ᠦᠪᠦᠷ ᠮᠤᠩᠭᠤᠯ ᠤᠨ ᠬᠥᠬᠡᠬᠣᠲᠠ ᠶᠢᠨ ᠨᠠᠮ ᠤᠨ ᠬᠤᠷᠢᠶᠠᠨ ᠤ ᠤᠤᠯ ᠤᠨ ᠳᠡᠳ᠋ ᠱᠦᠵᠢ ᠂ ᠬᠤᠳᠠ ᠶᠢᠨ ᠳᠠᠷᠤᠭ᠎ᠠ ᠲᠠᠩ ᠠᠢ ᠵᠢᠶᠦ᠋ᠨ ᠨᠢᠬᠡᠳᠦᠭᠡᠷ ᠰᠢᠬᠦᠯᠲᠡ ᠳᠦ ᠬᠤᠶᠠᠷ ᠵᠢᠯ ᠦᠨ ᠬᠤᠷᠢᠬᠤ ᠶᠠᠯ᠎ᠠ ᠪᠠᠷ
2016.11.01 ᠲᠣᠰ ᠥᠷᠲᠡᠭᠡᠨ᠎ᠦ ᠨᠠᠢᠷᠠᠭᠤᠯᠤᠭᠴᠢ

ᠦᠪᠦᠷ ᠮᠤᠩᠭᠤᠯ ᠤᠨ ᠬᠥᠬᠡᠬᠣᠲᠠ ᠶᠢᠨ ᠨᠠᠮ ᠤᠨ ᠬᠤᠷᠢᠶᠠᠨ ᠤ ᠤᠤᠯ ᠤᠨ ᠳᠡᠳ᠋ ᠱᠦᠵᠢ ᠂ ᠬᠤᠳᠠ ᠶᠢᠨ ᠳᠠᠷᠤᠭ᠎ᠠ ᠲᠠᠩ ᠠᠢ ᠵᠢᠶᠦ᠋ᠨ ᠨᠢᠬᠡᠳᠦᠭᠡᠷ ᠰᠢᠬᠦᠯᠲᠡ ᠳᠦ ᠬᠤᠶᠠᠷ ᠵᠢᠯ ᠦᠨ ᠬᠤᠷᠢᠬᠤ ᠶᠠᠯ᠎ᠠ ᠪᠠᠷ ᠳᠠᠰᠤᠯᠠᠪᠠ

 

 

 

 

 

10 ᠰᠠᠷᠠᠢᠨ 31 ᠡᠳᠦᠷ ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠤᠷᠳᠤᠰ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠨᠢᠬᠡᠳᠦᠬᠡᠷ ᠰᠢᠬᠦᠯᠲᠡ   ᠳᠤ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠬᠡᠬᠤᠳᠠ ᠶᠢᠨ ᠨᠠᠮ ᠤᠨ ᠬᠤᠷᠢᠶᠠᠨ ᠤ ᠤᠤᠯ ᠤᠨ ᠳᠡᠳ᠋ ᠱᠦᠵᠢ ᠂ᠬᠤᠳᠠ ᠶᠢᠨ ᠳᠠᠷᠤᠭ᠎ᠠ ᠲᠠᠩ ᠠᠢ ᠵᠢᠶᠦ᠋ᠨ ᠬᠡᠬᠡᠯᠢ ᠢᠳᠡᠭᠰᠡᠨ ᠬᠡᠷᠡᠭ ᠢ ᠢᠯᠡ ᠪᠡᠷ ᠳᠠᠰᠤᠯᠠᠵᠤ ᠂ ᠲᠠᠩ ᠠᠢ ᠵᠢᠶᠦ᠋ᠨ ᠢ ᠬᠡᠬᠡᠯᠢ ᠢᠳᠡᠭᠰᠡᠨ ᠶᠠᠯ᠎ᠠ ᠪᠠᠷ ᠰᠢᠬᠦᠨ ᠳᠠᠰᠤᠯᠠᠵᠤ ᠂ ᠠᠷᠪᠠᠨ ᠬᠤᠶᠠᠷ ᠵᠢᠯ ᠬᠤᠷᠢᠬᠤ ᠶᠠᠯ᠎ᠠ ᠰᠢᠢᠳᠬᠡᠭᠰᠡᠨ ᠮᠦᠷᠲᠡᠭᠡᠨ ᠵᠠᠭᠤᠨ ᠲᠦᠮᠡᠨ ᠲᠦᠬᠦᠷᠢᠭ ᠦᠨ ᠵᠤᠭᠤᠰ ᠢ ᠳᠤᠷᠭᠠᠪᠠ ᠃ ᠵᠠᠭᠠᠯᠳᠤᠭᠳᠠᠭᠴᠢ ᠳᠠᠩ ᠠᠢ ᠵᠢᠶᠦ᠋ᠨ ᠪᠤᠴᠠᠭᠠᠵᠤ ᠳᠤᠰᠢᠶᠠᠭᠰᠠᠨ ᠬᠡᠷᠡᠭ ᠲᠦ ᠬᠤᠯᠪᠤᠭᠳᠠᠭᠰᠠᠨ ᠪᠤᠵᠠᠷ ᠵᠤᠭᠤᠰ ᠵᠢᠴᠢ ᠦᠷᠡᠵᠢᠯ ᠪᠤᠳᠠᠰ ᠢ ᠬᠠᠤᠯᠢ ᠶᠤᠰᠤᠭᠠᠷ ᠬᠤᠷᠢᠶᠠᠨ ᠠᠪᠴᠤ ᠂ ᠤᠯᠤᠰ ᠤᠨ ᠰᠠᠩ ᠳᠤ ᠳᠤᠰᠢᠶᠠᠪᠠ ᠃

ᠰᠢᠬᠦᠬᠦ ᠬᠤᠷᠢᠶ᠎ᠠ ᠰᠢᠬᠦᠯᠲᠡ ᠪᠡᠷ ᠳᠠᠮᠵᠢᠵᠤ ᠪᠠᠢᠴᠠᠭᠠᠨ ᠳᠤᠳᠤᠷᠬᠠᠢᠯᠠᠭᠰᠠᠨ ᠨᠢ ᠄ 1997 ᠤᠨ ᠤ 6 ᠰᠠᠷ᠎ᠠ  ᠠᠴᠠ 2000 ᠤᠨ ᠤ 2ᠰᠠᠷ᠎ᠠ ᠪᠤᠯᠳᠠᠯ᠎ᠠ ᠂ ᠵᠠᠭᠠᠯᠳᠤᠭᠳᠠᠭᠴᠢ ᠲᠠᠩ ᠠᠢ ᠵᠢᠶᠦ᠋ᠨ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠨᠠᠷᠢᠨ ᠪᠢᠴᠢᠭ᠌ ᠦᠨ ᠳᠠᠷᠤᠭ᠎ᠠ ᠪᠤᠯᠪᠠ ᠃ 2000 ᠤᠨ ᠤ 2 ᠰᠠᠷ᠎ᠠ ᠠᠴᠠ 2003 ᠤᠨ ᠤ 4 ᠰᠠᠷ᠎ᠠ ᠪᠤᠯᠳᠠᠯ᠎ᠠ ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠪᠠᠳᠤᠯᠠᠨ ᠬᠠᠮᠠᠭᠠᠯᠠᠯᠲᠠ ᠶᠢᠨ ᠰᠢᠨᠵᠢᠯᠡᠬᠦ ᠮᠡᠷᠭᠡᠵᠢᠯ ᠦᠨ ᠠᠵᠤ ᠦᠢᠯᠡᠳᠪᠦᠷᠢ ᠶᠢᠨ ᠠᠯᠪᠠᠨ ᠭᠡᠷ ᠦᠨ ᠡᠷᠬᠢᠯᠡᠭᠴᠢ ᠪᠤᠯᠪᠠ ᠃ 2003 ᠤᠨ ᠤ 4ᠰᠠᠷ᠎ᠠ  ᠠᠴᠠ 2005 ᠤᠨ ᠤ 4ᠰᠠᠷ᠎ᠠ ᠪᠤᠯᠳᠠᠯ᠎ᠠ᠂ ᠬᠦᠯᠦᠨ ᠪᠤᠢᠷ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ ᠂ ᠬᠤᠳᠠ ᠶᠢᠨ ᠳᠠᠷᠤᠭ᠎ᠠ ᠪᠤᠯᠪᠠ ᠃ 2005 ᠤᠨ ᠤ 4ᠰᠠᠷ᠎ᠠ ᠠᠴᠠ 2010 ᠤᠨ ᠤ 4ᠰᠠᠷ᠎ᠠ ᠪᠤᠯᠳᠠᠯ᠎ᠠ ᠂ ᠬᠦᠬᠡᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ ᠂ ᠬᠤᠳᠠ ᠶᠢᠨ ᠳᠠᠷᠤᠭ᠎ᠠ ᠪᠤᠯᠪᠠ᠃ 2013 ᠤᠨ ᠤ 12 ᠰᠠᠷ᠎ᠠ ᠳᠤ ᠠᠵᠢᠯ  ᠠᠴᠠ  ᠢᠶᠠᠨ ᠠᠮᠠᠷᠠᠪᠠ ᠃ 1999 ᠤᠨ ᠠᠴᠠ 2013 ᠤᠨ ᠪᠤᠯᠲᠠᠯ᠎ᠠ ᠂ ᠵᠠᠭᠠᠯᠳᠤᠭᠳᠠᠭᠴᠢ ᠳᠠᠩ ᠠᠢ ᠵᠢᠶᠦ᠋ᠨ ᠳᠡᠭᠡᠷ᠎ᠠ ᠳᠤᠳᠠᠳᠤᠭᠰᠠᠨ ᠡᠬᠦᠷᠭᠡ ᠳᠤᠰᠢᠶᠠᠯ ᠲᠦᠬᠦᠮ ᠵᠢᠴᠢ ᠡᠷᠬᠡ ᠳᠤᠰᠢᠶᠠᠯ ᠪᠤᠶᠤ ᠪᠠᠢᠷᠢ ᠰᠠᠭᠤᠷᠢ ᠶᠢᠨ ᠲᠦᠬᠦᠮ ᠨᠦᠬᠦᠴᠡᠯ ᠢᠶᠡᠨ ᠠᠰᠢᠭᠯᠠᠵᠤ ᠂ ᠢᠨᠵᠧᠨᠧᠷᠢᠩ ᠳᠠᠭᠠᠭᠠᠴᠢᠯᠠᠬᠤ ᠂ ᠠᠵᠢᠯ ᠰᠢᠯᠵᠢᠬᠤ ᠶᠢ ᠳᠤᠬᠢᠷᠠᠭᠤᠯᠬᠤ ᠂ ᠺᠠᠲᠠᠷ ᠳᠠᠪᠰᠢᠭᠤᠯᠤᠨ ᠬᠡᠷᠡᠭᠯᠡᠬᠦ ᠂ ᠦᠷ᠎ᠠ ᠬᠡᠤᠬᠡᠳ ᠦᠨ ᠰᠤᠷᠭᠠᠭᠤᠯᠢ ᠳᠤ ᠤᠷᠤᠬᠤ ᠳᠠᠯ᠎ᠠ ᠪᠠᠷ ᠬᠦᠯᠦᠨ ᠪᠤᠢᠷ ᠬᠤᠳᠠ ᠶᠢᠨ ᠬᠥ᠋ ᠱᠸᠩ ᠠᠭᠤᠷᠬᠠᠢ ᠶᠢᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠶᠢᠨ ᠬᠡᠷᠡᠭ ᠮᠡᠳᠡᠭᠴᠢᠳ ᠦᠨ ᠳᠠᠷᠤᠭ᠎ᠠ ᠵᠤᠤ ᠭᠤᠸᠠᠩ ᠢᠦᠢ᠂ ᠦᠪᠦᠷ ᠮᠤᠩᠭᠤᠯ ᠤᠨ ᠸᠠᠨ ᠮᠢᠩ ᠠᠵᠤ ᠦᠢᠯᠡᠰ ᠦᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠶᠢᠨ ᠬᠠᠤᠯᠢ ᠳᠤᠭᠳᠠᠭᠠᠭᠰᠠᠨ ᠲᠦᠯᠦᠭᠡᠯᠡᠭᠴᠢ ᠡᠦ ᠴᠢᠶᠠᠨ᠂ ᠯᠢ ᠵᠢᠶᠠᠨ ᠶᠦᠩ ᠵᠡᠷᠬᠡ 59 ᠬᠦᠮᠦᠨ(ᠠᠵᠤ ᠠᠬᠤᠢᠯᠠᠯ) ᠳᠤ ᠠᠰᠢᠭ ᠤᠯᠭᠤᠭᠰᠠᠨ ᠮᠦᠷᠲᠡᠭᠡᠨ ᠪᠤᠰᠤᠳ ᠤᠨ ᠵᠤᠭᠤᠰ ᠮᠦᠩᠭᠦ ᠡᠳ᠋ ᠪᠤᠳᠠᠰ ᠢ ᠬᠦᠯᠢᠶᠡᠨ ᠠᠪᠴᠤ ᠂ ᠦᠷᠳᠡᠭ ᠨᠡᠢᠲᠡ 1789.99104 ᠲᠦᠮᠡᠨ ᠲᠦᠬᠦᠷᠢᠭ ᠃

190 ᠭᠠᠷᠤᠢ ᠨᠢᠭᠤᠷ ᠰᠢᠬᠦᠨ ᠳᠠᠰᠤᠯᠤᠯᠲᠠ ᠶᠢᠨ ᠪᠢᠴᠢᠭ᠌ ᠢ ᠨᠢᠬᠡ ᠴᠠᠭ ᠢᠯᠡᠭᠦᠦ ᠤᠩᠰᠢᠪᠠ ᠃ ᠰᠢᠬᠦᠨ ᠳᠠᠰᠤᠯᠤᠯᠲᠠ ᠨᠢ ᠲᠠᠩ ᠠᠢ ᠵᠢᠶᠦ᠋ᠨ ᠦ 59 ᠵᠦᠢᠯ ᠦᠨ ᠶᠠᠯ᠎ᠠ ᠬᠢᠭᠰᠡᠨ ᠪᠤᠳᠠᠳᠤ ᠶᠠᠪᠤᠳᠠᠯ ᠢ ᠨᠢᠭᠡ ᠨᠢᠬᠡ ᠪᠡᠷ ᠳᠤᠳᠤᠯᠠᠪᠠ ᠃ ᠰᠢᠬᠦᠨ ᠳᠠᠰᠤᠯᠤᠯᠲᠠ ᠶᠢᠨ ᠦᠵᠡᠬᠦ ᠪᠡᠷ ᠂ ᠲᠠᠩ ᠠᠢ ᠵᠢᠶᠦ᠋ᠨ ᠳᠤᠰ ᠬᠡᠷᠡᠭ  ᠢ ᠪᠠᠢᠴᠠᠭᠠᠬᠤ ᠶᠠᠪᠤᠴᠠ ᠳᠤ ᠢᠳᠡᠪᠬᠢᠲᠠᠢ ᠪᠠᠷ ᠲᠡᠭᠦᠨ ᠦ ᠡᠬᠡᠨᠡᠷ ᠸᠠᠩ ᠷᠦᠩ ᠵᠢᠶᠸ᠂ ᠬᠦᠦ ᠲᠠᠩ ᠽᠦᠩ ᠂ ᠬᠤᠯᠪᠤᠭᠳᠠᠯ ᠪᠦᠬᠦᠢ ᠭᠡᠷᠡᠴᠢᠯᠡᠭᠴᠢ ᠂ ᠨᠠᠢᠵᠠ ᠨᠦᠬᠦᠷ ᠢ ᠢᠳᠬᠠᠨ ᠬᠡᠷᠡᠭ ᠰᠢᠢᠳᠬᠡᠬᠦ ᠪᠠᠢᠭᠤᠯᠭ᠎ᠠ  ᠶᠢᠨ ᠪᠠᠢᠴᠠᠭᠠᠯᠲᠠ ᠬᠢᠵᠦ ᠭᠡᠷᠡᠴᠢ ᠠᠪᠬᠤ ᠳᠤ ᠬᠠᠮᠵᠢᠯᠴᠠᠵᠤ ᠂ ᠶᠠᠯ᠎ᠠ ᠪᠠᠨ ᠮᠡᠳᠡᠷᠡᠬᠦ ᠂ ᠶᠠᠯ᠎ᠠ ᠬᠢᠭᠰᠡᠨ ᠳᠦ ᠪᠡᠨ ᠬᠡᠮᠰᠢᠭᠰᠡᠨ ᠤᠪᠤᠷ ᠰᠠᠢᠨ ᠂ ᠬᠠᠤᠯᠢ ᠶᠤᠰᠤᠭᠠᠷ ᠪᠠᠢᠳᠠᠯ ᠢ ᠨᠢ ᠦᠵᠡᠵᠦ ᠬᠦᠩᠭᠡᠨ ᠢᠶᠡᠷ ᠰᠢᠢᠳᠬᠡᠨ᠎ᠠ ᠃ ᠲᠠᠩ ᠠᠢ ᠵᠢᠶᠦ᠋ᠨ ᠬᠤᠯᠪᠤᠭᠳᠠᠯ ᠪᠦᠬᠦᠢ ᠬᠦᠮᠦᠰ ᠢ ᠢᠳᠡᠪᠬᠢᠲᠠᠢ ᠢᠳᠬᠠᠨ ᠬᠠᠬᠤᠤᠯᠢ ᠶᠢᠨ ᠵᠤᠭᠤᠰ ᠢ ᠪᠤᠴᠠᠭᠠᠯᠭᠠᠵᠤ ᠂ ᠤᠳᠤᠬᠠᠨ ᠳᠤ ᠪᠦᠬᠦᠢᠯᠡ ᠬᠠᠬᠤᠤᠯᠢ ᠶᠢᠨ ᠵᠤᠭᠤᠰ  ᠢ ᠨᠢᠭᠡᠨᠲᠡ ᠳᠡᠭᠡᠭᠰᠢ ᠳᠤᠰᠢᠶᠠᠭᠰᠠᠨ ᠮᠦᠷᠲᠡᠭᠡᠨ ᠬᠤᠯᠪᠤᠭᠳᠠᠯ ᠪᠦᠬᠦᠢ ᠦᠷᠡᠵᠢᠪᠦᠷᠢ ᠪᠤᠳᠠᠰ ᠮᠦᠩᠬᠦ ᠶᠢ ᠪᠤᠴᠠᠭᠠᠵᠤ ᠂ ᠬᠠᠤᠯᠢ ᠶᠤᠰᠤᠭᠠᠷ ᠪᠠᠢᠳᠠᠯ ᠢ ᠦᠵᠡᠵᠦ ᠬᠦᠩᠭᠡᠨ ᠰᠢᠢᠳᠬᠡᠪᠡ ᠃ ᠰᠢᠬᠦᠬᠦ ᠬᠤᠷᠢᠶ᠎ᠠ《ᠪᠦᠬᠦᠳᠡ ᠨᠠᠢᠷᠠᠮᠳᠠᠬᠤ ᠳᠤᠮᠳᠠᠳᠤ ᠠᠷᠠᠳ ᠤᠨ ᠤᠯᠤᠰ ᠤᠨ ᠡᠷᠡᠭᠦᠦ ᠶᠢᠨ ᠬᠠᠤᠯᠢ》 ᠶᠢᠨ ᠭᠤᠷᠪᠠᠨ ᠵᠠᠭᠤ ᠨᠠᠶᠠᠨ ᠳᠠᠪᠤᠳᠤᠭᠠᠷ ᠵᠦᠢᠯ ᠦᠨ ᠨᠢᠬᠡᠳᠦᠬᠡᠷ ᠵᠤᠷᠪᠤᠰ ᠂ ᠭᠤᠷᠪᠠᠨ ᠵᠠᠭᠤ ᠨᠠᠶᠠᠨ ᠵᠢᠷᠭᠤᠳᠤᠭᠠᠷ ᠵᠦᠢᠯ ᠂ ᠭᠤᠷᠪᠠᠨ ᠵᠠᠭᠤ ᠨᠠᠶᠠᠨ ᠨᠠᠢᠮᠠᠳᠤᠭᠠᠷ ᠵᠦᠢᠯ ᠂ ᠵᠢᠷᠠᠨ ᠲᠦᠷᠪᠡᠳᠦᠬᠡᠷ ᠵᠦᠢᠯ ᠂ ᠳᠠᠪᠢᠨ ᠭᠤᠷᠪᠠᠳᠤᠭᠠᠷ ᠵᠦᠢᠯ ᠪᠤᠯᠤᠨ《ᠠᠷᠠᠳ ᠤᠨ ᠳᠡᠭᠡᠳᠦ ᠰᠢᠬᠦᠬᠦ ᠬᠤᠷᠢᠶ᠎ᠠ ᠂ ᠠᠷᠠᠳ ᠤᠨ ᠳᠡᠭᠡᠳᠦ ᠪᠠᠢᠴᠠᠭᠠᠬᠤ ᠬᠤᠷᠢᠶᠠᠨ ᠤ【ᠬᠡᠬᠡᠯᠢ ᠢᠳᠡᠵᠦ ᠬᠠᠤᠤᠯᠢ ᠲᠦᠯᠬᠢᠭᠰᠡᠨ ᠡᠷᠡᠭᠦᠦ ᠶᠢᠨ ᠬᠡᠷᠡᠭ ᠲᠦ ᠳᠤᠬᠢᠷᠠᠬᠤ ᠬᠠᠤᠯᠢ ᠶᠢᠨ ᠤᠯᠠᠨ ᠠᠰᠠᠭᠤᠯᠲᠠ ᠶᠢᠨ ᠳᠠᠢᠯᠪᠤᠷᠢ】》 ᠶᠢᠨ ᠭᠤᠷᠪᠠᠳᠤᠭᠠᠷ ᠵᠦᠢᠯ ᠂ ᠠᠷᠪᠠᠨ ᠭᠤᠷᠪᠠᠳᠤᠭᠠᠷ ᠵᠦᠢᠯ ᠂ ᠠᠷᠪᠠᠨ ᠲᠦᠷᠪᠡᠳᠦᠭᠡᠷ ᠵᠦᠢᠯ ᠦᠨ ᠬᠤᠶᠠᠳᠤᠭᠠᠷ ᠂ᠭᠤᠷᠪᠠᠳᠤᠭᠠᠷ ᠵᠤᠷᠪᠤᠰ ᠂ ᠠᠷᠪᠠᠨ ᠳᠠᠪᠤᠳᠤᠭᠠᠷ ᠵᠦᠢᠯ ᠂ ᠠᠷᠪᠠᠨ ᠵᠢᠷᠭᠤᠳᠤᠭᠠᠷ ᠵᠦᠢᠯ  ᠦᠨ ᠬᠤᠶᠠᠳᠤᠭᠠᠷ ᠵᠤᠷᠪᠤᠰ ᠂ ᠠᠷᠪᠠᠨ ᠨᠠᠢᠮᠠᠳᠤᠭᠠᠷ ᠵᠦᠢᠯ ᠂ ᠠᠷᠪᠠ ᠶᠢᠰᠦᠳᠦᠬᠡᠷ ᠵᠦᠢᠯ ᠂ ᠬᠤᠷᠢᠳᠤᠭᠠᠷ ᠵᠦᠢᠯ ᠪᠠ 2007 ᠤᠨ ᠤ 7ᠰᠠᠷᠠᠢᠨ 8 ᠡᠳᠦᠷ  ᠦᠨ《ᠠᠷᠠᠳ ᠤᠨ ᠳᠡᠭᠡᠳᠦ ᠰᠢᠬᠦᠬᠦ ᠬᠤᠷᠢᠶ᠎ᠠ ᠂ ᠠᠷᠠᠳ ᠤᠨ ᠳᠡᠭᠡᠳᠦ ᠪᠠᠢᠴᠠᠭᠠᠬᠤ ᠬᠤᠷᠢᠶᠠᠨ ᠤ【ᠬᠡᠬᠡᠯᠢ ᠢᠳᠡᠵᠦ ᠬᠠᠤᠤᠯᠢ ᠲᠦᠯᠬᠢᠭᠰᠡᠨ ᠡᠷᠡᠭᠦᠦ ᠶᠢᠨ ᠬᠡᠷᠡᠭ ᠲᠦ ᠳᠤᠬᠢᠷᠠᠬᠤ ᠬᠠᠤᠯᠢ ᠶᠢᠨ ᠤᠯᠠᠨ ᠠᠰᠠᠭᠤᠯᠲᠠ ᠶᠢᠨ ᠰᠠᠨᠠᠭᠤᠯᠭ᠎ᠠ】》 ᠶᠢᠨ ᠬᠤᠶᠠᠳᠤᠭᠠᠷ ᠵᠦᠢᠯ ᠂ ᠶᠢᠰᠦᠳᠦᠬᠡᠷ ᠵᠦᠢᠯ ᠂ᠠᠷᠪᠠᠳᠤᠭᠠᠷ ᠵᠦᠢᠯ ᠦᠨ ᠬᠤᠶᠠᠳᠤᠭᠠᠷ ᠵᠤᠷᠪᠤᠰ ᠂ ᠠᠷᠪᠠᠨ ᠨᠢᠭᠡᠳᠦᠬᠡᠷ ᠵᠦᠢᠯ ᠂ ᠠᠷᠪᠠᠨ ᠬᠤᠶᠠᠳᠤᠭᠠᠷ ᠵᠦᠢ ᠪᠤᠯᠤᠨ《ᠠᠷᠠᠳ ᠤᠨ ᠳᠡᠭᠡᠳᠦ ᠰᠢᠬᠦᠬᠦ ᠬᠤᠷᠢᠶ᠎ᠠ ᠂ ᠠᠷᠠᠳ ᠤᠨ ᠳᠡᠭᠡᠳᠦ ᠪᠠᠢᠴᠠᠭᠠᠬᠤ ᠬᠤᠷᠢᠶᠠᠨ ᠤ【ᠡᠷᠬᠡ ᠳᠤᠰᠢᠶᠠᠯ ᠢᠶᠠᠨ ᠠᠰᠢᠭᠯᠠᠨ ᠬᠢᠭᠰᠡᠨ ᠶᠠᠯᠠᠳᠤ ᠬᠡᠷᠡᠭ  ᠢ ᠰᠢᠢᠳᠪᠦᠷᠢᠯᠡᠬᠦ ᠳᠦ ᠪᠡᠶ᠎ᠠ ᠪᠠᠨ ᠳᠤᠰᠢᠶᠠᠭᠰᠠᠨ ᠂ ᠭᠠᠪᠢᠶ᠎ᠠ ᠪᠠᠢᠭᠤᠯᠤᠭᠰᠠᠨ ᠵᠡᠷᠬᠡ ᠵᠡᠷᠬᠡ ᠡᠷᠡᠭᠦᠦ ᠰᠢᠳᠬᠡᠯ ᠤᠨᠤᠭᠳᠠᠭᠤᠯᠬᠤ ᠪᠠᠢᠳᠠᠯ ᠤᠨ ᠤᠯᠠᠨ ᠠᠰᠠᠭᠤᠯᠲᠠ ᠶᠢᠨ ᠳᠤᠬᠠᠢ ᠰᠠᠨᠠᠭᠤᠯᠭ᠎ᠠ】》 ᠶᠢᠨ ᠲᠦᠷᠪᠡᠳᠦᠭᠡᠷ ᠵᠦᠢᠯ ᠵᠢᠴᠢ 《ᠠᠷᠠᠳ ᠤᠨ ᠳᠡᠭᠡᠳᠦ ᠰᠢᠬᠦᠬᠦ ᠬᠤᠷᠢᠶ᠎ᠠ ᠂ ᠠᠷᠠᠳ ᠤᠨ ᠳᠡᠭᠡᠳᠦ ᠪᠠᠢᠴᠠᠭᠠᠬᠤ ᠬᠤᠷᠢᠶᠠᠨ ᠤ【ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠡᠷᠡᠭ ᠦᠨ ᠵᠠᠷᠭᠤ ᠶᠢᠨ ᠬᠠᠤᠯᠢ  ᠶᠢᠨ ᠳᠠᠢᠯᠪᠤᠷᠢ】 ᠳᠤ ᠬᠡᠷᠡᠭᠯᠡᠵᠦ ᠪᠤᠯᠬᠤ ᠳᠤᠬᠠᠢ》ᠭᠤᠷᠪᠠᠨ ᠵᠠᠭᠤ ᠵᠢᠷᠠᠨ ᠳᠠᠪᠤᠳᠤᠭᠠᠷ ᠵᠦᠢᠯ ᠦᠨ ᠳᠤᠭᠳᠠᠭᠠᠯ ᠢ ᠦᠨᠳᠦᠰᠦᠯᠡᠨ ᠳᠡᠭᠡᠷᠡᠬᠢ ᠰᠢᠬᠦᠨ ᠳᠠᠰᠤᠯᠤᠯᠲᠠ ᠶᠢ ᠭᠠᠷᠭᠠᠪᠠ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )