᠤᠨ ᠰᠤᠷᠳᠠᠯ ᠢ ᠴᠢᠩᠭᠠᠳᠬᠠᠵᠤ ᠂ ᠪᠤᠳᠠᠳᠠᠢ ᠦᠢᠯᠡ ᠠᠵᠢᠯᠯᠠᠭ᠎ᠠ ᠪᠠᠷ ᠬᠠᠤᠯᠢ ᠴᠠᠭᠠᠵᠠ ᠶᠢᠨ ᠢᠳᠡᠬᠡᠯ ᠪᠢᠰᠢᠷᠡᠯ ᠪᠠ ᠬᠠᠤᠯᠢ ᠴᠠᠭᠠᠵᠠ ᠶᠢᠨ ᠢᠳᠡᠬᠡᠯ ᠵᠤᠷᠢᠭ ᠢ ᠢᠯᠡᠷᠡᠬᠦᠯᠵᠦ ᠂ ᠤᠯᠤᠰ ᠲᠦᠷᠦ ᠡᠷᠬᠢᠮᠯᠡᠬᠦ ᠂ ᠢᠳᠡᠭᠡᠯ ᠵᠤᠷᠢᠭ ᠲᠠᠢ ᠂ ᠲᠦᠷᠢᠮ ᠳᠤᠭᠳᠠᠭᠠᠯ ᠡᠷᠬᠢᠮᠯᠡᠬᠦ ᠂ ᠰᠠᠬᠢᠯᠭ᠎ᠠ ᠪᠠᠲᠤ ᠲᠠᠢ ᠂ ᠶᠤᠰᠤ ᠮᠤᠷᠠᠯ ᠢ ᠡᠷᠬᠢᠮᠯᠡᠬᠦ ᠂ ᠵᠠᠩ ᠰᠤᠷᠳᠠᠯ ᠰᠠᠢᠨ ᠂ ᠭᠤᠶᠠᠴᠢ ᠦᠭᠡᠢ ᠪᠡᠷ ᠵᠢᠳᠬᠦᠬᠦ ᠶᠢ ᠡᠷᠬᠢᠮᠯᠡᠬᠦ ᠂ ᠠᠮᠵᠢᠯᠲᠠ ᠪᠦᠲᠦᠭᠡᠯ ᠲᠠᠢ ᠰᠢᠨ᠎ᠠ ᠴᠠᠭ ᠦᠶ᠎ᠠ ᠳᠤ ᠬᠢᠷᠢ ᠲᠡᠩᠴᠡᠭᠰᠡᠨ ᠨᠠᠮ ᠤᠨ ᠬᠡᠰᠢᠬᠦᠨ ᠰᠢᠭᠦᠭᠴᠢ ᠪᠤᠯᠬᠤ ᠬᠡᠷᠡᠭᠲᠡᠢ ᠂ 9 ᠰᠠᠷᠠᠢᠨ 30 ᠡᠳᠦᠷ ᠦᠨ ᠦᠳᠡ ᠶᠢᠨ ᠡᠮᠦᠨ᠎ᠠ ᠂ ᠬᠤᠳᠠ ᠶᠢᠨ ᠳᠤᠮᠳᠠ ᠵᠡᠷᠭᠡ ᠶᠢᠨ ᠰᠢᠬᠦᠬᠦ ᠬᠤᠷᠢᠶ᠎ᠠ ᠪᠦᠬᠦ ᠬᠤᠳᠠ ᠶᠢᠨ ᠰᠢᠬᠦᠬᠦ ᠬᠤᠷᠢᠶᠠᠨ ᠤ《ᠬᠤᠶᠠᠷ ᠢ ᠰᠤᠷᠤᠯᠴᠠᠵᠤ ᠨᠢᠬᠡ ᠬᠢᠬᠦ ᠶᠢ ᠦᠢᠯᠡᠳᠦᠯᠭᠡᠵᠢᠬᠦᠯᠬᠦ ᠂ ᠬᠢᠷᠢ ᠳᠡᠩᠴᠡᠭᠰᠡᠨ ᠰᠢᠭᠦᠭᠴᠢ ᠪᠤᠯᠬᠤ ᠪᠠᠷ ᠴᠢᠷᠮᠠᠢᠬᠤ》ᠶᠠᠷᠢᠶ᠎ᠠ ᠢᠯᠡᠳᠬᠡᠯ ᠦᠨ ᠤᠷᠤᠯᠳᠤᠭᠠᠨ ᠦᠷᠨᠢᠬᠦᠯᠪᠡ᠃

ᠳᠤᠰ ᠤᠳᠠᠭᠠᠨ ᠤ ᠶᠠᠷᠢᠶ᠎ᠠ ᠢᠯᠡᠳᠬᠡᠯ ᠦᠨ ᠤᠷᠤᠯᠳᠤᠭᠠᠨ ᠨᠢ ᠬᠤᠶᠠᠷ ᠢ ᠰᠤᠷᠤᠯᠴᠠᠵᠤ ᠨᠢᠬᠡ ᠬᠢᠬᠦ ᠶᠢ ᠦᠢᠯᠡᠳᠦᠯᠭᠡᠵᠢᠬᠦᠯᠬᠦ ᠂ ᠬᠢᠷᠢ ᠳᠡᠩᠴᠡᠭᠰᠡᠨ ᠰᠢᠭᠦᠭᠴᠢ ᠪᠤᠯᠬᠤ ᠪᠠᠷ ᠴᠢᠷᠮᠠᠢᠬᠤ》ᠭᠤᠤᠯ ᠰᠡᠳᠦᠪ ᠲᠦ ᠲᠦᠪᠯᠡᠷᠡᠵᠦ ᠂ ᠠᠷᠠᠳ ᠤᠨ ᠰᠢᠬᠦᠬᠦ ᠬᠤᠷᠢᠶᠠᠨ ᠤ ᠠᠵᠢᠯ ᠵᠢᠴᠢ ᠳᠤᠰ ᠪᠡᠶ᠎ᠠ ᠶᠢᠨ ᠬᠢᠨᠢ ᠠᠵᠢᠯ ᠤᠨ ᠪᠠᠢᠷᠢ ᠶᠢᠨ ᠤᠨᠴᠠᠯᠢᠭ ᠲᠠᠢ ᠤᠶᠠᠯᠳᠤᠨ ᠂ ᠪᠦᠬᠦ ᠬᠤᠳᠠ ᠶᠢᠨ ᠰᠢᠬᠦᠬᠦ ᠬᠤᠷᠢᠶᠠᠨ ᠤ ᠨᠠᠮ ᠤᠨ ᠬᠡᠰᠢᠬᠦᠨ ᠰᠢᠭᠦᠭᠴᠢ ᠨᠢ《ᠬᠤᠶᠠᠷ ᠢ ᠰᠤᠷᠤᠯᠴᠠᠵᠤ ᠨᠢᠭᠡ ᠶᠢ ᠬᠢᠬᠦ》ᠰᠤᠷᠤᠯᠴᠠᠯᠭ᠎ᠠ ᠶᠢᠨ ᠰᠤᠷᠭᠠᠨ ᠬᠦᠮᠦᠵᠢᠯ ᠪᠠ ᠰᠢᠬᠦᠨ ᠳᠠᠰᠤᠯᠤᠯᠲᠠ ᠶᠢ ᠭᠦᠢᠴᠡᠳᠬᠡᠬᠦ ᠠᠵᠢᠯ ᠦᠢᠯᠡᠰ ᠦᠨ ᠳᠤᠮᠳᠠᠬᠢ ᠤᠬᠠᠮᠵᠢ ᠵᠢᠴᠢ ᠤᠯᠤᠯᠲᠠ  ᠶᠢ ᠬᠦᠢᠴᠡᠳ ᠢᠯᠡᠷᠡᠬᠦᠯᠪᠡ ᠃ ᠬᠤᠳᠠ ᠶᠢᠨ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠤᠯᠤᠰ ᠲᠦᠷᠦ ᠶᠢᠨ ᠬᠡᠯᠳᠡᠰ ᠦᠨ ᠡᠷᠬᠢᠯᠡᠭᠴᠢ ᠯᠢᠤᠢ ᠵᠢᠶᠦ᠋ᠨ ᠢ ᠂ ᠬᠤᠳᠠ ᠶᠢᠨ ᠨᠠᠮ ᠤᠨ ᠬᠤᠷᠢᠶᠠᠨ ᠤ ᠵᠤᠬᠢᠶᠠᠨ ᠪᠠᠢᠭᠤᠯᠬᠤ ᠬᠡᠯᠳᠡᠰ ᠦᠨ ᠬᠢᠵᠦ ᠰᠤᠷᠭᠠᠬᠤ ᠭᠠᠵᠠᠷ  ᠤᠨ ᠳᠠᠷᠤᠭ᠎ᠠ ᠬᠡᠷᠡᠯᠲᠦ ᠪᠤᠯᠤᠨ ᠬᠤᠳᠠ ᠶᠢᠨ ᠰᠢᠭᠤᠳ ᠬᠠᠷᠢᠶ᠎ᠠ ᠪᠠᠢᠭᠤᠯᠭ᠎ᠠ ᠶᠢᠨ ᠠᠵᠢᠯ ᠤᠨ ᠬᠤᠷᠢᠶᠠᠨ ᠤ ᠤᠬᠠᠭᠤᠯᠬᠤ ᠬᠡᠯᠳᠡᠰ ᠦᠨ ᠡᠷᠬᠢᠯᠡᠭᠴᠢ ᠪᠢᠴᠢᠭᠡᠴᠢ ᠷᠸᠨ ᠵᠢᠶᠤᠸᠠᠨ ᠳᠤᠰ ᠤᠳᠠᠭᠠᠨ ᠤ ᠶᠠᠷᠢᠶ᠎ᠠ ᠢᠯᠡᠳᠬᠡᠯ ᠦᠨ ᠤᠷᠤᠯᠳᠠᠭᠠᠨ ᠳᠤ ᠤᠷᠢᠭᠳᠠᠨ ᠤᠷᠤᠯᠴᠠᠭᠰᠠᠨ ᠮᠦᠷᠲᠡᠭᠡᠨ ᠬᠢᠨᠠᠭᠴᠢ ᠪᠤᠯᠪᠠ ᠃ ᠬᠤᠳᠠ ᠶᠢᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠤᠳᠤᠷᠢᠳᠬᠤ ᠪᠠᠭ ᠤᠨ ᠪᠦᠬᠦ ᠬᠡᠰᠢᠬᠦᠨ ᠪᠤᠯᠤᠨ ᠪᠦᠬᠦ ᠺᠠᠲᠠᠷ ᠴᠠᠭᠳᠠᠭ᠎ᠠ ᠂ ᠳ᠋ᠦᠩᠱᠧᠩ ᠳᠤᠭᠤᠷᠢᠭ ᠤᠨ ᠠᠷᠠᠳ ᠤᠨ ᠰᠢᠬᠦᠬᠦ ᠬᠤᠷᠢᠶ᠎ᠠ ᠪᠤᠯᠤᠨ ᠡᠵᠡᠨ ᠬᠤᠷᠤᠭ᠎ᠠ ᠬᠤᠰᠢᠭᠤᠨ ᠤ ᠠᠷᠠᠳ ᠤᠨ ᠰᠢᠬᠦᠬᠦ ᠬᠤᠷᠢᠶᠠᠨ ᠤ ᠬᠡᠰᠡᠭ ᠺᠠᠲᠠᠷ ᠴᠠᠭᠳᠠᠭᠠᠨ ᠤ ᠲᠦᠯᠦᠭᠡᠯᠡᠭᠴᠢ ᠳᠤᠬᠠᠢ ᠶᠢᠨ ᠳᠠᠯᠠᠪᠤᠷ ᠲᠤ ᠤᠴᠢᠵᠤ ᠤᠷᠤᠯᠳᠠᠭᠠᠨ ᠢ ᠦᠵᠡᠪᠡ ᠃

ᠪᠦᠬᠦ ᠬᠤᠳᠠ ᠶᠢᠨ ᠰᠢᠬᠦᠬᠦ ᠬᠤᠷᠢᠶ᠎ᠠ ᠨᠡᠢᠳᠡ 10 ᠺᠠᠲᠠᠷ ᠴᠠᠭᠳᠠᠭ᠎ᠠ ᠳᠤᠰ ᠤᠳᠠᠭᠠᠨ ᠤ ᠤᠷᠤᠯᠳᠠᠭᠠᠨ ᠳᠤ ᠤᠷᠤᠯᠴᠠᠵᠤ ᠂ 8 ᠨᠡᠷᠡᠰ ᠤᠷᠤᠯᠴᠠᠭᠰᠠᠳ ᠢ ᠡᠯ᠎ᠠ ᠬᠤᠰᠢᠭᠤ ᠲᠤᠭᠤᠷᠢᠭ ᠤᠨ ᠰᠢᠬᠦᠬᠦ ᠬᠤᠷᠢᠶ᠎ᠠ ᠠᠴᠠ ᠰᠤᠩᠭᠤᠨ ᠬᠦᠷᠭᠡᠵᠦ ᠂ 2 ᠨᠡᠷᠡᠰ ᠤᠷᠤᠯᠴᠠᠭᠰᠠᠳ ᠨᠢ ᠬᠤᠳᠠ ᠶᠢᠨ ᠳᠤᠮᠳᠠ ᠵᠡᠷᠬᠡ ᠶᠢᠨ ᠰᠢᠬᠦᠬᠦ ᠬᠤᠷᠢᠶ᠎ᠠ ᠠᠴᠠ ᠰᠤᠩᠭᠤᠨ ᠬᠦᠷᠭᠡᠪᠡ ᠃ ᠤᠷᠤᠯᠳᠠᠭᠠᠨ ᠤ ᠳᠤᠬᠠᠢ ᠶᠢᠨ ᠳᠠᠯᠠᠪᠤᠷ ᠲᠤ ᠂ ᠤᠷᠤᠯᠴᠠᠭᠰᠠᠳ ᠳᠠᠭᠤ ᠰᠡᠳᠬᠢᠯ ᠬᠤᠤᠰᠠᠯᠠᠭᠤᠯᠤᠨ ᠶᠠᠷᠢᠶ᠎ᠠ  ᠳᠠᠯᠪᠢᠬᠤ ᠮᠦᠷᠲᠡᠭᠡᠨ ᠢᠷᠡᠭᠤ ᠰᠠᠢᠬᠠᠨ ᠳᠠᠢᠰᠠᠨ ᠰᠤᠷᠳᠠᠯ ᠲᠠᠢ ᠪᠠᠷ ᠠᠷᠠᠳ ᠤᠨ ᠰᠢᠬᠦᠭᠴᠢ ᠨᠠᠮ ᠳᠤ ᠪᠠᠨ ᠬᠠᠢᠷᠠᠲᠠᠢ ᠪᠠ ᠦᠨᠡᠨᠴᠢ ᠰᠢᠳᠤᠷᠭᠤ ᠂ ᠰᠢᠬᠦᠨ ᠳᠠᠰᠤᠯᠠᠬᠤ ᠠᠵᠢᠯ ᠦᠢᠯᠡᠰ ᠲᠦ ᠬᠠᠯᠠᠭᠤᠨ ᠰᠡᠳᠬᠢᠯ ᠢᠶᠡᠷ ᠬᠠᠨᠳᠤᠬᠤ ᠪᠠ ᠦᠨᠢᠳᠡ ᠪᠠᠷᠢᠮᠳᠠᠯᠠᠬᠤ ᠶᠢ ᠬᠦᠷᠨᠢᠵᠦ ᠪᠠᠢᠨ᠎ᠠ ᠃ ᠰᠢᠭᠦᠭᠴᠢ ᠶᠢᠨ ᠮᠤᠨᠠ ᠡᠷᠭᠦᠭᠦ ᠪᠠᠭᠤᠯᠭᠠᠬᠤ᠂ ᠡᠭᠦᠷᠭᠡ ᠦᠩᠭᠡ ᠭᠡᠷᠡᠯᠲᠡᠢ ᠂ ᠠᠷᠠᠳ ᠤᠨ ᠰᠢᠭᠦᠭᠴᠢ ᠂ ᠪᠦᠬᠦᠳᠡ ᠨᠠᠢᠷᠠᠮᠳᠠᠬᠤ ᠤᠯᠤᠰ ᠤᠨ ᠬᠠᠮᠠᠭᠠᠯᠠᠭᠴᠢ ᠂ ᠡᠳᠡᠭᠡᠷ ᠡᠳᠦᠷᠵᠢᠨ ᠰᠢᠬᠦᠬᠦ ᠬᠦᠢᠴᠡᠳᠬᠡᠬᠦ ᠨᠢᠬᠡᠳᠦᠭᠡᠷ ᠹᠷᠣᠨᠲ ᠳᠤ ᠰᠠᠬᠢᠵᠤ ᠰᠠᠭᠤᠭ᠎ᠠ ᠪᠠᠢᠯᠳᠤᠭᠴᠢᠳ ᠂ ᠬᠠᠶᠠ ᠴᠢᠩᠭ᠎ᠠ ᠬᠦᠴᠦᠲᠠᠢ ᠂ ᠬᠠᠶᠠ ᠢᠷᠠᠭᠤ ᠴᠡᠭᠡᠯᠭᠡᠨ ᠬᠤᠭᠤᠯᠠᠢ ᠪᠠᠷ ᠤᠯᠠᠨ ᠪᠡᠶ᠎ᠠ ᠪᠠᠷ ᠢᠶᠠᠨ ᠬᠠᠤᠯᠢ ᠶᠢ ᠬᠠᠮᠠᠭᠠᠯᠠᠵᠤ ᠂ ᠰᠢᠳᠤᠷᠭᠤ ᠶᠤᠰᠤ ᠶᠢ ᠬᠠᠮᠠᠭᠠᠯᠠᠭᠰᠠᠨ ᠰᠡᠳᠬᠢᠯ ᠬᠦᠳᠡᠯᠭᠡᠮ᠎ᠠ ᠦᠯᠢᠭᠡᠷ ᠢ ᠬᠡᠯᠡᠭᠰᠡᠨ ᠪᠠᠢᠨ᠎ᠠ ᠃《ᠰᠢᠬᠦᠭᠴᠢ》᠂ ᠬᠡᠴᠢᠨᠡᠭᠡᠨ ᠤᠯᠠᠨ ᠬᠦᠮᠦᠨ ᠡᠨᠡᠬᠦ ᠡᠬᠡᠯ ᠵᠢᠷ ᠮᠦᠷᠲᠡᠭᠡᠨ ᠠᠭᠤᠤ ᠶᠡᠬᠡ ᠲᠦᠷᠢ ᠶᠢ ᠡᠭᠦᠷᠭᠡᠯᠡᠵᠦ᠂ ᠪᠦᠬᠦ ᠳᠠᠯ᠎ᠠ ᠪᠠᠷ ᠬᠠᠤᠯᠢ ᠶᠤᠰᠤᠭᠠᠷ ᠤᠯᠤᠰ ᠵᠠᠰᠠᠬᠤ ᠠᠭᠤᠤ ᠶᠡᠬᠡ ᠶᠠᠪᠤᠴᠠ ᠳᠤᠮᠳᠠ ᠲᠦᠪ ᠭᠤᠤᠯᠴᠢ ᠶᠢ ᠵᠢᠷᠦᠮᠯᠡᠵᠦ ᠂ ᠬᠡᠷᠡᠭ ᠢ ᠭᠤᠤᠯᠴᠢ ᠪᠠᠷ ᠰᠢᠢᠳᠬᠡᠵᠦ ᠪᠠᠢᠨ᠎ᠠ ᠃

ᠶᠠᠷᠢᠶ᠎ᠠ ᠢᠯᠡᠳᠬᠡᠯ ᠦᠨ ᠤᠷᠤᠯᠳᠤᠭᠠᠨ ᠤ ᠶᠠᠪᠤᠴᠠ ᠰᠠᠢᠬᠠᠨ ᠶᠠᠪᠤᠭᠳᠠᠵᠤ ᠂ ᠤᠯᠠᠨ ᠦᠷᠨᠢᠯᠲᠡ ᠭᠠᠷᠴᠤ ᠂ ᠤᠷᠤᠯᠴᠠᠭᠰᠠᠳ ᠰᠡᠳᠬᠢᠯ ᠦᠨᠳᠦᠷ ᠂ ᠭᠤᠢᠳᠠ ᠰᠠᠢᠬᠠᠨ ᠶᠠᠷᠢᠶ᠎ᠠ ᠢᠯᠡᠳᠬᠡᠯ ᠨᠢ ᠦᠵᠡᠭᠰᠡᠳ ᠦᠨ ᠠᠯᠠᠭ᠎ᠠ ᠳᠠᠰᠢᠯᠲᠠ ᠶᠢ ᠳᠠᠰᠤᠷᠠᠯ ᠦᠬᠡᠢ ᠤᠯᠤᠭᠰᠠᠨ ᠪᠠᠢᠨ᠎ᠠ ᠃ ᠬᠤᠷᠴᠠ ᠰᠢᠷᠦᠭᠦᠨ ᠦᠷᠢᠰᠦᠯᠳᠦᠭᠡᠨ ᠢᠶᠡᠷ ᠳᠠᠮᠵᠢᠵᠤ ᠂ ᠬᠠᠮᠤᠭ ᠤᠨ ᠡᠴᠦᠰ ᠲᠦ ᠂ ᠤᠳᠤᠭ ᠤᠨ ᠡᠮᠦᠨᠡᠲᠦ ᠬᠤᠰᠢᠭᠤᠨ ᠤ ᠠᠷᠠᠳ ᠤᠨ ᠰᠢᠬᠦᠬᠦ ᠬᠤᠷᠢᠶᠠᠨ ᠤ ᠮᠦᠴᠢᠷ ᠦᠨ《ᠨᠠᠮ ᠤᠨ ᠦᠬᠢᠳ ᠬᠦᠪᠡᠭᠦᠳ ᠂ ᠠᠷᠠᠳ ᠤᠨ ᠰᠢᠭᠦᠭᠴᠢ》ᠭᠡᠰᠡᠨ ᠶᠠᠷᠢᠶ᠎ᠠ ᠢᠯᠡᠳᠬᠡᠯ ᠢᠶᠡᠷ ᠪᠦᠬᠦ ᠬᠤᠳᠠ ᠶᠢᠨ ᠰᠢᠬᠦᠬᠦ ᠬᠤᠷᠢᠶᠠᠨ ᠤ《ᠬᠤᠶᠠᠷ ᠢ ᠰᠤᠷᠤᠯᠴᠠᠵᠤ ᠨᠢᠬᠡ ᠬᠢᠬᠦ ᠶᠢ ᠦᠢᠯᠡᠳᠦᠯᠭᠡᠵᠢᠬᠦᠯᠬᠦ ᠂ ᠬᠢᠷᠢ ᠳᠡᠩᠴᠡᠭᠰᠡᠨ ᠰᠢᠭᠦᠭᠴᠢ ᠪᠤᠯᠬᠤ ᠪᠠᠷ ᠴᠢᠷᠮᠠᠢᠬᠤ》ᠶᠠᠷᠢᠶ᠎ᠠ ᠢᠯᠡᠳᠬᠡᠯ ᠦᠨ ᠤᠷᠤᠯᠳᠤᠭᠠᠨ ᠤ ᠲᠡᠷᠢᠬᠦᠨ ᠨᠡᠷ᠎ᠠ ᠶᠢ ᠠᠪᠤᠪᠠ ᠃ ᠬᠠᠩᠬᠢᠨ ᠬᠤᠰᠢᠭᠤᠨ ᠤ ᠠᠷᠠᠳ ᠤᠨ ᠰᠢᠬᠦᠬᠦ ᠬᠤᠷᠢᠶᠠᠨ ᠤ ᠭᠤᠤ ᠷᠦᠢ ᠂ ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠬᠦᠬᠦ ᠬᠤᠷᠢᠶᠠᠨ ᠤ ᠣᠣ ᠰᠢᠨ ᠢᠤᠢ ᠪᠤᠯᠤᠨ ᠦᠤᠰᠢᠨ ᠬᠤᠰᠢᠭᠤᠨ ᠤ ᠠᠷᠠᠳ ᠤᠨ ᠰᠢᠬᠦᠬᠦ ᠬᠤᠷᠢᠶᠠᠨ ᠤ ᠵᠠᠩ ᠶᠤᠸᠠᠨ ᠭᠤᠷᠪᠠᠨ ᠤᠷᠤᠯᠴᠠᠭᠴᠢ ᠳᠡᠳ᠋ ᠲᠦ ᠤᠷᠤᠵᠤ ᠂ ᠪᠤᠰᠤᠳ ᠤᠷᠤᠯᠴᠠᠭᠰᠠᠳ ᠨᠢ ᠳᠤᠰᠪᠤᠷᠢ ᠭᠤᠷᠪᠠᠳᠤᠭᠠᠷ ᠨᠡᠷ᠎ᠠ ᠪᠠ ᠰᠢᠯᠢᠳᠡᠭ ᠱᠠᠩᠨᠠᠯ ᠤᠯᠪᠠ ᠃ ᠬᠤᠳᠠ ᠶᠢᠨ ᠳᠤᠮᠳᠠ ᠵᠡᠷᠭᠡ ᠶᠢᠨ ᠰᠢᠬᠦᠬᠦ ᠬᠤᠷᠢᠶᠠᠨ ᠤ ᠨᠠᠮ ᠤᠨ ᠳᠤᠭᠤᠢᠯᠠᠩ ᠤᠨ ᠱᠦᠵᠢ ᠂ ᠤᠷᠤᠯᠠᠭᠴᠢ ᠬᠤᠷᠢᠶᠠᠨ ᠳᠠᠷᠤᠭ᠎ᠠ ᠯᠢ ᠾᠦᠩ ᠶᠠᠨ ᠂ ᠬᠤᠳᠠ ᠶᠢᠨ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠤᠯᠤᠰ ᠲᠦᠷᠦ ᠶᠢᠨ ᠬᠡᠯᠳᠡᠰ ᠦᠨ ᠡᠷᠬᠢᠯᠡᠭᠴᠢ ᠯᠢᠤᠢ ᠵᠢᠶᠦ᠋ᠨ ᠢ ᠪᠤᠯᠤᠨ ᠬᠤᠳᠠ ᠶᠢᠨ ᠳᠤᠮᠳᠠ ᠵᠡᠷᠭᠡ ᠶᠢᠨ ᠰᠢᠬᠦᠬᠦ ᠬᠤᠷᠢᠶᠠᠨ ᠤ ᠰᠢᠬᠦᠨ ᠳᠠᠰᠤᠯᠠᠬᠤ ᠺᠤᠮᠢᠰ ᠤᠨ ᠳᠤᠰᠬᠠᠢ ᠳᠤᠰᠢᠶᠠᠯᠳᠤ ᠬᠡᠰᠢᠬᠦᠨ ᠭᠸ ᠵᠦᠩ ᠫᠢᠩ ᠳᠤᠰᠪᠤᠷᠢ ᠱᠠᠩᠨᠠᠯ ᠤᠯᠤᠭᠰᠠᠳ ᠲᠤ ᠱᠠᠩᠨᠠᠯ ᠤᠯᠭᠤᠪᠠ ᠃

ᠤᠷᠤᠯᠳᠤᠭᠠᠨ ᠤ ᠳᠠᠷᠠᠭ᠎ᠠ ᠂ ᠬᠤᠳᠠ ᠶᠢᠨ ᠳᠤᠮᠳᠠ ᠵᠡᠷᠭᠡ ᠶᠢᠨ ᠰᠢᠬᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠢᠯᠠᠩ ᠤᠨ ᠱᠦᠵᠢ ᠂ ᠤᠷᠤᠯᠠᠭᠴᠢ ᠬᠤᠷᠢᠶᠠᠨ ᠳᠠᠷᠤᠭ᠎ᠠ ᠯᠢ ᠾᠥᠩ ᠶᠠᠨ ᠤᠷᠤᠯᠳᠤᠭᠠᠨ ᠳᠤ ᠤᠷᠤᠯᠴᠠᠭᠰᠠᠳ ᠤᠨ ᠶᠠᠷᠢᠶ᠎ᠠ ᠢᠯᠡᠳᠬᠡᠯ ᠳᠦ ᠦᠨᠳᠦᠷ ᠦᠨᠡᠯᠡᠯᠲᠡ ᠦᠭᠭᠦᠭᠰᠡᠨ ᠮᠦᠷᠲᠡᠭᠡᠨ ᠴᠢᠩ ᠰᠡᠳᠬᠢᠯ ᠦᠨ ᠬᠦᠰᠡᠯ ᠢᠶᠡᠨ ᠳᠤᠷᠠᠳᠤᠪᠠ ᠃ ᠯᠢ ᠾᠥᠩ ᠶᠠᠨ ᠬᠤᠷᠢᠶᠠᠨ ᠳᠠᠷᠤᠭ᠎ᠠ ᠵᠢᠭᠠᠵᠤ ᠭᠠᠷᠭᠠᠭᠰᠠᠨ ᠨᠢ ᠂ ᠲᠠᠨ ᠤ ᠶᠠᠷᠢᠶ᠎ᠠ ᠢᠯᠡᠳᠬᠡᠯ ᠢ ᠦᠵᠡᠭᠡᠳ ᠂ ᠦᠪᠡᠷ ᠦᠨ ᠡᠷᠬᠡ ᠦᠬᠡᠢ 1981 ᠤᠨ ᠳᠤ ᠪᠢ ᠰᠠᠶᠢ ᠠᠵᠢᠯ ᠤᠨ ᠪᠠᠢᠷᠢᠨ ᠳᠤ ᠭᠠᠷᠤᠭᠰᠠᠨ ᠢ ᠪᠤᠳᠤᠭᠳᠠᠭᠤᠯᠵᠤ ᠂ ᠲᠡᠷᠡ ᠦᠶ᠎ᠠ ᠳᠤ ᠪᠢ ᠰᠠᠶᠢᠬᠠᠨ 21 ᠵᠠᠯᠠᠭᠤ ᠰᠢᠭᠦᠭᠴᠢ ᠪᠠᠢᠵᠤ ᠂ ᠰᠢᠬᠦᠬᠦ ᠬᠤᠷᠢᠶᠠᠨ ᠤ ᠡᠭᠦᠳᠡ ᠶᠢ ᠠᠯᠬᠤᠭᠰᠠᠨ ᠠᠴᠠ ᠤᠳᠤ ᠪᠣᠯᠲᠠᠯ᠎ᠠ ᠂ ᠪᠢ ᠨᠢᠭᠡᠨᠲᠡ ᠬᠠᠤᠯᠢ ᠴᠠᠭᠠᠵᠠ ᠶᠢᠨ ᠠᠵᠢᠯ ᠤᠨ ᠪᠠᠢᠷᠢ ᠳᠡᠭᠡᠷ᠎ᠠ 36 ᠵᠢᠯ ᠪᠠᠳᠤ ᠰᠠᠬᠢᠭᠰᠠᠨ ᠪᠠᠢᠨ᠎ᠠ ᠃ ᠰᠢᠭᠦᠭᠴᠢ ᠂ ᠤᠯᠤᠰ ᠢ ᠲᠦᠯᠦᠭᠡᠯᠡᠵᠦ ᠰᠢᠬᠦᠨ ᠳᠠᠰᠤᠯᠤᠯᠲᠠ ᠶᠢᠨ ᠲᠦᠪ ᠭᠤᠤᠯᠴᠢ ᠰᠢᠳᠤᠷᠭᠤ ᠶᠤᠰᠤ ᠶᠠᠪᠤᠭᠳᠠᠭᠤᠯᠬᠤ ᠶᠢᠨ ᠬᠠᠮᠠᠭᠠᠯᠠᠭᠴᠢ ᠪᠠᠢᠵᠤ ᠂ ᠨᠢᠬᠡᠨ ᠬᠢᠷᠢ ᠳᠡᠩᠴᠡᠭᠰᠡᠨ ᠰᠢᠭᠦᠭᠴᠢ ᠪᠤᠯᠬᠤ ᠭᠡᠪᠡᠯ ᠂ ᠡᠷᠭᠡᠪᠰᠢ ᠪᠤᠰᠤᠳᠴᠢ ᠪᠦᠬᠡᠳ ᠲᠦᠪ ᠭᠤᠤᠯᠴᠢ ᠪᠠᠢᠬᠤ ᠵᠤᠭᠰᠤᠯᠲᠠ ᠶᠢ ᠢᠮᠠᠭᠲᠠ ᠪᠠᠷᠢᠮᠳᠠᠯᠠᠵᠤ ᠂ ᠪᠤᠳᠠᠳᠠᠢ ᠬᠠᠤᠯᠢ ᠴᠠᠭᠠᠵᠠ ᠶᠢᠨ ᠠᠵᠢᠯᠯᠠᠭ᠎ᠠ ᠳᠤᠮᠳᠠ ᠂ ᠪᠡᠶ᠎ᠠ ᠪᠠᠨ ᠳᠠᠭᠠᠭᠠᠨ ᠰᠡᠳᠬᠢᠵᠦ ᠂ ᠪᠡᠶ᠎ᠠ ᠪᠠᠨ ᠳᠠᠭᠠᠭᠠᠨ ᠮᠠᠭᠠᠳᠯᠠᠵᠤ ᠂ ᠬᠠᠤᠯᠢ ᠴᠠᠭᠠᠵᠠ ᠶᠢᠨ ᠨᠢᠩᠵᠢᠨ ᠰᠡᠳᠬᠢᠯ ᠢ ᠵᠢᠷᠦᠮᠯᠡᠵᠦ ᠂ ᠬᠡᠷᠡᠭ ᠢ ᠭᠤᠤᠯᠴᠢ ᠪᠠᠷ ᠰᠢᠢᠳᠪᠦᠷᠢᠯᠡᠬᠦ ᠶᠢ ᠪᠠᠷᠢᠮᠳᠠᠯᠠᠨ ᠂ ᠠᠷᠠᠳ ᠲᠦᠮᠡᠨ  ᠦ ᠲᠦᠯᠦᠬᠡ ᠰᠢᠳᠤᠷᠭᠤ ᠶᠤᠰᠤ ᠶᠢ ᠪᠠᠳᠤᠯᠠᠬᠤ ᠬᠡᠷᠡᠭᠲᠡᠢ ᠂ ᠵᠠᠯᠠᠭᠤ ᠰᠢᠭᠦᠭᠴᠢ ᠨᠠᠷ ᠪᠦᠬᠦᠳᠡ ᠠᠷᠢᠭᠤᠨ ᠳᠠᠷᠬᠠᠨ ᠰᠢᠬᠦᠨ ᠳᠠᠰᠤᠯᠠᠬᠤ ᠦᠢᠯᠡᠰ ᠲᠦ ᠦᠪᠡᠷ ᠦᠨ ᠬᠡᠷᠡᠯ ᠭᠡᠭᠡ ᠪᠡᠨ ᠵᠤᠷᠢᠭᠤᠯᠬᠤ ᠶᠢ ᠬᠦᠰᠡᠵᠦ ᠪᠠᠢᠨ᠎ᠠ ᠃ ᠪᠦᠬᠦ ᠬᠤᠳᠠ ᠶᠢᠨ ᠰᠢᠬᠦᠬᠦ ᠬᠤᠷᠢᠶᠠᠨ ᠤ ᠦᠷᠭᠡᠨ ᠤᠯᠠᠨ ᠰᠢᠭᠦᠭᠴᠢ ᠪᠦᠬᠦᠳᠡ 《ᠬᠤᠶᠠᠷ ᠢ ᠰᠤᠷᠤᠯᠴᠠᠵᠤ ᠨᠢᠬᠡ ᠬᠢᠬᠦ ᠶᠢ ᠦᠢᠯᠡᠳᠦᠯᠭᠡᠵᠢᠬᠦᠯᠬᠦ ᠂ ᠬᠢᠷᠢ ᠳᠡᠩᠴᠡᠭᠰᠡᠨ ᠰᠢᠭᠦᠭᠴᠢ ᠪᠤᠯᠬᠤ ᠪᠠᠷ ᠴᠢᠷᠮᠠᠢᠬᠤ》ᠰᠤᠷᠤᠯᠴᠯᠭ᠎ᠠ ᠶᠢᠨ ᠰᠤᠷᠭᠠᠨ ᠬᠦᠮᠦᠵᠢᠯ ᠢ ᠦᠢᠯᠡᠳᠦᠯᠭᠡᠵᠢᠭᠦᠯᠵᠦ ᠂ ᠬᠢᠷᠢ ᠳᠡᠩᠴᠡᠭᠰᠡᠨ ᠰᠢᠭᠦᠭᠴᠢ ᠪᠤᠯᠬᠤ ᠪᠠᠷ ᠴᠢᠷᠮᠠᠢᠵᠤ ᠬᠡᠷᠡᠭᠲᠡᠢ ᠃ ᠨᠠᠮ ᠤᠨ ᠲᠦᠷᠢᠮ ᠨᠠᠮ ᠤᠨ ᠳᠤᠭᠳᠠᠭᠠᠯ  ᠢ ᠬᠦᠨᠵᠡᠭᠡᠢ ᠰᠤᠷᠤᠯᠴᠠᠨ ᠂ ᠴᠢᠬᠤᠯᠠ ᠶᠠᠷᠢᠶ᠎ᠠ ᠶᠢ ᠰᠤᠷᠤᠯᠴᠠᠨ ᠂ ᠰᠢ ᠵᠢᠨ ᠫᠢᠩ ᠶᠡᠷᠦᠩᠬᠡᠢ ᠱᠦᠵᠢ ᠶᠢᠨ ᠳᠤᠷᠠᠳᠤᠭᠰᠠᠨ《ᠰᠠᠢᠨ ᠺᠠᠳᠠᠷ ᠤᠨ ᠪᠠᠷᠢᠮᠵᠢᠶ᠎ᠠ》ᠪᠤᠯᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠦ ᠪᠦᠲᠦᠭᠡᠨ ᠪᠠᠢᠭᠤᠯᠤᠯᠲᠠ ᠳᠤ ᠳᠤᠷᠠᠳᠤᠭᠰᠠᠨ 《ᠳᠠᠪᠤᠨ ᠪᠠᠳᠤ ᠪᠡᠬᠢ》ᠱᠠᠭᠠᠷᠳᠠᠯᠭ᠎ᠠ ᠪᠠᠷ ᠪᠡᠶ᠎ᠠ ᠪᠠᠨ ᠴᠢᠩᠭ᠎ᠠ ᠱᠠᠭᠠᠷᠳᠠᠵᠤ ᠂ ᠬᠠᠤᠯᠢ ᠶᠢ ᠬᠦᠨᠳᠦᠯᠡᠵᠦ ᠬᠠᠤᠯᠢ ᠶᠢ ᠬᠠᠮᠠᠭᠠᠯᠠᠬᠤ ᠵᠤᠷᠢᠭ ᠰᠠᠨᠠᠭ᠎ᠠ ᠂ ᠠᠷᠠᠳ ᠤᠨ ᠲᠦᠯᠦᠭᠡ ᠬᠠᠤᠯᠢ ᠪᠠᠷᠢᠬᠤ ᠰᠡᠳᠬᠢᠯᠬᠡ ᠂ ᠪᠤᠰᠤᠳᠴᠢ ᠡᠷᠬᠡ ᠳᠡᠭᠰᠢ ᠵᠤᠭᠰᠤᠯᠲᠠ ᠂ ᠬᠠᠤᠯᠢ ᠶᠢ ᠳᠠᠨᠢᠵᠤ ᠶᠤᠰᠤ ᠵᠠᠳᠠᠯᠬᠤ ᠴᠢᠳᠠᠪᠤᠷᠢ ᠂ ᠦᠩᠭᠡᠷᠡᠯᠲᠡ ᠪᠡᠨ ᠪᠠᠶᠠᠯᠢᠭᠵᠢᠭᠤᠯᠬᠤ ᠪᠠ ᠦᠭᠡ ᠪᠡᠨ ᠬᠢᠴᠢᠶᠡᠵᠦ ᠪᠡᠶ᠎ᠠ ᠪᠠᠨ ᠬᠡᠷᠰᠦᠯᠡᠬᠦ ᠵᠡᠷᠭᠡ ᠰᠤᠷᠳᠠᠯ ᠤᠨ ᠵᠢᠷᠭᠤᠭᠠᠨ ᠳᠠᠯ᠎ᠠ ᠪᠠᠷ ᠬᠢᠷᠢ ᠳᠡᠩᠴᠡᠭᠰᠡᠨ ᠰᠢᠭᠦᠭᠴᠢ ᠶᠢᠨ ᠦᠨᠳᠦᠰᠦᠨ ᠱᠠᠭᠠᠷᠳᠠᠯᠭ᠎ᠠ ᠶᠢ ᠠᠳᠬᠤᠵᠤ ᠂ ᠠᠷᠠᠳ ᠲᠦᠮᠡᠨ ᠢ ᠠᠯᠢᠪᠠ ᠬᠠᠤᠯᠢ ᠴᠠᠭᠠᠵᠠ ᠶᠢᠨ ᠬᠡᠷᠡᠭ ᠳᠤᠮᠳᠠ ᠪᠦᠷ ᠡᠷᠬᠡ ᠳᠡᠭᠰᠢ ᠪᠠᠢᠬᠤ ᠶᠢ ᠪᠠᠳᠤᠯᠠᠬᠤ ᠪᠠᠷ ᠴᠢᠷᠮᠠᠢᠬᠤ ᠬᠡᠷᠡᠭᠲᠡᠢ ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )