ᠬᠤᠳᠠ ᠶᠢᠨ ᠳᠤᠮᠳᠠ ᠵᠡᠷᠬᠡ ᠶᠢᠨ ᠰᠢᠬᠦᠬᠦ ᠬᠤᠷᠢᠶ᠎ᠠ ᠨᠢᠬᠡᠳᠦᠭᠡᠷ ᠬᠤᠭᠤᠴᠠᠭᠠᠨ ᠤ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠦᠨ ᠠᠵᠢᠯᠲᠠᠨ ᠤ ᠳᠠᠮᠢᠷ ᠤᠨ ᠤᠷᠤᠯᠳᠤᠭᠠᠨ  ᠳᠤ ᠤᠷᠤᠯᠴᠠᠵᠤ ᠰᠢᠯᠢᠳᠡᠭ
2016.11.02 ᠲᠣᠰ ᠥᠷᠲᠡᠭᠡᠨ᠎ᠦ ᠨᠠᠢᠷᠠᠭᠤᠯᠤᠭᠴᠢ

ᠬᠤᠳᠠ ᠶᠢᠨ ᠳᠤᠮᠳᠠ ᠵᠡᠷᠬᠡ ᠶᠢᠨ ᠰᠢᠬᠦᠬᠦ ᠬᠤᠷᠢᠶ᠎ᠠ ᠨᠢᠬᠡᠳᠦᠭᠡᠷ ᠬᠤᠭᠤᠴᠠᠭᠠᠨ ᠤ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠦᠨ ᠠᠵᠢᠯᠲᠠᠨ ᠤ ᠳᠠᠮᠢᠷ ᠤᠨ ᠤᠷᠤᠯᠳᠤᠭᠠᠨ  ᠳᠤ ᠤᠷᠤᠯᠴᠠᠵᠤ ᠰᠢᠯᠢᠳᠡᠭ ᠬᠢᠷᠢ ᠪᠦᠲᠦᠮᠵᠢ ᠤᠯᠪᠠ

 

 

 

ᠺᠠᠳᠠᠷ ᠴᠠᠭᠳᠠᠭ᠎ᠠ ᠶᠢᠨ ᠰᠤᠶᠤᠯ ᠳᠠᠮᠢᠷ ᠤᠨ ᠠᠮᠢᠳᠤᠷᠠᠯ ᠢ ᠤᠯᠠᠮ ᠨᠢᠬᠡ ᠠᠯᠬᠤᠮ ᠪᠠᠶᠠᠯᠢᠭᠵᠢᠭᠤᠯᠵᠤ ᠂ ᠡᠷᠡᠬᠦᠯ ᠴᠢᠬᠢᠷᠠᠭ ᠠᠮᠢᠳᠤᠷᠠᠯ ᠢ ᠠᠷᠭ᠎ᠠ ᠮᠠᠶᠢᠭ ᠢ ᠤᠷᠢᠶᠠᠯᠠᠵᠤ ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠦ ᠪᠦᠬᠦᠯᠡ ᠴᠤᠭᠴᠠ ᠶᠢᠨ ᠲᠦᠷᠢ ᠲᠦᠷᠬᠦ ᠶᠢ ᠢᠯᠡᠷᠡᠬᠦᠯᠵᠦ ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠦ ᠨᠢᠭᠳᠠᠷᠠᠯ ᠤᠨ ᠬᠦᠴᠦᠨ ᠂ ᠲᠦᠪᠯᠡᠷᠡᠯ ᠦᠨ ᠬᠦᠴᠦᠨ ᠪᠤᠯᠤᠨ ᠳᠠᠢᠴᠢᠨ ᠬᠦᠴᠦ ᠶᠢ ᠳᠡᠭᠡᠭᠰᠢᠯᠡᠬᠦᠯᠬᠦ ᠶᠢᠨ ᠲᠦᠯᠦᠭᠡ ᠂ 2016 ᠤᠨ ᠤ 10 ᠰᠠᠷᠠᠢᠨ 20 ᠡᠳᠦᠷ ᠡᠴᠡ  21 ᠡᠳᠦᠷ ᠪᠤᠯᠳᠠᠯ᠎ᠠ ᠂ ᠬᠤᠳᠠ ᠶᠢᠨ ᠨᠠᠮ ᠤᠨ ᠬᠤᠷᠢᠶ᠎ᠠ ᠨᠢᠬᠡᠳᠦᠬᠡᠷ ᠬᠤᠭᠤᠴᠠᠭᠠᠨ ᠤ ᠤᠷᠳᠤᠰ ᠬᠤᠳᠠ ᠶᠢᠨ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠦᠨ ᠠᠵᠢᠯᠳᠠᠨ ᠤ ᠳᠠᠮᠢᠷ ᠤᠨ ᠤᠷᠤᠯᠳᠤᠭᠠᠨ ᠢ ᠭᠣᠣᠯᠯᠠᠨ ᠡᠷᠬᠢᠯᠡᠵᠦ ᠬᠤᠳᠠ ᠶᠢᠨ ᠳᠠᠮᠢᠷ ᠤᠨ ᠤᠷᠳᠤᠨ ᠳᠤ ᠦᠪᠡᠳᠡᠭᠰᠢ ᠶᠡᠬᠡᠪᠡᠷ ᠡᠬᠢᠯᠡᠬᠦᠯᠪᠡ ᠃ ᠤᠷᠤᠯᠳᠤᠭᠠᠨ  ᠤ ᠲᠦᠷᠦᠯ ᠨᠢ ᠦᠳᠦᠨ ᠪᠦᠮᠪᠦᠭᠡ ᠪᠠ ᠫᠢᠩᠫᠠᠩ ᠪᠦᠮᠪᠦᠭᠡ ᠬᠤᠶᠠᠷ ᠶᠡᠬᠡ ᠲᠦᠷᠦᠯ ᠵᠢᠷᠭᠤᠭᠠᠨ ᠵᠢᠵᠢᠭ ᠲᠦᠷᠦᠯ ᠂ ᠬᠤᠳᠠ ᠶᠢᠨ ᠤᠯᠤᠰ ᠲᠦᠷᠦ ᠬᠠᠤᠯᠢ ᠴᠠᠭᠠᠵᠠ  ᠶᠢᠨ ᠬᠤᠷᠢᠶ᠎ᠠ ᠂ ᠬᠤᠳᠠ ᠶᠢᠨ ᠳᠤᠮᠳᠠ ᠵᠡᠷᠬᠡ ᠶᠢᠨ ᠰᠢᠬᠦᠬᠦ ᠬᠤᠷᠢᠶ᠎ᠠ ᠂ ᠬᠤᠳᠠ ᠶᠢᠨ ᠪᠠᠢᠴᠠᠭᠠᠬᠤ ᠬᠤᠷᠢᠶ᠎ᠠ ᠂ ᠬᠤᠳᠠ ᠶᠢᠨ ᠠᠮᠤᠷ ᠢ ᠬᠠᠮᠠᠭᠠᠯᠠᠬᠤ ᠲᠤᠪᠴᠢᠶ᠎ᠠ ᠵᠡᠷᠬᠡ 19 ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠦᠨ ᠨᠢᠬᠡᠴᠡ ᠶᠢᠨ ᠲᠥᠯᠦᠭᠡᠯᠡᠭᠴᠢᠳ ᠠᠩᠬᠢ ᠤᠷᠤᠯᠳᠤᠭᠠᠨ ᠳᠤ ᠤᠷᠤᠯᠴᠠᠪᠠ ᠃

ᠬᠤᠳᠠ ᠶᠢᠨ ᠳᠤᠮᠳᠠ ᠵᠡᠷᠬᠡ ᠶᠢᠨ ᠰᠢᠬᠦᠬᠦ ᠬᠤᠷᠢᠶ᠎ᠠ ᠶᠢᠨ ᠲᠦᠯᠦᠭᠡᠯᠡᠭᠴᠢᠳ ᠠᠩᠭᠢ ᠪᠦᠬᠦᠢᠯᠡ ᠵᠢᠷᠭᠤᠭᠠᠨ ᠵᠢᠵᠢᠭ ᠲᠦᠷᠦᠯ ᠳᠦ ᠤᠷᠤᠯᠴᠠᠪᠠ ᠃ ᠤᠷᠤᠯᠳᠤᠭᠠᠨ ᠤ ᠬᠤᠭᠤᠴᠠᠭᠠᠨ ᠳᠤ ᠂ ᠯᠢ ᠾᠦᠩ ᠶᠠᠨ ᠤᠷᠤᠯᠠᠭᠴᠢ ᠬᠤᠷᠢᠶᠠᠨ ᠳᠠᠷᠤᠭ᠎ᠠ ᠵᠢᠴᠢ ᠯᠢ ᠵᠢᠩ ᠭᠦᠸᠸ ᠳᠡᠳ᠋ ᠬᠤᠷᠢᠶᠠᠨ ᠳᠠᠷᠤᠭ᠎ᠠ ᠤᠷᠤᠯᠳᠤᠭᠠᠨ ᠤ ᠳᠠᠯᠠᠪᠠᠢ ᠳᠤ ᠪᠡᠶ᠎ᠠ ᠪᠠᠷ ᠬᠦᠷᠴᠦ ᠳᠠᠮᠢᠷᠴᠢᠳ ᠢ ᠤᠷᠠᠢᠯᠠᠵᠤ ᠂ ᠳᠠᠮᠢᠷᠴᠢᠳ ᠤᠨ ᠳᠡᠮᠡᠴᠡᠯ ᠦᠨ ᠵᠤᠷᠢᠭ ᠶᠡᠬᠡᠪᠡᠷ ᠵᠤᠷᠢᠭᠵᠢᠭᠤᠯᠤᠭᠰᠠᠨ ᠪᠠᠢᠨ᠎ᠠ ᠃ ᠬᠤᠷᠴᠠ ᠰᠢᠷᠦᠬᠦᠨ ᠤᠷᠤᠯᠳᠤᠭᠠᠨ ᠢᠶᠠᠷ ᠳᠠᠮᠵᠢᠵᠤ ᠂ ᠬᠤᠳᠠ ᠶᠢᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠲᠦᠯᠦᠭᠡᠯᠡᠭᠴᠢ ᠠᠩᠬᠢ ᠦᠳᠦᠨ ᠪᠦᠮᠪᠦᠬᠡ ᠶᠢᠨ ᠡᠮᠡᠭᠲᠡᠢ ᠶᠢᠨ ᠪᠦᠯᠬᠦᠮ ᠦᠨ ᠬᠤᠶᠠᠳᠤᠭᠠᠷ ᠨᠡᠷ᠎ᠠ ᠂ ᠡᠮᠡᠭᠲᠡᠢ ᠶᠢᠨ ᠬᠤᠤᠰᠯᠠᠨ ᠴᠤᠬᠢᠬᠤ ᠶᠢᠨ ᠬᠤᠶᠠᠳᠤᠭᠠᠷ ᠨᠡᠷ᠎ᠠ ᠂ ᠦᠳᠦᠨ ᠪᠦᠮᠪᠦᠭᠡ ᠶᠢᠨ ᠡᠷᠡᠭᠲᠡᠢ ᠬᠤᠤᠰᠺᠠᠨ ᠴᠤᠬᠢᠬᠤ ᠶᠢᠨ ᠲᠦᠷᠪᠡᠳᠦᠬᠡᠷ ᠨᠡᠷ᠎ᠠ ᠶᠢᠨ ᠰᠢᠯᠢᠳᠡᠭ ᠠᠮᠵᠢᠯᠲᠠ ᠤᠯᠪᠠ ᠃ ᠤᠷᠤᠯᠳᠤᠭᠠᠨ ᠤ ᠤᠷᠤᠭᠰᠢᠲᠠᠢ ᠶᠠᠪᠤᠭᠳᠠᠬᠤ ᠶᠢ ᠪᠠᠳᠤᠯᠠᠬᠤ ᠶᠢᠨ ᠲᠦᠯᠦᠭᠡ ᠂ ᠬᠤᠳᠠ ᠶᠢᠨ ᠳᠤᠮᠳᠠ ᠵᠡᠷᠬᠡ ᠶᠢᠨ ᠰᠢᠬᠦᠬᠦ ᠬᠤᠷᠢᠶ᠎ᠠ 8 ᠨᠡᠷᠡᠰ ᠠᠵᠢᠯᠳᠠᠨ ᠲᠤᠮᠢᠯᠠᠵᠤ ᠤᠷᠤᠯᠳᠤᠭᠠᠨ ᠤ ᠪᠠᠳᠤᠯᠭ᠎ᠠ ᠶᠢᠨ ᠠᠵᠢᠯ ᠳᠤ ᠤᠷᠤᠯᠴᠠᠵᠤ ᠂ ᠡᠷᠢᠮᠦ ᠡᠴᠡ ᠂ ᠬᠤᠳᠠ ᠶᠢᠨ ᠳᠤᠮᠳᠠ ᠵᠡᠷᠬᠡ ᠶᠢᠨ ᠰᠢᠬᠦᠬᠦ ᠬᠤᠷᠢᠶ᠎ᠠ ᠪᠠᠰᠠ ᠳᠤᠰ ᠤᠳᠠᠭᠠᠨ ᠤ ᠳᠠᠮᠢᠷ ᠤᠨ ᠤᠷᠤᠯᠳᠤᠭᠠᠨ ᠤ ᠰᠢᠯᠢᠳᠡᠭ ᠵᠤᠬᠢᠶᠠᠨ ᠪᠠᠢᠭᠤᠯᠤᠯᠲᠠ ᠶᠢᠨ ᠱᠠᠩᠨᠠᠯ ᠢ ᠤᠯᠪᠠ ᠃ ᠤᠷᠤᠯᠳᠤᠭᠠᠨ ᠢᠶᠠᠷ ᠳᠠᠮᠵᠢᠵᠤ ᠂ ᠬᠤᠳᠠ ᠶᠢᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠺᠠᠳᠠᠷ ᠴᠠᠭᠳᠠᠭᠠᠨ ᠤ ᠰᠢᠷᠭᠠᠭᠤ ᠬᠠᠳᠠᠭᠤᠵᠢᠯᠲᠠᠢ ᠠᠵᠢᠯᠯᠠᠬᠤ ᠂ ᠢᠳᠡᠪᠬᠢᠲᠠᠢ ᠴᠢᠷᠮᠠᠢᠬᠤ ᠂ ᠢᠯᠠᠭᠳᠠᠯ ᠤᠨ ᠡᠮᠦᠨ᠎ᠠ ᠴᠦᠬᠦᠷᠡᠬᠦ ᠦᠬᠡᠢ ᠵᠤᠷᠢᠭ ᠰᠠᠨᠠᠭ᠎ᠠ ᠶᠢ ᠪᠤᠢ ᠪᠤᠯᠭᠠᠭᠰᠠᠨ ᠮᠦᠷᠲᠡᠭᠡᠨ ᠬᠤᠳᠠ ᠶᠢᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠡᠩᠨᠡᠭᠡᠨ ᠦ ᠪᠦᠯᠬᠦᠮᠳᠡᠨ ᠨᠢᠬᠡᠳᠬᠦ ᠂ ᠰᠡᠳᠬᠢᠯ ᠬᠦᠴᠦᠨ ᠨᠢᠭᠳᠠᠷᠠᠵᠤ ᠂ ᠲᠡᠷᠢᠬᠦᠨ ᠳᠦ ᠭᠠᠷᠬᠤ ᠪᠠᠷ ᠴᠢᠷᠮᠠᠢᠬᠤ ᠲᠦᠷᠢ ᠪᠠᠢᠳᠠᠯ ᠢ ᠢᠯᠡᠷᠡᠬᠦᠯᠦᠭᠰᠡᠨ ᠪᠠᠢᠨ᠎ᠠ ᠃

ᠤᠷᠤᠯᠳᠤᠭᠠᠨ ᠪᠠᠷᠠᠭᠰᠠᠨ ᠤ ᠳᠠᠷᠠᠭ᠎ᠠ ᠂ ᠬᠤᠳᠠ ᠶᠢᠨ ᠨᠠᠮ ᠤᠨ ᠬᠤᠷᠢᠶᠠᠨ ᠤ ᠱᠦᠵᠢ ᠭᠤᠤ ᠱᠢ ᠾᠦᠩ ᠂ ᠬᠤᠳᠠ ᠶᠢᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠤᠷᠤᠯᠠᠭᠴᠢ ᠬᠤᠷᠢᠶᠠᠨ ᠳᠠᠷᠤᠭ᠎ᠠ ᠯᠢ ᠾᠦᠩ ᠶᠠᠨ ᠵᠡᠷᠬᠡ ᠬᠠᠮᠢᠶ᠎ᠠ ᠪᠦᠬᠦᠢ ᠰᠠᠯᠠᠭ᠎ᠠ ᠮᠦᠴᠢᠷ ᠦᠨ ᠤᠳᠤᠷᠢᠳᠤᠯᠭ᠎ᠠ ᠳᠡᠭᠦᠰᠬᠦ ᠶᠤᠰᠤᠯᠠᠯ ᠳᠤ ᠤᠷᠤᠯᠴᠠᠵᠤ ᠂ ᠱᠠᠩᠨᠠᠯ ᠤᠯᠤᠭᠰᠠᠨ ᠬᠠᠮᠳᠤ ᠨᠢᠭᠡᠴᠡ ᠪᠠ ᠳᠠᠮᠢᠷᠴᠢᠨ ᠳᠤ ᠱᠠᠩᠨᠠᠯ ᠤᠯᠭᠤᠭᠰᠠᠨ ᠮᠦᠷᠲᠡᠭᠡᠨ ᠬᠤᠷᠠᠯ ᠤᠨ ᠳᠤᠭ ᠤᠨ ᠳᠤᠰᠢᠶᠠᠬᠤ ᠪᠠ ᠬᠦᠯᠢᠶᠡᠨ ᠠᠪᠬᠤ ᠶᠤᠰᠤᠯᠠᠯ ᠶᠠᠪᠤᠭᠤᠯᠪᠠ ᠃ ᠬᠤᠳᠠ  ᠶᠢᠨ ᠳᠤᠮᠳᠠ ᠵᠡᠷᠬᠡ ᠶᠢᠨ ᠰᠢᠬᠦᠬᠦ ᠬᠤᠷᠢᠶ᠎ᠠ ᠨᠢ ᠳᠠᠷᠠᠭ᠎ᠠ ᠤᠳᠠᠭᠠᠨ ᠤ ᠡᠷᠬᠢᠯᠡᠭᠴᠢ ᠪᠤᠯᠤᠭᠰᠠᠨ ᠬᠤᠪᠢ  ᠪᠠᠷ ᠂ ᠬᠤᠳᠠ ᠶᠢᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠤᠷᠤᠯᠠᠭᠴᠢ ᠬᠤᠷᠢᠶᠠᠨ ᠳᠠᠷᠤᠭ᠎ᠠ ᠯᠢ ᠾᠦᠩ ᠶᠠᠨ ᠬᠤᠳᠠ ᠶᠢᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠭᠤᠤ ᠱᠢ ᠾᠦᠩ ᠦᠨ ᠭᠠᠷ ᠠᠴᠠ ᠪᠦᠬᠦ ᠬᠤᠳᠠ ᠶᠢᠨ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠦᠨ ᠠᠵᠢᠯᠴᠢᠨ ᠤ ᠳᠠᠮᠢᠷ ᠤᠨ ᠤᠷᠤᠯᠳᠤᠭᠠᠨ ᠤ ᠳᠤᠭ ᠢ ᠳᠤᠰᠴᠤ ᠠᠪᠬᠤ ᠳᠤ ᠳᠤᠬᠠᠢ ᠶᠢᠨ ᠳᠠᠯᠠᠪᠤᠷ ᠤᠨ ᠦᠵᠡᠭᠴᠢᠳ ᠵᠢᠴᠢ ᠳᠠᠮᠢᠷᠴᠢᠳ ᠨᠢᠵᠢᠬᠢᠨᠡᠳᠡᠯ᠎ᠠ ᠠᠯᠠᠭ᠎ᠠ ᠳᠠᠰᠢᠪᠠ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )