ᠤᠷᠳᠤᠰ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠪᠠᠢᠴᠠᠭᠠᠬᠤ ᠳᠤᠭᠤᠢᠯᠠᠩ ᠳᠡᠬᠡᠳᠦ ᠵᠡᠷᠬᠡ ᠶᠢᠨ ᠰᠢᠬᠦᠬᠦ ᠬᠤᠷᠢᠶᠠᠨ ᠤ ᠮᠡᠳᠡᠭᠡ ᠵᠠᠩᠬᠢ ᠶᠢᠨ ᠲᠦᠪ ᠂ ᠬᠦᠢᠴᠡᠳᠬᠡᠬᠦ ᠶᠢ ᠵᠢᠯᠤᠭᠤᠳᠬᠤ ᠲᠦᠪ ᠵᠢᠴᠢ ᠭᠤᠮᠤᠳᠠᠯ ᠳᠤᠭᠠᠴᠢᠬᠤ ᠬᠡᠷᠡᠭ ᠳᠠᠩᠰᠠᠯᠠᠬᠤ ᠲᠢᠩᠬᠢᠮ ᠢ ᠳᠤᠭᠤᠷᠢᠨ ᠦᠵᠡᠵᠦ ᠰᠤᠷᠤᠯᠴᠠᠪᠠ
10 ᠰᠠᠷᠠᠢᠨ 26 ᠡᠳᠦᠷ ᠡᠴᠡ 27 ᠪᠣᠯᠲᠠᠯ᠎ᠠ᠂ ᠤᠷᠳᠤᠰ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠪᠠᠢᠴᠠᠭᠠᠬᠤ ᠳᠤᠭᠤᠢᠯᠠᠩ ᠳᠡᠭᠡᠳᠦ ᠵᠡᠷᠬᠡ ᠶᠢᠨ ᠰᠢᠬᠦᠬᠦ ᠬᠤᠷᠢᠶᠠᠨ ᠳᠤ ᠬᠦᠷᠴᠦ ᠰᠤᠷᠤᠯᠴᠠᠨ ᠪᠠᠢᠴᠠᠭᠠᠵᠤ ᠂ ᠳᠤᠬᠢᠷᠠᠭᠤᠯᠤᠯᠲᠠ ᠶᠤᠰᠤᠭᠠᠷ᠂ ᠤᠷᠢᠳ ᠬᠤᠵᠢᠳ ᠮᠡᠳᠡᠭᠡ ᠵᠠᠩᠬᠢ ᠶᠢᠨ ᠲᠦᠪ ᠂ ᠬᠦᠢᠴᠡᠳᠬᠡᠬᠦ ᠶᠢ ᠵᠢᠯᠤᠭᠤᠳᠬᠤ ᠲᠦᠪ ᠵᠢᠴᠢ ᠭᠤᠮᠤᠳᠤᠯ ᠳᠤᠭᠠᠴᠢᠬᠤ ᠬᠡᠷᠡᠭ ᠳᠠᠩᠰᠠᠯᠠᠬᠤ ᠶᠡᠬᠡ ᠲᠢᠩᠬᠢᠮ ᠢ ᠳᠤᠭᠤᠷᠢᠨ ᠦᠵᠡᠪᠡ ᠃ ᠮᠡᠳᠡᠭᠡ ᠵᠠᠩᠬᠢ ᠶᠢᠨ ᠲᠦᠪ ᠲᠦ ᠂ ᠪᠠᠢᠴᠠᠭᠠᠬᠤ ᠳᠤᠭᠤᠢᠯᠠᠩ《ᠰᠦᠯᠵᠢᠶᠡᠨ ᠦ ᠰᠡᠳᠬᠢᠬᠦᠢ ᠶᠢ ᠪᠤᠢ ᠪᠤᠯᠭᠠᠵᠤ ᠂ ᠮᠡᠳᠡᠭᠡ ᠵᠠᠩᠭᠢᠴᠢᠯᠠᠯᠲᠠ ᠶᠢᠨ ᠠᠷᠭ᠎ᠠ ᠬᠡᠯᠪᠡᠷᠢ ᠶᠢ ᠬᠦᠢᠴᠡᠳ ᠠᠰᠢᠭᠯᠠᠵᠤ ᠰᠢᠬᠦᠬᠦ ᠬᠤᠷᠢᠶᠠᠨ ᠤ ᠠᠵᠢᠯ ᠢ ᠰᠠᠢᠳᠤᠷ ᠬᠢᠬᠦ》 ᠪᠡᠷ ᠰᠡᠳᠦᠪ ᠪᠣᠯᠭᠠᠭᠰᠠᠨ ᠮᠡᠳᠡᠬᠡ ᠵᠠᠩᠭᠢᠴᠢᠯᠠᠯᠲᠠ ᠶᠢᠨ ᠠᠵᠢᠯ ᠤᠨ ᠦᠵᠡᠬᠦᠯᠭᠡ ᠶᠢ ᠦᠵᠡᠵᠦ ᠂ ᠳᠡᠭᠡᠳᠦ ᠵᠡᠷᠭᠡ ᠶᠢᠨ ᠰᠢᠬᠦᠬᠦ ᠬᠣᠷᠢᠶ᠎ᠠ ᠠᠷᠠᠳ ᠲᠦᠮᠡᠨ ᠳᠦ ᠦᠢᠯᠡᠴᠢᠯᠡᠬᠦ ᠂ ᠰᠢᠬᠦᠨ ᠳᠠᠰᠤᠯᠤᠯᠲᠠ ᠬᠦᠢᠴᠡᠳᠬᠡᠬᠦ ᠳᠦ ᠦᠢᠯᠡᠴᠢᠯᠡᠬᠦ ᠂ ᠬᠠᠤᠯᠢ ᠴᠠᠭᠠᠵᠠ ᠶᠢᠨ ᠬᠠᠮᠢᠶᠠᠷᠤᠯᠲᠠ ᠳᠤ ᠦᠢᠯᠡᠴᠢᠯᠡᠬᠦ ᠳᠦ ᠲᠦᠪᠯᠡᠷᠡᠵᠦ ᠪᠠᠢᠬᠤ ᠶᠢ ᠤᠢᠯᠭᠠᠵᠤ ᠂ ᠬᠦᠢᠴᠡᠳᠬᠡᠬᠦ ᠮᠡᠳᠡᠬᠡ ᠶᠢ ᠨᠡᠢᠳᠡᠯᠡᠬᠦ ᠳᠠᠪᠴᠠᠩ ᠂ ᠲᠢᠩᠬᠢᠮ ᠦᠨ ᠰᠢᠬᠦᠯᠲᠡ ᠶᠢ ᠢᠯᠡ ᠪᠤᠯᠭᠠᠬᠤ ᠳᠠᠪᠴᠠᠩ ᠂ ᠬᠠᠤᠯᠢ ᠶᠢᠨ ᠬᠠᠷᠠᠭ᠎ᠠ ᠳᠠᠪᠴᠠᠩ ᠂ ᠲᠤᠭ᠎ᠠ ᠪᠠᠷᠢᠮᠳᠠ ᠶᠢ ᠲᠦᠪᠯᠡᠷᠡᠭᠦᠯᠦᠨ ᠬᠠᠮᠢᠶᠠᠷᠬᠤ ᠳᠠᠪᠴᠠᠩ ᠵᠡᠷᠬᠡ ᠶᠢ ᠨᠡᠭᠡᠭᠡᠪᠡ ᠃ ᠡᠬᠦᠨ ᠡᠴᠡ ᠬᠤᠵᠢᠮ ᠂ ᠳᠡᠭᠡᠳᠦ ᠵᠡᠷᠬᠡ ᠶᠢᠨ ᠰᠢᠬᠦᠬᠦ ᠬᠤᠷᠢᠶ᠎ᠠ ᠠᠷᠠᠳ ᠤᠨ ᠰᠢᠬᠦᠬᠦ ᠬᠤᠷᠢᠶᠠᠨ ᠤ ᠮᠡᠳᠡᠬᠡ ᠵᠠᠩᠭᠢᠴᠢᠯᠠᠯᠲᠠ ᠶᠢᠨ 3.0 ᠬᠡᠪ ᠢ ᠴᠢᠷᠮᠠᠢᠨ ᠪᠠᠢᠭᠤᠯᠬᠤ ᠪᠠᠷ ᠪᠤᠯᠵᠤ ᠂ 2017 ᠤᠨ ᠤ ᠡᠴᠦᠰ ᠪᠠᠢᠭᠤᠯᠵᠤ ᠪᠠᠷᠠᠬᠤ ᠪᠠᠷ ᠲᠦᠰᠦᠪᠯᠡᠵᠦ ᠂ 2020 ᠤᠨ ᠳᠤ ᠪᠦᠷᠢᠮᠰᠦᠨ ᠲᠡᠭᠦᠯᠳᠡᠷᠵᠢᠭᠦᠯᠦᠨ᠎ᠡ᠃ ᠳᠡᠭᠡᠳᠦ ᠵᠡᠷᠬᠡ ᠶᠢᠨ ᠰᠢᠬᠦᠬᠦ ᠬᠤᠷᠢᠶᠠᠨ ᠤ ᠬᠦᠢᠴᠡᠳᠬᠡᠬᠦ ᠶᠢ ᠵᠢᠯᠤᠭᠤᠳᠬᠤ ᠲᠦᠪ ᠲᠦ ᠪᠠᠢᠴᠠᠭᠠᠬᠤ ᠳᠤᠭᠤᠢᠯᠠᠩ ᠬᠤᠯᠪᠤᠭᠳᠠᠯ ᠪᠦᠬᠦᠢ ᠠᠵᠢᠯ ᠤᠨ ᠮᠡᠳᠡᠭᠦᠯᠦᠯᠲᠡ ᠶᠢ ᠰᠤᠨᠤᠰᠴᠤ ᠂ ᠳᠤᠬᠠᠢ ᠶᠢᠨ ᠳᠠᠯᠠᠪᠤᠷ ᠤᠨ ᠴᠢᠳᠠᠮᠵᠢ ᠶᠢ ᠦᠵᠡᠬᠦᠯᠬᠦ ᠪᠡᠷ ᠳᠠᠮᠵᠢᠵᠤ ᠂ ᠬᠦᠢᠴᠡᠳᠬᠡᠬᠦ ᠬᠡᠷᠡᠭ ᠢ ᠵᠠᠳᠠᠯᠬᠤ ᠂ ᠢᠳᠡᠬᠡᠮᠵᠢ ᠶᠢᠨ ᠰᠢᠢᠳᠬᠡᠯ ᠂ ᠡᠳ᠋ ᠬᠥᠷᠦᠩᠭᠡ ᠶᠢ ᠪᠠᠢᠴᠠᠭᠠᠨ ᠡᠵᠡᠮᠳᠡᠬᠦ ᠂ ᠬᠠᠮᠳᠤᠷᠠᠨ ᠬᠦᠳᠡᠯᠯᠦᠯᠴᠡᠬᠦ ᠶᠢ ᠵᠢᠯᠤᠭᠤᠳᠬᠤ ᠂ ᠰᠦᠯᠵᠢᠶᠡᠨ ᠳᠡᠭᠡᠷ᠎ᠠ ᠬᠠᠤᠯᠢ ᠴᠠᠭᠠᠵᠠ ᠶᠢᠨᠦᠨᠡ ᠬᠠᠶᠠᠵᠤ ᠬᠤᠳᠠᠯᠳᠤᠬᠤ ᠵᠡᠷᠬᠡ ᠴᠢᠳᠠᠮᠵᠢ ᠶᠢᠨ ᠬᠡᠷᠡᠭᠯᠡᠭᠡᠨ ᠦ ᠪᠠᠢᠳᠠᠯ ᠢ ᠪᠤᠳᠠᠳᠠᠢ ᠤᠢᠯᠭᠠᠪᠠ ᠃
ᠳᠡᠬᠡᠳᠦ ᠵᠡᠷᠬᠡ ᠶᠢᠨ ᠰᠢᠬᠦᠬᠦ ᠬᠤᠷᠢᠶᠠᠨ ᠤ ᠭᠤᠮᠤᠳᠠᠯ ᠳᠤᠭᠠᠴᠢᠬᠤ ᠬᠡᠷᠡᠭ ᠳᠠᠩᠰᠠᠯᠠᠬᠤ ᠶᠡᠬᠡ ᠲᠢᠩᠬᠢᠮ ᠳᠦ ᠂ ᠪᠠᠢᠴᠠᠭᠠᠬᠤ ᠳᠤᠭᠤᠢᠯᠠᠩ ᠵᠠᠷᠭᠤ ᠶᠢᠨ ᠦᠢᠯᠡᠴᠢᠯᠡᠭᠡᠨ ᠦ ᠶᠡᠬᠡ ᠲᠢᠩᠬᠢᠮ ᠂ ᠴᠢᠳᠠᠮᠵᠢ ᠶᠢᠨ ᠳᠠᠰᠤᠭ ᠂ 12368 ᠵᠠᠷᠭᠤ ᠶᠢᠨ ᠦᠢᠯᠡᠴᠢᠯᠡᠭᠡᠨ ᠦ ᠬᠠᠯᠠᠮᠵᠢ ᠤᠳᠠᠰᠤ ᠶᠢᠨ ᠠᠯᠪᠠᠨ ᠭᠡᠷ ᠢ ᠳᠤᠭᠤᠷᠢᠨ ᠦᠵᠡᠵᠦ ᠂ ᠵᠠᠷᠭᠤ ᠶᠢᠨ ᠦᠢᠯᠡᠴᠢᠯᠡᠭᠡᠨ ᠦ ᠲᠦᠪ ᠦᠨ ᠠᠵᠢᠯᠳᠠᠨ ᠤ ᠤᠷᠤᠨ ᠳᠤᠭ᠎ᠠ ᠂ ᠪᠠᠢᠭᠤᠯᠤᠮᠵᠢ ᠶᠢᠨ ᠪᠠᠢᠷᠢᠯᠠᠭᠤᠯᠤᠯᠲᠠ ᠪᠠ ᠡᠬᠦᠷᠭᠡ ᠴᠢᠳᠠᠮᠵᠢ ᠶᠢᠨ ᠪᠠᠢᠷᠢ ᠶᠢᠨ ᠳᠤᠭᠳᠠᠭᠠᠯ ᠢ ᠭᠣᠣᠯᠳᠠᠯᠭ᠎ᠠ ᠲᠠᠢ ᠤᠢᠯᠭᠠᠵᠤ ᠂ 12368 ᠦᠢᠯᠡᠴᠢᠯᠡᠭᠡᠨ ᠦ ᠬᠠᠯᠠᠮ ᠤᠳᠠᠰᠤ ᠶᠢᠨ ᠠᠵᠢᠯᠯᠠᠭᠠᠨ ᠤ ᠳᠤᠭᠳᠠᠴᠠ ᠪᠠ ᠠᠵᠢᠯ ᠤᠨ ᠪᠠᠢᠳᠠᠯ ᠢ ᠨᠠᠷᠢᠯᠢᠭ ᠤᠢᠯᠭᠠᠭᠰᠠᠨ ᠮᠦᠷᠲᠡᠭᠡᠨ ᠳᠡᠭᠡᠲᠦ ᠵᠡᠷᠬᠡ ᠶᠢᠨ ᠰᠢᠬᠦᠬᠦ ᠬᠤᠷᠢᠶᠠᠨ ᠤ ᠬᠠᠮᠢᠶ᠎ᠠ ᠪᠦᠬᠦᠢ ᠤᠳᠤᠷᠢᠳᠤᠯᠭ᠎ᠠ ᠲᠠᠢ ᠬᠠᠤᠯᠢ ᠴᠠᠭᠠᠵᠠ ᠶᠢᠨ ᠦᠬᠡᠷᠡᠴᠢᠯᠡᠯᠲᠡ ᠂ ᠰᠢᠬᠦᠨ ᠳᠠᠰᠤᠯᠤᠯᠲᠠ ᠶᠢᠨ ᠬᠠᠮᠢᠶᠠᠷᠤᠯᠲᠠ ᠂ ᠬᠡᠷᠡᠭ ᠳᠠᠩᠰᠠᠯᠠᠬᠤ ᠵᠠᠬᠢᠳᠠᠯ ᠰᠤᠷᠪᠤᠯᠵᠢᠯᠭ᠎ᠠ ᠂ ᠵᠠᠷᠭᠤ ᠶᠢᠨ ᠦᠢᠯᠡᠴᠢᠯᠡᠭᠡ ᠵᠡᠷᠬᠡ ᠠᠰᠠᠭᠤᠳᠠᠯ ᠤᠨ ᠳᠤᠬᠠᠢ ᠰᠢᠨᠵᠢᠯᠡᠨ ᠰᠤᠳᠤᠯᠤᠭᠰᠠᠨ ᠪᠠ ᠰᠤᠯᠢᠴᠠᠭᠰᠠᠨ ᠪᠠᠢᠨ᠎ᠠ ᠃
ᠰᠢᠨᠵᠢᠨ ᠪᠠᠢᠴᠠᠭᠠᠯᠲᠠ ᠳᠠᠭᠤᠰᠤᠭᠰᠠᠨ ᠤ ᠳᠠᠷᠠᠭ᠎ᠠ᠂ ᠪᠠᠢᠴᠠᠭᠠᠬᠤ ᠳᠤᠭᠤᠢᠯᠠᠩ ᠤᠨ ᠬᠡᠰᠢᠬᠦᠨ ᠨᠡᠢᠳᠡᠮ ᠦᠵᠡᠬᠦ ᠪᠡᠷ᠂ ᠳᠠᠪᠰᠢᠭᠰᠠᠨ ᠭᠠᠵᠠᠷ ᠤᠨ ᠰᠢᠬᠦᠬᠦ ᠬᠤᠷᠢᠶ᠎ᠠ ᠳᠠᠢ ᠬᠠᠷᠢᠴᠠᠭᠤᠯᠪᠠᠯ᠂ ᠮᠠᠨ ᠤ ᠬᠤᠷᠢᠶᠠᠨ ᠤ ᠮᠡᠳᠡᠬᠡ ᠵᠠᠩᠭᠢᠴᠢᠯᠠᠯᠲᠠ ᠶᠢᠨ ᠬᠡᠷᠡᠭᠯᠡᠭᠡ ᠂ ᠰᠢᠬᠦᠨ ᠳᠠᠰᠤᠯᠤᠯᠲᠠ ᠶᠢᠨ ᠬᠠᠮᠢᠶᠠᠷᠤᠯᠲᠠ ᠂ ᠬᠦᠢᠴᠡᠳᠬᠡᠬᠦ ᠠᠵᠢᠯ ᠪᠠ ᠵᠠᠷᠭᠤ ᠶᠢᠨ ᠦᠢᠯᠡᠴᠢᠯᠡᠬᠡ ᠵᠡᠷᠬᠡ ᠳᠠᠯ᠎ᠠ ᠪᠠᠷ ᠵᠦᠷᠢᠶ᠎ᠠ ᠲᠠᠢ ᠪᠠᠢᠵᠤ ᠂ ᠡᠬᠦᠷᠭᠡ ᠬᠠᠷᠢᠭᠤᠴᠠᠯᠭ᠎ᠠ ᠶᠢ ᠤᠯᠠᠮ ᠨᠢᠬᠡ ᠠᠯᠬᠤᠮ ᠨᠠᠷᠢᠯᠢᠭ ᠪᠤᠯᠭᠠᠬᠤ ᠶᠢ ᠱᠠᠭᠠᠷᠳᠠᠵᠤ ᠂ ᠬᠠᠤᠯᠢ ᠴᠠᠭᠠᠵᠠ ᠶᠢᠨ ᠪᠠᠳᠤᠯᠭ᠎ᠠ ᠦᠢᠯᠡᠴᠢᠯᠡᠭᠡᠨ ᠦ ᠬᠢᠷᠢ ᠲᠦᠪᠰᠢᠨ ᠢ ᠳᠡᠭᠡᠭᠰᠢᠯᠡᠬᠦᠯᠬᠦ ᠬᠡᠷᠡᠭᠲᠡᠢ ᠃ ᠬᠤᠳᠠ ᠶᠢᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠢᠯᠠᠩ ᠤᠨ ᠬᠡᠰᠢᠬᠦᠨ ᠂ ᠳᠡᠳ᠋ ᠬᠤᠷᠢᠶᠠᠨ ᠳᠠᠷᠤᠭ᠎ᠠ ᠠᠢ ᠹᠸᠢ ᠵᠢᠭᠠᠪᠤᠷᠢᠯᠠᠭᠰᠠᠨᠨ ᠨᠢ᠂ ᠪᠠᠢᠴᠠᠭᠠᠬᠤ ᠳᠤᠭᠤᠢᠯᠠᠩ ᠤᠨ ᠬᠡᠰᠢᠬᠦᠨ ᠡᠷᠭᠡᠪᠰᠢ ᠬᠠᠮᠤᠭ ᠤᠷᠢᠳᠠᠪᠡᠷ ᠪᠠᠢᠴᠠᠭᠠᠨ ᠰᠤᠷᠤᠯᠴᠠᠭᠰᠠᠨ ᠳᠡᠮᠳᠡᠭᠯᠡᠯ ᠢ ᠡᠮᠬᠢᠳᠬᠡᠨ ᠂ ᠪᠠᠢᠴᠠᠭᠠᠭᠰᠠᠨ ᠮᠡᠳᠡᠭᠦᠯᠦᠯᠲᠡ ᠪᠡᠨ ᠲᠦᠷᠭᠡᠭᠡᠨ ᠪᠡᠶᠡᠯᠡᠬᠦᠯᠵᠦ ᠂ ᠡᠷᠳᠡᠭᠡᠨ ᠨᠠᠮ ᠤᠨ ᠤᠳᠤᠷᠢᠳᠬᠤ ᠳᠤᠭᠤᠢᠯᠠᠩ ᠳᠤ ᠰᠤᠷᠤᠯᠴᠠᠭᠰᠠᠨ ᠪᠦᠲᠦᠮᠵᠢ ᠪᠡᠨ ᠬᠠᠷᠢᠭᠤ ᠮᠡᠳᠡᠬᠦᠯᠦᠯᠲᠡ ᠬᠢᠵᠦ ᠂ ᠪᠠᠢᠴᠠᠭᠠᠭᠰᠠᠨ ᠰᠢᠬᠦᠬᠦ ᠬᠤᠷᠢᠶᠠᠨ ᠤ ᠳᠠᠪᠰᠢᠭᠰᠠᠨ ᠳᠤᠷᠰᠢᠯᠭ᠎ᠠ ᠶᠢ ᠮᠠᠨ ᠤ ᠬᠤᠷᠢᠶᠠᠨ ᠤ ᠡᠯ᠎ᠠ ᠲᠦᠷᠦᠯ ᠶᠢᠨ ᠠᠵᠢᠯ ᠤᠨ ᠰᠢᠨ᠎ᠠ ᠶᠢ ᠡᠬᠦᠳᠦᠯᠲᠡ ᠶᠢ ᠲᠦᠯᠬᠢᠨ ᠠᠬᠢᠭᠤᠯᠬᠤ ᠬᠦᠴᠦᠲᠠᠢ ᠠᠷᠭ᠎ᠠ ᠠᠪᠴᠢᠯ ᠪᠤᠯᠭᠠᠬᠤ ᠶᠢ ᠪᠤᠳᠠᠳᠠᠢ ᠬᠢᠬᠦ ᠬᠡᠷᠡᠭᠲᠡᠢ ᠃
ᠦᠨᠡᠯᠡᠬᠦ 0ᠦᠨᠡᠯᠡᠯᠲᠡ᠎ᠲᠠᠢ