ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠯᠢ ᠾᠦᠩ ᠶᠠᠨ ᠬᠤᠷᠢᠶᠠᠨ ᠳᠠᠷᠤᠭ᠎ᠠ ᠳ᠋ᠦᠩᠱᠧᠩ ᠳᠤᠭᠤᠷᠢᠭ ᠂ ᠡᠵᠡᠨ ᠬᠤᠷᠤᠭ᠎ᠠ ᠬᠤᠰᠢᠭᠤᠨ ᠳᠤ ᠬᠦᠷᠴᠦ ᠦᠨᠳᠦᠰᠦᠨ ᠱᠠᠳᠤᠨ ᠤ ᠰᠢᠬᠦᠬᠦ
2016.11.05 ᠲᠣᠰ ᠥᠷᠲᠡᠭᠡᠨ᠎ᠦ ᠨᠠᠢᠷᠠᠭᠤᠯᠤᠭᠴᠢ

ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠯᠢ ᠾᠦᠩ ᠶᠠᠨ ᠬᠤᠷᠢᠶᠠᠨ ᠳᠠᠷᠤᠭ᠎ᠠ ᠳ᠋ᠦᠩᠱᠧᠩ ᠳᠤᠭᠤᠷᠢᠭ ᠂ ᠡᠵᠡᠨ ᠬᠤᠷᠤᠭ᠎ᠠ ᠬᠤᠰᠢᠭᠤᠨ ᠳᠤ ᠬᠦᠷᠴᠦ ᠦᠨᠳᠦᠰᠦᠨ ᠱᠠᠳᠤᠨ ᠤ ᠰᠢᠬᠦᠬᠦ ᠬᠤᠷᠢᠶᠠᠨ ᠤ ᠰᠢᠬᠦᠬᠦ ᠲᠢᠩᠬᠢᠮ ᠦᠨ ᠠᠵᠢᠯ ᠢ ᠪᠠᠢᠴᠠᠭᠠᠨ ᠦᠵᠡᠵᠦ ᠵᠢᠭᠠᠨ ᠵᠢᠯᠤᠭᠤᠳᠪᠠ

 

 

 

 

 

 

 

 11 ᠰᠠᠷᠠᠢᠨ 2 ᠡᠳᠦᠷ ᠂ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠨᠠᠮ ᠤᠳᠤᠷᠢᠳᠬᠤ ᠳᠤᠭᠤᠢᠯᠠᠩ ᠤᠨ ᠱᠦᠵᠢ ᠂ ᠤᠷᠤᠯᠠᠭᠴᠢ ᠬᠤᠷᠢᠶᠠᠨ ᠳᠠᠷᠤᠭ᠎ᠠ ᠯᠢ ᠾᠦᠩ ᠶᠠᠨ ᠰᠢᠬᠦᠨ ᠳᠠᠰᠤᠯᠠᠬᠤ ᠺᠤᠮᠢᠰ ᠤᠨ ᠳᠤᠰᠬᠠᠢ ᠳᠤᠰᠢᠶᠠᠯᠳᠤ ᠬᠡᠰᠢᠬᠦᠨ ᠭᠸ ᠵᠦᠩ ᠫᠢᠩ ᠂ ᠠᠯᠪᠠᠨ ᠭᠡᠷ ᠦᠨ ᠡᠷᠬᠢᠯᠡᠭᠴᠢ ᠸᠠᠩ ᠷᠦᠢ ᠱᠠᠨ ᠲᠠᠢ ᠬᠠᠮᠳᠤ ᠂ ᠤᠷᠢᠳ ᠬᠤᠵᠢᠳ ᠳ᠋ᠦᠩᠱᠧᠩ ᠳᠤᠭᠤᠷᠢᠭ ᠤᠨ ᠰᠢᠬᠦᠬᠦ ᠬᠤᠷᠢᠶ᠎ᠠ ᠂ ᠡᠵᠡᠨ ᠬᠤᠷᠤᠭ᠎ᠠ ᠬᠤᠰᠢᠭᠤᠨ ᠤ ᠰᠢᠬᠦᠬᠦ ᠬᠤᠷᠢᠶᠠᠨ ᠤ ᠰᠤᠪᠤᠷᠭ᠎ᠠ ᠠᠷᠠᠳ ᠤᠨ ᠰᠢᠬᠦᠬᠦ ᠲᠢᠩᠬᠢᠮ ᠂ ᠵᠠᠰᠠᠭ ᠠᠷᠠᠳ ᠤᠨ ᠰᠢᠬᠦᠬᠦ ᠲᠢᠩᠬᠢᠮ ᠂ ᠡᠵᠡᠨ ᠬᠤᠷᠤᠭ᠎ᠠ ᠰᠢᠬᠦᠬᠦ ᠲᠢᠩᠬᠢᠮ  ᠳᠦ ᠬᠦᠷᠴᠦ ᠦᠨᠳᠦᠰᠦᠨ ᠱᠠᠳᠤᠨ ᠤ ᠰᠢᠬᠦᠬᠦ ᠲᠢᠩᠬᠢᠮ ᠦᠨ ᠠᠵᠢᠯ ᠢ ᠪᠠᠢᠴᠠᠭᠠᠨ ᠦᠵᠡᠵᠦ ᠵᠢᠭᠠᠨ ᠵᠢᠯᠤᠭᠤᠳᠪᠠ ᠃

     ᠳ᠋ᠦᠩᠱᠧᠩ ᠳᠤᠭᠤᠷᠢᠭ ᠤᠨ ᠰᠢᠬᠦᠬᠦ ᠬᠤᠷᠢᠶᠠᠨ ᠳᠤ ᠂ ᠯᠢ ᠾᠦᠩ ᠶᠠᠨ ᠬᠤᠷᠢᠶᠠᠨ ᠳᠠᠷᠤᠭ᠎ᠠ ᠵᠠᠷᠭᠤ ᠬᠢᠬᠦ ᠦᠢᠯᠡᠴᠢᠯᠡᠭᠡᠨ ᠦ ᠲᠦᠪ ᠂ ᠳᠤᠭᠠᠴᠠᠯᠠᠭᠰᠠᠨ ᠰᠢᠬᠦᠬᠦ ᠲᠢᠩᠬᠢᠮ ᠂ ᠴᠤᠭᠯᠠᠷᠠᠯ ᠡᠵᠡᠮᠳᠡᠬᠦ ᠲᠦᠪ ᠦᠨ ᠪᠠᠢᠭᠤᠯᠤᠯᠲᠠ ᠶᠢᠨ ᠪᠠᠢᠳᠠᠯ ᠢ ᠪᠤᠳᠠᠳᠠᠢ ᠪᠠᠢᠴᠠᠭᠠᠯᠲᠠ ᠬᠢᠪᠡ ᠃ ᠡᠭᠦᠨ ᠦ ᠳᠠᠷᠠᠭ᠎ᠠ ᠬᠤᠷᠠᠯᠳᠤᠭᠤᠯᠭᠰᠠᠨ ᠰᠠᠭᠤᠳᠠᠯ ᠤᠨ ᠬᠤᠷᠠᠯ ᠳᠡᠭᠡᠷ᠎ᠠ ᠂ ᠳ᠋ᠦᠩᠱᠧᠩ ᠳᠤᠭᠤᠷᠢᠭ ᠤᠨ ᠰᠢᠬᠦᠬᠦ ᠬᠤᠷᠢᠶᠠᠨ ᠤ ᠺᠠᠩ ᠵᠢᠶᠠᠨ ᡁᠢ ᠬᠤᠷᠢᠶᠠᠨ ᠤ ᠳᠠᠷᠤᠭ᠎ᠠ ᠳᠤᠭᠤᠷᠢᠭ ᠤᠨ ᠰᠢᠬᠦᠬᠦ ᠬᠤᠷᠢᠶᠠᠨ ᠤ 3 ᠦᠨᠳᠦᠰᠦᠨ ᠱᠠᠳᠤᠨ ᠤ ᠰᠢᠬᠦᠬᠦ ᠬᠤᠷᠢᠶᠠᠨ ᠤ ᠪᠦᠲᠦᠭᠡᠨ ᠪᠠᠢᠭᠤᠯᠤᠯᠲᠠ  ᠶᠢᠨ ᠪᠦᠬᠦ ᠲᠠᠯ᠎ᠠ ᠶᠢᠨ ᠪᠠᠢᠳᠠᠯ ᠵᠢᠴᠢ ᠬᠡᠷᠡᠭ ᠰᠢᠬᠦᠯᠲᠡ ᠶᠢᠨ ᠠᠵᠢᠯ ᠤᠨ ᠳᠤᠬᠠᠢ ᠬᠠᠷᠢᠭᠤ ᠮᠡᠳᠡᠭᠦᠯᠦᠯᠲᠡ ᠬᠢᠪᠡ ᠃ ᠤᠢᠷ᠎ᠠ ᠶᠢᠨ ᠵᠢᠯ ᠳᠦ ᠂ ᠳ᠋ᠦᠩᠱᠧᠩ ᠳᠤᠭᠤᠷᠢᠭ ᠤᠨ ᠬᠤᠳᠠᠴᠢᠯᠠᠯᠲᠠ ᠶᠢᠨ ᠪᠦᠲᠦᠭᠡᠨ ᠪᠠᠢᠭᠤᠯᠤᠯᠲᠠ ᠶᠢᠨ ᠶᠠᠪᠤᠴᠠ ᠲᠦᠷᠭᠡᠨ ᠪᠤᠯᠵᠤ ᠂ ᠤᠯᠠᠩᠬᠢ ᠬᠦᠳᠡᠭᠡ ᠳᠤᠰᠬᠤᠨ ᠤ ᠬᠦᠮᠦᠨ ᠠᠮᠤ ᠳ᠋ᠦᠩᠱᠧᠩ ᠦᠨ ᠬᠤᠳᠠ ᠭᠠᠵᠠᠷ ᠲᠤ ᠨᠡᠬᠦᠨ ᠰᠠᠭᠤᠷᠢᠰᠢᠭᠰᠠᠨ ᠠᠴᠠ ᠤᠤᠯ ᠨᠢ ᠪᠤᠷᠵᠠᠩ ᠨᠠᠭᠤᠷ ᠠᠷᠠᠳ  ᠤᠨ ᠰᠢᠬᠦᠬᠦ ᠬᠤᠷᠢᠶ᠎ᠠ ᠶᠢᠨ ᠪᠤᠳᠠᠳᠠᠢ ᠠᠵᠢᠯ ᠳᠤᠮᠳᠠᠬᠢ ᠡᠯ᠎ᠠ ᠠᠷᠠᠳ ᠲᠤ ᠳᠦᠬᠦᠮ ᠲᠦᠬᠦᠭᠡᠷᠡᠮᠵᠢ ᠨᠢ ᠪᠦᠲᠦᠮᠵᠢᠲᠡᠢ ᠦᠢᠯᠡᠳᠦᠯ ᠢᠶᠡᠨ ᠪᠠᠳᠠᠷᠠᠭᠤᠯᠵᠤ ᠳᠡᠢᠯᠬᠦ ᠦᠬᠡᠢ ᠪᠠᠢᠵᠤ ᠂ ᠨᠢᠬᠡ ᠦᠶ᠎ᠠ ᠬᠤᠳᠠ ᠶᠢᠨ ᠳᠤᠭᠤᠷᠢᠭ ᠲᠤ ᠭᠠᠷᠤᠭᠰᠠᠨ ᠠᠷᠠᠳ ᠤᠨ ᠳᠤᠮᠳᠠᠬᠢ ᠵᠢᠭᠤᠷᠠᠯᠳᠤᠭᠠᠨ ᠢ ᠬᠤᠳᠠ ᠠᠴᠠ ᠪᠤᠴᠠᠵᠤ ᠰᠢᠬᠦᠬᠦ ᠬᠤᠷᠢᠶᠠᠨ ᠳᠤ ᠤᠴᠢᠬᠤ ᠪᠠᠢᠳᠠᠯ ᠭᠠᠷᠤᠭᠰᠠᠨ ᠪᠠᠢᠨ᠎ᠠ ᠃ ᠡᠭᠦᠨ ᠦ ᠳᠤᠯᠠᠳᠠ ᠂ ᠳ᠋ᠦᠩᠱᠧᠩ ᠳᠤᠭᠤᠷᠢᠭ ᠤᠨ ᠰᠢᠬᠦᠬᠦ ᠬᠤᠷᠢᠶ᠎ᠠ ᠦᠨᠳᠦᠰᠦᠨ ᠱᠠᠳᠤᠨ ᠤ ᠠᠷᠠᠳ ᠤᠨ ᠰᠢᠬᠦᠬᠦ ᠬᠤᠷᠢᠶ᠎ᠠ ᠶᠢ ᠨᠢᠭᠡᠳᠬᠡᠨ《ᠬᠦᠳᠡᠭᠡ ᠳᠤᠰᠬᠤᠨ ᠤ ᠠᠷᠠᠳ ᠤᠨ ᠰᠢᠬᠦᠬᠦ ᠬᠤᠷᠢᠶ᠎ᠠ》ᠪᠤᠯᠭᠠᠭᠰᠠᠨ ᠮᠦᠷᠲᠡᠭᠡᠨ ᠬᠤᠷᠢᠶᠠᠨ ᠳᠤᠳᠤᠷ᠎ᠠ ᠠᠵᠢᠯᠯᠠᠵᠤ ᠂ ᠡᠭᠦᠨ ᠦ ᠬᠠᠮᠳᠤ ᠳᠤᠭᠳᠠᠭᠰᠠᠨ ᠬᠤᠭᠤᠴᠠᠭ᠎ᠠ ᠦᠬᠡᠢ ᠳᠤᠭᠤᠷᠢᠨ ᠰᠢᠬᠦᠨ ᠳᠠᠰᠤᠯᠠᠬᠤ ᠠᠷᠭ᠎ᠠ ᠠᠪᠴᠢᠯ ᠠᠪᠴᠤ ᠂ ᠬᠦᠳᠡᠭᠡ ᠳᠤᠰᠬᠤᠨ ᠳᠤ ᠦᠯᠡᠳᠡᠭᠰᠡᠨ ᠴᠦᠬᠡᠨ ᠳᠤᠭᠠᠨ ᠤ ᠠᠷᠠᠳ ᠲᠦᠮᠡᠨ ᠦ ᠭᠠᠤᠯᠢ ᠴᠠᠭᠠᠵᠠ ᠶᠢᠨ ᠱᠠᠭᠠᠷᠳᠠᠯᠭ᠎ᠠ ᠶᠢ ᠰᠢᠢᠳᠪᠦᠷᠢᠯᠡᠭᠰᠡᠨ ᠪᠠᠢᠨ᠎ᠠ ᠃

      ᠳ᠋ᠦᠩᠱᠧᠩ ᠳᠤᠭᠤᠷᠢᠭ ᠤᠨ ᠰᠢᠬᠦᠬᠦ ᠬᠤᠷᠢᠶᠠᠨ ᠤ ᠰᠢᠬᠦᠨ ᠬᠦᠴᠡᠳᠬᠡᠬᠦ ᠬᠡᠷᠡᠭ ᠦᠨ ᠳᠤᠭ᠎ᠠ ᠬᠡᠳᠦᠷᠭᠡᠢ ᠶᠡᠬᠡ ᠪᠠᠢᠬᠤ ᠠᠰᠠᠭᠤᠳᠠᠯ ᠳᠤ ᠴᠢᠭᠯᠡᠬᠦᠯᠦᠨ ᠂ ᠯᠢ ᠾᠦᠩ ᠶᠠᠨ ᠬᠤᠷᠢᠶᠠᠨ ᠳᠠᠷᠤᠭ᠎ᠠ ᠵᠢᠭᠠᠵᠤ ᠭᠠᠷᠭᠠᠭᠰᠠᠨ ᠨᠢ ᠂ ᠳ᠋ᠦᠩᠱᠧᠩ ᠳᠤᠭᠤᠷᠢᠭ ᠤᠨ ᠰᠢᠬᠦᠬᠦ ᠬᠤᠷᠢᠶ᠎ᠠ ᠡᠷᠭᠡᠪᠰᠢ ᠬᠦᠮᠦᠨ ᠦ ᠬᠦᠴᠦᠨ ᠦ ᠡᠬᠢ ᠪᠠᠶᠠᠯᠢᠭ ᠢ ᠵᠦᠢ ᠵᠤᠬᠢᠰᠠᠲᠠᠢ ᠳᠤᠭᠢᠷᠠᠭᠤᠯᠵᠤ ᠂ ᠡᠷᠬᠢᠯᠡᠨ ᠰᠢᠭᠦᠭᠴᠢ ᠶᠢ ᠨᠦᠰᠡᠷ ᠬᠦᠨᠳᠦ ᠴᠢᠨᠠᠷᠲᠠᠢ ᠠᠵᠢᠯ   ᠠᠴᠠ ᠭᠠᠷᠭᠠᠵᠤ ᠂ ᠡᠭᠦᠨ ᠦ ᠬᠠᠮᠳᠤ ᠬᠡᠷᠡᠭ ᠰᠢᠬᠦᠵᠦ ᠳᠠᠭᠤᠰᠬᠠᠬᠤ ᠨᠤᠷᠮ᠎ᠠ ᠶᠢ ᠨᠦᠯᠦᠭᠡᠯᠡᠵᠦ ᠪᠠᠢᠬᠤ ᠵᠢᠩᠬᠢᠨᠢ ᠰᠢᠯᠳᠠᠭᠠᠨ ᠢ ᠴᠠᠭ ᠳᠤᠬᠠᠢ ᠳᠤ ᠨᠢ ᠪᠠᠢᠴᠠᠭᠠᠨ ᠳᠤᠳᠤᠯᠠᠵᠤ ᠂ ᠰᠢᠬᠦᠨ ᠳᠠᠰᠤᠯᠠᠬᠤ ᠠᠩᠬᠢ ᠶᠢᠨ ᠳᠤᠬᠠᠢᠯᠠᠭᠰᠠᠨ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠠ ᠪᠡᠶᠡᠴᠢ ᠴᠢᠳᠠᠮᠠᠭᠠᠢ ᠴᠢᠨᠠᠷ ᠢ ᠭᠦᠭᠵᠢᠭᠡᠬᠦ ᠪᠡᠷ ᠳᠠᠮᠵᠢᠵᠤ ᠂ ᠡᠯ᠎ᠠ ᠲᠦᠷᠦᠯ ᠦᠨ ᠬᠦᠮᠦᠨ ᠢ ᠦᠪᠡᠷ ᠦᠨ ᠠᠵᠢᠯ ᠤᠨ ᠪᠠᠢᠷᠢ ᠳᠤ ᠨᠢ ᠪᠠᠢᠯᠭᠠᠵᠤ ᠂ ᠬᠠᠷᠢᠯᠴᠠᠨ ᠬᠠᠪᠰᠤᠷᠤᠯᠴᠠᠭᠤᠯᠤᠨ᠎ᠠ ᠃ ᠡᠭᠦᠨ ᠡᠴᠡ ᠭᠠᠳᠠᠨ᠎ᠠ ᠂ ᠮᠡᠳᠡᠬᠡ ᠵᠠᠩᠭᠢᠴᠢᠯᠠᠯᠲᠠ ᠶᠢᠨ ᠪᠦᠲᠦᠭᠡᠨ ᠪᠠᠢᠭᠤᠯᠤᠯᠲᠠ ᠶᠢᠨ ᠬᠡᠷᠡᠭᠯᠡᠭᠡᠨ ᠦ ᠡᠷᠴᠢᠮ ᠢ ᠤᠯᠠᠮ ᠨᠢᠭᠡ ᠠᠯᠬᠤᠮ ᠲᠦᠷᠭᠡᠳᠬᠡᠵᠦ᠂ ᠮᠡᠳᠡᠭᠡ ᠵᠠᠩᠭᠢᠴᠢᠯᠠᠯᠲᠠ ᠶᠢᠨ ᠮᠡᠷᠬᠡᠵᠢᠯ ᠳᠦ ᠲᠦᠰᠢᠨ ᠰᠢᠬᠦᠨ ᠳᠠᠰᠤᠯᠤᠯᠲᠠ ᠬᠦᠢᠴᠡᠳᠬᠡᠬᠦ ᠦᠷ᠎ᠠ ᠪᠦᠲᠦᠮᠵᠢ ᠶᠢ ᠳᠡᠭᠡᠭᠰᠢᠯᠡᠬᠦᠯᠵᠦ ᠂ ᠮᠡᠳᠡᠭᠡ ᠵᠠᠩᠭᠢᠴᠢᠯᠠᠯᠲᠠ ᠶᠢᠨ ᠪᠦᠲᠦᠭᠡᠨ ᠪᠠᠢᠭᠤᠯᠤᠯᠲᠠ ᠶᠢᠨ ᠦᠷ᠎ᠠ ᠪᠦᠲᠦᠮᠵᠢ ᠶᠢ ᠦᠵᠡᠮᠵᠢ ᠶᠢᠨ ᠵᠦᠢᠯ ᠪᠤᠯᠭᠠᠵᠤ ᠪᠤᠯᠬᠤ ᠦᠬᠡᠢ ᠃

     ᠳᠤᠰ ᠡᠳᠦᠷ ᠦᠨ ᠦᠳᠡ ᠶᠢᠨ ᠬᠤᠢᠨ᠎ᠠ ᠂ ᠯᠢ ᠾᠦᠩ ᠶᠠᠨ ᠬᠤᠷᠢᠶᠠᠨ ᠳᠠᠷᠤᠭ᠎ᠠ ᠵᠡᠷᠬᠡ ᠬᠦᠮᠦᠰ ᠡᠵᠡᠨ ᠬᠤᠷᠤᠭ᠎ᠠ ᠬᠤᠰᠢᠭᠤᠨ ᠤ ᠰᠢᠬᠦᠬᠦ ᠬᠤᠷᠢᠶᠠᠨ   ᠳᠤ ᠬᠦᠷᠴᠦ ᠡᠵᠡᠨ ᠬᠤᠷᠤᠭ᠎ᠠ ᠬᠤᠰᠢᠭᠤᠨ ᠤ 3 ᠦᠨᠳᠦᠰᠦᠨ ᠱᠠᠳᠤᠨ ᠤ ᠰᠢᠬᠦᠬᠦ ᠲᠢᠩᠬᠢᠮ ᠢ ᠪᠤᠳᠠᠳᠠᠢ ᠪᠠᠢᠴᠠᠭᠠᠯᠲᠠ ᠬᠢᠪᠡ ᠃ ᠡᠵᠡᠨ ᠬᠤᠷᠤᠭ᠎ᠠ ᠬᠤᠰᠢᠭᠤᠨ ᠤ ᠰᠢᠬᠦᠬᠦ ᠬᠤᠷᠢᠶᠠᠨ ᠤ ᠸᠠᠨ ᠯᠢᠶᠠᠩ ᠬᠤᠷᠢᠶᠠᠨ ᠳᠠᠷᠤᠭ᠎ᠠ ᠡᠵᠡᠨ ᠬᠤᠷᠤᠭ᠎ᠠ ᠰᠢᠬᠦᠬᠦ ᠬᠤᠷᠢᠶᠠᠨ ᠤ 3 ᠦᠨᠳᠦᠰᠦᠨ ᠱᠠᠳᠤᠨ ᠤ ᠰᠢᠬᠦᠬᠦ ᠬᠤᠷᠢᠶ᠎ᠠ ᠶᠢᠨ ᠪᠦᠲᠦᠭᠡᠨ ᠪᠠᠢᠭᠤᠯᠤᠯᠲᠠ ᠶᠢᠨ ᠶᠡᠷᠦᠩᠬᠡᠢ ᠪᠠᠢᠳᠠᠯ ᠵᠢᠴᠢ ᠬᠡᠷᠡᠭ ᠦᠨ ᠰᠢᠬᠦᠨ ᠳᠠᠰᠤᠯᠤᠯᠲᠠ ᠶᠢᠨ ᠠᠵᠢᠯ ᠤᠨ ᠳᠤᠬᠠᠢ ᠬᠠᠷᠢᠭᠤ ᠮᠡᠳᠡᠭᠦᠯᠦᠯᠲᠡ ᠬᠢᠭᠰᠡᠨ ᠮᠦᠷᠲᠡᠭᠡᠨ ᠴᠢᠩᠬᠢᠰ ᠦᠨ ᠤᠩᠭᠤᠨ ᠤ ᠵᠢᠭᠤᠴᠢᠯᠠᠯ ᠤᠨ ᠭᠠᠵᠠᠷ ᠢᠶᠠᠷ ᠭᠤᠤᠯᠳᠠᠯᠭ᠎ᠠ ᠪᠤᠯᠭᠠᠭᠰᠠᠨ《ᠵᠢᠭᠤᠴᠢᠯᠠᠯ ᠤᠨ ᠰᠢᠬᠦᠬᠦ ᠲᠢᠩᠬᠢᠮ》ᠪᠠᠢᠭᠤᠯᠬᠤ ᠪᠠᠷ ᠬᠦᠴᠦᠯᠡᠨ ᠴᠢᠷᠮᠠᠢᠬᠤ ᠶᠢ ᠳᠤᠷᠠᠳᠤᠪᠠ ᠃ ᠯᠢ ᠾᠦᠩ ᠶᠠᠨ ᠬᠤᠷᠢᠶᠠᠨ ᠳᠠᠷᠤᠭ᠎ᠠ ᠡᠵᠡᠨ ᠬᠤᠷᠤᠭ᠎ᠠ ᠬᠤᠰᠢᠭᠤᠨ ᠤ ᠰᠢᠬᠦᠬᠦ ᠬᠤᠷᠢᠶᠠᠨ ᠤ 3 ᠳᠤᠮᠢᠯᠠᠭᠰᠠᠨ ᠠᠷᠠᠳ ᠤᠨ ᠰᠢᠬᠦᠬᠦ ᠲᠢᠩᠬᠢᠮ ᠦᠨ ᠰᠠᠭᠤᠷᠢ ᠲᠦᠬᠦᠭᠡᠷᠦᠮᠵᠢ ᠵᠢᠴᠢ ᠰᠢᠬᠦᠬᠦ ᠲᠢᠩᠬᠢᠮ ᠦᠨ ᠡᠳᠦᠷ ᠳᠤᠳᠤᠮ ᠤᠨ ᠠᠵᠢᠯ ᠬᠡᠪ ᠶᠤᠰᠤᠭᠠᠷ ᠶᠠᠪᠤᠭᠳᠠᠵᠤ ᠪᠠᠢᠬᠤ ᠳᠤ ᠰᠡᠳᠬᠢᠯ ᠬᠠᠨᠤᠮᠵᠢᠲᠠᠢ ᠪᠠᠢᠵᠤ᠂ ᠲᠡᠭᠦᠨ ᠦ ᠬᠡᠯᠡᠭᠰᠡᠨ ᠨᠢ ᠄《 ᠦᠨᠳᠦᠰᠦᠨ ᠱᠠᠳᠤᠨ ᠤ ᠰᠢᠬᠦᠬᠦ ᠲᠢᠩᠬᠢᠮ ᠦᠨ ᠨᠦᠬᠦᠷ ᠰᠢᠬᠦᠨ ᠳᠠᠰᠤᠯᠤᠯᠲᠠ ᠶᠢᠨ ᠠᠵᠢᠯ ᠤᠨ ᠬᠠᠮᠤᠭ ᠡᠮᠦᠨ᠎ᠠ ᠹᠷᠣᠨᠲ ᠳᠤ ᠪᠠᠢᠵᠤ ᠂ ᠲᠡᠳᠡᠨ ᠦ ᠠᠵᠢᠯ ᠦᠨᠡᠨ ᠬᠦ ᠬᠦᠴᠢᠷᠲᠡᠯᠲᠡᠢ ᠪᠠᠢᠵᠤ ᠂ ᠤᠳᠤᠷᠢᠳᠤᠯᠭ᠎ᠠ ᠪᠤᠯᠭᠰᠠᠨ ᠤ ᠬᠤᠪᠢ ᠳᠤ ᠂ ᠪᠢᠳᠡ ᠡᠷᠭᠡᠪᠰᠢ ᠴᠢᠳᠠᠬᠤ ᠶᠢᠨ ᠬᠢᠷᠢ ᠪᠡᠷ ᠲᠡᠳᠡᠨ ᠳᠦ ᠰᠠᠢᠨ ᠠᠵᠢᠯ ᠂ ᠠᠮᠢᠳᠤᠷᠠᠯ ᠤᠨ ᠤᠷᠴᠢᠨ ᠳᠤᠭᠤᠷᠢᠨ ᠪᠤᠢ ᠪᠤᠯᠭᠠᠵᠤ ᠂ ᠳᠡᠳᠡᠨ ᠢ ᠶᠠᠭᠠᠷᠠᠤ ᠠᠵᠢᠯ ᠤᠨ ᠴᠢᠯᠦᠭᠡᠨ ᠵᠤᠬᠢᠶᠠᠨ ᠪᠠᠢᠭᠤᠯᠤᠯᠲᠠ ᠶᠢᠨ ᠬᠠᠯᠠᠮᠵᠢᠯᠠᠯ᠂ ᠬᠠᠢᠷ᠎ᠠ ᠶᠢ ᠮᠡᠳᠡᠭᠦᠯᠬᠦ ᠬᠡᠷᠡᠭᠲᠡᠢ ᠃ 》

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )