ᠬᠤᠳᠠ ᠶᠢᠨ ᠳᠤᠮᠳᠠ ᠵᠡᠷᠬᠡ ᠶᠢᠨ ᠰᠢᠬᠦᠬᠦ ᠬᠤᠷᠢᠶ᠎ᠠ  ᠠᠴᠠ ᠪᠦᠬᠦ ᠬᠤᠳᠠ ᠶᠢᠨ ᠰᠢᠬᠦᠬᠦ ᠬᠤᠷᠢᠶ᠎ᠠ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠤᠳᠤᠷᠢᠳᠤᠯᠭ᠎ᠠ ᠤᠷᠳᠤᠰ ᠢ ᠪᠠᠢᠴᠠᠭᠠᠨ
2016.10.13 ᠲᠣᠰ ᠥᠷᠲᠡᠭᠡᠨ ᠦ ᠨᠠᠢᠷᠠᠭᠤᠯᠤᠭᠴᠢ

ᠬᠤᠳᠠ ᠶᠢᠨ ᠳᠤᠮᠳᠠ ᠵᠡᠷᠬᠡ ᠶᠢᠨ ᠰᠢᠬᠦᠬᠦ ᠬᠤᠷᠢᠶ᠎ᠠ  ᠠᠴᠠ ᠪᠦᠬᠦ ᠬᠤᠳᠠ ᠶᠢᠨ ᠰᠢᠬᠦᠬᠦ ᠬᠤᠷᠢᠶ᠎ᠠ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠤᠳᠤᠷᠢᠳᠤᠯᠭ᠎ᠠ ᠤᠷᠳᠤᠰ ᠢ ᠪᠠᠢᠴᠠᠭᠠᠨ ᠰᠤᠳᠤᠯᠤᠭᠰᠠᠨ ᠴᠢᠬᠤᠯᠠ ᠶᠠᠷᠢᠶ᠎ᠠ ᠶᠢ ᠰᠤᠷᠤᠯᠴᠠᠨ ᠳᠤᠤᠱᠢᠯᠠᠭᠤᠯᠬᠤ ᠵᠢᠴᠢ《ᠬᠤᠶᠠᠷ ᠢ ᠰᠤᠷᠤᠯᠴᠠᠵᠤ ᠨᠢᠬᠡ ᠶᠢ ᠬᠢᠬᠦ》ᠰᠤᠷᠤᠯᠴᠠᠯᠭ᠎ᠠ ᠰᠤᠷᠭᠠᠨ ᠬᠦᠮᠦᠵᠢᠯ ᠢ ᠲᠦᠯᠬᠢᠨ ᠠᠬᠢᠭᠤᠯᠬᠤ ᠬᠤᠷᠠᠯ

 

 

 

 

 

 

 

 

 

 

 

 

 

 

 

 

 

 

 

10 ᠰᠠᠷᠠᠢᠨ 12 ᠡᠳᠦᠷ ᠂ᠬᠤᠳᠠ ᠶᠢᠨ ᠳᠤᠮᠳᠠ ᠵᠡᠷᠬᠡ ᠶᠢᠨ ᠰᠢᠬᠦᠬᠦ ᠬᠤᠷᠢᠶ᠎ᠠ ᠪᠦᠬᠦ ᠬᠤᠳᠠ ᠶᠢᠨ ᠬᠤᠶᠠᠷ ᠱᠠᠳᠤᠨ ᠤ ᠰᠢᠬᠦᠬᠦ ᠶᠢᠨ ᠬᠤᠷᠢᠶᠠᠨ ᠤ ᠸᠢᠳᠢᠣ᠋ ᠬᠤᠷᠠᠯᠳᠤᠭᠠᠨ ᠢ ᠬᠤᠷᠠᠯᠳᠤᠭᠤᠯᠵᠤ ᠂ ᠠᠷᠠᠳ ᠤᠨ ᠳᠡᠭᠡᠳᠦ ᠰᠢᠬᠦᠬᠦ ᠬᠤᠷᠢᠶᠠᠨ ᠤ ᠬᠤᠯᠪᠤᠭᠳᠠᠯ ᠪᠦᠬᠦᠢ ᠪᠢᠴᠢᠭ᠌ ᠮᠠᠲ᠋ᠧᠷᠢᠶᠠᠯ ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠯᠢ ᠵᠢᠢ ᠾᠸᠩ ᠱᠦᠵᠢ᠂ ᠵᠠᠰᠠᠭ ᠤᠨ ᠤᠷᠳᠤᠨ ᠤ ᠪᠦ ᠰᠢᠶᠤᠤ ᠯᠢᠨ ᠲᠡᠷᠢᠭᠦᠯᠡᠭᠴᠢ ᠤᠷᠳᠤᠰ ᠢ ᠪᠠᠢᠴᠠᠭᠠᠨ ᠰᠤᠳᠤᠯᠠᠬᠤ ᠦᠶᠡᠰ ᠦᠨ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠵᠢᠴᠢ ᠬᠤᠳᠠ ᠶᠢᠨ ᠨᠠᠮ ᠤᠨ ᠬᠤᠷᠢᠶᠠᠨ ᠤ ᠪᠠᠢ ᠢᠦᠢ ᠭᠠᠩ ᠱᠦᠵᠢ ᠪᠦᠬᠦ ᠬᠤᠳᠠ ᠶᠢᠨ ᠺᠠᠳᠠᠷ ᠤᠨ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠳᠠᠮᠵᠢᠭᠤᠯᠤᠨ ᠰᠤᠷᠤᠯᠴᠠᠵᠤ ᠂ ᠪᠦᠬᠦ ᠬᠤᠳᠠ ᠶᠢᠨ ᠰᠢᠬᠦᠬᠦ ᠬᠤᠷᠢᠶ᠎ᠠ《ᠬᠤᠶᠠᠷ ᠢ ᠰᠤᠷᠤᠯᠴᠠᠵᠤ ᠨᠢᠬᠡ ᠶᠢ ᠬᠢᠬᠦ》ᠰᠤᠷᠤᠯᠴᠠᠯᠭ᠎ᠠ ᠰᠤᠷᠭᠠᠨ ᠬᠦᠮᠦᠵᠢᠯ ᠪᠤᠯᠤᠨ ᠳᠠᠷᠠᠭᠠᠴᠢ ᠶᠢᠨ ᠠᠯᠬᠤᠮ ᠤᠨ ᠰᠢᠬᠦᠨ ᠳᠠᠰᠤᠯᠤᠯᠲᠠ ᠬᠦᠢᠴᠡᠳᠬᠡᠬᠦ ᠠᠵᠢᠯ ᠢ ᠳᠤᠭᠢᠷᠠᠭᠤᠯᠵᠤ ᠂ ᠪᠦᠬᠦ ᠬᠤᠳᠠ ᠶᠢᠨ ᠰᠢᠬᠦᠬᠦ ᠬᠤᠷᠢᠶᠠᠨ ᠤ ᠺᠠᠲᠠᠷ ᠴᠠᠭᠳᠠᠭ᠎ᠠ ᠬᠠᠷᠢᠭᠤᠴᠠᠯᠭᠠᠲᠤ ᠰᠡᠳᠬᠢᠯᠭᠡ ᠪᠤᠯᠤᠨ ᠪᠠᠴᠢᠮ ᠳᠤᠯᠭᠠᠮ᠎ᠠ ᠰᠡᠳᠬᠢᠯᠬᠡ  ᠪᠡᠨ ᠴᠢᠩᠭᠠᠳᠬᠠᠭᠤ  ᠶᠢ ᠳᠠᠢᠴᠢᠯᠠᠨ ᠂ ᠢᠳᠡᠬᠡᠯ ᠵᠤᠷᠢᠭ ᠢ ᠪᠠᠳᠤᠳᠬᠠᠵᠤ ᠂ ᠳᠡᠭᠡᠷ᠎ᠠ ᠳᠤᠤᠷ᠎ᠠ ᠰᠡᠳᠬᠢᠯ ᠨᠢᠬᠡᠲᠠᠢ ᠂ ᠪᠦᠬᠦ ᠬᠦᠴᠦᠨ ᠢᠶᠡᠷ ᠴᠢᠷᠮᠠᠢᠵᠤ ᠂ ᠬᠦᠴᠢᠷᠳᠡᠯ ᠢ ᠳᠤᠭᠤᠯᠵᠤ ᠂ ᠪᠦᠬᠦ ᠵᠢᠯ ᠦᠨ ᠡᠯ᠎ᠠ ᠲᠦᠷᠦᠯ ᠦᠨ ᠡᠭᠦᠷᠭᠡ ᠬᠠᠷᠠᠯᠲᠠ ᠶᠢ ᠳᠡᠭᠦᠰ ᠠᠮᠵᠢᠯᠲᠠ ᠳᠠᠢ ᠪᠡᠶᠡᠯᠡᠬᠦᠯᠬᠦ ᠬᠡᠷᠡᠭᠲᠡᠢ ᠃

ᠬᠤᠷᠠᠯᠳᠤᠭᠠᠨ ᠢ ᠹᠠᠨ ᠶᠢᠦ ᠹᠠ ᠳᠡᠳ᠋ ᠬᠤᠷᠢᠶᠠᠨ ᠳᠠᠷᠤᠭ᠎ᠠ ᠡᠷᠬᠢᠯᠡᠵᠦ ᠂ ᠬᠤᠳᠠ ᠶᠢᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠭᠤᠤᠯ ᠬᠤᠷᠠᠯ ᠤᠨ ᠳᠠᠯᠠᠪᠤᠷ ᠲᠤ ᠬᠤᠳᠠ ᠶᠢᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠤᠳᠤᠷᠢᠳᠬᠤ ᠪᠠᠭ ᠵᠢᠴᠢ ᠪᠦᠬᠦ ᠬᠤᠷᠢᠶᠠᠨ ᠤ ᠺᠠᠲᠠᠷ ᠴᠠᠭᠳᠠᠭ᠎ᠠ ᠤᠷᠤᠯᠴᠠᠵᠤ᠂ ᠡᠯ᠎ᠠ ᠬᠤᠪᠢᠶᠠᠷᠢ ᠬᠤᠷᠠᠯ ᠤᠨ ᠳᠠᠯᠠᠪᠤᠷ ᠲᠤ ᠡᠯ᠎ᠠ ᠦᠨᠳᠦᠰᠦᠨ ᠱᠠᠳᠤᠨ ᠤ ᠰᠢᠬᠦᠬᠦ ᠬᠤᠷᠢᠶᠠᠨ ᠤ ᠤᠳᠤᠷᠢᠳᠬᠤ ᠪᠠᠭ ᠵᠢᠴᠢ ᠪᠦᠬᠦ ᠺᠠᠲᠠᠷ ᠴᠠᠭᠳᠠᠭ᠎ᠠ ᠤᠷᠤᠯᠴᠠᠪᠠ ᠃

ᠬᠤᠷᠠᠯ ᠳᠡᠭᠡᠷ᠎ᠠ ᠂ ᠠᠢ ᠹᠸᠢ ᠳᠡᠳ᠋ ᠬᠤᠷᠢᠶᠠᠨ ᠳᠠᠷᠤᠭ᠎ᠠ ᠪᠤᠯᠤᠨ ᠽᠠᠩ ᠵᠢᠶᠠᠨ ᠫᠢᠩ ᠪᠠᠢᠴᠠᠭᠠᠨ ᠰᠤᠳᠤᠯᠤᠭᠴᠢ ᠳᠤᠰᠪᠤᠷᠢ ᠠᠷᠠᠳ ᠤᠨ ᠳᠡᠭᠡᠳᠦ ᠵᠡᠷᠬᠡ ᠶᠢᠨ ᠰᠢᠬᠦᠬᠦ ᠬᠤᠷᠢᠶᠠᠨ ᠤ ᠬᠤᠯᠪᠤᠭᠳᠠᠯ ᠪᠦᠬᠦᠢ ᠮᠡᠳᠡᠭᠳᠡᠯ ᠪᠢᠴᠢᠭ ᠮᠠᠲ᠋ᠧᠷᠢᠶᠠᠯ  ᠢ ᠳᠠᠮᠵᠢᠭᠤᠯᠤᠨ ᠰᠤᠷᠤᠯᠴᠠᠵᠤ ᠂ ᠬᠥ᠋ ᠴᠢᠩ ᠴᠤᠸᠠᠨ ᠳᠤᠭᠤᠢᠯᠠᠩ ᠤᠨ ᠳᠠᠷᠤᠭ᠎ᠠ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠯᠢ ᠵᠢᠢ ᠾᠸᠩ ᠱᠦᠵᠢ ᠶᠢᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠦᠪ ᠴᠢᠩᠭ᠎ᠠ ᠬᠤᠭᠤᠴᠠᠭ᠎ᠠ ᠰᠤᠯᠢᠬᠤ ᠲᠦᠷᠢᠮ ᠦᠨ ᠬᠠᠮᠳᠤ ᠶᠢᠨ ᠶᠠᠷᠢᠯᠴᠠᠭᠠᠨ ᠤ ᠬᠤᠷᠠᠯ ᠪᠤᠯᠤᠨ ᠪᠦᠬᠦ ᠤᠷᠤᠨ ᠤ《ᠬᠤᠶᠠᠷ ᠢ ᠰᠤᠷᠤᠯᠴᠠᠵᠤ ᠨᠢᠬᠡ ᠶᠢ ᠬᠢᠬᠦ》ᠰᠤᠷᠤᠯᠴᠠᠯᠭ᠎ᠠ ᠰᠤᠷᠭᠠᠨ ᠬᠦᠮᠦᠵᠢᠯ ᠢ ᠲᠦᠯᠬᠢᠨ ᠠᠬᠢᠭᠤᠯᠬᠤ ᠬᠤᠷᠠᠯ ᠳᠡᠭᠡᠷᠡᠭᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠳᠠᠮᠵᠢᠭᠤᠯᠤᠨ ᠰᠤᠷᠤᠯᠴᠠᠪᠠ ᠃ ᠯᠢ ᠵᠢᠩ ᠭᠦᠸᠸ ᠳᠡᠳ᠋ ᠬᠤᠷᠢᠶᠠᠨ ᠳᠠᠷᠤᠭ᠎ᠠ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠯᠢ ᠵᠢᠢ ᠾᠸᠩ ᠱᠦᠵᠢ ᠂ ᠵᠠᠰᠭ ᠤᠨ ᠤᠷᠳᠤᠨ ᠤ ᠪᠦ ᠰᠢᠶᠤᠤ ᠯᠢᠨ ᠲᠡᠷᠢᠭᠦᠯᠡᠭᠴᠢ ᠤᠷᠳᠤᠰ ᠤᠨ ᠪᠠᠢᠴᠠᠭᠠᠨ ᠰᠤᠳᠤᠯᠤᠬᠤ ᠴᠢᠬᠤᠯᠠ ᠵᠢᠭᠠᠪᠤᠷᠢ ᠴᠢᠬᠤᠯᠠ ᠶᠠᠷᠢᠶ᠎ᠠ ᠶᠢ ᠳᠠᠮᠵᠢᠭᠤᠯᠤᠨ ᠰᠤᠷᠤᠯᠴᠠᠪᠠ ᠃

ᠬᠤᠷᠠᠯ ᠳᠡᠭᠡᠷ᠎ᠠ ᠂ ᠯᠢ ᠾᠥᠩ ᠶᠠᠨ ᠬᠤᠷᠢᠶᠠᠨ ᠳᠠᠷᠤᠭ᠎ᠠ ᠬᠤᠳᠠ ᠶᠢᠨ ᠨᠠᠮ ᠤᠨ ᠬᠤᠷᠢᠶᠠᠨ ᠤ ᠪᠠᠢ ᠢᠦᠢ ᠭᠠᠩ ᠱᠦᠵᠢ ᠪᠦᠬᠦ ᠬᠤᠳᠠ ᠶᠢᠨ ᠺᠠᠳᠠᠷ ᠤᠨ ᠶᠡᠬᠡ ᠬᠤᠷᠠᠯ ᠳᠡᠬᠡᠷᠡᠬᠢ ᠴᠢᠬᠤᠯᠠ ᠶᠠᠷᠢᠶ᠎ᠠ ᠶᠢ ᠤᠤᠯ ᠶᠤᠰᠤᠭᠠᠷ ᠳᠠᠮᠵᠢᠭᠤᠯᠪᠠ ᠃ ᠯᠢ ᠾᠥᠩ ᠶᠠᠨ ᠬᠤᠷᠢᠶᠠᠨ ᠳᠠᠷᠤᠭ᠎ᠠ ᠵᠢᠭᠠᠵᠤ ᠭᠠᠷᠭᠠᠭᠰᠠᠨ ᠨᠢ ᠂ ᠪᠦᠬᠦ ᠬᠤᠳᠠ ᠶᠢᠨ ᠰᠢᠬᠦᠬᠦ ᠬᠤᠷᠢᠶᠠᠨ ᠤ ᠺᠠᠲᠠᠷ ᠴᠠᠭᠳᠠᠭ᠎ᠠ ᠳᠤ ᠪᠠᠢ ᠱᠦᠵᠢ ᠶᠢᠨ ᠶᠠᠷᠢᠶ᠎ᠠ ᠶᠢ ᠨᠠᠷᠢᠯᠢᠭ ᠳᠠᠮᠵᠢᠭᠤᠯᠬᠤ ᠶᠢᠨ ᠠᠴᠢ ᠳᠤᠰᠠ ᠳᠤᠤᠷᠠᠬᠢ ᠬᠤᠶᠠᠷ ᠳᠠᠯ᠎ᠠ ᠪᠠᠢᠨ᠎ᠠ ᠄ ᠨᠢᠬᠡ ᠪᠤᠯ ᠤᠷᠳᠤᠰ ᠤᠨ ᠬᠦᠮᠦᠨ ᠪᠤᠯᠭᠠᠨ ᠤᠷᠳᠤᠰ ᠤᠨ ᠠᠵᠤ ᠠᠬᠤᠢ ᠶᠢᠨ ᠬᠦᠭᠵᠢᠯᠲᠡ ᠶᠢᠨ ᠴᠢᠭᠯᠡᠯ ᠳᠦ ᠪᠦᠬᠦ ᠳᠠᠯ᠎ᠠ ᠶᠢᠨ ᠤᠢᠯᠭᠠᠯᠲᠠ ᠪᠠ ᠳᠠᠨᠢᠯᠲᠠ ᠲᠠᠢ ᠪᠤᠯᠬᠤ ᠂ ᠤᠷᠳᠤᠰ ᠤᠨ ᠬᠦᠮᠦᠰ ᠳᠤᠬᠢᠶᠠᠯ ᠢ ᠠᠳᠬᠤᠵᠤ ᠠᠪᠬᠤ ᠶᠢ ᠵᠤᠷᠢᠭᠵᠢᠭᠤᠯᠵᠤ ᠂ ᠢᠳᠡᠬᠡᠯ ᠲᠦᠭᠦᠷᠡᠩ ᠪᠠᠢᠬᠤ ᠬᠡᠷᠡᠭᠲᠡᠢ ᠃ ᠤᠷᠳᠤᠰ ᠪᠤᠯ ᠦᠪᠦᠷ ᠮᠤᠩᠭᠤᠯ ᠤᠨ ᠂ ᠮᠦᠨᠴᠦ ᠳᠤᠮᠳᠠᠳᠤ ᠤᠯᠤᠰ ᠤᠨ ᠂ ᠨᠡᠩ ᠴᠦ ᠳᠡᠯᠡᠬᠡᠢ ᠳ᠋ᠠᠬᠢᠨ ᠤ ᠶᠤᠮ ᠂ ᠤᠷᠳᠤᠰ ᠢ ᠦᠪᠡᠷᠲᠡᠭᠡᠨ ᠵᠠᠰᠠᠬᠤ ᠤᠷᠤᠨ ᠤ ᠪᠦᠬᠦ ᠳᠠᠯ᠎ᠠ ᠵᠤᠭᠰᠤᠴᠠ ᠳᠡᠭᠡᠷ᠎ᠠ ᠂ ᠳᠡᠯᠡᠬᠡᠢ ᠨᠡᠢᠲᠡ ᠶᠢᠨ ᠬᠠᠷᠠᠴᠠ ᠶᠢᠨ ᠪᠠᠢᠷᠢᠰᠢᠭᠤᠯᠤᠯᠲᠠ ᠳᠤᠮᠳᠠ ᠠᠴᠠ ᠳᠠᠨᠢᠬᠤ ᠬᠡᠷᠡᠭᠲᠡᠢ ᠃ ᠨᠡᠩ ᠦᠨᠳᠦᠷ ᠵᠤᠭᠰᠤᠴᠠ ᠨᠡᠩ ᠦᠷᠭᠡᠨ ᠬᠠᠷᠠᠴᠠ ᠠᠴᠠ ᠲᠦᠯᠦᠪᠯᠡᠬᠦ ᠪᠠ ᠤᠷᠳᠤᠰ ᠤᠨ ᠬᠦᠭᠵᠢᠯᠲᠡ ᠶᠢ ᠲᠦᠯᠬᠢᠨ ᠠᠬᠢᠭᠤᠯᠬᠤ ᠭᠡᠪᠡᠯ ᠤᠷᠳᠤᠰ ᠬᠦᠮᠦᠨ ᠪᠦᠷᠢ ᠪᠦᠬᠦ ᠳᠠᠯ᠎ᠠ ᠳᠤ ᠦᠢᠯᠡᠴᠢᠯᠡᠬᠦ ᠤᠬᠠᠮᠰᠠᠷ ᠪᠠ ᠮᠡᠳᠡᠷᠡᠮᠵᠢ ᠶᠢ ᠪᠤᠢ ᠪᠤᠯᠭᠠᠬᠤ ᠬᠡᠷᠡᠭᠲᠡᠢ ᠃ ᠬᠤᠶᠠᠷ ᠪᠤᠯ ᠂ ᠳᠤᠬᠢᠶᠠᠯ ᠢ ᠤᠯᠵᠤ ᠬᠠᠷᠠᠬᠤ ᠶᠢᠨ ᠬᠠᠮᠳᠤ ᠂ ᠪᠢᠳᠡ ᠰᠢᠯᠭᠠᠯᠲᠠ ᠶᠢ ᠪᠠᠰᠠ ᠤᠯᠵᠤ ᠬᠠᠷᠠᠬᠤ ᠬᠡᠷᠡᠭᠲᠡᠢ ᠄ ᠰᠢᠬᠦᠬᠦ ᠬᠤᠷᠢᠶᠠᠨ ᠤ ᠠᠵᠢᠯ ᠨᠡᠩ ᠬᠦᠴᠢᠷᠳᠡᠯ ᠲᠠᠢ ᠰᠢᠯᠭᠠᠯᠲᠠ ᠳᠤ ᠳᠤᠯᠭᠠᠷᠠᠬᠤ ᠮᠠᠭᠠᠳ ᠃ ᠬᠦᠭᠵᠢᠯᠲᠡ ᠪᠠᠢᠪᠠᠯ ᠯᠠᠪᠳᠠᠢ ᠲᠦᠭᠰᠢᠭᠦᠷᠢ ᠪᠠᠢᠨ᠎ᠠ ᠂ ᠡᠳᠡᠭᠡᠷ ᠲᠦᠭᠰᠢᠭᠦᠷᠢ ᠨᠢ ᠵᠦᠷᠢᠴᠡᠯ᠂ ᠵᠢᠭᠤᠷᠤᠯᠳᠤᠭᠠᠨ ᠪᠤᠯᠵᠤ ᠬᠤᠪᠢᠷᠠᠬᠤ ᠪᠤᠯᠤᠯᠴᠠᠭ᠎ᠠ ᠲᠠᠢ ᠂ ᠡᠳᠡᠭᠡᠷ ᠨᠢ ᠰᠢᠬᠦᠬᠦ ᠬᠤᠷᠢᠶᠠᠨ ᠳᠤ ᠤᠷᠤᠵᠤ ᠢᠷᠡᠬᠦ ᠶᠤᠮ ᠂ ᠪᠦᠬᠦ ᠬᠤᠳᠠ ᠶᠢᠨ ᠺᠠᠲᠠᠷ ᠴᠠᠭᠳᠠᠭ᠎ᠠ ᠬᠦᠢᠴᠡᠳ ᠪᠡᠯᠡᠳᠬᠡᠯ ᠬᠢᠵᠦ ᠂ ᠬᠦᠨᠳᠤ ᠡᠭᠦᠷᠬᠡ ᠶᠢ ᠵᠤᠷᠢᠭᠲᠠᠢ ᠡᠭᠦᠷᠭᠡᠯᠡᠵᠦ ᠂ ᠤᠷᠳᠤᠰ ᠤᠨ ᠠᠵᠤ ᠠᠬᠤᠢ ᠨᠡᠢᠭᠡᠮ ᠦᠨ ᠬᠦᠭᠵᠢᠯᠲᠡ ᠢᠯᠭᠤᠮ ᠤᠷᠤᠭᠰᠢᠲᠠᠢ ᠶᠠᠪᠤᠭᠳᠠᠬᠤ ᠶᠢ ᠪᠠᠳᠤᠯᠠᠬᠤ ᠬᠡᠷᠡᠭᠲᠡᠢ ᠃

ᠯᠢ ᠾᠥᠩ ᠶᠠᠨ ᠬᠤᠷᠢᠶᠠᠨ ᠳᠠᠷᠤᠭ᠎ᠠ ᠪᠦᠬᠦ ᠬᠤᠳᠠ ᠶᠢᠨ ᠬᠤᠶᠠᠷ ᠱᠠᠳᠤᠨ ᠤ ᠰᠢᠬᠦᠬᠦ ᠬᠤᠷᠢᠶ᠎ᠠ ᠨᠠᠷᠢᠨ ᠬᠢᠨᠠᠮᠠᠭᠠᠢ 《ᠬᠤᠶᠠᠷ ᠢ ᠰᠤᠷᠤᠯᠴᠠᠵᠤ ᠨᠢᠬᠡ ᠶᠢ ᠬᠢᠬᠦ》 ᠶᠢ ᠶᠠᠪᠤᠭᠳᠠᠭᠤᠯᠬᠤ᠂ ᠪᠦᠬᠦ ᠳᠠᠯ᠎ᠠ ᠶᠢᠨ ᠠᠵᠢᠯ ᠢ ᠲᠦᠯᠬᠢᠨ ᠠᠬᠢᠭᠤᠯᠬᠤ  ᠳᠤ ᠭᠤᠷᠪᠠᠨ ᠰᠠᠨᠠᠯ ᠳᠤᠷᠠᠳᠤᠪᠠ᠄ ᠨᠢᠬᠡ ᠪᠤᠯ ᠪᠦᠬᠦ ᠬᠤᠳᠠ ᠶᠢᠨ ᠰᠢᠬᠦᠬᠦ ᠬᠤᠷᠢᠶ᠎ᠠ ᠵᠢᠯ ᠦᠨ ᠡᠬᠢᠨ ᠳᠦ ᠳᠤᠭᠳᠠᠭᠠᠭᠰᠠᠨ ᠠᠵᠢᠯ ᠤᠨ ᠬᠠᠷᠠᠯᠲᠠ ᠳᠤ ᠲᠦᠪᠯᠡᠷᠡᠵᠦ ᠂ ᠨᠠᠷᠢᠯᠢᠭ ᠲᠦᠯᠦᠪᠯᠡᠵᠦ ᠂ ᠯᠠᠪᠳᠠᠭᠤᠨ ᠲᠦᠯᠬᠢᠨ ᠠᠬᠢᠭᠤᠯᠵᠤ ᠂ ᠱᠠᠳᠤ ᠦᠶ᠎ᠠ ᠶᠢᠨ ᠴᠢᠨᠠᠷᠲᠠᠢ ᠰᠤᠷᠤᠯᠴᠠᠯᠭ᠎ᠠ ᠶᠢᠨ ᠦᠷ᠎ᠠ ᠪᠦᠲᠦᠮᠵᠢ ᠪᠠ ᠠᠵᠢᠯ ᠤᠨ ᠠᠮᠵᠢᠯᠲᠠ ᠤᠯᠤᠭᠰᠠᠨ ᠪᠠᠢᠨ᠎ᠠ ᠃ ᠦᠷᠭᠦᠯᠵᠢᠯᠡᠨ ᠬᠠᠷᠠᠯᠲᠠ ᠳᠤ ᠲᠦᠪᠯᠡᠷᠡᠵᠦ ᠂ ᠯᠠᠪᠳᠠᠭᠤᠨ ᠳᠤᠭᠳᠠᠭᠤᠨ《ᠬᠤᠶᠠᠷ ᠢ ᠰᠤᠷᠤᠯᠴᠠᠵᠤ ᠨᠢᠬᠡ ᠶᠢ ᠬᠢᠬᠦ》ᠰᠤᠷᠤᠯᠴᠠᠯᠭ᠎ᠠ ᠰᠤᠷᠭᠠᠨ ᠬᠦᠮᠦᠵᠢᠯ ᠪᠤᠯᠤᠨ ᠰᠢᠬᠦᠨ ᠳᠠᠰᠤᠯᠤᠯᠲᠠ ᠶᠢᠨ ᠠᠵᠢᠯ ᠢ ᠲᠦᠯᠬᠢᠨ ᠠᠬᠢᠭᠤᠯᠤᠨ᠎ᠠ ᠃ ᠬᠤᠶᠠᠷ ᠪᠤᠯ ᠠᠵᠢᠯ ᠤᠨ ᠠᠮᠵᠢᠯᠲᠠ ᠶᠢ ᠳ᠋ᠦᠩᠨᠡᠬᠦ ᠶᠢᠨ ᠬᠠᠮᠳᠤ ᠂ ᠤᠷᠤᠰᠢᠵᠤ ᠪᠠᠢᠭ᠎ᠠ ᠠᠰᠠᠭᠤᠳᠠᠯ ᠢ ᠤᠮᠳᠤᠭᠤᠢᠯᠠᠵᠤ ᠪᠤᠯᠬᠤ ᠦᠬᠡᠢ ᠃ ᠬᠤᠶᠠᠷ ᠱᠠᠳᠤᠨ ᠤ ᠰᠢᠬᠦᠬᠦ ᠬᠤᠷᠢᠶ᠎ᠠ《ᠬᠤᠶᠠᠷ ᠢ ᠰᠤᠷᠤᠯᠴᠠᠵᠤ ᠨᠢᠬᠡ ᠶᠢ ᠬᠢᠬᠦ》ᠰᠤᠷᠤᠯᠴᠠᠯᠭ᠎ᠠ ᠰᠤᠷᠭᠠᠨ ᠬᠦᠮᠦᠵᠢᠯ ᠢ ᠭᠦᠨᠵᠡᠭᠡᠢ ᠦᠷᠨᠢᠬᠦᠯᠬᠦ ᠂ ᠡᠯ᠎ᠠ ᠲᠦᠷᠦᠯ ᠦᠨ ᠠᠵᠢᠯ ᠢ ᠶᠡᠬᠡ ᠬᠦᠴᠦᠨ ᠢᠶᠡᠷ ᠲᠦᠯᠬᠢᠨ ᠠᠬᠢᠭᠤᠯᠬᠤ ᠶᠢᠨ ᠬᠠᠮᠳᠤ ᠂ ᠪᠢᠳᠡ ᠦᠪᠡᠷ ᠦᠨ ᠰᠢᠬᠦᠨ ᠳᠠᠰᠤᠯᠠᠬᠤ ᠬᠠᠮᠢᠶᠠᠷᠤᠯᠲᠠ ᠂ ᠡᠩᠨᠡᠭᠡᠨ ᠦ ᠪᠦᠲᠦᠭᠡᠨ ᠪᠠᠢᠭᠤᠯᠤᠯᠲᠠ ᠂ ᠨᠠᠮ ᠤᠨ ᠰᠤᠷᠳᠠᠯ ᠴᠢᠭᠡᠴᠢ ᠵᠠᠰᠠᠭ ᠤᠨ ᠪᠦᠲᠦᠭᠡᠨ ᠪᠠᠢᠭᠤᠯᠤᠯᠲᠠ ᠵᠡᠷᠭᠡ ᠳᠠᠯ᠎ᠠ ᠳᠤ ᠠᠰᠠᠭᠤᠳᠠᠯ ᠪᠠ ᠬᠦᠢᠴᠡᠳ ᠪᠤᠰᠤ ᠤᠷᠤᠰᠢᠵᠤ ᠪᠠᠢᠬᠤ ᠶᠢ ᠤᠯᠵᠤ ᠬᠠᠷᠠᠬᠤ ᠬᠡᠷᠡᠭᠲᠡᠢ ᠃ ᠠᠰᠠᠭᠤᠳᠠᠯ ᠳᠤ ᠵᠦᠪ ᠬᠠᠨᠳᠤᠵᠤ ᠂ ᠵᠠᠩᠭᠢᠯᠭ᠎ᠠ ᠶᠢ ᠤᠨᠤᠪᠴᠢᠲᠠᠢ ᠤᠯᠵᠤ ᠂ ᠠᠵᠢᠯ ᠢᠶᠠᠨ ᠰᠠᠢᠨ ᠬᠢᠬᠦ ᠪᠠᠴᠢᠮ ᠳᠤᠯᠭᠠᠮ᠎ᠠ ᠰᠡᠳᠬᠢᠯᠭᠡ ᠶᠢ ᠴᠢᠩᠭᠠᠳᠬᠠᠬᠤ ᠬᠡᠷᠡᠭᠲᠡᠢ ᠃ ᠭᠤᠷᠪᠠ ᠪᠤᠯ ᠪᠦᠬᠦ ᠬᠤᠳᠠ ᠶᠢᠨ ᠰᠢᠬᠦᠬᠦ ᠬᠤᠷᠢᠶ᠎ᠠ 《ᠬᠤᠶᠠᠷ ᠢ ᠰᠤᠷᠤᠯᠴᠠᠵᠤ ᠨᠢᠬᠡ ᠶᠢ ᠬᠢᠬᠦ》ᠰᠤᠷᠤᠯᠴᠠᠯᠭ᠎ᠠ ᠰᠤᠷᠭᠠᠨ ᠬᠦᠮᠦᠵᠢᠯ ᠢ ᠦᠷᠨᠢᠬᠦᠯᠬᠦ ᠦᠨᠳᠦᠰᠦᠨ ᠵᠤᠷᠢᠯᠭ᠎ᠠ ᠪᠤᠯ ᠨᠡᠩ ᠰᠠᠢᠨ ᠢᠶᠠᠷ ᠭᠤᠤᠤᠯ ᠠᠵᠢᠯ ᠳᠤ ᠪᠠᠨ ᠦᠢᠯᠡᠴᠢᠯᠡᠵᠦ ᠂ ᠰᠢᠬᠦᠨ ᠳᠠᠰᠤᠯᠤᠯᠲᠠ ᠶᠢᠨ ᠠᠵᠢᠯ ᠶᠠᠪᠤᠭᠳᠠᠬᠤ ᠶᠢ ᠠᠬᠢᠭᠤᠯᠤᠨ᠎ᠠ ᠃ ᠰᠤᠷᠤᠯᠴᠠᠯᠭ᠎ᠠ ᠰᠤᠷᠭᠠᠨ ᠬᠦᠮᠦᠵᠢᠯ ᠦᠨ ᠪᠤᠳᠠᠳᠠᠢ ᠦᠷ᠎ᠠ ᠪᠦᠳᠦᠮᠵᠢ ᠶᠢ ᠰᠢᠯᠭᠠᠨ ᠦᠵᠡᠬᠦ ᠳᠦ ᠂ ᠬᠠᠮᠤᠭ ᠡᠴᠦᠰ ᠲᠦ ᠰᠡᠳᠬᠢᠯ ᠨᠢᠭᠲᠠᠷᠠᠭᠤᠯᠬᠤ ᠂ ᠴᠤᠭ ᠵᠤᠯᠪᠤᠭ᠎ᠠ ᠪᠠᠨ ᠬᠦᠪᠴᠢᠯᠡᠬᠦ ᠳᠡᠭᠡᠷ᠎ᠠ ᠢᠯᠡᠷᠡᠵᠦ ᠂ ᠮᠠᠨ ᠤ ᠬᠤᠳᠠ ᠶᠢᠨ ᠬᠤᠶᠠᠷ ᠱᠠᠳᠤᠨ ᠤ ᠰᠢᠬᠦᠬᠦ ᠬᠤᠷᠢᠶᠠᠨ ᠤ ᠡᠯ᠎ᠠ ᠲᠦᠷᠦᠯ ᠦᠨ ᠠᠵᠢᠯ ᠤᠨ ᠦᠷ᠎ᠠ ᠪᠦᠲᠦᠮᠵᠢ ᠶᠢ ᠎ᠠᠬᠢᠭᠤᠯᠤᠨ᠎ᠠ ᠃ ᠦᠷᠬᠦᠯᠵᠢᠯᠡᠨ ᠪᠠᠢᠯᠳᠤᠬᠤ ᠵᠤᠷᠢᠭ ᠰᠠᠨᠠᠭ᠎ᠠ ᠶᠢ ᠪᠠᠳᠠᠷᠠᠭᠤᠯᠵᠤ ᠂ ᠲᠦᠷᠪᠡᠳᠦᠭᠡᠷ ᠤᠯᠠᠷᠢᠯ ᠤᠨ ᠡᠯ᠎ᠠ ᠲᠦᠷᠦᠯ ᠦᠨ ᠠᠵᠢᠯ ᠢ ᠪᠦᠬᠦ ᠬᠦᠴᠦᠨ ᠢᠶᠡᠷ ᠰᠠᠢᠳᠤᠷ ᠬᠢᠵᠦ ᠂ ᠠᠵᠢᠯ  ᠤᠨ ᠪᠦᠲᠦᠮᠵᠢ ᠪᠡᠷ《ᠬᠤᠶᠠᠷ ᠢ ᠰᠤᠷᠤᠯᠴᠠᠵᠤ ᠨᠢᠬᠡ ᠶᠢ ᠬᠢᠬᠦ》ᠰᠤᠷᠤᠯᠴᠠᠯᠭ᠎ᠠ ᠰᠤᠷᠭᠠᠨ ᠬᠦᠮᠦᠵᠢᠯ  ᠦᠨ ᠦᠷ᠎ᠠ ᠪᠦᠲᠦᠮᠵᠢ ᠶᠢ ᠰᠢᠯᠭᠠᠨ ᠪᠠᠢᠴᠠᠭᠠᠨ᠎ᠠ ᠃

ᠯᠢ ᠾᠥᠩ ᠶᠠᠨ ᠬᠤᠷᠢᠶᠠᠨ ᠳᠠᠷᠤᠭ᠎ᠠ ᠴᠢᠩᠭᠠᠳᠬᠠᠭᠰᠠᠨ ᠨᠢ ᠂ ᠤᠳᠤ ᠶᠢᠨ ᠪᠠᠢᠳᠠᠯ ᠠᠴᠠ ᠦᠵᠡᠪᠡᠯ ᠂ ᠳᠦᠷᠪᠡᠳᠦᠭᠡᠷ ᠤᠯᠠᠷᠢᠯ ᠵᠢᠴᠢ ᠬᠤᠵᠢᠮ ᠤᠨ ᠨᠢᠬᠡ ᠬᠡᠰᠡᠭ ᠬᠤᠭᠤᠴᠠᠭᠠᠨ ᠳᠤ ᠪᠦᠬᠦ ᠬᠤᠳᠠ ᠶᠢᠨ ᠰᠢᠬᠦᠬᠦ ᠬᠤᠷᠢᠶᠠᠨ ᠤ ᠬᠠᠤᠯᠢ ᠪᠠᠷᠢᠵᠤ ᠬᠡᠷᠡᠭ ᠰᠢᠢᠳᠪᠦᠷᠢᠯᠡᠬᠦ ᠳᠠᠷᠤᠭᠠᠰᠤ ᠮᠦᠨ ᠬᠦ ᠳᠤᠪᠤᠢᠮ᠎ᠠ ᠪᠠᠢᠵᠤ ᠂ ᠡᠭᠦᠨ ᠦ ᠬᠠᠮᠳᠤ ᠪᠠᠰᠠ ᠰᠢᠨ᠎ᠠ ᠪᠠᠢᠳᠠᠯ ᠂ ᠰᠢᠨ᠎ᠠ ᠠᠰᠠᠭᠤᠳᠠᠯ ᠳᠤᠯᠭᠠᠷᠠᠬᠤ ᠶᠤᠮ ᠃ ᠡᠮᠦᠨᠡᠬᠢ ᠵᠠᠮ ᠬᠡᠳᠦᠢᠪᠡᠷ ᠬᠦᠴᠢᠷ ᠲᠠᠢ ᠪᠤᠯᠪᠠᠴᠤ ᠂ ᠤᠤᠯ ᠵᠤᠷᠢᠯᠭ᠎ᠠ ᠪᠠᠨ ᠮᠠᠷᠳᠠᠵᠤ ᠪᠤᠯᠬᠤ ᠦᠬᠡᠢ᠃ ᠪᠦᠬᠦ ᠬᠤᠳᠠ ᠶᠢᠨ ᠬᠤᠶᠠᠷ ᠱᠠᠳᠤᠨ ᠤ ᠰᠢᠬᠦᠬᠦ ᠬᠤᠷᠢᠶ᠎ᠠ ᠬᠠᠷᠢᠭᠤᠴᠠᠯᠭᠠᠲᠤ ᠰᠡᠳᠬᠢᠯᠭᠡ ᠪᠠ ᠪᠠᠴᠢᠮ ᠳᠤᠯᠭᠠᠮ᠎ᠠ ᠰᠡᠳᠬᠢᠯᠭᠡ ᠪᠡᠨ ᠪᠤᠳᠠᠳᠠᠢ ᠴᠢᠩᠭᠠᠳᠬᠠᠬᠤ ᠶᠢ ᠬᠦᠰᠡᠵᠦ ᠂ ᠢᠳᠡᠬᠡᠯ ᠵᠤᠷᠢᠭ ᠢᠶᠠᠨ ᠪᠠᠳᠤᠳᠬᠠᠵᠤ ᠂ ᠳᠡᠭᠡᠷ᠎ᠡ ᠳᠤᠤᠷ᠎ᠠ ᠰᠡᠳᠬᠢᠯ ᠨᠢᠬᠡᠳᠦᠨ ᠂ ᠪᠦᠬᠦ ᠬᠦᠴᠦᠨ ᠢᠶᠡᠷ ᠴᠢᠷᠮᠠᠢᠵᠤ ᠂ ᠬᠦᠴᠢᠷᠳᠡᠯ ᠢ ᠳᠠᠪᠠᠵᠤ ᠂ ᠪᠦᠬᠦ ᠵᠢᠯ ᠦᠨ ᠡᠯ᠎ᠠ ᠲᠦᠷᠦᠯ ᠦᠨ ᠠᠵᠢᠯ ᠢᠶᠠᠨ ᠪᠦᠷᠢᠨ ᠳᠡᠬᠦᠯᠳᠡᠷ ᠪᠡᠶᠡᠯᠡᠬᠦᠯᠬᠦ ᠶᠢ ᠪᠠᠳᠤᠯᠠᠬᠤ ᠬᠡᠷᠡᠭᠲᠡᠢ ᠃

ᠹᠠᠨ ᠶᠢᠦ ᠹᠠ ᠳᠡᠳ᠋ ᠬᠤᠷᠢᠶᠠᠨ ᠳᠠᠷᠤᠭ᠎ᠠ ᠳ᠋ᠦᠩᠨᠡᠯᠲᠡ ᠶᠢᠨ ᠶᠠᠷᠢᠶ᠎ᠠ ᠳᠠᠯᠪᠢᠪᠠ ᠂ ᠲᠡᠷᠡ ᠪᠦᠬᠦ ᠬᠤᠳᠠ ᠶᠢᠨ ᠰᠢᠬᠦᠬᠦ ᠬᠤᠷᠢᠶᠠᠨ ᠤ ᠺᠠᠲᠠᠷ ᠴᠠᠭᠳᠠᠭ᠎ᠠ ᠳᠤᠰ ᠤᠳᠠᠭᠠᠨ ᠤ ᠬᠤᠷᠠᠯᠳᠤᠭᠠᠨ ᠤ ᠵᠤᠷᠢᠭ ᠰᠠᠨᠠᠭ᠎ᠠ ᠶᠢ ᠬᠢᠨᠠᠮᠠᠭᠠᠢ ᠳᠤᠤᠱᠢᠯᠠᠭᠤᠯᠬᠤ ᠶᠢ ᠱᠠᠭᠠᠷᠳᠠᠵᠤ ᠂ ᠵᠤᠷᠢᠭᠳᠠᠢ ᠪᠤᠳᠤᠵᠤ ᠵᠤᠷᠢᠭᠲᠠᠢ ᠬᠢᠬᠦ ᠵᠤᠷᠢᠭ ᠰᠦᠰᠦ ᠶᠢ ᠪᠤᠢ ᠪᠤᠯᠭᠠᠵᠤ ᠂ ᠶᠡᠬᠡᠪᠡᠷ ᠬᠢᠵᠦ ᠲᠦᠷᠭᠡᠨ ᠬᠢᠬᠦ  ᠶᠢ ᠪᠠᠷᠢᠮᠳᠠᠯᠠᠵᠤ ᠂ ᠤᠷᠬᠢᠯᠤᠮ᠎ᠠ ᠬᠠᠯᠠᠭᠤᠨ ᠰᠡᠳᠬᠢᠯᠬᠡ ᠲᠠᠢ ᠪᠠᠢᠳᠠᠯ ᠢ ᠬᠦᠭᠵᠢᠭᠡᠵᠦ ᠂ ᠬᠥᠬᠡᠬᠣᠲᠠ ᠪᠤᠭᠤᠳᠤ ᠤᠷᠳᠤᠰ ᠡᠶ᠎ᠠ ᠵᠤᠬᠢᠴᠠᠩᠭᠤᠢ ᠬᠦᠭᠵᠢᠬᠦ ᠳᠦ ᠪᠠᠳᠤ ᠪᠡᠬᠢ ᠬᠠᠤᠯᠢ ᠶᠢᠨ ᠪᠠᠳᠤᠯᠭ᠎ᠠ ᠬᠠᠩᠭᠠᠨ᠎ᠠ ᠃《ᠬᠤᠶᠠᠷ ᠢ ᠰᠤᠷᠤᠯᠴᠠᠵᠤ ᠨᠢᠬᠡ ᠶᠢ ᠬᠢᠬᠦ》ᠰᠤᠷᠤᠯᠴᠠᠯᠭ᠎ᠠ ᠰᠤᠷᠭᠠᠨ ᠬᠦᠮᠦᠵᠢᠯ ᠦᠨ ᠦᠷ᠎ᠠ ᠪᠦᠲᠦᠮᠵᠢ  ᠶᠢ ᠴᠠᠬ ᠳᠤᠬᠠᠢ  ᠳᠤ ᠨᠢ ᠮᠠᠨ ᠤ ᠬᠤᠳᠠ ᠶᠢᠨ ᠬᠤᠶᠠᠷ ᠱᠠᠳᠤᠨ ᠤ ᠰᠢᠬᠦᠬᠦ ᠬᠤᠷᠢᠶᠠᠨ ᠤ ᠡᠯ᠎ᠠ ᠲᠦᠷᠦᠯ ᠦᠨ ᠠᠵᠢᠯ ᠤᠨ ᠪᠤᠳᠠᠳᠠᠢ ᠠᠵᠢᠯᠯᠠᠭ᠎ᠠ ᠶᠢ ᠲᠦᠯᠬᠢᠨ ᠠᠬᠢᠭᠤᠯᠬᠤ ᠬᠦᠴᠦᠨ ᠪᠤᠯᠭᠠᠵᠤ ᠬᠤᠪᠢᠷᠠᠭᠤᠯᠬᠤ ᠬᠡᠷᠡᠭᠲᠡᠢ ᠂ ᠪᠦᠬᠦ ᠬᠦᠴᠦᠨ ᠢᠶᠡᠷ ᠴᠢᠷᠮᠡᠢᠵᠤ ᠂ ᠬᠦᠴᠢᠷᠳᠡᠯ ᠢ ᠳᠠᠪᠠᠵᠤ ᠪᠦᠬᠦ ᠬᠤᠳᠠ ᠶᠢᠨ ᠬᠤᠶᠠᠷ ᠱᠠᠳᠤᠨ ᠤ ᠰᠢᠬᠦᠬᠦ ᠬᠤᠷᠢᠶᠠᠨ ᠤ ᠡᠯ᠎ᠠ ᠲᠦᠷᠦᠯ ᠦᠨ ᠬᠠᠷᠠᠯᠲᠠ ᠡᠭᠦᠷᠭᠡ ᠳᠡᠭᠦᠰ ᠠᠮᠵᠢᠯᠲᠠ ᠤᠯᠬᠤ ᠶᠢ ᠪᠠᠳᠤᠯᠠᠨ᠎ᠠ ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )