ᠦᠪᠡᠷᠲᠡᠭᠡᠨ ᠵᠠᠰᠠᠬᠤ ᠤᠷᠤᠨ ᠤ ᠳᠡᠭᠡᠳᠦ ᠵᠡᠷᠬᠡ ᠶᠢᠨ ᠰᠢᠬᠦᠬᠦ ᠬᠤᠷᠢᠶᠠᠨ ᠤ ᠬᠡᠷᠡᠭ ᠳᠠᠩᠰᠠᠯᠠᠬᠤ ᠨᠢᠬᠡᠳᠦᠭᠡᠷ ᠰᠢᠬᠦᠬᠦ ᠲᠢᠩᠬᠢᠮ ᠦᠨ ᠰᠢᠬᠦᠨ ᠳᠠᠰᠤᠯᠤᠯᠲᠠ ᠶᠢᠨ ᠳᠠᠷᠤᠭ᠎ᠠ ᠬᠠᠨ ᠰᠢᠤᠸᠠᠨ ᠵᠡᠷᠬᠡ
2016.11.02 ᠲᠣᠰ ᠥᠷᠲᠡᠭᠡᠨ᠎ᠦ ᠨᠠᠢᠷᠠᠭᠤᠯᠤᠭᠴᠢ

ᠦᠪᠡᠷᠲᠡᠭᠡᠨ ᠵᠠᠰᠠᠬᠤ ᠤᠷᠤᠨ ᠤ ᠳᠡᠭᠡᠳᠦ ᠵᠡᠷᠬᠡ ᠶᠢᠨ ᠰᠢᠬᠦᠬᠦ ᠬᠤᠷᠢᠶᠠᠨ ᠤ ᠬᠡᠷᠡᠭ ᠳᠠᠩᠰᠠᠯᠠᠬᠤ ᠨᠢᠬᠡᠳᠦᠭᠡᠷ ᠰᠢᠬᠦᠬᠦ ᠲᠢᠩᠬᠢᠮ ᠦᠨ ᠰᠢᠬᠦᠨ ᠳᠠᠰᠤᠯᠤᠯᠲᠠ ᠶᠢᠨ ᠳᠠᠷᠤᠭ᠎ᠠ ᠬᠠᠨ ᠰᠢᠤᠸᠠᠨ ᠵᠡᠷᠬᠡ ᠬᠦᠮᠦᠰ ᠤᠷᠳᠤᠰ ᠬᠤᠳᠠ ᠶᠢᠨ ᠵᠠᠷᠭᠤ ᠶᠢᠨ ᠦᠢᠯᠡᠴᠯᠡᠭᠡᠨ ᠦ ᠲᠦᠪ ᠲᠦ ᠬᠦᠷᠴᠦ ᠪᠠᠢᠴᠠᠭᠠᠨ ᠵᠢᠯᠤᠭᠤᠳᠬᠤ ᠠᠵᠢᠯ ᠬᠢᠪᠡ

 

 

 

 

 

10 ᠰᠠᠷᠠᠢᠨ 30 ᠡᠳᠦᠷ ᠦᠨ ᠦᠳᠡ ᠶᠢᠨ ᠬᠤᠢᠨ᠎ᠠ ᠂ ᠦᠪᠡᠷᠲᠡᠭᠡᠨ ᠵᠠᠰᠠᠬᠤ ᠤᠷᠤᠨ ᠤ ᠳᠡᠭᠡᠳᠦ ᠵᠡᠷᠬᠡ ᠶᠢᠨ ᠰᠢᠬᠦᠬᠦ ᠬᠤᠷᠢᠶᠠᠨ ᠤ ᠬᠡᠷᠡᠭ ᠳᠠᠩᠰᠠᠯᠠᠬᠤ ᠨᠢᠬᠡᠳᠦᠭᠡᠷ ᠰᠢᠬᠦᠬᠦ ᠲᠢᠩᠬᠢᠮ ᠦᠨ ᠰᠢᠬᠦᠨ ᠳᠠᠰᠤᠯᠤᠯᠲᠠ ᠶᠢᠨ ᠳᠠᠷᠤᠭ᠎ᠠ ᠬᠠᠨ ᠰᠢᠤᠸᠠᠨ ᠵᠡᠷᠬᠡ ᠬᠦᠮᠦᠰ ᠤᠷᠳᠤᠰ ᠬᠤᠳᠠ ᠶᠢᠨ ᠵᠠᠷᠭᠤ ᠶᠢᠨ ᠦᠢᠯᠡᠴᠯᠡᠭᠡᠨ ᠦ ᠲᠦᠪ ᠲᠦ ᠬᠦᠷᠴᠦ ᠪᠠᠢᠴᠠᠭᠠᠨ ᠵᠢᠯᠤᠭᠤᠳᠬᠤ ᠠᠵᠢᠯ ᠬᠢᠪᠡ᠃

ᠬᠠᠨ ᠰᠢᠤᠸᠠᠨ ᠰᠢᠬᠦᠨ ᠳᠠᠰᠤᠯᠤᠯᠲᠠ ᠶᠢᠨ ᠳᠠᠷᠤᠭ᠎ᠠ ᠵᠡᠷᠬᠡ ᠬᠦᠮᠦᠰ ᠲᠦᠪ ᠵᠠᠷᠭᠤ ᠶᠢᠨ ᠦᠢᠯᠡᠴᠢᠯᠡᠭᠡᠨ ᠦ ᠳᠤᠭᠤᠷᠢᠭ ᠂ ᠬᠡᠷᠡᠭ ᠳᠠᠩᠰᠠᠯᠠᠬᠤ ᠦᠢᠯᠡᠴᠢᠯᠡᠭᠡᠨ ᠦ ᠳᠤᠭᠤᠷᠢᠭ ᠂ ᠠᠷᠠᠳ ᠢᠶᠠᠷ ᠲᠦᠬᠦᠮ ᠦᠵᠡᠬᠦᠯᠬᠦ ᠦᠢᠯᠡᠴᠢᠯᠡᠭᠡᠨ ᠦ ᠳᠤᠭᠤᠷᠢᠭ ᠪᠠ ᠵᠠᠬᠢᠳᠠᠯ ᠰᠤᠷᠪᠤᠯᠵᠢᠯᠠᠭ᠎ᠠ ᠶᠢᠨ ᠦᠢᠯᠡᠴᠢᠯᠡᠭᠡᠨ ᠦ ᠳᠤᠭᠤᠷᠢᠭ ᠢ ᠳᠤᠭᠤᠷᠢᠨ ᠦᠵᠡᠪᠡ ᠃ ᠳᠤᠭᠤᠷᠢᠨ ᠦᠵᠡᠬᠦ ᠶᠠᠪᠤᠴᠠ ᠳᠤᠮᠳᠠ ᠂ ᠬᠠᠨ ᠰᠢᠬᠦᠨ ᠳᠠᠰᠤᠯᠤᠯᠲᠠ ᠶᠢᠨ ᠳᠠᠷᠤᠭ᠎ᠠ ᠵᠢᠭᠠᠵᠤ ᠭᠠᠷᠭᠠᠭᠰᠠᠨ ᠨᠢ ᠂ ᠵᠠᠷᠭᠤ ᠶᠢᠨ ᠦᠢᠯᠡᠴᠢᠯᠡᠭᠡᠨ ᠦ ᠲᠦᠪ ᠠᠵᠢᠯ ᠤᠨ ᠡᠭᠦᠷᠭᠡ ᠴᠢᠳᠠᠮᠵᠢ ᠶᠢ ᠨᠠᠷᠢᠯᠢᠭ ᠪᠤᠯᠭᠠᠵᠤ ᠂ ᠡᠳᠦᠷ ᠳᠤᠳᠤᠮ ᠤᠨ ᠬᠠᠮᠢᠶᠠᠷᠤᠯᠲᠠ ᠶᠢ ᠲᠦᠷᠢᠮᠵᠢᠭᠦᠯᠵᠦ ᠂ ᠪᠤᠯᠪᠠᠰᠤᠨ ᠶᠤᠰᠤ ᠮᠤᠷᠠᠯ ᠲᠠᠢ ᠳᠤᠬᠠᠢ ᠶᠢᠨ ᠬᠦᠮᠦᠨ ᠢ ᠳᠤᠰᠴᠤ ᠂ ᠤᠨᠴᠠᠭᠠᠢᠯᠠᠨ ᠠᠮᠤᠷ ᠢ ᠬᠠᠮᠠᠭᠠᠯᠠᠬᠤ ᠠᠵᠢᠯ ᠢ ᠴᠢᠩᠭᠠᠳᠬᠠᠵᠤ ᠂ ᠡᠯ᠎ᠠ ᠲᠦᠷᠦᠯ ᠦᠨ ᠠᠶᠤᠯᠬᠦᠢ ᠶᠢᠨ ᠰᠡᠷᠭᠡᠢᠯᠡᠯᠲᠡ ᠶᠢᠨ ᠠᠷᠭ᠎ᠠ ᠬᠡᠮᠵᠢᠶ᠎ᠠ ᠶᠢ ᠠᠷᠢᠨ ᠬᠢᠨᠠᠮᠠᠭᠠᠢ ᠨᠠᠢᠳᠠᠪᠤᠷᠢᠵᠢᠭᠤᠯᠬᠤ ᠬᠡᠷᠡᠭᠲᠡᠢ ᠃ E ᠡᠶᠡᠳᠡᠬᠦᠯᠬᠦ ᠲᠠᠪᠴᠠᠩ ᠤᠨ ᠤᠬᠠᠭᠤᠯᠭ᠎ᠠ ᠶᠢ ᠨᠡᠮᠡᠭᠳᠡᠬᠦᠯᠵᠦ ᠂ 《ᠰᠦᠯᠵᠢᠶ᠎ᠠ +》ᠴᠠᠭ ᠦᠶ᠎ᠠ ᠶᠢᠨ ᠪᠠᠢᠳᠠᠯ ᠳᠤᠤᠷᠠᠬᠢ ᠵᠢᠭᠤᠷᠠᠯᠳᠤᠭᠠᠨ ᠢ ᠰᠢᠢᠳᠪᠦᠷᠢᠯᠡᠬᠦ ᠪᠠᠢᠭᠤᠯᠤᠮᠵᠢ ᠶᠢ ᠢᠳᠡᠪᠬᠢᠲᠠᠢ ᠰᠦᠪᠡᠭᠴᠢᠯᠡᠨ ᠰᠢᠨ᠎ᠠ ᠶᠢ ᠡᠭᠦᠳᠬᠦ ᠬᠡᠷᠡᠭᠲᠡᠢ ᠃ ᠬᠠᠨ ᠰᠢᠬᠦᠨ ᠳᠠᠰᠤᠯᠤᠯᠲᠠ ᠶᠢᠨ ᠳᠠᠷᠤᠭ᠎ᠠ ᠴᠢᠩᠭᠠᠳᠬᠠᠭᠰᠠᠨ ᠨᠢ ᠂ ᠵᠠᠷᠭᠤ ᠶᠢᠨ ᠦᠢᠯᠡᠴᠢᠯᠡᠭᠡᠨ ᠦ ᠬᠤᠵᠢᠮ ᠤᠨ ᠪᠦᠲᠦᠭᠡᠨ ᠪᠠᠢᠭᠤᠯᠤᠯᠲᠠ  ᠶᠢᠨ ᠭᠣᠣᠯᠳᠠᠯᠭ᠎ᠠ ᠨᠢ ᠮᠦᠨ ᠬᠦ ᠰᠢᠨ᠎ᠠ ᠮᠡᠷᠭᠡᠵᠢᠯ ᠦᠨ ᠤᠷᠤᠭᠤᠯᠤᠯᠲᠠ ᠪᠠ ᠬᠡᠷᠡᠭᠯᠡᠯᠲᠡ ᠳᠡᠭᠡᠷ᠎ᠠ ᠳᠠᠯᠪᠢᠵᠦ ᠂ ᠡᠭᠦᠨ ᠦ ᠬᠠᠮᠳᠤ ᠪᠠᠰᠠ ᠠᠳᠠᠯᠢ ᠪᠤᠰᠤ ᠳᠠᠪᠬᠤᠷᠭ᠎ᠠ ᠶᠢᠨ ᠬᠦᠮᠦᠨ ᠦ ᠦᠢᠯᠡᠴᠢᠯᠡᠭᠡᠨ ᠦ ᠪᠠᠢᠷᠢ  ᠶᠢ ᠤᠮᠳᠤᠭᠤᠢᠯᠠᠵᠤ ᠪᠤᠯᠬᠤ ᠦᠬᠡᠢ ᠂ ᠳᠡᠭᠡᠳᠦ ᠰᠢᠨ᠎ᠠ ᠮᠡᠷᠭᠡᠵᠢᠯ  ᠢ ᠬᠡᠷᠡᠭᠯᠡᠵᠦ ᠴᠢᠳᠠᠬᠤ ᠦᠬᠡᠢ ᠳᠤᠬᠠᠢ ᠬᠦᠮᠦᠨ ᠳᠦ ᠵᠠᠷᠭᠤ ᠶᠢᠨ ᠵᠢᠭᠠᠨ ᠵᠢᠯᠤᠭᠤᠳᠬᠤ ᠦᠢᠯᠡᠴᠢᠯᠡᠬᠡ ᠶᠢ ᠴᠢᠩᠭᠠᠳᠬᠠᠵᠤ ᠂ ᠳᠤᠬᠠᠢ ᠬᠦᠮᠦᠨ  ᠳᠦ ᠲᠦᠬᠦᠮ ᠪᠠᠢᠬᠤ ᠪᠠᠷ ᠤᠷᠢᠳᠠᠯ ᠪᠤᠯᠭᠠᠵᠤ ᠂ ᠡᠯ᠎ᠠ ᠲᠦᠷᠦᠯ ᠦᠨ ᠠᠵᠢᠯ ᠤᠨ ᠡᠬᠦᠷᠭᠡ ᠴᠢᠳᠠᠮᠵᠢ ᠵᠢᠴᠢ ᠠᠯᠬᠤᠮ ᠳᠠᠷᠠᠭ᠎ᠠ  ᠶᠢᠨ ᠵᠢᠭᠠᠪᠤᠷᠢ ᠳᠡᠮᠳᠡᠭ ᠢᠯᠡ ᠳᠤᠳᠤ ᠤᠢᠯᠭᠠᠬᠤ ᠳᠤ ᠲᠦᠬᠦᠮ ᠪᠠᠢᠬᠤ ᠬᠡᠷᠡᠭᠲᠡᠢ ᠪᠠᠢᠵᠤ ᠂ ᠰᠢᠬᠦᠬᠦ ᠬᠤᠷᠢᠶᠠᠨ ᠤ ᠬᠦᠮᠦᠨᠴᠢ ᠬᠠᠯᠠᠮᠵᠢᠯᠠᠯ ᠬᠦᠷᠳᠡᠭᠡᠭᠦ ᠶᠢ ᠢᠯᠡᠷᠡᠬᠦᠯᠬᠦ ᠬᠡᠷᠡᠭᠲᠡᠢ᠃

ᠳᠡᠭᠡᠳᠦ ᠵᠡᠷᠬᠡ ᠶᠢᠨ ᠰᠢᠬᠦᠬᠦ ᠬᠤᠷᠢᠶᠠᠨ ᠤ ᠤᠳᠤᠷᠢᠳᠤᠯᠭ᠎ᠠ ᠲᠦᠪ ᠶᠡᠬᠡ ᠲᠢᠩᠬᠢᠮ ᠢ ᠦᠷᠭᠡᠳᠬᠡᠨ ᠪᠠᠢᠭᠤᠯᠤᠬᠤ ᠠᠵᠢᠯ ᠳᠤ ᠳᠡᠭᠡᠳᠦ ᠬᠡᠮᠵᠢᠶᠠᠨ ᠤ ᠵᠦᠪᠰᠢᠶᠡᠷᠡᠯ ᠪᠠ ᠦᠨᠡᠯᠡᠯᠲᠡ ᠦᠭᠴᠦ ᠂ ᠬᠡᠷᠭᠢᠨ ᠠᠷᠠᠳ ᠲᠦᠮᠡᠨ ᠳᠦ ᠨᠡᠩ ᠰᠠᠢᠨ ᠦᠢᠯᠡᠴᠢᠯᠡᠬᠡ ᠬᠠᠩᠭᠠᠬᠤ ᠳᠤᠬᠠᠢ ᠵᠢᠴᠢ ᠬᠦᠨᠵᠡᠭᠡᠢ ᠨᠠᠷᠢᠯᠢᠭ ᠠᠵᠢᠯ ᠢᠶᠠᠨ ᠶᠠᠪᠤᠭᠳᠠᠭᠤᠯᠬᠤ ᠳᠤᠬᠠᠢ ᠪᠦᠳᠦᠭᠡᠯᠴᠢ ᠶᠢᠨ ᠴᠢᠨᠠᠷᠲᠠᠢ ᠰᠠᠨᠠᠭᠤᠯᠭ᠎ᠠ ᠳᠤᠷᠠᠳᠤᠭᠰᠠᠨ ᠮᠦᠷᠲᠡᠭᠡᠨ ᠤᠯᠠᠮ ᠨᠢᠬᠡ ᠠᠯᠬᠤᠮ ᠵᠠᠷᠭᠤ ᠶᠢᠨ ᠦᠢᠯᠡᠴᠢᠯᠡᠭᠡᠨ ᠦ ᠠᠵᠢᠯ ᠤᠨ ᠬᠡᠯᠪᠡᠷᠢ ᠪᠡᠨ ᠬᠤᠪᠢᠷᠠᠭᠤᠯᠤᠨ ᠳᠡᠰ ᠳᠠᠪᠰᠢᠬᠤ ᠶᠢ ᠲᠦᠯᠬᠢᠨ ᠠᠬᠢᠭᠤᠯᠬᠤ ᠶᠢ ᠵᠢᠭᠠᠵᠤ ᠭᠠᠷᠭᠠᠵᠤ ᠂ ᠪᠦᠷᠢᠨ ᠳᠡᠭᠦᠯᠲᠡᠷ ᠲᠦᠬᠦᠬᠡᠷᠦᠮᠵᠢ ᠪᠠ ᠡᠬᠦᠷᠭᠡ ᠴᠢᠳᠠᠮᠵᠢ ᠪᠠᠷ ᠪᠦᠬᠦ ᠤᠷᠤᠨ ᠤ ᠰᠢᠬᠦᠬᠦ ᠬᠤᠷᠢᠶᠠᠨ ᠤ ᠵᠠᠷᠭᠤ ᠶᠢᠨ ᠦᠢᠯᠡᠴᠢᠯᠡᠭᠡᠨ ᠦ ᠲᠦᠪ ᠦᠨ ᠪᠦᠲᠦᠭᠡᠨ ᠪᠠᠢᠭᠤᠯᠤᠯᠲᠠ ᠶᠢᠨ ᠲᠦᠯᠬᠢᠨ ᠠᠬᠢᠭᠤᠯᠬᠤ ᠬᠤᠷᠠᠯ ᠢ ᠤᠭᠳᠤᠬᠤ ᠬᠡᠷᠡᠭᠲᠡᠢ ᠃

 

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )