ᠳᠤᠳᠤᠭᠠᠳᠤ ᠳᠤ ᠪᠠᠨ ᠭᠡᠪ ᠴᠢᠨᠠᠷ ᠲᠠᠢ ᠂ ᠭᠠᠳᠠᠨ᠎ᠠ ᠲᠦᠷᠢ ᠲᠦᠷᠬᠦ ᠪᠡᠨ ᠰᠠᠢᠵᠢᠷᠠᠭᠤᠯᠬᠤ
2016.11.17 ᠲᠣᠰ ᠥᠷᠲᠡᠭᠡᠨ᠎ᠦ ᠨᠠᠢᠷᠠᠭᠤᠯᠤᠭᠴᠢ

——ᠤᠷᠳᠤᠰ ᠬᠤᠳᠠ ᠶᠢᠨ ᠵᠠᠷᠭᠤ ᠶᠢᠨ ᠦᠢᠯᠡᠴᠢᠯᠡᠭᠡᠨ ᠦ ᠲᠦᠪ ᠡᠷᠬᠢᠯᠡᠭᠰᠡᠨ ᠨᠢᠬᠡᠳᠦᠬᠡᠷ ᠬᠤᠭᠤᠴᠠᠭᠠᠨ ᠤ ᠬᠠᠤᠯᠢ ᠴᠠᠭᠠᠵᠠ ᠶᠢᠨ ᠶᠤᠰᠤᠯᠠᠨᠯ ᠤᠨ ᠪᠤᠯᠪᠠᠰᠤᠷᠠᠯ

 

 

 

 

 

 

 

 

ᠦᠢᠯᠡᠴᠢᠯᠡᠭᠡᠨ ᠦ ᠴᠢᠨᠠᠷ ᠴᠢᠨᠰᠠᠭ᠎ᠠ ᠪᠠ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠬᠦᠯᠵᠦ ᠂ ᠰᠠᠢᠠ ᠰᠠᠢᠬᠠᠨ ᠬᠠᠤᠯᠢ ᠴᠠᠭᠠᠵᠠ ᠶᠢᠨ ᠲᠦᠷᠢ ᠲᠦᠷᠬᠦ ᠶᠢ ᠢᠯᠡᠷᠡᠬᠦᠯᠬᠦ ᠶᠢᠨ ᠲᠦᠯᠦᠭᠡ ᠂ 11 ᠰᠠᠷᠠᠢᠨ 8 ᠡᠳᠦᠷ ᠦᠨ ᠦᠳᠡ ᠶᠢᠨ ᠬᠤᠢᠨ᠎ᠠ ᠂ ᠤᠷᠳᠤᠰ ᠬᠤᠳᠠ ᠶᠢᠨ ᠵᠠᠷᠭᠤ ᠶᠢᠨ ᠦᠢᠯᠡᠴᠢᠯᠡᠭᠡᠨ ᠦ ᠲᠦᠪ ᠤᠷᠳᠤᠰ ᠤᠨ ᠪᠠᠢᠭᠠᠯᠢ ᠶᠢᠨ ᠰᠢᠨᠵᠢᠯᠡᠬᠦ ᠤᠬᠠᠭᠠᠨ ᠤ  ᠰᠤᠷᠭᠠᠭᠤᠯᠢ ᠶᠢᠨ ᠳᠡᠳ᠋ ᠫᠷᠤᠹᠸᠰᠰᠤᠷ ᠷᠸᠨ ᠹᠸᠢ ᠶᠦᠨ ᠢ ᠤᠷᠢᠵᠤ ᠦᠢᠯᠡᠴᠢᠯᠡᠭᠡᠨ ᠦ ᠲᠦᠪ ᠦᠨ ᠪᠦᠬᠦ ᠺᠠᠳᠠᠷ ᠴᠠᠭᠳᠠᠭ᠎ᠠ ᠵᠢᠴᠢ ᠠᠮᠤᠷ ᠢ ᠬᠠᠮᠠᠭᠠᠯᠠᠬᠤ ᠠᠵᠢᠯᠲᠠᠨ  ᠳᠤ ᠬᠠᠤᠯᠢ ᠴᠠᠭᠠᠵᠠ  ᠶᠢᠨ ᠶᠤᠰᠤᠯᠠᠯ ᠤᠨ ᠮᠡᠳᠡᠯᠭᠡ ᠶᠢᠨ ᠪᠤᠯᠪᠠᠰᠤᠷᠠᠯ ᠬᠢᠪᠡ ᠃

ᠵᠠᠷᠭᠤ ᠶᠢᠨ ᠦᠢᠯᠡᠴᠢᠯᠭᠡᠨ ᠦ ᠲᠦᠪ ᠪᠤᠯ ᠰᠢᠬᠦᠬᠦ ᠬᠤᠷᠢᠶᠠᠨ ᠴᠤᠩᠬᠤ ᠪᠠᠢᠵᠤ ᠂ ᠠᠷᠠᠳ ᠲᠦᠮᠡᠨ ᠦ ᠵᠠᠷᠭᠤ ᠬᠢᠬᠦ ᠨᠢᠭᠡᠳᠦᠬᠡᠷ ᠠᠯᠬᠤᠮ ᠮᠦᠨ ᠂ ᠪᠤᠯᠪᠠᠰᠤᠷᠠᠯ ᠳᠤᠮᠳᠠ ᠂ ᠷᠸᠨ ᠶᠦᠨ ᠹᠸᠢ ᠫᠷᠤᠹᠸᠰᠰᠤᠷ ᠦᠢᠯᠡᠴᠢᠯᠡᠭᠡᠨ ᠦ ᠲᠦᠪ ᠦᠨ ᠠᠵᠢᠯ ᠤᠨ ᠤᠨᠴᠠᠯᠢᠭ ᠲᠠᠢ ᠤᠶᠠᠯᠳᠤᠭᠤᠯᠤᠨ ᠂ ᠠᠷᠠᠳ ᠲᠤ ᠳᠤᠳᠤᠨᠤᠰᠠᠭ ᠴᠢᠳᠠᠪᠤᠷᠢ  ᠶᠢ ᠳᠡᠭᠡᠭᠰᠢᠯᠡᠬᠦᠯᠬᠦ ᠂ ᠬᠠᠷᠢᠯᠴᠠᠬᠤ ᠴᠢᠳᠠᠪᠤᠷᠢ ᠂ ᠦᠢᠯᠡᠴᠢᠯᠡᠭᠡᠨ ᠦ ᠦᠵᠡᠯ ᠤᠬᠠᠮᠰᠠᠷ ᠢ ᠴᠢᠩᠭᠠᠳᠬᠠᠬᠤ ᠂ ᠠᠷᠠᠳ ᠲᠦᠮᠡᠨ ᠳᠦ ᠲᠦᠷᠢᠮᠵᠢᠭᠰᠡᠨ ᠦᠨᠳᠦᠷ ᠪᠦᠲᠦᠮᠵᠢᠲᠠᠢ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠬᠤ ᠵᠡᠷᠬᠡ ᠳᠠᠯ᠎ᠠ ᠪᠠᠷ ᠭᠠᠷ ᠤᠷᠤᠵᠤ ᠂ ᠺᠠᠳᠠᠷ ᠴᠠᠭᠳᠠᠭᠠᠨ ᠤ ᠬᠡᠷᠡᠭ ᠦᠨ ᠵᠢᠱᠢᠶ᠎ᠠ ᠤᠩᠰᠢᠬᠤ ᠂ ᠤᠢᠯᠭᠠᠯᠲᠠ ᠪᠠᠨ ᠬᠤᠪᠢᠶᠠᠯᠴᠠᠬᠤ ᠂ ᠵᠢᠷᠤᠭᠲᠤ ᠲᠦᠷᠰᠦ ᠦᠵᠡᠬᠦ ᠂ ᠳᠤᠬᠠᠢ  ᠶᠢᠨ ᠳᠠᠯᠠᠪᠤᠷ ᠤᠨ ᠪᠤᠯᠪᠠᠰᠤᠷᠠᠯ ᠵᠡᠷᠬᠡ ᠠᠯᠬᠤᠮ ᠳᠠᠷᠠᠭ᠎ᠠ ᠪᠠᠷ ᠳᠠᠮᠵᠢᠵᠤ ᠂ ᠪᠤᠯᠪᠠᠰᠤᠨ  ᠢᠶᠠᠷ ᠬᠦᠯᠢᠶᠠᠨ ᠠᠪᠬᠤ ᠂ ᠵᠠᠷᠭᠤ ᠬᠢᠬᠦ ᠶᠢ ᠬᠦᠳᠡᠯᠦᠨ ᠳᠠᠭᠠᠭᠤᠯᠬᠤ ᠂ ᠡᠮᠦᠰᠴᠦ ᠵᠡᠬᠦᠬᠦ ᠶᠢ ᠲᠦᠷᠢᠮᠵᠢᠬᠦᠯᠬᠦ᠂ ᠦᠬᠡ ᠶᠠᠷᠢᠶ᠎ᠠ ᠡᠶᠡᠯᠳᠡᠭ ᠳᠤᠳᠤᠨᠤ ᠵᠡᠷᠬᠡ ᠬᠠᠤᠯᠢ ᠴᠠᠭᠠᠵᠠ ᠶᠢᠨ ᠶᠤᠰᠤᠯᠠᠯ ᠤᠨ ᠮᠡᠳᠡᠯᠬᠡ ᠶᠢ ᠰᠢᠰᠲ᠋ᠧᠮ ᠲᠠᠢ ᠵᠢᠭᠠᠭᠰᠠᠨ ᠪᠠᠢᠨ᠎ᠠ᠃ ᠦᠢᠯᠡᠴᠢᠯᠡᠭᠡᠨ ᠦ ᠲᠦᠪ ᠦᠨ ᠠᠵᠢᠯᠲᠠᠨ ᠢᠯᠡᠷᠭᠡᠢᠯᠡᠭᠰᠡᠨ ᠨᠢ ᠂ ᠳᠤᠰ ᠤᠳᠠᠭᠠᠨ ᠤ ᠪᠤᠯᠪᠠᠰᠤᠷᠠᠯ ᠢᠶᠠᠷ ᠳᠠᠮᠵᠢᠵᠤ ᠂ ᠠᠮᠢᠳᠤᠷᠠᠯ ᠂ ᠨᠡᠢᠭᠡᠮ ᠬᠠᠷᠢᠯᠴᠠᠭ᠎ᠠ ᠂ ᠠᠵᠢᠯ ᠤᠨ ᠳᠤᠮᠳᠠᠬᠢ ᠶᠤᠰᠤᠯᠠᠯ ᠤᠨ ᠮᠡᠳᠡᠯᠭᠡ ᠳᠦ ᠰᠢᠨ᠎ᠠ ᠲᠠᠨᠢᠯᠲᠠ ᠲᠠᠢ ᠪᠤᠯᠵᠤ ᠂ ᠬᠤᠵᠢᠮ ᠤᠨ ᠠᠵᠢᠯ ᠤᠨ ᠳᠤᠮᠳᠠ ᠦᠢᠯᠡᠳᠦᠯᠭᠡᠵᠢᠭᠦᠯᠬᠦ ᠪᠡᠨ ᠴᠢᠩᠭᠠᠳᠬᠠᠵᠤ ᠂ ᠪᠤᠯᠪᠠᠰᠤᠨ ᠮᠤᠷᠠᠯ ᠲᠠᠢ ᠂ ᠭᠠᠳᠠᠨ᠎ᠠ ᠳᠤᠳᠤᠨ᠎ᠠ ᠪᠠᠨ ᠪᠦᠷ ᠰᠢᠯᠢᠳᠡᠭ ᠂ ᠠᠷᠠᠳ ᠲᠦᠮᠡᠨ  ᠳᠦ ᠦᠨᠳᠦᠷ ᠪᠦᠲᠦᠮᠵᠢᠲᠠᠢ ᠲᠦᠬᠦᠮ ᠂ ᠬᠠᠯᠠᠭᠤᠨ ᠳᠤᠳᠤᠨᠤ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠨ᠎ᠠ ᠃

ᠳᠤᠰ ᠤᠳᠠᠭᠠᠨ ᠤ ᠬᠠᠤᠯᠢ ᠴᠠᠭᠠᠵᠠ ᠶᠢᠨ ᠶᠤᠰᠤᠯᠠᠯ ᠤᠨ ᠪᠤᠯᠪᠠᠰᠤᠷᠠᠯ ᠨᠢ ᠵᠠᠷᠭᠤ ᠶᠢᠨ ᠦᠢᠯᠡᠴᠢᠯᠡᠭᠡᠨ ᠦ ᠲᠦᠪ ᠦᠨ ᠺᠠᠳᠠᠷ ᠴᠠᠭᠳᠠᠭ᠎ᠠ  ᠶᠢᠨ ᠠᠷᠠᠳ ᠦᠢᠯᠡᠴᠢᠯᠡᠬᠦ ᠠᠵᠢᠯ ᠤᠨ ᠴᠢᠳᠠᠪᠤᠷᠢ ᠶᠢ ᠤᠯᠠᠮ ᠨᠢᠬᠡ ᠠᠯᠬᠤᠮ ᠳᠡᠭᠡᠭᠰᠢᠯᠡᠬᠦᠯᠵᠦ ᠂ ᠺᠠᠳᠠᠷ ᠴᠠᠭᠳᠠᠭᠠᠨ ᠤ ᠦᠭᠡ ᠶᠠᠷᠢᠶ᠎ᠠ ᠦᠢᠯᠡ ᠠᠵᠢᠯᠯᠠᠭ᠎ᠠ  ᠶᠢ ᠲᠦᠷᠢᠮᠵᠢᠭᠤᠯᠬᠤ ᠂ ᠠᠵᠢᠯ ᠤᠨ ᠭᠡᠪ ᠰᠤᠷᠳᠠᠯ ᠢ ᠰᠠᠢᠵᠢᠷᠠᠭᠤᠯᠬᠤ ᠳᠤ ᠠᠰᠢᠭᠲᠠᠢ ᠂ ᠵᠠᠷᠭᠤ ᠬᠢᠬᠦ ᠤᠯᠠᠨ ᠲᠦᠮᠡᠨ ᠦ ᠢᠳᠡᠬᠡᠮᠵᠢ ᠶᠢᠨ ᠰᠠᠭᠤᠷᠢ ᠶᠢ ᠴᠢᠩᠭᠠᠳᠬᠠᠬᠤ ᠳᠤ ᠠᠰᠢᠭᠲᠠᠢ ᠪᠠᠢᠵᠤ ᠂ ᠰᠢᠨ᠎ᠠ ᠡᠶ᠎ᠠ ᠵᠤᠬᠢᠴᠠᠯ ᠤᠨ ᠲᠦᠪᠰᠢᠨ ᠳᠦ ᠬᠦᠷᠦᠨ᠎ᠠ ᠃ ᠡᠭᠦᠨ ᠡᠴᠡ ᠬᠤᠵᠢᠮ ᠂ ᠵᠠᠷᠭᠤ ᠶᠢᠨ ᠦᠢᠯᠡᠴᠢᠯᠡᠭᠡᠨ ᠦ ᠲᠦᠪ ᠰᠢᠰᠲ᠋ᠧᠮ ᠲᠠᠢ ᠬᠠᠤᠯᠢ ᠴᠠᠭᠠᠵᠠ ᠶᠢᠨ ᠶᠤᠰᠤᠯᠠᠯ ᠤᠨ ᠪᠤᠯᠪᠠᠰᠤᠷᠠᠯ ᠢ ᠤᠯᠠᠨ ᠡᠷᠬᠢᠯᠡᠵᠦ ᠂ ᠲᠦᠷᠢᠮᠵᠢᠲᠤ ᠂ ᠪᠠᠷᠢᠮᠵᠢᠶᠠᠲᠤ ᠦᠢᠯᠡᠴᠢᠯᠡᠭᠡᠨ ᠦ ᠡᠷᠴᠢᠮ ᠢ ᠴᠢᠩᠭᠠᠳᠬᠠᠵᠤ ᠂ 《ᠡᠬᠦᠳᠡ ᠤᠷᠤᠬᠤ ᠳᠤ ᠬᠦᠴᠢᠷ ᠂ ᠴᠢᠷᠠᠢ ᠮᠠᠭᠤ ᠂ ᠦᠬᠡ ᠰᠤᠨᠤᠰᠤᠪᠤᠷᠢ ᠦᠭᠡᠢ ᠂ ᠶᠠᠪᠤᠳᠠᠯ ᠰᠢᠢᠳᠪᠦᠷᠢᠯᠡᠬᠦ ᠳᠦ ᠬᠦᠴᠢᠷ》ᠦᠵᠡᠭᠳᠡᠯ ᠢ ᠦᠨᠳᠦᠰᠦᠨ ᠡᠴᠡ ᠨᠢ ᠬᠢᠵᠠᠭᠠᠷᠯᠠᠵᠤ ᠂ ᠳᠤᠬᠠᠢ ᠶᠢᠨ ᠬᠦᠮᠦᠨ ᠢ ᠪᠤᠯᠪᠠᠰᠤᠨ ᠢᠶᠠᠷ ᠳᠤᠰᠤᠨ ᠠᠪᠬᠤ ᠶᠢ ᠨᠠᠢᠳᠠᠪᠤᠷᠢᠵᠢᠭᠤᠯᠵᠤ ᠂ ᠵᠠᠷᠭᠤ ᠶᠢᠨ ᠦᠢᠯᠡᠴᠢᠯᠡᠭᠡᠨ ᠦ ᠨᠡᠷᠡᠲᠦ ᠳᠡᠮᠳᠡᠭ ᠦᠨ ᠲᠦᠷᠢ ᠲᠦᠷᠬᠦ ᠶᠢ ᠪᠤᠢ ᠪᠤᠯᠭᠠᠵᠤ ᠂ ᠬᠠᠤᠯᠢ ᠴᠠᠭᠠᠵᠠ ᠶᠢᠨ ᠢᠳᠡᠬᠡᠬᠦᠯᠬᠦ ᠬᠦᠴᠦᠨ ᠢ ᠪᠦᠲᠦᠮᠵᠢᠲᠠᠢ ᠳᠡᠭᠡᠭᠰᠢᠯᠡᠭᠦᠯᠦᠨ᠎ᠡ ᠃

 

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )