ᠤᠷᠳᠤᠰ ᠬᠤᠳᠠ ᠶᠢᠨ ᠬᠤᠶᠠᠷ ᠱᠠᠳᠤᠨ ᠤ ᠰᠢᠬᠦᠬᠦ ᠬᠤᠷᠢᠶ᠎ᠠ《ᠵᠠᠭᠤᠨ ᠡᠳᠦᠷ ᠦᠨ ᠪᠡᠬᠢᠯᠡᠯᠲᠡ ᠰᠢᠪᠲᠤᠯᠬᠤ》ᠨᠠᠮᠤᠷ ᠤᠨ ᠤᠯᠠᠷᠢᠯ ᠲᠤᠭᠰᠢᠨ ᠰᠠᠯᠬᠢ ᠲᠦᠪᠯᠡᠷᠡᠬᠦᠯᠦᠨ ᠬᠦᠢᠴᠡᠳᠬᠡᠬᠦ ᠠᠵᠢᠯᠯᠠᠭ᠎ᠠ ᠦᠷᠨᠢᠬᠦᠯᠪᠡ
2016.11.21 ᠲᠣᠰ ᠥᠷᠲᠡᠭᠡᠨ ᠦ ᠨᠠᠢᠷᠠᠭᠤᠯᠤᠭᠴᠢ

 

 

 

 

 

 

 

 

 

10 ᠰᠠᠷᠠᠢᠨ 21 ᠡᠳᠦᠷ ᠦᠨ ᠦᠳᠡ ᠶᠢᠨ ᠡᠮᠦᠨ᠎ᠠ ᠂ ᠤᠷᠳᠤᠰ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶ᠎ᠠ ᠬᠦᠢᠴᠡᠳᠬᠡᠯ ᠦᠨ ᠵᠢᠯᠤᠭᠤᠳᠬᠤ ᠲᠦᠪ ᠲᠦ ᠪᠦᠬᠦ ᠬᠤᠳᠠ ᠶᠢᠨ ᠬᠤᠶᠠᠷ ᠱᠠᠳᠤᠨ ᠤ ᠰᠢᠬᠦᠬᠦ ᠬᠤᠷᠢᠶᠠᠨ ᠤ《ᠵᠠᠭᠤᠨ ᠡᠳᠦᠷ ᠦᠨ ᠪᠡᠬᠢᠯᠡᠯᠲᠡ ᠰᠢᠪᠳᠤᠯᠠᠬᠤ》ᠨᠠᠮᠤᠷ ᠤᠨ ᠤᠯᠠᠷᠢᠯ ᠤᠨ ᠳᠤᠭᠰᠢᠨ ᠰᠠᠯᠬᠢ ᠲᠦᠪᠯᠡᠷᠡᠭᠦᠯᠦᠨ ᠬᠦᠢᠴᠡᠳᠬᠡᠬᠦ ᠠᠵᠢᠯᠯᠠᠭ᠎ᠠ ᠶᠢᠨ ᠡᠬᠢᠯᠡᠬᠦ ᠶᠤᠰᠤᠯᠠᠯ ᠢ ᠶᠠᠪᠤᠭᠳᠠᠭᠤᠯᠪᠠ ᠃

ᠡᠬᠢᠯᠡᠯᠲᠡ ᠶᠢᠨ ᠶᠤᠰᠤᠯᠠᠯ ᠳᠡᠭᠡᠷ᠎ᠠ ᠂ ᠬᠤᠳᠠ ᠳᠤᠮᠳᠠ ᠵᠡᠷᠬᠡ ᠶᠢᠨ ᠬᠦᠢᠴᠡᠳᠬᠡᠬᠦ ᠳᠤᠪᠴᠢᠶᠠᠨ ᠤ ᠳᠤᠪᠴᠢᠶᠠᠨ ᠳᠠᠷᠤᠭ᠎ᠠ ᠵᠠᠩ ᠶᠤᠸᠠᠢ ᠹᠸᠩ 《ᠵᠠᠭᠤᠨ ᠡᠳᠦᠷ ᠦᠨ ᠪᠡᠬᠢᠯᠡᠯᠲᠡ ᠰᠢᠪᠲᠤᠯᠬᠤ》ᠨᠠᠮᠤᠷ ᠤᠨ ᠤᠯᠠᠷᠢᠯ ᠲᠤᠭᠰᠢᠨ ᠰᠠᠯᠬᠢ ᠲᠦᠪᠯᠡᠷᠡᠬᠦᠯᠦᠨ ᠬᠦᠢᠴᠡᠳᠬᠡᠬᠦ ᠠᠵᠢᠯᠯᠠᠭ᠎ᠠ ᠶᠢᠨ ᠲᠦᠰᠦᠪ ᠢ ᠤᠩᠰᠢᠵᠤ ᠂ ᠬᠤᠳᠠ ᠶᠢᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠳᠡᠳ᠋ ᠬᠤᠷᠢᠶᠠᠨ ᠳᠠᠷᠤᠭ᠎ᠠ ᠹᠠᠨ ᠶᠢᠦ ᠹᠠ ᠳᠠᠢᠴᠢᠯᠠᠯᠲᠠ ᠶᠢᠨ ᠶᠠᠷᠢᠶ᠎ᠠ ᠳᠠᠯᠪᠢᠵᠤ ᠂ ᠬᠤᠳᠠ ᠶᠢᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠤᠷᠤᠯᠠᠭᠴᠢ ᠬᠤᠷᠢᠶᠠᠨ ᠳᠠᠷᠤᠭ᠎ᠠ ᠯᠢ ᠾᠥᠩ ᠶᠠᠨ ᠬᠦᠳᠡᠯᠭᠡᠭᠡᠨ ᠵᠢᠩᠬᠢᠨᠢ ᠪᠡᠷ ᠡᠬᠢᠯᠡᠭᠰᠡᠨ ᠢ ᠨᠡᠢᠳᠡᠯᠡᠪᠡ ᠃

ᠳᠤᠰ ᠤᠳᠠᠭᠠᠨ ᠤ《ᠵᠠᠭᠤᠨ ᠡᠳᠦᠷ ᠦᠨ ᠪᠡᠬᠢᠯᠡᠯᠲᠡ ᠰᠢᠪᠲᠤᠯᠬᠤ》ᠨᠠᠮᠤᠷ ᠤᠨ ᠤᠯᠠᠷᠢᠯ ᠲᠤᠭᠰᠢᠨ ᠰᠠᠯᠬᠢ ᠲᠦᠪᠯᠡᠷᠡᠬᠦᠯᠦᠨ ᠬᠦᠢᠴᠡᠳᠬᠡᠬᠦ ᠠᠵᠢᠯᠯᠠᠭ᠎ᠠ ᠳᠤᠮᠳᠠ ᠪᠦᠬᠦ ᠬᠤᠳᠠ ᠶᠢᠨ ᠰᠢᠬᠦᠬᠦ ᠬᠤᠷᠢᠶ᠎ᠠ《ᠠᠯᠪᠠᠳᠠᠯᠭ᠎ᠠ ᠶᠢᠨ ᠴᠢᠨᠠᠷ ᠲᠠᠢ ᠂ ᠰᠤᠷᠠᠭ ᠵᠠᠨᠬᠢᠴᠢᠯᠠᠯᠲᠠ ᠂ ᠲᠦᠵᠢᠮᠵᠢᠯᠡᠯᠲᠡ》ᠠᠵᠢᠯ ᠤᠨ ᠲᠦᠰᠦᠪᠯᠡᠭᠡ ᠳᠦ ᠲᠦᠪᠯᠡᠷᠡᠨ᠂ ᠨᠢᠬᠡᠳᠦᠯᠲᠡᠢ ᠤᠳᠤᠷᠢᠳᠬᠤ᠂ ᠨᠢᠬᠡᠳᠦᠯᠲᠡᠢ ᠳᠤᠬᠢᠷᠠᠭᠤᠯᠬᠤ ᠂ ᠨᠢᠬᠡᠳᠦᠯᠲᠡᠢ ᠵᠢᠯᠤᠭᠤᠳᠬᠤ ᠶᠢ ᠬᠡᠷᠡᠭᠵᠢᠭᠦᠯᠵᠦ ᠂ ᠨᠢᠬᠡ ᠰᠠᠷ᠎ᠠ ᠶᠢᠨ ᠴᠠᠭ ᠵᠠᠷᠤᠴᠠᠭᠤᠯᠵᠤ ᠡᠮᠦᠨ᠎ᠠ ᠬᠡᠳᠦ ᠤᠳᠠᠭᠠᠨ ᠤ ᠬᠦᠳᠡᠯᠭᠡᠭᠡᠨ ᠳᠦ ᠮᠦᠨ ᠰᠢᠢᠳᠪᠦᠷᠢᠯᠡᠬᠡ ᠦᠭᠡᠢ ᠬᠡᠷᠡᠭ ᠢ ᠲᠦᠪᠯᠡᠷᠡᠭᠦᠯᠦᠨ ᠰᠢᠢᠳᠪᠦᠷᠢᠯᠡᠵᠦ ᠂ 《ᠬᠤᠶᠠᠷ ᠠᠴᠠ ᠭᠤᠷᠪᠠᠨ ᠵᠢᠯ ᠦᠨ ᠳᠤᠳᠤᠷ᠎ᠠ ᠬᠦᠢᠴᠡᠳᠬᠡᠬᠦ ᠬᠦᠴᠢᠷ ᠠᠰᠠᠭᠤᠳᠠᠯ ᠢ ᠦᠨᠳᠦᠰᠦᠨ ᠡᠴᠡ ᠰᠢᠢᠳᠪᠦᠷᠢᠯᠡᠬᠦ》 ᠳᠦ ᠰᠠᠭᠤᠷᠢ ᠳᠠᠯᠪᠢᠵᠤ ᠂ ᠢᠳᠡᠭᠡᠯᠲᠦ ᠤᠷᠳᠤᠰ ᠢ ᠪᠦᠲᠦᠭᠡᠨ ᠪᠠᠢᠭᠤᠯᠬᠤ ᠳᠤ ᠬᠠᠤᠯᠢ ᠴᠠᠭᠠᠵᠠ ᠶᠢᠨ ᠪᠠᠳᠤᠯᠭ᠎ᠠ ᠬᠠᠩᠭᠠᠨ᠎ᠠ ᠃

ᠠᠵᠢᠯᠯᠠᠭ᠎ᠠ ᠡᠬᠢᠯᠡᠭᠰᠡᠨ  ᠦ ᠳᠠᠷᠠᠭ᠎ᠠ ᠂ ᠬᠤᠳᠠ ᠶᠢᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ 7 ᠠᠵᠢᠯᠯᠠᠭᠠᠨ ᠤ ᠳᠤᠭᠤᠢᠯᠠᠩ ᠵᠢᠴᠢ ᠡᠯ᠎ᠠ ᠬᠤᠰᠢᠭᠤᠨ ᠤ ᠰᠢᠬᠦᠬᠦ ᠬᠤᠷᠢᠶᠠᠨ ᠤ ᠠᠵᠢᠯᠯᠠᠭᠠᠨ ᠤ ᠳᠤᠭᠤᠢᠯᠠᠩ ᠨᠢ ᠳᠠᠷᠠᠭᠠᠬᠢ ᠨᠢᠬᠡ ᠰᠠᠷ᠎ᠠ ᠶᠢᠨ ᠳᠤᠳᠤᠷ᠎ᠠ ᠂ ᠠᠵᠢᠯᠯᠠᠭᠠᠨ ᠤ ᠲᠦᠰᠦᠪ ᠱᠠᠭᠷᠳᠠᠯᠭ᠎ᠠ ᠶᠤᠰᠤᠭᠠᠷ ᠂ ᠨᠦᠬᠦᠴᠡᠯ ᠳᠦ ᠨᠡᠢᠴᠡᠭᠰᠡᠨ ᠬᠡᠷᠡᠭ ᠦᠨ ᠭᠦᠢᠴᠡᠳᠭᠡᠭᠳᠡᠬᠦ ᠬᠦᠮᠦᠨ ᠳᠦ ᠠᠯᠪᠠᠳᠠᠯᠭ᠎ᠠ ᠶᠢᠨ ᠠᠷᠭ᠎ᠠ ᠬᠡᠮᠵᠢᠶ᠎ᠠ ᠠᠪᠤᠨ᠎ᠠ ᠃ 10 ᠰᠠᠷᠠᠢᠨ 21 ᠡᠳᠦᠷ ᠦᠨ ᠦᠳᠡ ᠶᠢᠨ ᠬᠤᠢᠨ᠎ᠠ ᠶᠢᠨ 3 ᠴᠠᠭ ᠪᠤᠯᠳᠠᠯ᠎ᠠ᠂ ᠬᠤᠳᠠ ᠶᠢᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠠᠵᠢᠯᠯᠠᠭᠠᠨ ᠤ ᠳᠤᠭᠤᠢᠯᠠᠩ ᠨᠢᠭᠡᠨᠲᠡ ᠬᠤᠶᠠᠷ ᠭᠦᠢᠴᠡᠳᠭᠡᠭᠳᠡᠬᠦ ᠬᠦᠮᠦᠨ ᠢ ᠲᠦᠷ ᠬᠤᠷᠢᠭᠰᠠᠨ ᠪᠠᠢᠨ᠎ᠠ ᠃ ᠪᠦᠬᠦ ᠬᠤᠳᠠ ᠶᠢᠨ ᠬᠤᠶᠠᠷ ᠱᠠᠳᠤᠨ ᠤ ᠰᠢᠬᠦᠬᠦ ᠬᠤᠷᠢᠶᠠᠨ ᠤ ᠠᠵᠢᠯᠯᠠᠭᠠᠨ ᠤ ᠳᠤᠭᠤᠢᠯᠠᠩ ᠪᠦᠬᠦ ᠬᠤᠳᠠ ᠶᠢᠨ ᠬᠡᠪᠴᠢᠶᠡᠨ ᠳᠦ ᠤᠷᠬ᠎ᠠ ᠳᠠᠯᠪᠢᠵᠤ ᠂ ᠬᠠᠤᠯᠢ ᠳᠤ ᠳᠤᠭᠳᠠᠭᠰᠠᠨ ᠡᠬᠦᠷᠭᠡ ᠪᠡᠨ ᠬᠦᠢᠴᠡᠳᠬᠡᠬᠦ ᠦᠬᠡᠢ ᠭᠦᠢᠴᠡᠳᠭᠡᠭᠳᠡᠬᠦ ᠬᠦᠮᠦᠨ ᠢ ᠪᠦᠬᠦ ᠳᠠᠯ᠎ᠠ ᠪᠠᠷ ᠪᠠᠷᠢᠪᠴᠢᠯᠠᠨ᠎ᠠ ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )