ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠨᠢᠭᠡᠳᠦᠭᠡᠷ ᠨᠠᠮ ᠤᠨ ᠡᠭᠦᠷ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠤᠷᠢᠭ
2016.11.17 ᠲᠣᠰ ᠥᠷᠲᠡᠭᠡᠨ ᠦ ᠨᠠᠢᠷᠠᠭᠤᠯᠤᠭᠴᠢ

ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠨᠢᠭᠡᠳᠦᠭᠡᠷ ᠨᠠᠮ ᠤᠨ ᠡᠭᠦᠷ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠲᠦᠪᠯᠡᠷᠡᠭᠦᠯᠦᠨ ᠰᠤᠷᠤᠯᠴᠠᠪᠠ

 

 

 

 

 

 

 

 

 

 

11 ᠰᠠᠷᠠᠢᠨ 7 ᠡᠳᠦᠷ ᠦᠨ ᠦᠳᠡ ᠶᠢᠨ ᠬᠤᠢᠨ᠎ᠠ ᠂ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠨᠢᠬᠡᠳᠦᠭᠡᠷ ᠨᠠᠮ ᠤᠨ ᠡᠭᠦᠷ ᠪᠦᠬᠦ ᠨᠠᠮ ᠤᠨ ᠬᠡᠰᠢᠬᠦᠨ ᠢ ᠵᠤᠬᠢᠶᠠᠨ ᠪᠠᠢᠭᠤᠯᠤᠨ ᠳᠤᠰ ᠵᠢᠯ ᠦᠨ 14 ᠤᠳᠠᠭᠠᠨ ᠤ ᠲᠦᠪᠯᠡᠷᠡᠬᠦᠯᠦᠨ ᠰᠤᠷᠤᠯᠴᠠᠯᠭ᠎ᠠ ᠶᠠᠪᠤᠭᠳᠠᠭᠤᠯᠪᠠ ᠃ 13 ᠨᠡᠷᠡᠰ ᠨᠠᠮ ᠤᠨ ᠬᠡᠰᠢᠬᠦᠨ ᠪᠦᠬᠦᠳᠡ ᠰᠤᠷᠤᠯᠴᠠᠯᠭ᠎ᠠ ᠳᠤ ᠤᠷᠤᠯᠴᠠᠪᠠ ᠃ ᠳᠤᠰ ᠤᠳᠠᠭᠠᠨ ᠤ ᠰᠤᠷᠤᠯᠴᠠᠯᠭ᠎ᠠ ᠶᠢᠨ ᠭᠤᠤᠯᠳᠠᠯᠭ᠎ᠠ ᠪᠤᠯ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠪᠤᠯᠤᠨ᠎ᠠ ᠃ ᠪᠦᠬᠦ ᠨᠠᠮ ᠤᠨ ᠡᠭᠦᠷ ᠦᠨ ᠨᠠᠮ ᠤᠨ ᠬᠡᠰᠢᠬᠦᠨ《ᠳᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠠᠯᠪᠠᠨ ᠮᠡᠳᠡᠬᠡ》 ᠶᠢᠨ ᠳᠤᠬᠠᠢ ᠰᠤᠷᠤᠯᠴᠠᠭᠰᠠᠨ ᠤ ᠳᠠᠷᠠᠭ᠎ᠠ ᠂ ᠨᠢᠬᠡᠳᠦᠭᠡᠷ ᠨᠠᠮ ᠤᠨ ᠡᠭᠦᠷ ᠦᠨ ᠱᠦᠵᠢ ᠯᠢ ᠶᠠᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠠᠯᠪᠠᠨ ᠮᠡᠳᠡᠭᠡᠨ ᠦ ᠭᠤᠤᠯᠳᠠᠯᠭ᠎ᠠ   ᠳᠤ ᠳᠠᠢᠯᠤᠮᠵᠢ ᠬᠢᠵᠦ ᠂ ᠪᠦᠬᠦ ᠨᠠᠮ ᠤᠨ ᠡᠬᠦᠷ ᠦᠨ ᠨᠠᠮ ᠤᠨ ᠬᠡᠰᠢᠬᠦᠨ ᠤᠯᠠᠮ ᠬᠦᠨᠵᠡᠭᠡᠢ ᠂ ᠨᠠᠷᠢᠯᠢᠭ ᠬᠤᠷᠠᠯ ᠤᠨ ᠠᠯᠪᠠᠨ ᠮᠡᠳᠡᠭᠡ ᠶᠢᠨ ᠵᠤᠷᠢᠭ ᠰᠠᠨᠠᠭ᠎ᠠ ᠶᠢ ᠣᠢᠯᠭᠠᠬᠤ ᠳᠤ ᠠᠰᠢᠭᠲᠠᠢ ᠪᠠᠢᠵᠤ ᠂ ᠨᠡᠩ ᠴᠦ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠰᠢᠬᠦᠨ ᠳᠠᠰᠤᠯᠤᠯᠲᠠ ᠶᠢᠨ ᠪᠤᠳᠠᠳᠠᠢ ᠠᠵᠢᠯ ᠲᠠᠢ ᠪᠦᠬᠦ ᠳᠠᠯ᠎ᠠ ᠪᠠᠷ ᠤᠶᠠᠯᠳᠤᠭᠤᠯᠵᠤ ᠳᠡᠢᠯᠦᠨ᠎ᠠ ᠃ ᠡᠭᠦᠨ ᠦ ᠳᠠᠷᠠᠭ᠎ᠠ ᠂ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠨᠠᠮ ᠤᠨ ᠡᠭᠦᠷ ᠦᠨ ᠬᠡᠰᠢᠬᠦᠨ ᠂ ᠳᠡᠳ᠋ ᠬᠤᠷᠢᠶᠠᠨ ᠳᠠᠷᠤᠭ᠎ᠠ ᠪᠦᠭᠡᠳ ᠤᠯᠤᠰ ᠲᠦᠷᠦ ᠶᠢᠨ ᠬᠡᠯᠳᠡᠰ ᠦᠨ ᠡᠷᠬᠢᠯᠡᠭᠴᠢ ᠂ ᠪᠠᠢᠭᠤᠯᠭ᠎ᠠ ᠶᠢᠨ ᠨᠠᠮ ᠤᠨ ᠬᠤᠷᠢᠶᠠᠨ ᠤ ᠱᠦᠵᠢ ᠯᠢ ᠵᠢᠩ ᠬᠦᠸᠸ ᠳᠤᠰ ᠤᠳᠠᠭᠠᠨ ᠤ ᠰᠤᠷᠤᠯᠴᠠᠯᠭ᠎ᠠ ᠵᠢᠴᠢ ᠬᠤᠵᠢᠮ ᠤᠨ ᠨᠠᠮ ᠤᠨ ᠡᠬᠦᠷ ᠦᠨ ᠠᠵᠢᠯ  ᠳᠤ ᠱᠠᠭᠠᠷᠳᠠᠯᠭ᠎ᠠ ᠳᠤᠷᠠᠳᠤᠪᠠ ᠃ ᠪᠦᠬᠦ ᠨᠠᠮ ᠤᠨ ᠡᠭᠦᠷ ᠦᠨ ᠨᠠᠮ ᠤᠨ ᠬᠡᠰᠢᠬᠦᠨ ᠠᠷᠢᠭᠤᠨ ᠴᠢᠭᠡᠴᠢ ᠦᠨᠡᠨᠴᠢ ᠰᠢᠳᠤᠷᠭᠤ ᠂ ᠥᠪᠡᠷ ᠢ ᠪᠡᠨ ᠰᠡᠷᠡᠮᠵᠢᠯᠡᠬᠦᠯᠬᠦ ᠦᠪᠡᠷ  ᠢ ᠪᠡᠨ ᠬᠢᠵᠠᠭᠠᠷᠯᠠᠬᠤ ᠶᠢ ᠱᠠᠭᠠᠷᠳᠠᠵᠤ ᠂ ᠰᠢᠬᠦᠬᠦ ᠬᠤᠷᠢᠶᠠᠨ ᠤ ᠺᠠᠳᠠᠲ ᠪᠤᠯᠤᠭᠰᠠᠨ ᠤ ᠬᠤᠪᠢ ᠳᠤ ᠨᠡᠩ ᠢᠯᠡᠭᠦᠦ ᠴᠢᠩᠭ᠎ᠠ ᠱᠠᠭᠠᠷᠳᠠᠬᠤ ᠪᠠ ᠨᠡᠩ ᠦᠨᠳᠦᠷ ᠪᠠᠷᠢᠮᠵᠢᠶ᠎ᠠ ᠪᠠᠷ ᠦᠪᠡᠷ ᠦᠨ ᠪᠡᠶ᠎ᠠ ᠪᠠᠨ ᠬᠢᠵᠠᠭᠠᠷᠯᠠᠵᠤ ᠂ ᠰᠢᠬᠦᠨ ᠳᠠᠰᠤᠯᠤᠯᠲᠠ ᠶᠢᠨ ᠠᠵᠢᠯ ᠳᠤ ᠦᠢᠯᠡᠴᠢᠯᠡᠬᠦ ᠪᠠ ᠬᠤᠪᠢ ᠨᠡᠮᠡᠷᠢ ᠦᠵᠡᠬᠦᠯᠬᠦ ᠬᠡᠷᠡᠭᠲᠡᠢ ᠃ ᠬᠠᠮᠤᠭ ᠰᠡᠭᠦᠯ ᠳᠦ ᠂ ᠨᠠᠮ ᠤᠨ ᠡᠭᠦᠷ ᠪᠤᠰᠤᠳ ᠨᠠᠮ ᠤᠨ ᠬᠡᠰᠢᠬᠦᠨ ᠳᠡᠰ ᠳᠠᠷᠠᠭᠠᠯᠠᠨ ᠶᠠᠷᠢᠶ᠎ᠠ ᠳᠠᠯᠪᠢᠭᠰᠠᠨ ᠮᠦᠷᠲᠡᠭᠡᠨ ᠬᠤᠷᠴᠠ ᠰᠢᠷᠦᠬᠦᠨ ᠶᠠᠷᠢᠯᠴᠠᠵᠤ ᠂ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠡᠳᠦᠷ ᠳᠤᠳᠤᠮ ᠤᠨ ᠠᠵᠢᠯ ᠳᠤᠮᠳᠠ ᠪᠤᠳᠠᠳᠠᠢ ᠪᠠᠷ ᠤᠶᠠᠯᠳᠤᠭᠤᠯᠪᠠ ᠃

 

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )