ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ《ᠬᠠᠤᠯᠢ ᠴᠠᠭᠠᠵᠠ ᠶᠢᠨ ᠲᠦᠪ ᠭᠤᠤᠯᠴᠢ ᠶᠢ ᠪᠠᠳᠤᠯᠠᠵᠤ ᠬᠤᠠᠯᠢ ᠴᠠᠭᠠᠵᠠ ᠶᠢᠨ ᠢᠳᠡᠬᠡᠬᠦᠯᠬᠦ ᠬᠦᠴᠦᠨ ᠢ ᠳᠡᠭᠡᠭᠰᠢᠯᠡᠬᠦᠯᠬᠦ》ᠤᠨᠤᠯ ᠤᠨ ᠰᠤᠳᠤᠯᠭᠠᠨ ᠤ ᠬᠤᠷᠠᠯ ᠵᠢᠴᠢ ᠰᠢᠭᠦᠭᠴᠢ ᠶᠢᠨ ᠶᠠᠷᠢᠯᠴᠠᠭᠠᠨ ᠤ ᠲᠠᠪᠴᠠᠩ ᠤᠷᠳᠤᠰ ᠬᠤᠳᠠ ᠶᠢᠨ ᠨᠠᠮ ᠤᠨ ᠬᠤᠷᠢᠶᠠᠨ ᠨᠠᠮ ᠤᠨ ᠰᠤᠷᠭᠠᠭᠤᠯᠢ ᠳᠤ ᠶᠠᠪᠤᠭᠳᠠᠭᠤᠯᠪᠠ
2016 ᠤᠨ ᠤ 8ᠰᠠᠷᠠᠢᠨ 26 ᠡᠳᠦᠷ ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠠᠤᠯᠢ ᠶᠢᠨ ᠤᠬᠠᠭᠠᠨ ᠤ ᠰᠤᠳᠤᠯᠠᠬᠤ ᠭᠠᠵᠠᠷ ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠡᠢᠬᠡᠮ ᠦᠨ ᠰᠢᠨᠵᠢᠯᠡᠬᠦ ᠤᠬᠠᠭᠠᠨ ᠤ ᠬᠤᠯᠪᠤᠭᠠᠳᠤ ᠬᠤᠷᠠᠯ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠰᠢᠭᠦᠭᠴᠢ ᠶᠢᠨ ᠨᠡᠢᠭᠡᠮᠯᠢᠭ ᠡᠴᠡ ᠭᠣᠣᠯᠯᠠᠨ ᠡᠷᠬᠢᠯᠡᠵᠦ ᠂ ᠤᠷᠳᠤᠰ ᠬᠤᠳᠠ ᠶᠢᠨ ᠨᠠᠮ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠪᠤᠯᠤᠨ ᠤᠷᠳᠤᠰ ᠬᠤᠳᠠ ᠶᠢᠨ ᠳᠤᠮᠳᠠ ᠵᠡᠷᠬᠡ ᠰᠢᠬᠦᠬᠦ ᠬᠤᠷᠢᠶ᠎ᠠ ᠡᠷᠬᠢᠯᠡᠭᠰᠡᠨ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ 《ᠬᠠᠤᠯᠢ ᠴᠠᠭᠠᠵᠠ ᠶᠢᠨ ᠲᠦᠪ ᠭᠤᠤᠯᠴᠢ ᠶᠢ ᠪᠠᠳᠤᠯᠠᠵᠤ ᠬᠤᠠᠯᠢ ᠴᠠᠭᠠᠵᠠ ᠶᠢᠨ ᠢᠳᠡᠬᠡᠬᠦᠯᠬᠦ ᠬᠦᠴᠦᠨ ᠢ ᠳᠡᠭᠡᠭᠰᠢᠯᠡᠬᠦᠯᠬᠦ》ᠤᠨᠤᠯ ᠤᠨ ᠰᠤᠳᠤᠯᠭᠠᠨ ᠤ ᠬᠤᠷᠠᠯ ᠵᠢᠴᠢ ᠰᠢᠭᠦᠭᠴᠢ ᠶᠢᠨ ᠶᠠᠷᠢᠯᠴᠠᠭᠠᠨ ᠤ ᠲᠠᠪᠴᠠᠩ ᠤᠷᠳᠤᠰ ᠬᠤᠳᠠ ᠶᠢᠨ ᠨᠠᠮ ᠤᠨ ᠬᠤᠷᠢᠶᠠᠨ ᠨᠠᠮ ᠤᠨ ᠰᠤᠷᠭᠠᠭᠤᠯᠢ ᠳᠤ ᠶᠠᠪᠤᠭᠳᠠᠭᠤᠯᠵᠤ ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠨᠠᠮ ᠤᠨ ᠰᠤᠷᠭᠠᠭᠤᠯᠢ ᠶᠢᠨ ᠤᠯᠤᠰ ᠲᠦᠷᠦ ᠬᠠᠤᠯᠢ ᠴᠠᠭᠠᠵᠠ ᠶᠢᠨ ᠶᠠᠮᠤᠨ ᠤ ᠳᠡᠳ᠋ ᠫᠷᠤᠹᠸᠰᠰᠤᠷ᠂ ᠳ᠋ᠣᠺᠲ᠋ᠣᠷ ᠭᠤᠤ ᠴᠠᠩ ᠵᠢᠶᠠᠨ ᠪᠤᠯᠤᠨ ᠦᠪᠦᠷ ᠮᠣᠩᠭᠤᠯ ᠶᠡᠬᠡ ᠰᠤᠷᠭᠠᠭᠤᠯᠢ ᠶᠢᠨ ᠫᠷᠤᠹᠸᠰᠰᠤᠷ᠂ ᠳ᠋ᠣᠺᠲ᠋ᠣᠷ ᠵᠸᠤ ᠪᠤᠤ ᠹᠸᠩ ᠵᠡᠷᠭᠡ ᠬᠠᠤᠯᠢ ᠴᠠᠭᠠᠵᠠ ᠶᠢᠨ ᠨᠡᠷᠡᠲᠦ ᠬᠦᠮᠦᠰ ᠂ ᠪᠦᠬᠦ ᠤᠯᠤᠰ ᠤᠨ ᠡᠯ᠎ᠠ ᠱᠠᠳᠤᠨ ᠤ ᠰᠢᠬᠦᠬᠦ ᠬᠤᠷᠢᠶ᠎ᠠ ᠵᠢᠴᠢ ᠨᠠᠮ ᠤᠨ ᠰᠤᠷᠭᠠᠭᠤᠯᠢ ᠨᠡᠢᠲᠡ 100 ᠢᠯᠡᠭᠦᠦ ᠬᠦᠮᠦᠨ ᠬᠤᠷᠠᠯᠳᠤᠭᠠᠨ ᠳᠤ ᠤᠷᠤᠯᠴᠠᠪᠠ ᠂ ᠬᠤᠷᠠᠯ ᠳᠡᠭᠡᠷ᠎ᠠ ᠂ ᠤᠷᠳᠤᠰ ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠬᠦᠬᠦ ᠬᠤᠷᠢᠶᠠᠨ ᠤ ᠬᠤᠷᠢᠶᠠᠨ ᠳᠠᠷᠤᠭ᠎ᠠ ᠯᠢ ᠾᠥᠩ ᠶᠠᠨ ᠨᠦᠬᠦᠷ ᠡᠷᠬᠢᠯᠡᠭᠴᠢ ᠳᠠᠯ᠎ᠠ ᠶᠢ ᠲᠦᠯᠦᠭᠡᠯᠡᠨ ᠤᠭᠳᠤᠬᠤ ᠦᠬᠡ ᠶᠠᠷᠢᠪᠠ ᠃
ᠬᠤᠷᠠᠯᠳᠤᠭᠠᠨ ᠳᠤ ᠨᠡᠢᠲᠡ 190 ᠬᠠᠭᠤᠳᠠᠰᠤ ᠥᠭᠦᠯᠡᠯ ᠂ ᠱᠠᠩᠨᠠᠯ ᠤᠯᠤᠭᠰᠠᠨ ᠦᠬᠦᠯᠡᠯ 88 ᠬᠠᠭᠤᠳᠠᠰᠤ ᠂ ᠤᠷᠳᠤᠰ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶ᠎ᠠ 19 ᠥᠭᠦᠯᠡᠯ ᠵᠤᠬᠢᠶᠠᠨ ᠪᠠᠢᠭᠤᠯᠤᠨ ᠦᠨᠡᠯᠡᠯᠲᠡ ᠳᠦ ᠤᠷᠤᠯᠴᠠᠭᠤᠯᠵᠤ ᠂ ᠡᠭᠦᠨ ᠦ ᠳᠤᠮᠳᠠ ᠡᠷᠡᠭᠦᠦ ᠶᠢᠨ ᠬᠡᠷᠡᠭ ᠦᠨ ᠬᠤᠶᠠᠳᠤᠭᠠᠷ ᠲᠢᠩᠬᠢᠮ ᠦᠨ ᠳᠡᠳ᠋ ᠲᠢᠩᠬᠢᠮ ᠦᠨ ᠳᠠᠷᠤᠭ᠎ᠠ ᠬᠥ᠋ ᠰᠢᠶᠤᠤ ᠳᠠ ᠶᠢᠨ《ᠬᠠᠤᠯᠢ ᠶᠤᠰᠤᠭᠠᠷ ᠪᠡᠶ᠎ᠠ ᠪᠠᠷ ᠳᠠᠭᠠᠭᠠᠨ ᠲᠦᠪ ᠭᠤᠤᠯᠴᠢ ᠪᠠᠷ ᠰᠢᠬᠦᠨ ᠳᠠᠰᠤᠯᠤᠯᠲᠠ ᠶᠢ ᠬᠡᠷᠡᠭᠵᠢᠬᠦᠯᠬᠦ ᠲᠦᠷᠢᠮᠵᠢᠯᠡᠯ ᠢ ᠳᠡᠭᠦᠯᠳᠡᠷᠵᠢᠬᠦᠯᠬᠦ ᠶᠢ ᠪᠠᠳᠤᠯᠠᠬᠤ》ᠪᠠ ᠳ᠋ᠦᠩᠱᠧᠩ ᠳᠤᠭᠤᠷᠢᠭ ᠤᠨ ᠠᠷᠠᠳ ᠤᠨ ᠰᠢᠬᠦᠬᠦ ᠬᠤᠷᠢᠶᠠᠨ ᠤ ᠳᠡᠳ᠋ ᠬᠤᠷᠢᠶᠠᠨ ᠤ ᠳᠠᠷᠤᠭ᠎ᠠ ᠵᠦ ᠭᠠᠩ ᠤᠨ《ᠡᠶᠡᠳᠡᠭᠦᠯᠦᠨ ᠵᠦᠪᠯᠡᠬᠦ ᠲᠢᠩᠬᠢᠮ ᠦᠨ ᠦᠭᠡᠷᠡᠴᠢᠯᠡᠯᠲᠡ ᠶᠢᠨ ᠳᠤᠬᠠᠢ ᠠᠩᠬᠠᠨ ᠤ ᠠᠵᠢᠭᠯᠠᠯᠲᠠ》ᠨᠢ ᠳᠤᠰᠪᠤᠷᠢ ᠭᠤᠷᠪᠠᠳᠤᠭᠠᠷ ᠳᠡᠰ ᠦᠨ ᠱᠠᠩᠨᠠᠯ ᠂ ᠤᠷᠳᠤᠰ ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠬᠦᠬᠦ ᠬᠤᠷᠢᠶ᠎ᠠ ᠰᠢᠯᠢᠳᠡᠭ ᠬᠠᠮᠳᠤ ᠨᠢᠭᠡᠴᠡ ᠶᠢᠨ ᠱᠠᠩᠨᠠᠯ ᠬᠦᠷᠳᠡᠪᠡ ᠃
ᠦᠨᠡᠯᠡᠬᠦ 0ᠦᠨᠡᠯᠡᠯᠲᠡ ᠲᠠᠢ