ᠦᠪᠡᠷᠲᠡᠭᠡᠨ ᠵᠠᠰᠠᠬᠤ ᠤᠷᠤᠨ ᠤ ᠳᠡᠬᠡᠳᠦ ᠵᠡᠷᠬᠡ ᠶᠢᠨ ᠰᠢᠬᠦᠬᠦ ᠬᠤᠷᠢᠶᠠᠨ ᠤ ᠪᠠᠢᠩᠭᠤ ᠶᠢᠨ ᠳᠡᠳ᠋ ᠳᠠᠷᠤᠭ᠎ᠠ ᠶᠦᠨ ᠰᠢ ᠱᠦᠨ ᠵᠡᠷᠬᠡ ᠬᠦᠮᠦᠰ ᠤᠷᠳᠤᠰ ᠬᠤᠳᠠ ᠶᠢᠨ ᠵᠠᠷᠭᠤ ᠬᠢᠬᠦ ᠦᠢᠯᠡᠴᠢᠯᠡᠭᠡᠨ ᠦ ᠲᠦᠪ 
2016.11.07 ᠲᠣᠰ ᠥᠷᠲᠡᠭᠡᠨ ᠦ ᠨᠠᠢᠷᠠᠭᠤᠯᠤᠭᠴᠢ

ᠦᠪᠡᠷᠲᠡᠭᠡᠨ ᠵᠠᠰᠠᠬᠤ ᠤᠷᠤᠨ ᠤ ᠳᠡᠬᠡᠳᠦ ᠵᠡᠷᠬᠡ ᠶᠢᠨ ᠰᠢᠬᠦᠬᠦ ᠬᠤᠷᠢᠶᠠᠨ ᠤ ᠪᠠᠢᠩᠭᠤ ᠶᠢᠨ ᠳᠡᠳ᠋ ᠳᠠᠷᠤᠭ᠎ᠠ ᠶᠦᠨ ᠰᠢ ᠱᠦᠨ ᠵᠡᠷᠬᠡ ᠬᠦᠮᠦᠰ ᠤᠷᠳᠤᠰ ᠬᠤᠳᠠ ᠶᠢᠨ ᠵᠠᠷᠭᠤ ᠬᠢᠬᠦ ᠦᠢᠯᠡᠴᠢᠯᠡᠭᠡᠨ ᠦ ᠲᠦᠪ ᠦᠨ ᠠᠵᠢᠯ ᠢ ᠪᠠᠢᠴᠠᠭᠠᠨ ᠵᠢᠯᠤᠭᠤᠳᠤᠯᠭ᠎ᠠ ᠬᠢᠪᠡ

 

 

 

 

 

10 ᠰᠠᠷᠠᠢᠨ 27 ᠡᠳᠦᠷ ᠦᠨ ᠦᠳᠡ ᠶᠢᠨ ᠡᠮᠦᠨ᠎ᠠ ᠂ ᠦᠪᠡᠷᠲᠡᠭᠡᠨ ᠵᠠᠰᠠᠬᠤ ᠤᠷᠤᠨ ᠤ ᠨᠠᠮ ᠤᠨ ᠤᠳᠤᠷᠢᠳᠬᠤ ᠳᠤᠭᠤᠢᠯᠠᠩ ᠤᠨ ᠬᠡᠰᠢᠬᠦᠨ ᠂ ᠪᠠᠢᠩᠭᠤ ᠶᠢᠨ ᠳᠡᠳ᠋ ᠳᠠᠷᠤᠭ᠎ᠠ ᠶᠦᠨ ᠰᠢ ᠱᠦᠨ ᠵᠡᠷᠬᠡ ᠬᠦᠮᠦᠰ ᠵᠠᠷᠭᠤ ᠶᠢᠨ ᠦᠢᠯᠡᠴᠢᠯᠡᠭᠡᠨ ᠦ ᠲᠦᠪ ᠦᠨ ᠠᠵᠢᠯ ᠵᠢᠭᠠᠨ ᠵᠢᠯᠤᠭᠤᠳᠪᠠ ᠃ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠨᠠᠮ ᠤᠨ ᠳᠤᠭᠤᠢᠯᠠᠩ ᠤᠨ ᠱᠦᠵᠢ ᠂ ᠤᠷᠤᠯᠠᠭᠴᠢ ᠬᠤᠷᠢᠶᠠᠨ ᠳᠠᠷᠤᠭ᠎ᠠ ᠯᠢ ᠾᠦᠩ ᠶᠠᠨ ᠵᠡᠷᠬᠡ ᠤᠳᠤᠷᠢᠳᠤᠯᠭ᠎ᠠ ᠲᠠᠢ ᠬᠠᠮᠳᠤ ᠶᠦᠨ ᠰᠢ ᠱᠦᠨ ᠳᠡᠳ᠋ ᠬᠤᠷᠢᠶᠠᠨ ᠳᠠᠷᠤᠭ᠎ᠠ ᠵᠡᠷᠬᠡ ᠬᠦᠮᠦᠰ ᠬᠡᠷᠡᠭ ᠳᠠᠩᠰᠠᠯᠠᠬᠤ ᠦᠢᠯᠡᠴᠢᠯᠡᠭᠡᠨ ᠦ ᠳᠤᠭᠤᠷᠢᠭ ᠂ ᠠᠷᠠᠳ ᠲᠤ ᠲᠦᠬᠦᠮ ᠦᠢᠯᠡᠴᠢᠯᠡᠭᠡᠨ ᠦ ᠳᠤᠭᠤᠷᠢᠭ ᠂ ᠵᠠᠬᠢᠳᠠᠯ ᠰᠤᠷᠪᠤᠯᠵᠢᠯᠠᠭ᠎ᠠ ᠶᠢᠨ ᠦᠢᠯᠡᠴᠢᠯᠡᠭᠡᠨ ᠦ ᠳᠤᠭᠤᠷᠢᠭ ᠂ ᠵᠠᠷᠭᠤ ᠶᠢᠨ ᠦᠢᠯᠡᠴᠢᠯᠡᠭᠡᠨ ᠦ ᠳᠤᠭᠤᠷᠢᠭ  ᠢ ᠳᠤᠭᠤᠷᠢᠨ ᠦᠵᠡᠵᠦ ᠂ ᠡᠯ᠎ᠠ ᠴᠢᠳᠠᠮᠵᠢ ᠶᠢᠨ ᠳᠤᠭᠤᠷᠢᠭ ᠤᠨ ᠬᠤᠪᠢᠶᠠᠷᠠᠯᠠᠯ ᠂ ᠬᠠᠳᠠᠭᠤ ᠵᠦᠬᠡᠯᠡᠨ ᠳᠤᠨᠤᠭ ᠲᠦᠬᠦᠬᠡᠷᠦᠮᠵᠢ ᠶᠢᠨ ᠪᠦᠲᠦᠭᠡᠨ ᠪᠠᠢᠭᠤᠯᠤᠯᠲᠠ ᠶᠢ ᠨᠠᠷᠢᠨ ᠬᠢᠨᠠᠮᠠᠭᠠᠢ ᠤᠢᠯᠠᠭᠠᠭᠰᠠᠨ ᠮᠦᠷᠲᠡᠭᠡᠨ ᠴᠢᠩ ᠰᠡᠳᠬᠢᠯ ᠦᠨ ᠬᠦᠰᠡᠯ ᠢᠶᠡᠨ ᠳᠤᠷᠠᠳᠤᠭᠰᠠᠨ ᠪᠠᠢᠨ᠎ᠠ ᠃

      ᠶᠦᠨ ᠰᠢ ᠱᠦᠨ ᠳᠡᠳ᠋ ᠬᠤᠷᠢᠶᠠᠨ ᠳᠠᠷᠤᠭ᠎ᠠ ᠢᠯᠡᠷᠬᠡᠢᠯᠡᠭᠰᠡᠨ ᠨᠢ ᠂ ᠵᠠᠷᠭᠤ ᠶᠢᠨ ᠦᠢᠯᠡᠴᠢᠯᠡᠭᠡᠨ ᠦ ᠲᠦᠪ ᠢ ᠳᠤᠭᠤᠷᠢᠨ ᠦᠵᠡᠵᠦ ᠪᠠᠢᠴᠠᠭᠠᠯᠲᠠ ᠬᠢᠬᠦ ᠪᠡᠷ ᠳᠠᠮᠵᠢᠵᠤ ᠂ ᠮᠠᠨ ᠤ ᠲᠦᠪ ᠦᠨ ᠰᠡᠳᠬᠢᠯ ᠰᠠᠨᠠᠭ᠎ᠠ ᠪᠠᠨ ᠳᠠᠯᠪᠢᠵᠤ ᠪᠠᠢᠬᠤ ᠠᠵᠢᠯ ᠤᠨ ᠤᠪᠤᠷ ᠂ ᠠᠷᠠᠳ ᠤᠨ ᠲᠦᠯᠦᠬᠡ ᠬᠠᠤᠯᠢ ᠪᠠᠷᠢᠬᠤ《ᠳᠠᠪᠰᠢᠭᠰᠠᠨ ᠬᠡᠪ》 ᠢ ᠪᠠᠢᠭᠤᠯᠬᠤ ᠠᠵᠢᠯ ᠤᠨ ᠤᠷᠭᠢᠯᠤᠮ᠎ᠠ ᠰᠡᠳᠬᠢᠯᠬᠡ ᠶᠢ ᠤᠯᠵᠤ ᠮᠡᠳᠡᠭᠰᠡᠨ ᠪᠠᠢᠨ᠎ᠠ ᠃ ᠶᠦᠨ ᠬᠤᠷᠢᠶᠠᠨ ᠳᠠᠷᠤᠭ᠎ᠠ ᠮᠠᠨ ᠲᠦᠪ ᠦᠨ ᠡᠯ᠎ᠠ ᠴᠢᠳᠠᠮᠵᠢ ᠶᠢᠨ ᠳᠤᠭᠤᠷᠢᠭ ᠤᠨ ᠰᠢᠨᠵᠢᠯᠡᠬᠦ ᠤᠬᠠᠭᠠᠨᠴᠢ ᠪᠠᠢᠷᠢᠰᠢᠭᠤᠯᠤᠯ ᠪᠤᠯᠤᠨ ᠪᠦᠲᠦᠭᠡᠨ ᠪᠠᠢᠭᠤᠯᠤᠯᠲᠠ ᠶᠢᠨ ᠪᠠᠢᠳᠠᠯ ᠳᠤ ᠬᠦᠢᠴᠡᠳ ᠨᠤᠳᠠᠯᠠᠭᠰᠠᠨ ᠮᠦᠷᠲᠡᠭᠡᠨ ᠮᠠᠨ ᠤ ᠬᠤᠷᠢᠶ᠎ᠠ ᠨᠠᠷᠢᠨ ᠬᠢᠨᠠᠮᠠᠭᠠᠢ ᠳᠡᠭᠡᠳᠦ ᠵᠡᠷᠬᠡ ᠶᠢᠨ ᠰᠢᠬᠦᠬᠦ ᠬᠤᠷᠢᠶᠠᠨ ᠤ ᠱᠠᠭᠠᠷᠳᠠᠯᠭ᠎ᠠ ᠶᠤᠰᠤᠭᠠᠷ ᠂ ᠦᠨᠳᠦᠷ ᠡᠬᠢᠯᠡᠯᠲᠡ ᠂ ᠦᠨᠳᠦᠷ ᠪᠠᠷᠢᠮᠵᠢᠶ᠎ᠠ ᠂ ᠤᠯᠠᠨ ᠬᠡᠷᠡᠭᠴᠡᠭᠡᠲᠦ ᠂ ᠰᠢᠯᠢᠳᠡᠭ ᠦᠢᠯᠡᠴᠢᠯᠡᠭᠡ ᠶᠢᠨ ᠪᠠᠷᠢᠮᠵᠢᠶ᠎ᠠ ᠶᠢ ᠪᠠᠷᠢᠮᠳᠠᠯᠠᠵᠤ ᠂ ᠪᠦᠲᠦᠭᠡᠨ ᠪᠠᠢᠭᠤᠯᠤᠯᠲᠠ ᠶᠢᠨ ᠶᠠᠪᠤᠴᠠ ᠪᠠᠨ ᠲᠦᠷᠭᠡᠳᠬᠡᠵᠦ ᠂ ᠠᠯᠢ ᠬᠤᠷᠳᠤᠨ ᠢᠶᠠᠷ ᠵᠠᠷᠭᠤ ᠶᠢᠨ ᠦᠢᠯᠡᠴᠢᠯᠡᠭᠡᠨ ᠦ ᠲᠦᠪ ᠂ ᠵᠠᠷᠭᠤ ᠶᠢᠨ ᠦᠢᠯᠡᠴᠢᠯᠡᠭᠡᠨ ᠦ ᠰᠦᠯᠵᠢᠶ᠎ᠠ ᠂ 12368 ᠵᠠᠷᠭᠤ ᠶᠢᠨ ᠬᠠᠯᠠᠮ ᠤᠳᠠᠰᠤ  ᠶᠢ ᠬᠠᠮᠤᠷᠤᠭᠰᠠᠨ ᠨᠢᠭᠡ ᠴᠤᠭᠴᠠ ᠵᠠᠷᠭᠤ ᠶᠢᠨ ᠦᠢᠯᠡᠴᠢᠯᠭᠡᠨ ᠦ ᠲᠦᠪ ᠢ ᠪᠦᠲᠦᠭᠡᠨ ᠪᠠᠢᠭᠤᠯᠵᠤ ᠂ ᠡᠷᠳᠡ ᠨᠢᠬᠡ ᠡᠳᠦᠷ ᠪᠦᠬᠦ ᠤᠷᠤᠨ ᠤ ᠰᠢᠬᠦᠬᠦ ᠬᠤᠷᠢᠶᠠᠨ ᠤ ᠵᠠᠷᠭᠤ ᠶᠢᠨ ᠦᠢᠯᠡᠴᠢᠯᠡᠭᠡᠨ ᠦ ᠲᠦᠪ ᠦᠨ ᠳᠠᠭᠤᠷᠢᠶᠠᠯ ᠪᠤᠯᠬᠤ ᠶᠢ ᠬᠦᠰᠡᠵᠦ ᠪᠠᠢᠨ᠎ᠠ ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )