ᠤᠷᠳᠤᠰ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶ᠎ᠠ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠪᠦᠬᠦᠳᠡ ᠬᠤᠷᠠᠯ ᠢ ᠵᠤᠷᠢᠭ ᠰᠠᠨᠠᠭ᠎ᠠ ᠶᠢ ᠬᠢᠨᠠᠮᠠᠭᠠᠢ
2016.11.02 ᠲᠣᠰ ᠥᠷᠲᠡᠭᠡᠨ ᠦ ᠨᠠᠢᠷᠠᠭᠤᠯᠤᠭᠴᠢ

ᠤᠷᠳᠤᠰ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶ᠎ᠠ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠪᠦᠬᠦᠳᠡ ᠬᠤᠷᠠᠯ ᠢ ᠵᠤᠷᠢᠭ ᠰᠠᠨᠠᠭ᠎ᠠ ᠶᠢ ᠬᠢᠨᠠᠮᠠᠭᠠᠢ ᠳᠠᠮᠵᠢᠭᠤᠯᠬᠤ ᠰᠤᠷᠤᠯᠴᠠᠪᠠ

 

 

 

 

11 ᠰᠠᠷᠠᠢᠨ 1 ᠡᠳᠦᠷ ᠦᠨ ᠦᠳᠡ ᠶᠢᠨ ᠡᠮᠦᠨ᠎ᠠ ᠂ ᠤᠷᠳᠤᠰ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠢᠯᠠᠩ(ᠦᠷᠭᠡᠳᠭᠡᠭᠰᠡᠨ) ᠤᠨ ᠬᠤᠷᠠᠯ ᠢ ᠬᠤᠷᠠᠯᠳᠤᠭᠤᠯᠵᠤ ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠪᠦᠬᠦᠳᠡ ᠬᠤᠷᠠᠯ ᠢ ᠵᠤᠷᠢᠭ ᠰᠠᠨᠠᠭ᠎ᠠ ᠶᠢ ᠳᠠᠮᠵᠢᠭᠤᠯᠤᠨ ᠰᠤᠷᠤᠯᠴᠠᠵᠤ ᠂ ᠰᠤᠳᠤᠯᠠᠬᠤ ᠬᠡᠯᠳᠡᠰ ᠠᠷᠭ᠎ᠠ ᠬᠡᠮᠵᠢᠶ᠎ᠠ ᠶᠢ ᠳᠤᠤᠱᠢᠯᠠᠭᠤᠯᠤᠨ ᠨᠠᠢᠳᠠᠪᠤᠷᠢᠵᠢᠭᠤᠯᠪᠠ ᠃ ᠬᠤᠳᠠ ᠶᠢᠨ ᠠᠷᠠᠳ ᠤᠨ ᠳᠤᠮᠳᠠ ᠵᠡᠷᠬᠡ ᠰᠢᠬᠦᠬᠦ ᠬᠤᠷᠢᠶᠠᠨ ᠤ ᠤᠳᠤᠷᠢᠳᠬᠤ ᠪᠠᠭ ᠤᠨ ᠪᠦᠬᠦ ᠬᠡᠰᠢᠬᠦᠨ ᠂ ᠭᠠᠵᠠᠷ ᠤᠨ ᠳᠡᠰ ᠰᠢᠬᠦᠨ ᠳᠠᠰᠤᠯᠠᠭᠴᠢ ᠂ ᠡᠯ᠎ᠠ ᠰᠠᠯᠠᠭ᠎ᠠ ᠮᠦᠴᠢᠷ ᠦᠨ ᠬᠠᠷᠢᠭᠤᠴᠠᠯᠭᠠᠲᠠᠨ ᠂ ᠡᠯ᠎ᠠ ᠨᠠᠮ ᠤᠨ ᠡᠬᠦᠷ ᠦᠨ ᠱᠦᠵᠢ ᠬᠤᠷᠠᠯ ᠳᠤ ᠤᠷᠤᠯᠴᠠᠪᠠ ᠃

ᠬᠤᠷᠠᠯ ᠳᠡᠭᠡᠷ᠎ᠠ ᠳᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠠᠯᠪᠠᠨ ᠮᠡᠳᠡᠭᠡ ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠤᠷᠳᠤᠰ ᠬᠤᠳᠠ ᠶᠢᠨ ᠨᠠᠮ ᠤᠨ ᠬᠤᠷᠢᠶᠠᠨ ᠤ ᠠᠯᠪᠠᠨ ᠲᠢᠩᠬᠢᠮ ᠦᠨ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠤᠬᠠᠭᠤᠯᠬᠤ ᠳᠤᠬᠠᠢ ᠮᠡᠳᠡᠭᠳᠡᠯ ᠢ ᠳᠠᠮᠵᠢᠭᠤᠯᠤᠨ ᠰᠤᠷᠤᠯᠴᠠᠭᠰᠠᠨ ᠪᠦᠭᠡᠳ ᠪᠦᠬᠦ ᠬᠤᠳᠠ ᠶᠢᠨ ᠰᠢᠬᠦᠬᠦ ᠬᠤᠷᠢᠶᠠᠨ ᠤ ᠰᠢᠬᠦᠨ ᠬᠦᠢᠴᠡᠳᠬᠡᠬᠦ ᠠᠵᠢᠯ ᠤᠨ ᠪᠤᠳᠠᠳᠠᠢ ᠪᠠᠢᠳᠠᠯ ᠲᠠᠢ ᠤᠶᠠᠯᠳᠠᠭᠤᠯᠤᠨ ᠪᠤᠳᠠᠳᠠᠢ ᠳᠤᠤᠱᠢᠯᠠᠭᠤᠯᠤᠨ ᠨᠠᠢᠳᠠᠪᠤᠷᠢᠵᠢᠭᠤᠯᠬᠤ ᠰᠠᠨᠠᠯ ᠳᠤᠷᠠᠳᠤᠪᠠ ᠃

ᠬᠤᠷᠠᠯ ᠳᠤ ᠵᠢᠭᠠᠵᠤ ᠭᠠᠷᠭᠠᠭᠰᠠᠨ ᠨᠢ ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠳᠤᠤᠱᠢᠯᠠᠭᠤᠯᠬᠤ ᠪᠤᠯ ᠪᠦᠬᠦ ᠬᠤᠳᠠ ᠶᠢᠨ ᠰᠢᠬᠦᠬᠦ ᠬᠤᠷᠢᠶᠠᠨ ᠤ ᠤᠳᠤᠬᠠᠨ ᠤ ᠪᠠ ᠬᠤᠵᠢᠮ ᠤᠨ ᠨᠢᠬᠡ ᠬᠤᠭᠤᠴᠠᠭᠠᠨ ᠤ ᠲᠡᠷᠢᠬᠦᠨ ᠴᠢᠬᠤᠯᠠ ᠤᠯᠤᠰ ᠲᠦᠷᠦ ᠶᠢᠨ ᠡᠬᠦᠷᠭᠡ ᠪᠠᠢᠵᠤ ᠂ ᠪᠦᠬᠦ ᠬᠤᠳᠠ ᠶᠢᠨ ᠰᠢᠬᠦᠬᠦ ᠬᠤᠷᠢᠶ᠎ᠠ ᠡᠯ᠎ᠠ ᠱᠠᠳᠤᠨ ᠤ ᠨᠠᠮ ᠬᠤᠷᠢᠶ᠎ᠠ ᠪᠤᠯᠤᠨ ᠳᠡᠭᠡᠳᠦ ᠱᠠᠳᠤᠨ ᠤ ᠰᠢᠬᠦᠬᠦ ᠬᠤᠷᠢᠶᠠᠨ ᠤ ᠳᠤᠬᠢᠷᠠᠭᠤᠯᠤᠯᠲᠠ ᠶᠤᠰᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ  ᠶᠢ ᠰᠤᠷᠤᠯᠴᠠᠨ ᠳᠤᠤᠱᠢᠯᠠᠭᠤᠯᠬᠤ ᠠᠵᠢᠯ ᠢ ᠨᠠᠷᠢᠨ ᠬᠢᠨᠠᠮᠠᠭᠠᠢ ᠠᠳᠬᠤᠵᠤ ᠂ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠵᠤ ᠨᠡᠪᠲᠡᠷᠡᠳᠡᠯ᠎ᠠ ᠰᠤᠷᠤᠯᠴᠠᠵᠤ ᠂ ᠨᠡᠪᠲᠡᠷᠬᠡᠢ ᠪᠤᠯᠬᠤ ᠶᠢ ᠪᠠᠳᠤᠯᠠᠬᠤ ᠬᠡᠷᠡᠭᠲᠡᠢ ᠃

ᠨᠢᠬᠡ ᠪᠤᠯ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠳᠤᠤᠱᠢᠯᠠᠭᠤᠯᠤᠨ ᠨᠠᠢᠳᠠᠪᠤᠷᠢᠵᠢᠭᠤᠯᠬᠤ ᠬᠠᠯᠠᠭᠤᠨ ᠤᠷᠤᠰᠬᠠᠯ ᠢ ᠦᠳᠳᠡᠷ ᠲᠦᠷᠭᠡᠨ ᠪᠤᠢ ᠪᠤᠯᠭᠠᠵᠤ ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ  ᠪᠠᠨ ᠪᠦᠬᠦᠳᠡ ᠬᠤᠷᠠᠯ ᠤᠨ ᠵᠤᠷᠢᠭ ᠰᠠᠨᠠᠭ᠎ᠠ ᠲᠠᠢ ᠦᠨᠡᠨ ᠬᠦ ᠨᠢᠬᠡᠳᠦᠯᠳᠡᠢ ᠪᠤᠯᠭᠠᠨ᠎ᠠ ᠃ ᠪᠦᠬᠦ ᠬᠤᠳᠠ ᠶᠢᠨ ᠰᠢᠬᠦᠬᠦ ᠬᠤᠷᠢᠶ᠎ᠠ ᠲᠦᠪ ᠬᠤᠷᠢᠶ᠎ᠠ ᠂ ᠥᠪᠡᠷᠲᠡᠭᠡᠨ ᠵᠠᠰᠠᠬᠤ ᠤᠷᠤᠨ ᠪᠤᠯᠤᠨ ᠬᠤᠳᠠ ᠶᠢᠨ ᠨᠠᠮ ᠤᠨ ᠬᠤᠷᠢᠶᠠᠨ  ᠤ ᠳᠤᠬᠢᠷᠠᠭᠤᠯᠤᠭᠰᠠᠨ ᠱᠠᠭᠠᠷᠳᠠᠯᠭ᠎ᠠ ᠶᠤᠰᠤᠭᠠᠷ᠂ ᠳᠡᠭᠡᠳᠦ ᠬᠡᠮᠵᠢᠶᠡᠨ ᠦ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯ ᠪᠤᠯᠤᠨ ᠡᠭᠦᠷᠭᠡᠲᠦ ᠰᠡᠳᠬᠢᠯᠭᠡ ᠪᠡᠷ ᠨᠠᠮ ᠤᠨ ᠠᠷᠪᠠᠨ ᠨᠠᠢᠮᠠᠳᠤᠭᠠᠷ ᠲᠦᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢᠨ ᠰᠤᠷᠤᠯᠴᠠᠯᠭ᠎ᠠ ᠶᠢ ᠳᠤᠤᠱᠢᠯᠠᠭᠤᠯᠬᠤ ᠠᠵᠢᠯ ᠢ ᠬᠢᠨᠠᠮᠠᠭᠠᠢ ᠴᠢᠩᠭ᠎ᠠ ᠠᠳᠬᠤᠬᠤ ᠬᠡᠷᠡᠭᠲᠡᠢ ᠃ ᠪᠦᠬᠦ ᠬᠤᠳᠠ ᠶᠢᠨ ᠰᠢᠬᠦᠬᠦ ᠬᠤᠷᠢᠶᠠᠨ ᠤ ᠤᠳᠤᠷᠢᠳᠬᠤ ᠪᠠᠭ ᠳᠤᠯᠤᠭᠠᠢᠯᠠᠨ ᠰᠤᠷᠤᠯᠴᠠᠵᠤ ᠂ ᠬᠦᠨᠵᠡᠭᠡᠢ ᠰᠤᠷᠤᠯᠴᠠᠵᠤ ᠂ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠤᠨᠤᠪᠴᠢᠲᠠᠢ ᠡᠵᠡᠮᠰᠢᠵᠤ ᠂ ᠪᠦᠬᠦᠳᠡ ᠬᠤᠷᠠᠯ ᠤᠨ ᠵᠤᠷᠢᠭ ᠰᠠᠨᠠᠭ᠎ᠠ ᠪᠠᠷ ᠳᠠᠷᠢᠬᠢ ᠳᠤᠯᠤᠭᠠᠢ ᠪᠠᠨ ᠵᠡᠪᠰᠡᠭᠯᠡᠵᠦ ᠂ ᠠᠵᠢᠯ ᠢ ᠵᠢᠯᠤᠭᠤᠳᠤᠨ᠎ᠠ ᠃ ᠨᠠᠮ ᠤᠳᠤᠷᠢᠳᠬᠤ ᠳᠤᠭᠤᠢᠯᠠᠩ  ᠤᠨ ᠭᠤᠤᠯ ᠳᠤᠭᠤᠢᠯᠠᠩ ᠂ ᠨᠠᠮ  ᠤᠨ ᠡᠭᠦᠷ ᠂ ᠨᠠᠮ ᠤᠨ ᠳᠤᠭᠤᠢᠯᠠᠩ  ᠢᠶᠠᠷ ᠨᠢᠭᠡᠴᠡ ᠪᠤᠯᠭᠠᠨ ᠡᠯ᠎ᠠ ᠵᠦᠢᠯ ᠦᠨ ᠰᠤᠷᠤᠯᠴᠠᠬᠤ ᠬᠦᠳᠡᠯᠭᠡᠭᠡᠨ ᠦᠷᠨᠢᠬᠦᠯᠵᠦ ᠂ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠨᠠᠮ ᠤᠨ ᠬᠡᠰᠢᠬᠦᠨ ᠪᠦᠷᠢ ᠂ ᠺᠠᠳᠠᠷ ᠴᠠᠭᠳᠠᠭ᠎ᠠ ᠪᠦᠷᠢ ᠳᠦ ᠳᠠᠮᠵᠢᠭᠤᠯᠬᠤ ᠶᠢ ᠪᠠᠳᠤᠯᠠᠬᠤ ᠬᠡᠷᠡᠭᠲᠡᠢ ᠃ ᠰᠢᠬᠦᠨ ᠳᠠᠰᠤᠯᠤᠯᠲᠠ ᠶᠢᠨ ᠠᠵᠢᠯ ᠤᠨ ᠪᠤᠳᠠᠳᠤ ᠪᠠᠢᠳᠠᠯ ᠲᠠᠢ ᠨᠢᠭᠲᠠ ᠤᠶᠠᠯᠳᠠᠭᠤᠯᠤᠨ ᠂ ᠪᠦᠬᠦᠳᠡ ᠬᠤᠷᠠᠯ ᠤᠨ ᠵᠤᠷᠢᠭ ᠰᠠᠨᠠᠭᠠᠨ ᠤ ᠳᠤᠬᠠᠢ ᠤᠢᠯᠭᠠᠯᠲᠠ ᠪᠠ ᠳᠠᠨᠢᠯᠲᠠ ᠶᠢ ᠳᠠᠰᠤᠷᠠᠯ ᠦᠭᠡᠢ ᠭᠦᠨᠵᠡᠭᠡᠢᠷᠡᠬᠦᠯᠵᠦ ᠂ ᠬᠦᠨᠵᠡᠭᠡᠢ ᠰᠤᠷᠤᠯᠴᠠᠨ ᠨᠡᠪᠷᠡᠲᠭᠡᠢ ᠤᠢᠯᠭᠠᠬᠠᠤ ᠪᠠᠷ ᠴᠢᠷᠮᠠᠢᠵᠤ ᠂ ᠨᠡᠪᠳᠡᠷᠭᠡᠢ ᠤᠢᠯᠭᠠᠨ ᠡᠵᠡᠮᠰᠢᠵᠦ ᠂ ᠤᠯᠠᠮ ᠨᠢᠬᠡ ᠠᠯᠬᠤᠮ ᠦᠵᠡᠯ ᠰᠠᠨᠠᠭ᠎ᠠ ᠪᠠᠨ ᠨᠢᠬᠡᠳᠬᠡᠵᠦ ᠂ ᠳᠠᠨᠢᠯᠲᠠ ᠪᠠᠨ ᠳᠡᠭᠡᠭᠰᠢᠯᠡᠬᠦᠯᠵᠦ ᠂ ᠬᠦᠴᠦᠨ ᠴᠢᠳᠠᠯ ᠢᠶᠠᠨ ᠨᠢᠭᠳᠠᠷᠠᠭᠤᠯᠵᠤ ᠂ ᠪᠣᠳᠠᠲᠠᠢ ᠪᠦᠳᠦᠮᠵᠢ ᠤᠯᠬᠤ ᠪᠠᠷ ᠬᠦᠴᠦᠯᠡᠨ ᠴᠢᠷᠮᠠᠢᠬᠤ ᠬᠡᠷᠡᠭᠲᠡᠢ ᠃ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠬᠤ ᠶᠢ《ᠬᠤᠶᠠᠷ ᠢ ᠰᠤᠷᠤᠯᠴᠠᠵᠤ ᠨᠢᠬᠡ ᠶᠢ ᠬᠢᠬᠦ》 ᠰᠤᠷᠤᠯᠴᠠᠯᠭ᠎ᠠ ᠰᠤᠷᠭᠠᠨ ᠬᠦᠮᠦᠵᠢᠯ ᠲᠠᠢ ᠤᠶᠠᠯᠳᠤᠭᠤᠯᠵᠤ ᠂ ᠯᠢ ᠵᠢᠢ ᠾᠸᠩ ᠱᠦᠵᠢ ᠶᠢᠨ ᠤᠷᠳᠤᠰ ᠢ ᠰᠢᠨᠵᠢᠯᠡᠨ ᠪᠠᠢᠴᠠᠭᠠᠭᠰᠠᠨ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠲᠠᠢ ᠤᠶᠠᠯᠳᠤᠭᠤᠯᠵᠤ ᠂ ᠬᠤᠳᠠ ᠶᠢᠨ ᠲᠦᠷᠪᠡᠳᠦᠭᠡᠷ ᠬᠤᠭᠤᠴᠠᠭᠠᠨ ᠤ ᠨᠠᠮ ᠤᠨ ᠲᠦᠯᠦᠭᠡᠯᠡᠭᠴᠢᠳ ᠦᠨ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠬᠤ ᠲᠠᠢ ᠤᠶᠠᠯᠳᠤᠭᠤᠯᠵᠤ ᠂ ᠠᠮᠢᠳᠤᠯᠢᠭ ᠤᠯᠠᠨ ᠲᠦᠷᠦᠯ ᠦᠨ ᠠᠷᠭ᠎ᠠ ᠠᠪᠴᠢᠯ ᠢ ᠠᠪᠴᠤ ᠂ ᠳᠠᠰᠤᠷᠤᠯᠲᠠ ᠦᠭᠡᠢ ᠂ ᠰᠢᠰᠲ᠋ᠧᠮ ᠲᠠᠢ ᠰᠤᠷᠤᠯᠴᠠᠯᠭ᠎ᠠ ᠤᠬᠠᠭᠤᠯᠭ᠎ᠠ ᠶᠢ ᠬᠦᠨᠵᠡᠭᠡᠢ ᠦᠷᠨᠢᠬᠦᠯᠵᠦ ᠂ ᠦᠨᠡᠨᠬᠦ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠰᠠᠢᠳᠤᠷ ᠰᠤᠷᠤᠯᠴᠠᠨ ᠤᠬᠠᠭᠤᠯᠵᠤ ᠂ ᠳᠤᠤᠱᠢᠯᠠᠭᠤᠯᠬᠤ ᠬᠡᠷᠡᠭᠲᠡᠢ ᠃

ᠬᠤᠶᠠᠷ ᠪᠤᠯ ᠪᠦᠬᠦ ᠳᠠᠯ᠎ᠠ ᠪᠠᠷ ᠨᠠᠮ ᠢ ᠴᠢᠩᠭ᠎ᠠ ᠵᠠᠰᠠᠬᠤ ᠶᠢ ᠪᠠᠷᠢᠮᠳᠠᠯᠠᠵᠤ ᠂ ᠪᠦᠬᠦ ᠬᠤᠳᠠ ᠶᠢᠨ ᠬᠤᠶᠠᠷ ᠱᠠᠳᠤᠨ ᠤ ᠰᠢᠬᠦᠬᠦ ᠬᠤᠷᠢᠶᠠᠨ ᠤ ᠨᠠᠮ ᠤᠨ ᠵᠤᠬᠢᠶᠠᠨ ᠪᠠᠢᠭᠤᠯᠤᠯᠲᠠ ᠨᠠᠮ ᠤᠨ ᠳᠤᠳᠤᠭᠠᠳᠤ ᠤᠯᠤᠰ ᠲᠦᠷᠦ ᠶᠢᠨ ᠠᠮᠢᠳᠤᠷᠠᠯ ᠢ ᠤᠯᠠᠮ ᠨᠢᠬᠡ ᠠᠯᠬᠤᠮ ᠴᠢᠩᠭᠠᠳᠬᠠᠨ ᠵᠢᠷᠤᠮᠵᠢᠭᠤᠯᠤᠨ᠎ᠠ ᠃ ᠪᠦᠬᠦ ᠬᠤᠳᠠ ᠶᠢᠨ ᠦᠨᠳᠦᠰᠦᠡ ᠱᠠᠳᠤᠨ ᠤ ᠨᠠᠮ ᠤᠨ ᠪᠦᠲᠦᠭᠡᠨ ᠪᠠᠢᠭᠤᠯᠤᠯᠲᠠ ᠶᠢᠨ《ᠳᠤᠯᠤᠭᠠᠨ ᠴᠢᠬᠤᠯᠠ ᠴᠡᠭ》ᠡᠭᠦᠷᠭᠡ  ᠶᠢ ᠳᠤᠤᠱᠢᠯᠠᠭᠤᠯᠬᠤ ᠪᠠᠷ ᠳᠤᠬᠢᠶᠠᠯ ᠪᠤᠯᠭᠠᠨ ᠂ ᠨᠠᠮ ᠤᠨ ᠳᠤᠳᠤᠭᠠᠳᠤ ᠤᠯᠤᠰ ᠲᠦᠷᠦ ᠶᠢᠨ ᠠᠮᠢᠳᠤᠷᠠᠯ ᠨᠡᠩ ᠢᠯᠡᠬᠦᠦ ᠴᠢᠩᠭ᠎ᠠ ᠪᠠᠷᠢᠮᠵᠢᠶᠠᠯᠠᠵᠤ ᠂ ᠰᠢᠨ᠎ᠠ ᠴᠠᠭ ᠦᠶ᠎ᠠ ᠶᠢᠨ ᠨᠠᠮ ᠤᠨ ᠦᠪᠡᠷ ᠦᠨ ᠪᠡᠶ᠎ᠠ ᠶᠢᠨ ᠪᠦᠲᠦᠭᠡᠨ ᠪᠠᠢᠭᠤᠯᠤᠯᠲᠠ ᠶᠢᠨ ᠰᠢᠨ᠎ᠠ ᠬᠡᠪ ᠪᠠᠢᠳᠠᠯ ᠪᠤᠯᠭᠠᠵᠤ ᠂ ᠨᠠᠮ ᠤᠨ ᠵᠤᠬᠢᠶᠠᠨ ᠪᠠᠢᠭᠤᠯᠤᠯᠲᠠ ᠡᠬᠦᠷᠬᠡ ᠴᠢᠳᠠᠮᠵᠢ ᠪᠠᠨ ᠬᠦᠢᠴᠡᠳ ᠬᠦᠢᠴᠡᠳᠬᠡᠬᠦ ᠶᠢ ᠪᠠᠳᠤᠯᠠᠵᠤ ᠂ ᠭᠣᠣᠯᠯᠠᠬᠤ ᠦᠢᠯᠡᠳᠦᠯ ᠢ ᠪᠠᠳᠠᠷᠠᠭᠤᠯᠵᠤ ᠂ ᠪᠦᠬᠦ ᠨᠠᠮ ᠤᠨ ᠬᠡᠰᠢᠬᠦᠨ ᠬᠤᠰᠢᠭᠤᠴᠢ ᠵᠢᠱᠢᠶᠡᠴᠢ ᠦᠢᠯᠡᠳᠦᠯ ᠪᠠᠳᠠᠷᠠᠭᠤᠯᠬᠤ ᠶᠢ ᠪᠠᠳᠤᠯᠠᠵᠤ ᠂ ᠨᠠᠮ ᠤᠨ ᠤᠳᠤᠷᠢᠳᠬᠤ ᠺᠠᠳᠠᠷ ᠦᠨᠡᠨᠴᠢ ᠰᠢᠳᠤᠷᠭᠤ ᠴᠡᠪᠡᠷ ᠬᠠᠷᠢᠭᠤᠴᠠᠯᠭ᠎ᠠ ᠡᠬᠦᠷᠭᠡᠯᠡᠬᠦ ᠶᠢ ᠪᠠᠳᠤᠯᠠᠨ᠎ᠠ ᠃ ᠪᠦᠬᠦ ᠬᠤᠳᠠ ᠶᠢᠨ ᠬᠤᠶᠠᠷ ᠱᠠᠳᠤᠨ ᠤ ᠰᠢᠬᠦᠬᠦ ᠬᠤᠷᠢᠶ᠎ᠠ ᠶᠢᠨ ᠨᠠᠮ ᠤᠨ ᠵᠤᠬᠢᠶᠠᠨ ᠪᠠᠢᠭᠤᠯᠤᠯᠲᠠ ᠢᠳᠡᠬᠡᠯ ᠤᠷᠠᠮᠰᠢᠭᠤᠯᠬᠤ ᠪᠤᠯᠤᠨ ᠴᠢᠩᠭ᠎ᠠ ᠬᠢᠨᠠᠯᠲᠠ ᠲᠠᠢ ᠤᠶᠠᠯᠳᠤᠭᠤᠯᠤᠨ ᠂ ᠨᠠᠮ ᠤᠨ ᠬᠡᠰᠢᠬᠦᠨ ᠤᠳᠤᠷᠢᠳᠤᠭᠴᠢ ᠺᠠᠳᠠᠷᠴᠤᠳ ᠡᠷᠬᠡ ᠲᠠᠢ ᠪᠤᠯ ᠡᠷᠭᠡᠪᠰᠢ ᠬᠠᠷᠢᠭᠤᠴᠠᠯᠭ᠎ᠠ ᠲᠠᠢ ᠪᠠᠢᠬᠤ ᠂ ᠬᠠᠷᠢᠭᠤᠴᠠᠯᠭ᠎ᠠ ᠪᠠᠨ ᠡᠭᠦᠷᠭᠡᠯᠡᠵᠦ ᠂ ᠡᠷᠬᠡ ᠬᠡᠷᠡᠭᠯᠡᠪᠡᠯ ᠬᠢᠨᠠᠯᠲᠠ ᠶᠢ ᠬᠦᠯᠢᠶᠡᠵᠦ ᠂ ᠬᠠᠷᠢᠭᠤᠴᠠᠯᠭ᠎ᠠ ᠠᠯᠳᠠᠪᠠᠯ ᠵᠠᠪᠠᠯ ᠨᠡᠬᠡᠮᠵᠢᠯᠡᠬᠦ ᠬᠡᠷᠡᠭᠲᠡᠢ ᠃

ᠭᠤᠷᠪᠠ ᠪᠤᠯ ᠪᠦᠬᠦ ᠬᠤᠳᠠ ᠶᠢᠨ ᠰᠢᠬᠦᠬᠦ ᠬᠤᠷᠢᠶ᠎ᠠ ᠶᠢᠨ《ᠰᠠᠬᠢᠯᠭ᠎ᠠ ᠪᠠᠳᠤ ᠬᠡᠪ ᠰᠤᠷᠳᠠᠯ ᠢ  ᠴᠡᠭᠴᠡᠯᠡᠬᠦ ᠳᠤᠰᠬᠠᠢ ᠬᠦᠳᠡᠯᠭᠡᠭᠡᠨ》 ᠤ ᠥᠷᠨᠢᠭᠦᠯᠬᠦ ᠲᠠᠢ ᠤᠶᠠᠯᠳᠠᠭᠤᠯᠤᠨ ᠂ ᠰᠤᠷᠭᠠᠨ ᠬᠦᠮᠦᠵᠢᠯ ᠦᠨ ᠬᠠᠮᠢᠶᠠᠷᠤᠯᠲᠠ ᠶᠢ ᠴᠢᠩᠭᠠᠳᠬᠠᠵᠤ ᠂ ᠰᠢᠳᠦᠷᠭᠤ ᠂ᠴᠡᠪᠡᠷ ᠬᠠᠷᠢᠭᠤᠴᠠᠯᠭ᠎ᠠ ᠲᠠᠢ ᠰᠢᠬᠦᠬᠦ ᠬᠤᠷᠢᠶᠠᠨ ᠤ ᠡᠩᠨᠡᠭᠡ ᠶᠢ ᠴᠢᠷᠮᠠᠢᠨ ᠪᠠᠢᠭᠤᠯᠤᠨ᠎ᠠ ᠃ ᠤᠳᠤᠷᠢᠳᠬᠤ ᠺᠠᠳᠠᠷᠴᠤᠳ ᠬᠡᠬᠦ ᠡᠨᠡᠬᠦ ᠵᠠᠩᠭᠢᠯᠠᠭ᠎ᠠ ᠶᠢ ᠤᠨᠴᠠᠭᠠᠢᠯᠠᠨ ᠰᠠᠢᠳᠤᠷ ᠠᠳᠬᠤᠵᠤ ᠂ ᠪᠦᠬᠦ ᠬᠤᠳᠠ ᠶᠢᠨ ᠬᠤᠶᠠᠷ ᠱᠠᠳᠤᠨ ᠤ ᠰᠢᠬᠦᠬᠦ ᠬᠤᠷᠢᠶᠠᠨ ᠤ ᠤᠳᠤᠷᠢᠳᠤᠯᠭ᠎ᠠ ᠨᠢ ᠪᠦᠬᠦ ᠬᠤᠳᠠ ᠶᠢᠨ ᠰᠢᠬᠦᠬᠦ ᠬᠤᠷᠢᠶᠠᠨ ᠤ ᠤᠳᠤᠷᠢᠳᠤᠭᠴᠢ ᠺᠠᠳᠠᠷᠴᠤᠳ ᠤᠨ ᠨᠠᠮ ᠢ ᠬᠠᠮᠢᠶᠠᠷᠬᠤ ᠨᠠᠮ ᠢ ᠵᠠᠰᠠᠬᠤ ᠬᠠᠷᠢᠭᠤᠴᠠᠯᠭ᠎ᠠ ᠶᠢ ᠡᠷᠭᠡᠪᠰᠢ ᠨᠠᠢᠳᠠᠪᠤᠷᠢᠵᠢᠭᠤᠯᠵᠤ᠂ ᠨᠠᠮ  ᠳᠤ ᠰᠢᠳᠤᠷᠭᠤ ᠂ ᠶᠤᠰᠤ ᠶᠠᠷᠢᠬᠤ ᠂ ᠰᠠᠬᠢᠯᠭ᠎ᠠ ᠪᠠᠳᠤ ᠶᠢ ᠰᠠᠬᠢᠬᠤ ᠦᠯᠢᠭᠡᠷ ᠳᠠᠭᠤᠷᠢᠶᠠᠯ ᠪᠤᠯᠬᠤ ᠬᠡᠷᠡᠭᠲᠡᠢ ᠃ ᠬᠠᠷᠢᠭᠤᠴᠠᠯᠭ᠎ᠠ ᠪᠠᠨ ᠦᠨᠡᠨᠬᠦ ᠡᠬᠦᠷᠭᠡᠯᠵᠦ ᠂《ᠨᠢᠬᠡ ᠠᠵᠢᠯ ᠤᠨ ᠪᠠᠢᠷᠢ ᠬᠤᠶᠠᠷ ᠬᠠᠷᠢᠭᠤᠴᠠᠯᠭ᠎ᠠ ᠲᠠᠢ》ᠪᠠᠢᠬᠤ ᠶᠢ ᠬᠢᠨᠠᠮᠠᠭᠠᠢ ᠬᠦᠢᠴᠡᠳᠬᠡᠵᠦ ᠂ ᠴᠢᠩᠭ᠎ᠠ ᠬᠢᠨᠠᠮᠠᠭᠠᠢ ᠪᠠᠢᠬᠤ ᠶᠢ ᠦᠨᠡᠨᠬᠦ ᠪᠡᠶᠡᠯᠡᠬᠦᠯᠵᠦ ᠂ ᠰᠢᠬᠦᠨ ᠳᠠᠰᠤᠯᠤᠯᠲᠠ ᠶᠢᠨ ᠬᠢᠨᠠᠯᠲᠠ ᠶᠢ ᠴᠢᠩᠭᠠᠳᠬᠠᠬᠤ ᠂ ᠡᠩᠨᠡᠬᠡᠨ ᠦ ᠬᠡᠪ ᠰᠠᠬᠢᠯᠭ᠎ᠠ ᠶᠢ ᠴᠢᠩᠭᠠᠳᠬᠠᠬᠤ ᠪᠠᠷ ᠳᠠᠮᠵᠢᠵᠤ ᠂ ᠬᠠᠤᠯᠢ ᠴᠠᠭᠠᠵᠠ ᠶᠢᠨ ᠢᠳᠡᠬᠡᠬᠦᠯᠬᠦ ᠬᠦᠴᠦᠨ ᠢ ᠳᠠᠰᠤᠷᠠᠯ ᠦᠬᠡᠢ ᠳᠡᠬᠡᠭᠰᠢᠯᠡᠬᠦᠯᠦᠨ᠎ᠠ ᠃ ᠪᠦᠬᠦ ᠬᠤᠳᠠ ᠶᠢᠨ ᠰᠢᠬᠦᠬᠦ ᠬᠤᠷᠢᠶᠠᠨ ᠤ《ᠰᠠᠬᠢᠯᠭ᠎ᠠ ᠪᠠᠳᠤ ᠬᠡᠪ ᠰᠤᠷᠳᠠᠯ ᠢ  ᠴᠡᠭᠴᠡᠯᠡᠬᠦ ᠳᠤᠰᠬᠠᠢ ᠬᠦᠳᠡᠯᠭᠡᠭᠡᠨ》 ᠤ ᠦᠷᠨᠢᠬᠦᠯᠬᠦ ᠲᠠᠢ ᠨᠢᠭᠳᠠ ᠤᠶᠠᠯᠳᠠᠭᠤᠯᠤᠨ ᠂ ᠡᠩᠨᠡᠭᠡᠨ ᠦ ᠪᠦᠲᠦᠭᠡᠨ ᠪᠠᠢᠭᠤᠯᠤᠯᠲᠠ ᠳᠤᠮᠳᠠᠬᠢ ᠳᠤᠪᠤᠢᠮ᠎ᠠ ᠠᠰᠠᠭᠤᠳᠠᠯ ᠢ ᠡᠷᠢᠯᠬᠢᠯᠡᠵᠦ ᠂ ᠴᠢᠩᠭ᠎ᠠ ᠰᠤᠷᠭᠠᠨ ᠬᠦᠮᠦᠵᠢᠯ ᠢ ᠪᠠᠷᠢᠮᠳᠠᠯᠠᠵᠤ ᠂ ᠴᠢᠩᠭ᠎ᠠ ᠬᠠᠮᠢᠶᠠᠷᠤᠯᠲᠠ ᠂ ᠴᠢᠩᠭ᠎ᠠ ᠬᠢᠨᠠᠯᠲᠠ ᠳᠠᠯᠪᠢᠬᠤ ᠶᠢ ᠤᠷᠭᠠᠨᠢᠭ ᠢᠶᠠᠷ ᠨᠢᠭᠡᠳᠬᠡᠵᠦ ᠂ ᠡᠭᠦᠨ ᠦ ᠤᠯᠠᠮ  ᠠᠴᠠ ᠬᠠᠳᠠᠭᠤ ᠳᠠᠭᠠᠭᠠᠮᠠᠭᠠᠢ ᠡᠩᠨᠡᠭᠡ ᠪᠤᠢ ᠪᠤᠯᠭᠠᠨ᠎ᠠ ᠃ ᠵᠦᠪ ᠬᠦᠮᠦᠨ ᠰᠤᠩᠭᠤᠵᠤ ᠬᠦᠮᠦᠨ ᠬᠡᠷᠡᠭᠯᠡᠬᠦ ᠤᠳᠤᠷᠢᠳᠤᠮᠵᠢ ᠶᠢ ᠪᠠᠷᠢᠮᠳᠠᠯᠠᠵᠤ ᠂ ᠪᠠᠳᠤ ᠴᠢᠩᠭ᠎ᠠ ᠢᠳᠡᠬᠡᠯ ᠵᠤᠷᠢᠭ ᠲᠠᠢ ᠪᠠᠢᠬᠤ  ᠂ ᠠᠷᠠᠳ ᠲᠦᠮᠡᠨ ᠳᠦ ᠦᠢᠯᠡᠴᠢᠯᠡᠬᠦ᠂ ᠠᠵᠢᠯᠴᠢ ᠬᠢᠴᠢᠶᠡᠩᠬᠦᠢ ᠪᠡᠷ ᠪᠤᠳᠠᠳᠠᠢ ᠠᠵᠢᠯ ᠬᠢᠬᠦ ᠂ ᠵᠤᠷᠢᠭᠳᠠᠢ ᠪᠠᠷ ᠬᠠᠷᠢᠭᠤᠴᠠᠯᠭ᠎ᠠ ᠡᠬᠦᠷᠭᠡᠯᠡᠬᠦ ᠂ ᠲᠦᠪ ᠭᠤᠤᠯᠴᠢ ᠠᠷᠢᠭᠤᠨ ᠴᠢᠬᠡᠴᠢ ᠪᠠᠢᠬᠤ ᠰᠠᠢᠨ ᠺᠠᠳᠠᠷ ᠤᠨ ᠪᠠᠷᠢᠮᠵᠢᠶ᠎ᠠ ᠶᠢ ᠪᠠᠷᠢᠮᠳᠠᠯᠠᠬᠤ ᠬᠡᠷᠡᠭᠲᠡᠢ ᠃ ᠰᠠᠬᠢᠯᠭ᠎ᠠ ᠪᠠᠳᠤ ᠪᠤᠯᠤᠨ ᠶᠤᠰᠤ ᠲᠦᠷᠢᠮ ᠢ ᠡᠮᠦᠨ᠎ᠠ ᠪᠠᠨ ᠪᠠᠷᠢᠵᠤ ᠂ ᠢᠯᠵᠠᠷᠠᠯ ᠢ ᠲᠡᠭ ᠬᠦᠯᠢᠴᠡᠯ ᠦᠨ ᠤᠪᠤᠷ ᠢᠶᠠᠷ ᠡᠷᠡᠰ ᠵᠠᠯᠬᠠᠭᠠᠨ ᠰᠢᠢᠳᠬᠡᠵᠦ ᠂ ᠬᠠᠤᠯᠢ ᠴᠠᠭᠠᠵᠠ ᠵᠦᠷᠢᠴᠡᠭᠰᠡᠨ ᠡᠯᠳᠡᠪ ᠵᠦᠢᠯ ᠦᠨ ᠠᠵᠢᠯᠯᠠᠭ᠎ᠠ ᠶᠢ ᠴᠢᠩᠭ᠎ᠠ ᠰᠢᠢᠳᠬᠡᠵᠦ ᠂ ᠪᠦᠬᠦᠳᠡ ᠶᠢ ᠲᠦᠢᠳᠦᠭᠴᠢ ᠶᠢ ᠡᠷᠡᠰ ᠠᠷᠢᠯᠭᠠᠬᠤ ᠬᠡᠷᠡᠭᠲᠡᠢ ᠃

ᠲᠦᠷᠪᠡ ᠪᠤᠯ ᠪᠦᠬᠦᠳᠡ ᠬᠤᠷᠠᠯ ᠤᠨ ᠵᠤᠷᠢᠭ ᠰᠠᠨᠠᠭ᠎ᠠ ᠪᠠᠷ ᠶᠡᠷᠦᠩᠬᠡᠢᠯᠡᠯ ᠪᠤᠯᠭᠠᠵᠤ ᠂ 《ᠰᠢᠭᠦᠯᠲᠡ ᠬᠦᠢᠴᠡᠳᠬᠡᠯ ᠵᠠᠭᠤᠨ ᠡᠳᠦᠷ ᠦᠨ ᠬᠤᠤᠰ ᠰᠢᠪᠳᠤᠯᠤᠯᠲᠠ》ᠬᠦᠢᠳᠡᠯᠭᠡᠭᠡᠨ ᠲᠠᠢ ᠤᠶᠠᠯᠳᠤᠭᠤᠯᠤᠨ ᠂ ᠰᠢᠬᠦᠬᠦ ᠬᠤᠷᠢᠶᠠᠨ ᠤ ᠡᠯ᠎ᠠ ᠲᠦᠷᠦᠯ ᠦᠨ ᠠᠵᠢᠯ ᠠᠪᠳᠠᠭᠤᠨ ᠪᠠᠳᠤᠳᠠᠢ ᠬᠢᠵᠦ ᠂ ᠰᠢᠬᠦᠨ ᠳᠠᠰᠤᠯᠤᠯᠲᠠ ᠬᠦᠢᠴᠡᠳᠬᠡᠬᠦ ᠡᠯ᠎ᠠ ᠲᠦᠷᠦᠯ ᠦᠨ ᠡᠬᠦᠷᠭᠡ ᠶᠢ ᠪᠦᠬᠦ ᠳᠠᠯ᠎ᠠ ᠪᠠᠷ ᠪᠡᠶᠡᠯᠡᠬᠦᠯᠦᠨ᠎ᠠ ᠃ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠬᠡᠢ ᠳᠤᠤᠱᠢᠯᠠᠭᠤᠯᠤᠨ ᠨᠠᠢᠳᠠᠪᠤᠷᠢᠵᠢᠭᠤᠯᠵᠤ ᠂ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠬᠠᠤᠯᠢ ᠴᠠᠭᠠᠵᠠ ᠶᠢᠨ ᠦᠬᠡᠷᠡᠴᠢᠯᠡᠯᠲᠡ ᠶᠢᠨ ᠶᠠᠪᠤᠴᠠ ᠳᠤ ᠳᠤᠤᠱᠢᠯᠠᠭᠤᠯᠵᠤ ᠂ ᠠᠷᠠᠳ ᠤᠨ ᠰᠢᠬᠦᠬᠦ ᠬᠤᠷᠢᠶᠠᠨ ᠤ ᠠᠵᠢᠯ ᠢ ᠡᠯ᠎ᠠ ᠳᠠᠯ᠎ᠠ ᠳᠤ ᠳᠤᠤᠱᠢᠯᠠᠭᠤᠯᠵᠤ ᠂ ᠨᠠᠮ ᠤᠨ ᠲᠦᠪ ᠬᠤᠷᠢᠶᠠᠨ ᠤ ᠰᠢᠢᠳᠪᠤᠷᠢᠲᠤ ᠪᠤᠳᠤᠯᠭ᠎ᠠ ᠪᠠᠢᠷᠢᠭᠤᠯᠤᠯᠲᠠ ᠶᠢ ᠪᠤᠳᠠᠳᠠᠢ ᠬᠢᠵᠦ ᠂ ᠠᠷᠠᠳ ᠤᠨ ᠰᠢᠬᠦᠬᠦ ᠬᠤᠷᠢᠶᠠᠨ  ᠤ ᠡᠯ᠎ᠠ ᠲᠦᠷᠦᠯ ᠦᠨ ᠠᠵᠢᠯ ᠢ ᠯᠠᠪᠳᠠᠭᠤᠨ ᠪᠠᠳᠤᠲᠠᠢ ᠰᠠᠢᠳᠤᠷ ᠬᠢᠬᠦ ᠬᠡᠷᠡᠭᠲᠡᠢ ᠃ 《ᠰᠢᠭᠦᠯᠲᠡ ᠬᠦᠢᠴᠡᠳᠬᠡᠯ ᠵᠠᠭᠤᠨ ᠡᠳᠦᠷ ᠦᠨ ᠬᠤᠤᠰ ᠰᠢᠪᠳᠤᠯᠤᠯᠲᠠ》 ᠶᠢᠨ ᠬᠦᠳᠡᠯᠭᠡᠭᠡᠨ ᠢ ᠦᠷᠨᠢᠬᠦᠯᠬᠦ ᠪᠡᠷ ᠳᠤᠬᠢᠶᠠᠯ ᠪᠤᠯᠭᠠᠨ ᠂ ᠬᠠᠤᠯᠢ ᠬᠡᠷᠡᠭᠵᠢᠬᠦᠯᠵᠦ ᠬᠡᠷᠡᠭ ᠰᠢᠢᠳᠪᠦᠷᠢᠯᠡᠬᠦ ᠠᠵᠢᠯ ᠢ ᠰᠠᠢᠳᠤᠷ ᠬᠢᠵᠦ ᠂ ᠡᠷᠡᠭᠦᠦ ᠶᠢᠨ ᠬᠡᠷᠡᠭ ᠂ ᠢᠷᠭᠡᠨ ᠬᠤᠳᠠᠯᠳᠤᠭᠠᠨ ᠤ ᠬᠡᠷᠡᠭ ᠂ᠵᠠᠰᠠᠭ ᠵᠠᠬᠢᠷᠭᠠᠨ ᠤ ᠬᠡᠷᠡᠭ ᠂ ᠬᠦᠢᠴᠡᠳᠬᠡᠬᠦ ᠵᠡᠷᠬᠡ ᠡᠯ᠎ᠠ ᠵᠦᠢᠯ ᠦᠨ ᠠᠵᠢᠯ ᠢ ᠪᠦᠬᠦ ᠳᠠᠯ᠎ᠠ ᠴᠢᠩᠭᠠᠳᠭᠠᠬᠤ ᠂ ᠰᠤᠷᠤᠯᠴᠠᠭᠰᠠᠨ ᠦᠷ᠎ᠠ ᠪᠦᠲᠦᠮᠵᠢ ᠪᠡᠨ ᠠᠵᠤ ᠠᠬᠤᠢ ᠨᠡᠢᠭᠡᠮ ᠦᠨ ᠬᠦᠭᠵᠢᠯᠲᠡ ᠳᠦ ᠠᠮᠤᠷ ᠲᠦᠪᠰᠢᠨ ᠯᠠᠪᠳᠠᠭᠤᠨ ᠳᠤᠭᠳᠠᠭᠤᠨ ᠨᠡᠢᠭᠡᠮ ᠦᠨ ᠤᠷᠴᠢᠨ ᠳᠤᠭᠤᠷᠢᠨ ᠂ ᠲᠦᠪ ᠭᠤᠤᠯᠴᠢ ᠦᠨᠡᠨᠴᠢ ᠰᠢᠳᠤᠷᠭᠤ ᠬᠠᠤᠯᠢ ᠪᠠᠷ ᠵᠠᠰᠠᠬᠤ ᠤᠷᠴᠢᠨ ᠲᠤᠭᠤᠷᠢᠨ ᠪᠠ ᠤᠬᠢ ᠰᠠᠢᠨ ᠦᠨᠳᠦᠷ ᠪᠦᠲᠦᠮᠵᠢᠲᠦ ᠦᠢᠯᠡᠴᠢᠯᠡᠭᠡᠨ ᠦ ᠤᠷᠴᠢᠨ ᠳᠤᠭᠤᠷᠢᠨ ᠤ ᠠᠮᠢᠳᠤᠯᠢᠭ ᠦᠢᠯᠡᠳᠦᠯᠭᠡ ᠪᠤᠯᠭᠠᠨ ᠬᠤᠪᠢᠷᠠᠭᠤᠯᠤᠨ᠎ᠠ ᠃ ᠲᠦᠪ ᠬᠤᠷᠢᠶᠠᠨ ᠤ ᠪᠦᠬᠦᠳᠡ ᠬᠤᠷᠠᠯ ᠤᠨ ᠵᠤᠷᠢᠭ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ ᠂ ᠰᠢᠨ᠎ᠠ ᠪᠠᠢᠳᠠᠯ ᠢ ᠬᠢᠨᠠᠮᠠᠭᠠᠢ ᠰᠤᠳᠤᠯᠵᠤ ᠂ ᠰᠢᠨ᠎ᠠ ᠠᠰᠠᠭᠤᠳᠠᠯ ᠢ ᠰᠢᠢᠳᠪᠦᠷᠢᠯᠡᠵᠦ ᠂ ᠬᠠᠤᠯᠢ ᠴᠠᠭᠠᠵᠠ ᠶᠢᠨ ᠡᠬᠦᠷᠭᠡ ᠴᠢᠳᠠᠮᠵᠢ ᠶᠢ ᠬᠦᠢᠴᠡᠳ ᠪᠠᠳᠠᠷᠠᠭᠤᠯᠵᠤ ᠂ ᠨᠡᠢᠬᠡᠮ ᠦᠨ ᠯᠠᠪᠳᠠᠭᠤᠨ ᠳᠤᠭᠳᠠᠭᠤᠨ ᠢ ᠬᠠᠮᠠᠭᠠᠯᠠᠬᠤ  ᠂ ᠨᠡᠢᠬᠡᠮ ᠦᠨ ᠡᠷᠬᠡ ᠳᠡᠭᠰᠢ ᠦᠨᠡᠨᠴᠢ ᠰᠢᠳᠤᠷᠭᠤ  ᠶᠢ ᠠᠬᠢᠭᠤᠯᠵᠤ ᠂ ᠠᠷᠠᠳ ᠲᠦᠮᠡᠨ ᠦ ᠠᠮᠤᠷ ᠲᠠᠢᠪᠤᠩ ᠠᠵᠤ ᠲᠦᠷᠦᠬᠦ ᠶᠢ ᠪᠠᠳᠤᠯᠠᠬᠤ ᠴᠢᠬᠤᠯᠠ ᠬᠠᠷᠢᠭᠤᠴᠠᠯᠭ᠎ᠠ ᠡᠭᠦᠷᠭᠡ  ᠶᠢ ᠪᠤᠳᠠᠳᠠᠢ ᠶᠠᠪᠤᠭᠳᠠᠭᠤᠯᠵᠤ ᠬᠡᠷᠡᠭᠲᠡᠢ ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )