ᠤᠷᠳᠤᠰ ᠬᠤᠳᠠ ᠶᠢᠨ ᠳᠤᠮᠳᠠ ᠵᠡᠷᠬᠡ ᠰᠢᠬᠦᠬᠦ ᠬᠤᠷᠢᠶ᠎ᠠ ᠬᠠᠩᠵᠧᠦ ᠰᠢᠬᠦᠬᠦ ᠬᠤᠷᠢᠶ᠎ᠠ ᠂ ᠳᠡᠭᠡᠳᠦ ᠵᠡᠷᠬᠡ ᠶᠢᠨ ᠰᠢᠬᠦᠬᠦ ᠬᠤᠷᠢᠶᠠᠨ ᠳᠤ ᠬᠦᠷᠴᠦ ᠮᠡᠳᠡᠭᠡ ᠵᠠᠩᠭᠢᠴᠢᠯᠠᠯᠲᠠ ᠶᠢᠨ ᠬᠡᠷᠡᠭᠯᠡᠭᠡ ᠵᠡᠷᠬᠡ ᠠᠵᠢᠯ ᠢ ᠰᠤᠷᠤᠯᠴᠠᠨ ᠪᠠᠢᠴᠠᠭᠠᠯᠲᠠ ᠬᠢᠪᠡ
ᠮᠡᠳᠡᠬᠡ ᠵᠠᠩᠬᠢ ᠶᠢᠨ ᠮᠡᠷᠬᠡᠵᠢᠯ ᠨᠢ ᠰᠢᠬᠦᠬᠦ ᠬᠤᠷᠢᠶᠠᠨ ᠤ ᠡᠯ᠎ᠠ ᠲᠦᠷᠦᠯ ᠦᠨ ᠠᠵᠢᠯ ᠳᠤᠮᠳᠠᠬᠢ ᠬᠡᠷᠡᠭᠯᠡᠯᠲᠡ ᠶᠢ ᠤᠯᠠᠮ ᠨᠢᠬᠡ ᠠᠯᠬᠤᠮ ᠲᠦᠯᠬᠢᠨ ᠠᠬᠢᠭᠤᠯᠬᠤ ᠶᠢᠨ ᠲᠦᠯᠦᠭᠡ ᠂ ᠳᠠᠪᠰᠢᠭᠰᠠᠨ ᠤᠷᠤᠨ ᠤ ᠰᠢᠬᠦᠬᠦ ᠬᠤᠷᠢᠶᠠᠨ ᠤ ᠰᠢᠬᠦᠨ ᠳᠠᠰᠤᠯᠤᠯᠲᠠ ᠶᠢᠨ ᠬᠠᠮᠢᠶᠠᠷᠤᠯᠲᠠ ᠂ ᠬᠠᠤᠯᠢ ᠴᠠᠭᠠᠵᠠ ᠶᠢᠨ ᠦᠬᠡᠷᠡᠴᠢᠯᠡᠯᠲᠡ ᠂ ᠬᠦᠢᠴᠡᠳᠬᠡᠬᠦ ᠵᠡᠷᠬᠡ ᠠᠵᠢᠯ ᠤᠨ ᠳᠤᠮᠳᠠᠬᠢ ᠳᠠᠪᠰᠢᠭᠰᠠᠨ ᠲᠤᠷᠰᠢᠯᠭ᠎ᠠ ᠶᠢ ᠬᠤᠷᠠᠮᠳᠠᠭᠤᠯᠵᠤ ᠂ ᠤᠷᠳᠤᠰ ᠬᠤᠳᠠ ᠶᠢᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠢᠯᠠᠩ ᠤᠨ ᠳᠤᠭᠢᠷᠠᠭᠤᠯᠤᠯᠲᠠ ᠶᠤᠰᠤᠭᠠᠷ ᠂ 10 ᠰᠠᠷᠠᠢᠨ 24 ᠠᠴᠠ 27 ᠡᠳᠦᠷ ᠪᠤᠯᠳᠠᠯ᠎ᠠ ᠂ ᠤᠷᠳᠤᠰ ᠬᠤᠳᠠ ᠶᠢᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠢᠯᠠᠩ ᠤᠨ ᠬᠡᠰᠢᠬᠦᠨ ᠂ ᠳᠡᠳ᠋ ᠬᠤᠷᠢᠶᠠᠨ ᠳᠠᠷᠤᠭ᠎ᠠ ᠠᠢ ᠹᠸᠢ ᠠᠩᠭᠢ ᠳᠠᠭᠠᠭᠤᠯᠵᠤ ᠂ ᠬᠤᠳᠠ ᠶᠢᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠢᠯᠠᠩ ᠤᠨ ᠬᠡᠰᠢᠬᠦᠨ ᠂ ᠰᠢᠬᠦᠨ ᠳᠠᠰᠤᠯᠠᠬᠤ ᠺᠤᠮᠢᠰ ᠤᠨ ᠳᠤᠰᠬᠠᠢ ᠳᠤᠰᠢᠶᠠᠯᠳᠤ ᠬᠡᠰᠢᠭᠦᠨ ᠭᠸ ᠵᠦᠩ ᠫᠢᠩ ᠪᠤᠯᠤᠨ ᠠᠯᠪᠠᠨ ᠭᠡᠷ ᠂ ᠤᠯᠤᠰ ᠲᠦᠷᠦ ᠶᠢᠨ ᠬᠡᠯᠳᠡᠰ ᠂ ᠰᠢᠬᠦᠯᠲᠠ ᠶᠢᠨ ᠵᠠᠰᠠᠭ ᠵᠠᠬᠢᠷᠭᠠᠨ ᠤ ᠪᠠᠢᠭᠤᠯᠤᠯᠭ᠎ᠠ ᠂ ᠵᠠᠷᠭᠤ ᠬᠢᠬᠦ ᠦᠢᠯᠡᠴᠢᠯᠡᠭᠡᠨ ᠦ ᠲᠦᠪ ᠵᠡᠷᠬᠡ ᠰᠠᠯᠠᠭ᠎ᠠ ᠮᠦᠴᠢᠷ ᠦᠨ ᠬᠤᠯᠪᠤᠭᠳᠠᠯ ᠪᠦᠬᠦᠢ ᠬᠦᠮᠦᠰ ᠬᠠᠩᠵᠧᠦ ᠶᠢᠨ ᠬᠤᠶᠠᠷ ᠱᠠᠳᠤᠨ ᠤ ᠰᠢᠬᠦᠬᠦ ᠬᠤᠷᠢᠶ᠎ᠠ ᠪᠠ ᠠᠷᠠᠳ ᠤᠨ ᠳᠡᠭᠡᠳᠦ ᠰᠢᠬᠦᠬᠦ ᠬᠤᠷᠢᠶᠠᠨ ᠳᠤ ᠬᠦᠷᠴᠦ ᠰᠤᠷᠤᠯᠴᠠᠨ ᠪᠠᠢᠴᠠᠭᠠᠪᠠ ᠃
10 ᠰᠠᠷᠠᠢᠨ 24 ᠡᠳᠦᠷ ᠦᠨ ᠦᠳᠡ ᠶᠢᠨ ᠡᠮᠦᠨ᠎ᠠ ᠂ ᠪᠠᠢᠴᠠᠭᠠᠬᠤ ᠳᠤᠭᠤᠢᠯᠠᠩ ᠬᠠᠩᠵᠧᠦ ᠬᠤᠳᠠ ᠶᠢᠨ ᠰᠢ ᠬᠤ ᠳᠤᠭᠤᠷᠢᠭ ᠤᠨ ᠰᠢᠬᠦᠬᠦ ᠬᠤᠷᠢᠶᠠᠨ ᠳᠤ ᠬᠦᠷᠴᠦ ᠪᠠᠢᠴᠠᠭᠠᠵᠤ ᠂ ᠳᠤᠰ ᠬᠤᠷᠢᠶᠠᠨ ᠤ ᠪᠠᠢᠩᠭᠤ ᠶᠢᠨ ᠳᠡᠳ᠋ ᠬᠤᠷᠢᠶᠠᠨ ᠳᠠᠷᠤᠭ᠎ᠠ ᠴᠸᠨ ᠮᠢᠨ ᠵᠡᠷᠬᠡ ᠤᠳᠤᠷᠢᠳᠤᠯᠭ᠎ᠠ ᠶᠢᠨ ᠳᠠᠭᠠᠭᠤᠯᠭ᠎ᠠ ᠳᠤᠤᠷ᠎ᠠ ᠠᠯᠪᠠᠨ ᠭᠡᠷ ᠂ ᠵᠠᠷᠭᠤ ᠬᠢᠬᠦ ᠦᠢᠯᠡᠴᠢᠯᠡᠭᠡᠨ ᠦ ᠲᠦᠪ ᠂ ᠰᠦᠯᠵᠢᠶᠡᠨ ᠦ ᠡᠶᠡᠳᠡᠬᠦᠯᠬᠦ ᠳᠠᠰᠤᠭ ᠂ ᠡᠯᠧᠺᠲ᠋ᠷᠣᠨ ᠬᠤᠳᠠᠯᠳᠤᠭᠠᠨ ᠤ ᠰᠦᠯᠵᠢᠶᠡᠨ ᠳᠡᠭᠡᠷᠡᠬᠢ ᠰᠢᠬᠦᠬᠦ ᠲᠢᠩᠬᠢᠮ ᠢ ᠲᠤᠭᠤᠷᠢᠨ ᠦᠵᠡᠵᠦ ᠂ ᠮᠡᠳᠡᠬᠡ ᠵᠠᠩᠬᠢᠴᠢᠯᠠᠯᠲᠠ ᠶᠢᠨ ᠬᠡᠷᠡᠭᠯᠡᠭᠡ ᠂ ᠰᠢᠬᠦᠨ ᠳᠠᠰᠤᠯᠤᠲᠠ ᠶᠢᠨ ᠬᠠᠮᠢᠶᠠᠷᠤᠯᠲᠠ ᠵᠡᠷᠬᠡ ᠠᠵᠢᠯ ᠤᠨ ᠪᠠᠢᠳᠠᠯ ᠢ ᠨᠠᠷᠢᠯᠢᠭ ᠤᠢᠯᠭᠠᠵᠤ ᠂ ᠰᠦᠯᠵᠢᠶᠡᠨ ᠳᠡᠭᠡᠷᠡᠬᠢ ᠰᠢᠬᠦᠬᠦ ᠲᠢᠩᠬᠢᠮ ᠦᠨ ᠬᠡᠷᠡᠭᠯᠡᠵᠦ ᠪᠤᠯᠬᠤ ᠬᠦᠢᠷᠢᠶᠠ ᠬᠡᠪᠴᠢᠶ᠎ᠠ ᠂ ᠰᠦᠯᠵᠢᠶᠨᠡ ᠳᠡᠭᠡᠷᠡᠬᠢ ᠲᠢᠩᠬᠢᠮ ᠦᠨ ᠰᠢᠬᠦᠯᠲᠡ ᠵᠡᠷᠬᠡ ᠶᠢ ᠨᠠᠷᠢᠯᠢᠭ ᠠᠰᠠᠭᠤᠵᠤ ᠂ ᠰᠦᠯᠵᠢᠶᠡᠨ ᠳᠡᠭᠡᠷᠡᠬᠢ ᠰᠢᠬᠦᠬᠦ ᠲᠢᠩᠬᠢᠮ ᠦᠨ ᠳᠠᠭᠤᠨ ᠤ ᠦᠩᠭᠡ ᠳᠠᠨᠢᠬᠤ ᠰᠢᠰᠲ᠋ᠧᠮ ᠦᠨ ᠨᠡᠯᠢᠶᠡᠳ ᠦᠨᠳᠦᠷ ᠳᠠᠨᠢᠬᠤ ᠨᠤᠷᠮ᠎ᠠ ᠶᠢ ᠪᠡᠶ᠎ᠠ ᠪᠠᠷ ᠢᠶᠠᠨ ᠳᠤᠷᠰᠢᠵᠤ ᠦᠵᠡᠪᠡ ᠃ ᠰᠢ ᠬᠤ ᠳᠤᠭᠤᠷᠢᠭ ᠤᠨ ᠰᠢᠬᠦᠬᠦ ᠬᠤᠷᠢᠶ᠎ᠠ ᠪᠤᠯ ᠵᠠᠷᠭᠤᠯᠳᠤᠬᠤ ᠪᠠ ᠡᠶᠡᠳᠡᠬᠦᠯᠬᠦ ᠶᠢ ᠤᠶᠠᠯᠳᠤᠭᠤᠯᠬᠤ ᠠᠵᠢᠯ ᠤᠨ ᠳᠤᠷᠰᠢᠯᠲᠠ ᠶᠢᠨ ᠰᠢᠬᠦᠬᠦ ᠬᠤᠷᠢᠶ᠎ᠠ ᠪᠠᠢᠵᠤ ᠂ ᠪᠠᠢᠴᠠᠭᠤᠬᠤ ᠳᠤᠭᠤᠢᠯᠠᠩ ᠪᠤᠯᠤᠨ ᠳᠤᠰ ᠰᠢᠬᠦᠬᠦ ᠬᠤᠷᠢᠶᠠᠨ ᠤ ᠬᠡᠷᠡᠭ ᠳᠠᠩᠰᠠᠯᠠᠬᠤ ᠬᠠᠷᠢᠭᠤᠴᠠᠯᠭᠠᠳᠠᠨ ᠳᠠᠢ《ᠴᠸᠨ ᠯᠢᠶᠤᠤ ᠮᠢᠨ ᠡᠶᠡᠳᠡᠬᠦᠯᠬᠦ ᠠᠵᠢᠯᠯᠠᠬᠤ ᠳᠠᠰᠤᠭ》᠂ ᠤᠨᠴᠠ ᠤᠷᠢᠭᠰᠠᠨ ᠡᠶᠡᠳᠡᠭᠦᠯᠦᠭᠴᠢ ᠵᠡᠷᠬᠡ ᠠᠵᠢᠯ ᠤᠨ ᠠᠵᠢᠯᠯᠠᠭᠠᠨ ᠤ ᠳᠤᠭᠳᠠᠴᠠ ᠂ ᠠᠵᠢᠯᠯᠠᠭᠤᠯᠬᠤ ᠶᠠᠪᠤᠴᠠ ᠵᠡᠷᠬᠡ ᠪᠤᠳᠠᠳᠠᠢ ᠨᠠᠷᠢᠨ ᠪᠠᠢᠳᠠᠯ ᠢ ᠬᠦᠨᠵᠡᠭᠡᠢ ᠰᠤᠳᠤᠯᠤᠨ ᠶᠠᠷᠢᠯᠴᠠᠪᠠ ᠃
10 ᠰᠠᠷᠠᠢᠨ 24 ᠡᠳᠦᠷ ᠦᠨ ᠦᠳᠡ ᠶᠢᠨ ᠬᠤᠢᠨ᠎ᠠ ᠂ ᠠᠢ ᠹᠸᠢ ᠬᠤᠷᠢᠶᠠᠨ ᠳᠠᠷᠤᠭ᠎ᠠ ᠨᠢᠬᠡ ᠪᠦᠯᠦᠭ ᠬᠦᠮᠦᠰ ᠬᠠᠩᠵᠧᠦ ᠬᠤᠳᠠ ᠶᠢᠨ ᠳᠤᠮᠳᠠ ᠵᠡᠷᠬᠡ ᠰᠢᠬᠦᠬᠦ ᠬᠤᠷᠢᠶ᠎ᠠ ᠳᠤ ᠤᠴᠢᠵᠤ ᠪᠠᠢᠴᠠᠭᠠᠯᠲᠠ ᠬᠢᠵᠦ ᠂ ᠰᠢᠬᠦᠨ ᠳᠠᠰᠤᠯᠤᠯᠲᠠ ᠶᠢᠨ ᠲᠢᠩᠬᠢᠮ ᠂ ᠮᠡᠳᠡᠬᠡ ᠵᠠᠩᠬᠢ ᠶᠢᠨ ᠴᠤᠭᠯᠠᠷᠠᠯ ᠤᠨ ᠡᠵᠡᠮᠰᠢᠯ ᠲᠦᠪ ᠂ ᠵᠠᠷᠭᠤ ᠶᠢᠨ ᠦᠢᠯᠡᠴᠢᠯᠡᠭᠡᠨ ᠦ ᠲᠦᠪ ᠂ 12368 ᠬᠠᠤᠯᠢ ᠴᠠᠭᠠᠵᠠ ᠶᠢᠨ ᠬᠠᠯᠠᠮ ᠤᠳᠠᠰᠤ ᠶᠢᠨ ᠠᠵᠢᠯᠯᠠᠬᠤ ᠳᠠᠰᠤᠭ ᠂ ᠰᠢᠬᠦᠬᠦ ᠬᠤᠷᠢᠶᠠᠨ ᠤ ᠦᠵᠡᠰᠬᠦᠯᠡᠩ ᠦᠨ ᠤᠷᠳᠤᠨ ᠂ ᠨᠤᠮ ᠤᠨ ᠰᠠᠩ ᠵᠡᠷᠬᠡ ᠭᠠᠵᠠᠷ ᠢ ᠳᠤᠭᠤᠷᠢᠨ ᠦᠵᠡᠵᠦ ᠂ ᠳᠤᠰ ᠰᠢᠬᠦᠬᠦ ᠬᠤᠷᠢᠶᠠᠨ ᠤ ᠰᠢᠬᠦᠨ ᠳᠠᠰᠤᠯᠤᠯᠲᠠ ᠬᠦᠢᠴᠡᠳᠭᠡᠬᠦ ᠠᠵᠢᠯ ᠤᠨ ᠶᠡᠷᠦᠩᠬᠡᠢ ᠪᠠᠢᠳᠠᠯ ᠢ ᠤᠢᠯᠭᠠᠪᠠ ᠃ ᠡᠭᠦᠨ ᠦ ᠳᠠᠷᠠᠭ᠎ᠠ ᠬᠤᠷᠠᠯᠳᠤᠭᠤᠯᠭᠰᠠᠨ ᠰᠠᠭᠤᠳᠠᠯ ᠤᠨ ᠬᠤᠷᠠᠯ ᠳᠡᠭᠡᠷ᠎ᠠ ᠂ ᠬᠠᠩᠵᠧᠦ ᠬᠤᠳᠠ ᠶᠢᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠮᠡᠳᠡᠭᠡ ᠵᠠᠩᠬᠢ ᠶᠢᠨ ᠮᠡᠷᠭᠡᠵᠢᠯᠲᠡᠨ ᠡᠴᠡ ᠰᠢᠬᠦᠨ ᠳᠠᠰᠤᠯᠤᠯᠲᠠ ᠶᠢᠨ ᠬᠠᠮᠢᠶᠠᠷᠤᠯᠲᠠ ᠂ ᠬᠡᠷᠡᠭ ᠦᠨ ᠮᠦᠩᠬᠦ ᠶᠢᠨ ᠬᠠᠮᠢᠶᠠᠷᠤᠯᠲᠠ ᠂ ᠲᠠᠩᠰᠠ ᠡᠪᠬᠡᠮᠡᠯ ᠦᠨ ᠬᠠᠮᠢᠶᠠᠷᠤᠯᠲᠠ ᠂ ᠲᠤᠭᠠᠴᠢᠯᠠᠭᠰᠠᠨ ᠰᠢᠬᠦᠬᠦ ᠲᠢᠩᠬᠢᠮ ᠦᠨ ᠰᠢᠰᠲ᠋ᠧᠮ ᠵᠡᠷᠬᠡ ᠮᠡᠳᠡᠬᠡ ᠵᠠᠩᠭᠢᠴᠢᠯᠠᠯᠲᠠ ᠶᠢᠨ ᠬᠡᠷᠡᠭᠯᠡᠭᠡᠨ ᠦ ᠳᠤᠬᠠᠢ ᠰᠢᠰᠲ᠋ᠧᠮ ᠲᠠᠢ ᠲᠠᠢᠯᠪᠤᠷᠢ ᠬᠢᠪᠡ ᠃ ᠬᠡᠷᠡᠭ ᠳᠠᠩᠰᠠᠯᠠᠬᠤ ᠲᠢᠩᠬᠢᠮ ᠦᠨ ᠬᠠᠷᠢᠭᠤᠴᠠᠵᠤ ᠪᠠᠢᠭ᠎ᠠ ᠨᠦᠬᠦᠷ ᠡᠴᠡ 12368 ᠵᠠᠷᠭᠤ ᠶᠢᠨ ᠦᠢᠯᠡᠴᠢᠯᠡᠭᠡᠨ ᠦ ᠬᠠᠯᠠᠮ ᠤᠳᠠᠰᠤᠨ ᠤ ᠠᠵᠢᠯ ᠤᠨ ᠵᠤᠬᠢᠶᠠᠮᠵᠢ᠂ ᠠᠵᠢᠯ ᠤᠨ ᠬᠢᠯᠠᠰ ᠴᠡᠭ ᠪᠤᠯᠤᠨ ᠵᠠᠷᠭᠤ ᠶᠢᠨ ᠦᠢᠯᠡᠴᠢᠯᠡᠭᠡᠨ ᠦ ᠲᠦᠪ ᠦᠨ ᠡᠬᠦᠷᠭᠡ ᠴᠢᠳᠠᠮᠵᠢ ᠶᠢᠨ ᠶᠠᠪᠤᠭᠳᠠᠵᠤ ᠪᠠᠢᠬᠤ ᠪᠠᠢᠳᠠᠯ ᠤᠨ ᠳᠤᠬᠠᠢ ᠨᠠᠷᠢᠯᠢᠭ ᠳᠠᠢᠯᠪᠤᠷᠢ ᠬᠢᠪᠡ ᠃ ᠳᠤᠰ ᠬᠤᠷᠢᠶᠠᠨ ᠤ ᠨᠠᠮ ᠤᠨ ᠤᠳᠤᠷᠢᠳᠬᠤ ᠳᠤᠭᠤᠢᠯᠠᠩ ᠤᠨ ᠬᠡᠰᠢᠬᠦᠨ ᠂ ᠳᠡᠳ᠋ ᠬᠤᠷᠢᠶᠠᠨ ᠳᠠᠷᠤᠭ᠎ᠠ ᠯᠠᠩ ᠴᠠᠩ ᠬᠤᠸᠠ ᠰᠢᠨᠵᠢᠯᠡᠨ ᠪᠠᠢᠴᠠᠭᠠᠬᠤ ᠳᠤᠭᠤᠢᠯᠠᠩ ᠤᠨ ᠬᠦᠷᠴᠦ ᠢᠷᠡᠭᠰᠡᠨ ᠢ ᠪᠠᠶᠠᠷᠯᠠᠨ ᠤᠭᠳᠤᠵᠤ ᠂ ᠬᠤᠶᠠᠷ ᠰᠢᠬᠦᠬᠦ ᠬᠤᠷᠢᠶ᠎ᠠ ᠠᠵᠢᠯ ᠢ ᠳᠤᠮᠳᠠ ᠨᠡᠪᠲᠡᠷᠡᠯᠴᠡᠭᠡ ᠪᠠ ᠰᠤᠯᠢᠴᠠᠭᠠ ᠪᠠᠨ ᠴᠢᠩᠭᠠᠳᠬᠠᠬᠤ ᠶᠢ ᠬᠦᠰᠡᠵᠦ ᠪᠠᠢᠨ᠎ᠠ ᠃ ᠠᠢ ᠹᠸᠢ ᠬᠤᠷᠢᠶᠠᠨ ᠳᠠᠷᠤᠭ᠎ᠠ ᠬᠠᠩᠵᠧᠦ ᠶᠢᠨ ᠬᠤᠶᠠᠷ ᠱᠠᠳᠤᠨ ᠤ ᠰᠢᠬᠦᠬᠦ ᠬᠤᠷᠢᠶᠠᠨ ᠤ ᠠᠵᠢᠯ ᠤᠨ ᠠᠮᠵᠢᠯᠲᠠ ᠳᠤ ᠦᠨᠡᠨ ᠰᠡᠳᠬᠢᠯ ᠡᠴᠡ ᠪᠢᠰᠢᠷᠡᠵᠦ ᠂ ᠳᠤᠰ ᠤᠳᠠᠭᠠᠨ ᠤ ᠰᠢᠨᠵᠢᠨ ᠪᠠᠢᠴᠠᠭᠠᠯᠲᠠ ᠨᠢ ᠠᠵᠢᠯ ᠤᠨ ᠲᠦᠰᠦᠪᠯᠡᠭᠡ ᠪᠠ ᠬᠠᠷᠠᠴᠠ ᠶᠢ ᠦᠷᠭᠡᠳᠬᠡᠭᠰᠡᠨ ᠪᠠᠢᠵᠤ ᠂ ᠠᠬ᠎ᠠ ᠳᠡᠭᠦᠦ ᠰᠢᠬᠦᠬᠦ ᠬᠤᠷᠢᠶᠠᠨ ᠤ ᠨᠡᠪᠳᠡᠷᠡᠯᠴᠡᠭᠡ ᠶᠢ ᠴᠢᠩᠭᠠᠳᠬᠠᠭᠰᠠᠨ ᠪᠠᠢᠬᠤ ᠬᠡᠵᠦ ᠪᠤᠳᠤᠵᠤ ᠪᠠᠢᠬᠤ ᠪᠠᠨ ᠢᠯᠡᠳᠬᠡᠵᠦ ᠂ ᠬᠤᠵᠢᠮ ᠬᠠᠷᠢᠯᠴᠠᠨ ᠰᠣᠯᠢᠯᠴᠠᠬᠤ ᠪᠠᠨ ᠴᠢᠩᠭᠠᠳᠬᠠᠵᠤ ᠂ ᠬᠠᠮᠳᠤᠪᠡᠷ ᠰᠢᠬᠦᠬᠦ ᠬᠤᠷᠢᠶᠠᠨ ᠤ ᠡᠯ᠎ᠠ ᠠᠵᠢᠯ ᠤᠨ ᠬᠦᠭᠵᠢᠯᠲᠡ ᠶᠢ ᠲᠦᠯᠬᠢᠨ ᠠᠬᠢᠭᠤᠯᠤᠨ᠎ᠠ ᠃
ᠪᠤᠰᠤᠳ ᠠᠭᠤᠯᠠ ᠶᠢᠨ ᠴᠢᠯᠠᠭᠤ ᠂ ᠬᠠᠰ ᠪᠤᠯᠭᠠᠵᠤ ᠪᠤᠯᠤᠨ᠎ᠠ ᠃ ᠰᠤᠷᠤᠯᠴᠠᠯᠭ᠎ᠠ ᠪᠠ ᠰᠢᠨᠵᠢᠨ ᠪᠠᠢᠴᠠᠭᠠᠯᠲᠠ ᠪᠠᠷ ᠳᠠᠮᠵᠢᠵᠤ ᠂ ᠰᠢᠨᠵᠢᠨ ᠪᠠᠢᠴᠠᠭᠠᠬᠤ ᠬᠦᠮᠦᠰ ᠬᠠᠩᠵᠧᠦ ᠬᠤᠳᠠ ᠶᠢᠨ ᠬᠤᠶᠠᠷ ᠱᠠᠳᠤᠨ ᠤ ᠰᠢᠬᠦᠬᠦ ᠬᠤᠷᠢᠶᠠᠨ ᠤ ᠮᠡᠳᠡᠬᠡ ᠵᠠᠩᠭᠢᠴᠢᠯᠠᠯᠲᠠ ᠂ ᠰᠢᠬᠦᠨ ᠳᠠᠰᠤᠯᠤᠯᠲᠠ ᠶᠢᠨ ᠬᠠᠮᠢᠶᠠᠷᠤᠯᠲᠠ ᠂ ᠵᠠᠷᠭᠤ ᠶᠢᠨ ᠦᠢᠯᠡᠴᠡᠯᠬᠡ ᠵᠡᠷᠬᠡ ᠠᠵᠢᠯ ᠤᠨ ᠳᠤᠮᠳᠠ ᠤᠯᠤᠭᠰᠠᠨ ᠠᠮᠵᠢᠯᠲᠠ ᠂ ᠳᠠᠪᠰᠢᠭᠰᠠᠨ ᠳᠤᠷᠰᠢᠯᠭ᠎ᠠ ᠪᠤᠯᠤᠨ ᠪᠤᠳᠠᠳᠠᠢ ᠠᠵᠢᠯᠯᠠᠭ᠎ᠠ ᠳᠤ ᠨᠡᠩ ᠰᠢᠭᠤᠳ ᠤᠢᠯᠭᠠᠯᠲᠠ ᠲᠠᠢ ᠪᠤᠯᠵᠤ ᠂ ᠮᠠᠨ ᠤ ᠬᠤᠳᠠ ᠶᠢᠨ ᠰᠢᠬᠦᠬᠦ ᠬᠤᠷᠢᠶᠠᠨ ᠤ《ᠬᠤᠶᠠᠷ ᠢ ᠰᠤᠷᠤᠯᠴᠠᠵᠤ ᠨᠢᠬᠡ ᠶᠢ ᠬᠢᠬᠦ》ᠰᠤᠷᠤᠯᠴᠠᠯᠭ᠎ᠠ ᠰᠤᠷᠭᠠᠨ ᠬᠦᠮᠦᠵᠢᠯ ᠢ ᠲᠦᠯᠬᠢᠨ ᠠᠬᠢᠭᠤᠯᠤᠬᠤ ᠵᠤᠷᠢᠭ ᠰᠠᠨᠠᠭ᠎ᠠ ᠪᠠ ᠮᠠᠨ ᠤ ᠬᠤᠷᠢᠶᠠᠨ ᠤ ᠮᠡᠳᠡᠬᠡ ᠵᠠᠩᠭᠢᠴᠢᠯᠠᠯᠲᠠ ᠶᠢᠨ ᠬᠡᠷᠡᠭᠯᠡᠭᠡᠨ ᠦ ᠬᠢᠷᠢ ᠲᠦᠪᠰᠢᠨ ᠢ ᠳᠡᠭᠡᠭᠰᠢᠯᠡᠬᠦᠯᠬᠦ ᠶᠢ ᠳᠤᠤᠱᠢᠯᠠᠭᠤᠯᠬᠤ ᠳᠤ ᠤᠯᠠᠮ ᠨᠢᠬᠡ ᠠᠯᠬᠤᠮ ᠠᠰᠢᠭᠳᠠᠢ ᠪᠠᠢᠵᠤ ᠂ ᠮᠠᠨ ᠢ ᠬᠤᠷᠢᠶᠠᠨ ᠤ ᠡᠯ᠎ᠠ ᠲᠦᠷᠦᠯ ᠦᠨ ᠠᠵᠢᠯ ᠤᠯᠠᠮ ᠨᠢᠬᠡ ᠳᠡᠭᠳᠡᠷ ᠲᠦ ᠭᠠᠷᠬᠤ ᠶᠢ ᠲᠦᠯᠬᠢᠨ ᠠᠬᠢᠭᠤᠯᠤᠨ᠎ᠠ ᠃
ᠦᠨᠡᠯᠡᠬᠦ 0ᠦᠨᠡᠯᠡᠯᠲᠡ ᠲᠠᠢ