ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠯᠢ ᠾᠦᠩ ᠶᠠᠨ ᠬᠤᠷᠢᠶᠠᠨ ᠳᠠᠷᠤᠭ᠎ᠠ ᠳᠠᠯᠠᠳ ᠬᠤᠰᠢᠭᠤᠨ ᠳᠤ ᠬᠦᠷᠴᠦ ᠦᠨᠳᠦᠰᠦᠨ ᠱᠠᠳᠤᠨ ᠤ ᠰᠢᠬᠦᠬᠦ ᠲᠢᠩᠬᠢᠮ ᠦᠨ ᠠᠵᠢᠯ ᠢ ᠰᠤᠳᠤᠯᠤᠨ ᠵᠢᠭᠠᠨ ᠵᠢᠯᠤᠭᠤᠳᠪᠠ
11 ᠰᠠᠷᠠᠢᠨ 4 ᠡᠳᠦᠷ ᠂ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠢᠯᠠᠩ ᠤᠨ ᠱᠦᠵᠢ ᠂ ᠤᠷᠤᠯᠠᠭᠴᠢ ᠬᠤᠰᠢᠭᠤᠨ ᠳᠠᠷᠤᠭ᠎ᠠ ᠳᠡᠳ᠋ ᠬᠤᠷᠢᠶᠠᠨ ᠳᠠᠷᠤᠭ᠎ᠠ ᠯᠢ ᠵᠢᠩ ᠭᠦᠸᠸ ᠂ ᠰᠢᠬᠦᠨ ᠳᠠᠰᠤᠯᠠᠬᠤ ᠺᠤᠮᠢᠰ ᠤᠨ ᠳᠤᠰᠬᠠᠢ ᠳᠤᠰᠢᠶᠠᠯᠲᠤ ᠬᠡᠰᠢᠬᠦᠨ ᠭᠧ ᠵᠦᠩ ᠫᠢᠩ ᠂ ᠠᠯᠪᠠᠨ ᠭᠡᠷ ᠦᠨ ᠡᠷᠬᠢᠯᠡᠭᠴᠢ ᠸᠠᠩ ᠷᠦᠢ ᠱᠠᠨ ᠲᠠᠢ ᠬᠠᠮᠳᠤ ᠂ ᠳᠠᠯᠠᠳ ᠬᠤᠰᠢᠭᠤᠨ ᠤ ᠰᠢᠬᠦᠬᠦ ᠬᠤᠷᠢᠶᠠᠨ ᠤ ᠵᠤᠤ ᠵᠢᠶᠦ᠋ᠨ ᠰᠢᠬᠦᠬᠦ ᠲᠢᠩᠬᠢᠮ ᠂ ᠪᠠᠢ ᠨᠢ ᠵᠢᠩ ᠰᠢᠬᠦᠬᠦ ᠲᠢᠩᠬᠢᠮ ᠳᠦ ᠬᠦᠨᠵᠡᠭᠡᠢᠷᠡᠨ ᠦᠨᠳᠦᠰᠦᠨ ᠱᠠᠳᠤᠨ ᠤ ᠰᠢᠬᠦᠬᠦ ᠲᠢᠩᠬᠢᠮ ᠦᠨ ᠠᠵᠢᠯ ᠢ ᠰᠤᠳᠤᠯᠤᠨ ᠵᠢᠭᠠᠨ ᠵᠢᠯᠤᠭᠤᠳᠪᠠ ᠃
ᠪᠠᠢ ᠨᠢ ᠵᠢᠩ ᠰᠢᠬᠦᠬᠦ ᠲᠢᠩᠬᠢᠮ ᠳᠦ ᠰᠠᠭᠤᠳᠠᠯ ᠤᠨ ᠬᠤᠷᠠᠯ ᠬᠤᠷᠠᠯᠳᠤᠭᠤᠯᠵᠤ ᠂ ᠳᠠᠯᠠᠳ ᠬᠤᠰᠢᠭᠤᠨ ᠤ ᠶᠠᠩ ᠴᠦᠨ ᠶᠠᠨ ᠬᠤᠷᠢᠶᠠᠨ ᠳᠠᠷᠤᠭ᠎ᠠ ᠦᠨᠳᠦᠰᠦᠨ ᠱᠠᠳᠤᠨ ᠤ ᠰᠢᠬᠦᠬᠦ ᠲᠢᠩᠬᠢᠮ ᠦᠨ ᠪᠦᠲᠦᠭᠡᠨ ᠪᠠᠢᠭᠤᠯᠤᠯᠲᠠ ᠶᠢᠨ ᠶᠡᠷᠦᠩᠬᠡᠢ ᠪᠠᠢᠳᠠᠯ ᠵᠢᠴᠢ ᠬᠡᠷᠡᠭ ᠦᠨ ᠰᠢᠬᠦᠯᠲᠡ ᠶᠢᠨ ᠠᠵᠢᠯ ᠤᠨ ᠳᠤᠬᠠᠢ ᠬᠠᠷᠢᠭᠤ ᠮᠡᠳᠡᠭᠦᠯᠦᠯᠲᠡ ᠬᠢᠪᠡ ᠃ ᠳᠠᠯᠠᠳ ᠬᠤᠰᠢᠭᠤ ᠬᠦᠮᠦᠨ ᠠᠮᠤ ᠠᠷᠪᠢᠨ ᠠᠴᠠ ᠪᠤᠯᠵᠤ ᠂ ᠬᠡᠷᠡᠭ ᠦᠨ ᠳᠤᠭ᠎ᠠ ᠳᠠᠰᠤᠷᠠᠯ ᠦᠭᠡᠢ ᠳᠡᠭᠡᠭᠰᠢᠯᠡᠵᠦ ᠂ ᠦᠨᠳᠦᠰᠦᠨ ᠱᠠᠳᠤᠨ ᠤ ᠠᠷᠠᠳ ᠤᠨ ᠰᠢᠬᠦᠬᠦ ᠲᠢᠩᠬᠢᠮ ᠲᠦᠬᠦᠬᠡᠷᠦᠮᠵᠢ ᠨᠢ ᠨᠡᠢᠯᠢᠶᠡᠳ ᠬᠤᠴᠤᠷᠤᠩᠭᠤᠢ ᠪᠠᠢᠵᠤ ᠂ ᠡᠭᠦᠨ ᠦ ᠳᠡᠭᠡᠷ᠎ᠠ ᠺᠠᠳᠠᠷ ᠴᠠᠭᠳᠠᠭ᠎ᠠ ᠶᠢᠨ ᠬᠦᠮᠦᠨ ᠦ ᠳᠤᠭ᠎ᠠ ᠴᠦᠭᠡᠨ ᠪᠠᠢᠵᠤ ᠂ ᠡᠢᠮᠦ ᠡᠴᠡ ᠤᠳᠤᠬᠠᠨ ᠳᠤ ᠰᠢᠬᠦᠬᠦ ᠲᠢᠩᠬᠢᠮ ᠨᠢ ᠥᠪᠡᠷᠲᠡᠭᠡᠨ ᠬᠡᠷᠡᠭ ᠪᠤᠯᠭᠠᠨ ᠳᠠᠩᠰᠠᠯᠠᠬᠤ ᠨᠦᠬᠦᠴᠡᠯ ᠦᠭᠡᠢ ᠶᠤᠮ ᠃ ᠡᠭᠦᠨ ᠦ ᠳᠤᠯᠠᠳᠠ ᠂ ᠯᠢ ᠾᠦᠩ ᠶᠠᠨ ᠬᠤᠷᠢᠶᠠᠨ ᠳᠠᠷᠤᠭ᠎ᠠ ᠵᠢᠭᠠᠵᠤ ᠭᠠᠷᠭᠠᠭᠰᠠᠨ ᠨᠢ ᠂ ᠦᠨᠳᠦᠰᠦᠨ ᠱᠠᠳᠤᠨ ᠤ ᠰᠢᠬᠦᠬᠦ ᠲᠢᠩᠬᠢᠮ ᠦᠪᠡᠷᠲᠡᠭᠡᠨ ᠬᠡᠷᠡᠭ ᠳᠠᠩᠰᠠᠯᠠᠬᠤ ᠶᠢ ᠤᠷᠢᠶᠠᠯᠠᠬᠤ ᠪᠤᠯ ᠠᠷᠠᠳ ᠤᠨ ᠰᠢᠬᠦᠬᠦ ᠬᠤᠷᠢᠶᠠᠨ ᠤ ᠠᠷᠠᠳ ᠲᠤ ᠲᠦᠬᠦᠮ ᠂ ᠠᠷᠠᠳ ᠲᠤ ᠠᠰᠢᠭᠲᠠᠢ ᠠᠷᠭ᠎ᠠ ᠠᠪᠴᠢᠯ ᠤᠨ ᠴᠢᠬᠤᠯᠠ ᠠᠷᠭ᠎ᠠ ᠬᠡᠮᠵᠢᠶᠠᠨ ᠤ ᠨᠢᠬᠡ ᠪᠤᠯᠬᠤ ᠶᠤᠮ ᠂ ᠡᠭᠦᠨ ᠦ ᠬᠠᠮᠳᠤ ᠪᠠᠰᠠᠴᠤ ᠰᠢᠬᠦᠬᠦ ᠬᠤᠷᠢᠶᠠᠨ ᠤ ᠬᠡᠷᠡᠭ ᠳᠠᠩᠰᠠᠯᠠᠬᠤ ᠴᠤᠩᠬᠤ ᠶᠢᠨ ᠠᠵᠢᠯ ᠤᠨ ᠳᠠᠷᠤᠭᠠᠰᠤ ᠶᠢ ᠬᠦᠩᠭᠡᠯᠡᠬᠦ ᠪᠦᠲᠦᠮᠵᠢᠲᠠᠢ ᠠᠷᠭ᠎ᠠ ᠮᠦᠨ ᠃ ᠦᠨᠳᠦᠰᠦᠨ ᠱᠠᠳᠤᠨ ᠤ ᠰᠢᠬᠦᠬᠦ ᠲᠢᠩᠬᠢᠮ ᠦᠷᠭᠡᠨ ᠤᠯᠠᠨ ᠠᠷᠠᠳ ᠲᠦᠮᠡᠨ ᠵᠢᠴᠢ ᠡᠯ᠎ᠠ ᠦᠨᠳᠦᠰᠦᠨ ᠱᠠᠳᠤᠨ ᠤ ᠵᠤᠬᠢᠶᠠᠨ ᠪᠠᠢᠭᠤᠯᠤᠯᠲᠠ ᠲᠠᠢ ᠡᠳᠦᠷ ᠳᠤᠳᠤᠮ ᠤᠨ ᠠᠵᠢᠯ ᠳᠤᠮᠳᠠ ᠨᠢᠭᠲᠠ ᠬᠠᠷᠢᠴᠠᠭ᠎ᠠ ᠲᠠᠢ ᠠᠵᠢᠯ ᠤᠨ ᠤᠨᠴᠠᠯᠢᠭ ᠢ ᠬᠦᠢᠴᠡᠳ ᠠᠰᠢᠭᠯᠠᠵᠤ ᠂ ᠬᠠᠮ ᠳᠤᠭᠤᠷᠢᠭ ᠂ ᠬᠠᠤᠯᠢ ᠴᠠᠭᠠᠵᠠ ᠵᠡᠷᠬᠡ ᠪᠠᠢᠭᠤᠯᠤᠮᠵᠢ ᠲᠠᠢ ᠬᠠᠮᠲᠤᠷᠠᠯᠴᠠᠭ᠎ᠠ ᠪᠠᠨ ᠴᠢᠩᠭᠠᠳᠬᠠᠵᠤ ᠂ ᠬᠠᠮᠳᠤᠪᠡᠷ ᠵᠦᠷᠢᠴᠡᠯ ᠢ ᠡᠶᠡᠳᠡᠬᠦᠯᠬᠦ ᠬᠦᠴᠦᠨ ᠢᠶᠡᠨ ᠳᠡᠭᠡᠭᠰᠢᠯᠡᠬᠦᠯᠵᠦ ᠂ ᠲᠦᠪ ᠴᠢᠭᠡᠴᠢ ᠬᠡᠪ ᠰᠤᠷᠳᠠᠯ ᠪᠦᠬᠦᠢ ᠨᠡᠢᠬᠡᠮ ᠦᠨ ᠤᠷᠴᠢᠨ ᠳᠤᠭᠤᠷᠢᠨ ᠢ ᠴᠢᠷᠮᠠᠢᠨ ᠪᠠᠢᠭᠤᠯᠤᠨ᠎ᠠ ᠃ ᠬᠤᠷᠢᠶᠠᠨ ᠤ ᠨᠠᠮ ᠤᠨ ᠤᠳᠤᠷᠢᠳᠬᠤ ᠳᠤᠭᠤᠢᠯᠠᠩ ᠢᠳᠡᠪᠬᠢᠲᠠᠢ ᠪᠠᠷ ᠦᠨᠳᠦᠰᠦᠨ ᠱᠠᠳᠤᠨ ᠤ ᠰᠢᠬᠦᠬᠦ ᠲᠢᠩᠬᠢᠮ ᠦᠨ ᠠᠵᠢᠯ ᠳᠤ ᠨᠦᠬᠦᠴᠡᠯ ᠪᠦᠷᠢᠯᠳᠦᠬᠦᠯᠵᠦ ᠂ ᠬᠦᠮᠦᠨ ᠡᠬᠢ ᠪᠠᠶᠠᠯᠢᠭ ᠤᠨ ᠳᠤᠬᠢᠷᠠᠭᠤᠯᠤᠯᠲᠠ ᠂ ᠠᠵᠢᠯᠯᠠᠬᠤ ᠲᠦᠬᠦᠬᠡᠷᠦᠮᠵᠢ ᠶᠢᠨ ᠤᠷᠤᠭᠤᠯᠤᠯᠲᠠ ᠵᠡᠷᠬᠡ ᠳᠠᠯ᠎ᠠ ᠪᠠᠷ ᠦᠨᠳᠦᠰᠦᠨ ᠱᠠᠳᠤᠨ ᠤ ᠰᠢᠬᠦᠬᠦ ᠲᠢᠩᠬᠢᠮ ᠦᠨ ᠠᠵᠢᠯ ᠤᠨ ᠱᠠᠭᠠᠷᠳᠠᠯᠭ᠎ᠠ ᠶᠢ ᠳᠠᠰᠤᠷᠠᠯ ᠦᠭᠡᠢ ᠬᠠᠩᠭᠠᠬᠤ ᠬᠡᠷᠡᠭᠲᠡᠢ ᠃
ᠯᠢ ᠾᠦᠩ ᠶᠠᠨ ᠬᠤᠷᠢᠶᠠᠨ ᠳᠠᠷᠤᠭ᠎ᠠ ᠳᠠᠯᠠᠳ ᠬᠤᠰᠢᠭᠤᠨ ᠤ ᠰᠢᠬᠦᠬᠦ ᠬᠤᠷᠢᠶᠠᠨ ᠤ ᠶᠡᠷᠦᠩᠬᠡᠢ ᠠᠵᠢᠯ ᠂ ᠤᠨᠴᠠᠭᠠᠢᠯᠠᠨ《ᠬᠦᠢᠴᠡᠳᠬᠡᠬᠦ ᠵᠢᠯ》ᠠᠵᠢᠯ ᠶᠠᠪᠤᠭᠳᠤᠭᠤᠯᠤᠭᠰᠠᠨ ᠠᠴᠠ ᠨᠠᠰᠢ ᠶᠠᠪᠤᠭᠳᠠᠭᠤᠯᠤᠭᠰᠠᠨ ᠠᠷᠭ᠎ᠠ ᠬᠡᠮᠵᠢᠶ᠎ᠠ ᠵᠢᠴᠢ ᠤᠯᠤᠭᠰᠠᠨ ᠠᠮᠵᠢᠯᠲᠠ ᠳᠤ ᠰᠡᠳᠬᠢᠯ ᠬᠠᠨᠤᠮᠵᠢᠲᠠᠢ ᠪᠠᠢᠨ᠎ᠠ ᠃ ᠲᠡᠷᠡ ᠪᠠᠰᠠ ᠳᠠᠯᠠᠳ ᠬᠤᠰᠢᠭᠤᠨ ᠤ ᠰᠢᠬᠦᠬᠦ ᠬᠤᠷᠢᠶ᠎ᠠ ᠡᠷᠭᠡᠪᠰᠢ ᠬᠠᠯᠠᠰᠢᠷᠠᠯ ᠦᠭᠡᠢ ᠡᠩᠨᠡᠭᠡᠨ ᠦ ᠪᠦᠲᠦᠭᠡᠨ ᠪᠠᠢᠭᠤᠯᠤᠯᠲᠠ ᠵᠢᠴᠢ ᠰᠠᠬᠢᠯᠭ᠎ᠠ ᠪᠠᠳᠤ ᠬᠡᠪ ᠰᠤᠷᠳᠠᠯ ᠤᠨ ᠰᠤᠷᠭᠠᠨ ᠬᠦᠮᠦᠵᠢᠯ ᠦᠨ ᠴᠡᠭᠴᠡᠯᠲᠡ ᠶᠢ ᠰᠠᠢᠳᠤᠷ ᠠᠳᠬᠤᠬᠤ ᠶᠢ ᠱᠠᠭᠠᠷᠳᠠᠵᠤ ᠂ ᠦᠷᠭᠡᠨ ᠤᠯᠠᠨ ᠺᠠᠳᠠᠷ ᠴᠠᠭᠳᠠᠭ᠎ᠠ ᠨᠠᠮ ᠤᠨ ᠰᠠᠬᠢᠯᠭ᠎ᠠ ᠶᠢ ᠰᠠᠢᠳᠤᠷ ᠰᠠᠬᠢᠬᠤ ᠶᠢ ᠰᠤᠷᠭᠠᠨ ᠵᠢᠯᠤᠭᠤᠳᠤᠨ᠎ᠠ ᠃
ᠦᠨᠡᠯᠡᠬᠦ 0ᠦᠨᠡᠯᠡᠯᠲᠡ᠎ᠲᠠᠢ