ᠤᠷᠳᠤᠰ ᠬᠤᠳᠠ ᠶᠢᠨ ᠪᠦᠬᠦ ᠬᠤᠳᠠ ᠶᠢᠨ ᠰᠢᠬᠦᠬᠦ ᠬᠤᠷᠢᠶ᠎ᠠ ᠤᠯᠠᠨ ᠨᠡᠢᠳᠡ ᠶᠢᠨ ᠬᠠᠳᠠᠭᠠᠯᠠᠮᠵᠢ  ᠶᠢ ᠬᠠᠤᠯᠢ ᠪᠤᠰᠤ ᠪᠠᠷ ᠦᠷᠦᠮᠴᠢᠯᠡᠨ ᠰᠢᠩᠭᠡᠭᠡᠭᠰᠡᠨ ᠬᠡᠷᠡᠭ ᠦᠨ ᠡᠷᠡᠭᠦᠦ ᠰᠢᠳᠬᠡᠯ ᠤᠨᠤᠭᠳᠠᠭᠤᠯᠬᠤ 
2016.11.21 ᠲᠣᠰ ᠥᠷᠲᠡᠭᠡᠨ᠎ᠦ ᠨᠠᠢᠷᠠᠭᠤᠯᠤᠭᠴᠢ

ᠤᠷᠳᠤᠰ ᠬᠤᠳᠠ ᠶᠢᠨ ᠪᠦᠬᠦ ᠬᠤᠳᠠ ᠶᠢᠨ ᠰᠢᠬᠦᠬᠦ ᠬᠤᠷᠢᠶ᠎ᠠ ᠤᠯᠠᠨ ᠨᠡᠢᠳᠡ ᠶᠢᠨ ᠬᠠᠳᠠᠭᠠᠯᠠᠮᠵᠢ  ᠶᠢ ᠬᠠᠤᠯᠢ ᠪᠤᠰᠤ ᠪᠠᠷ ᠦᠷᠦᠮᠴᠢᠯᠡᠨ ᠰᠢᠩᠭᠡᠭᠡᠭᠰᠡᠨ ᠬᠡᠷᠡᠭ ᠦᠨ ᠡᠷᠡᠭᠦᠦ ᠰᠢᠳᠬᠡᠯ ᠤᠨᠤᠭᠳᠠᠭᠤᠯᠬᠤ ᠶᠢ ᠲᠦᠷᠢᠮᠵᠢᠬᠦᠯᠬᠦ ᠶᠢ ᠰᠤᠳᠤᠯᠤᠨ ᠶᠠᠷᠢᠯᠴᠠᠬᠤ ᠬᠤᠷᠠᠯ ᠢ ᠮᠠᠨ ᠤ ᠬᠤᠷᠢᠶᠠᠨ  ᠳᠤ ᠤᠷᠤᠭᠰᠢᠲᠠᠢ ᠬᠤᠷᠠᠯᠳᠤᠭᠤᠯᠪᠠ

 

 

 

 

 

2016 ᠤᠨ ᠤ 11 ᠰᠠᠷᠠᠢᠨ 16 ᠡᠳᠦᠷ ᠂ ᠪᠦᠬᠦ ᠬᠤᠳᠠ ᠶᠢᠨ ᠤᠷᠳᠤᠰ ᠬᠤᠳᠠ ᠶᠢᠨ ᠪᠦᠬᠦ ᠬᠤᠳᠠ ᠶᠢᠨ ᠰᠢᠬᠦᠬᠦ ᠬᠤᠷᠢᠶ᠎ᠠ ᠶᠢᠨ ᠤᠯᠠᠨ ᠨᠡᠢᠳᠡ ᠶᠢᠨ ᠬᠠᠳᠠᠭᠠᠯᠠᠮᠵᠢ  ᠶᠢ ᠬᠠᠤᠯᠢ ᠪᠤᠰᠤ ᠪᠠᠷ ᠦᠷᠦᠮᠴᠢᠯᠡᠨ ᠰᠢᠩᠭᠡᠭᠡᠭᠰᠡᠨ ᠬᠡᠷᠡᠭ ᠦᠨ ᠡᠷᠡᠭᠦᠦ ᠰᠢᠳᠬᠡᠯ ᠤᠨᠤᠭᠳᠠᠭᠤᠯᠬᠤ ᠶᠢ ᠲᠦᠷᠢᠮᠵᠢᠬᠦᠯᠬᠦ ᠶᠢ ᠰᠤᠳᠤᠯᠤᠨ ᠶᠠᠷᠢᠯᠴᠠᠬᠤ ᠬᠤᠷᠠᠯ ᠢ ᠮᠠᠨ ᠤ ᠬᠤᠷᠢᠶᠠᠨ  ᠳᠤ ᠬᠤᠷᠠᠯᠳᠤᠭᠤᠯᠵᠤ ᠂ ᠳᠤᠰ ᠤᠳᠠᠭᠠᠨ ᠤ ᠬᠤᠷᠠᠯᠳᠤᠭᠠᠨ ᠢ ᠤᠷᠳᠤᠰ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠡᠷᠡᠭᠦᠦ ᠶᠢᠨ ᠬᠤᠶᠠᠳᠤᠭᠠᠷ ᠲᠢᠩᠬᠢᠮ ᠦᠨ ᠳᠠᠷᠤᠭ᠎ᠠ ᠴᠠᠩ ᠰᠦᠩ ᠶᠦᠨ ᠡᠷᠬᠢᠯᠡᠵᠦ ᠂ ᠡᠷᠡᠭᠦᠦ ᠶᠢᠨ ᠬᠤᠶᠠᠳᠤᠭᠠᠷ ᠲᠢᠩᠬᠢᠮ ᠦᠨ ᠪᠦᠬᠦ ᠬᠡᠰᠢᠬᠦᠨ ᠤᠷᠤᠯᠴᠠᠵᠤ ᠂ ᠪᠦᠬᠦ ᠬᠤᠳᠠ ᠶᠢᠨ ᠡᠯ᠎ᠠ ᠦᠨᠳᠦᠰᠦᠨ ᠱᠠᠳᠤᠨ ᠤ ᠰᠢᠬᠦᠬᠦ ᠬᠤᠷᠢᠶᠠᠨ ᠤ ᠤᠯᠠᠨ ᠨᠡᠢᠳᠡ ᠶᠢᠨ ᠬᠠᠳᠠᠭᠠᠯᠠᠮᠵᠢ  ᠶᠢ ᠬᠠᠤᠯᠢ ᠪᠤᠰᠤ ᠪᠠᠷ ᠦᠷᠦᠮᠴᠢᠯᠡᠨ ᠰᠢᠩᠭᠡᠭᠡᠭᠰᠡᠨ ᠡᠷᠡᠭᠦᠦ ᠶᠢᠨ ᠬᠡᠷᠡᠭ ᠢ ᠰᠢᠬᠦᠬᠦ ᠶᠢ ᠬᠠᠷᠢᠭᠤᠴᠠᠵᠤ ᠪᠠᠢᠬᠤ ᠡᠷᠡᠭᠦᠦ ᠶᠢᠨ ᠲᠢᠩᠬᠢᠮ ᠦᠨ ᠳᠠᠷᠤᠭ᠎ᠠ ᠵᠢᠴᠢ ᠡᠷᠡᠭᠦᠦ ᠶᠢᠨ ᠬᠡᠷᠡᠭ ᠦᠨ ᠰᠢᠬᠦᠨ ᠳᠠᠰᠤᠯᠠᠬᠤ ᠳᠤᠬᠠᠢᠯᠠᠭᠰᠠᠨ ᠠᠵᠢᠯ ᠤᠨ ᠭᠤᠤᠯᠠᠯᠭᠴᠢ ᠶᠢ ᠤᠷᠢᠨ ᠬᠤᠷᠠᠯ ᠤᠷᠤᠯᠴᠠᠭᠤᠯᠪᠠ ᠃

ᠬᠤᠷᠠᠯᠳᠤᠭᠠᠨ ᠤ ᠭᠤᠤᠯ ᠵᠤᠷᠢᠯᠳᠠ ᠪᠤᠯ ᠪᠦᠬᠦ ᠬᠤᠳᠠ ᠶᠢᠨ ᠪᠦᠬᠦ ᠬᠤᠳᠠ ᠶᠢᠨ ᠰᠢᠬᠦᠬᠦ ᠬᠤᠷᠢᠶ᠎ᠠ  ᠤᠯᠠᠨ ᠨᠡᠢᠳᠡ ᠶᠢᠨ ᠬᠠᠳᠠᠭᠠᠯᠠᠮᠵᠢ  ᠶᠢ ᠬᠠᠤᠯᠢ ᠪᠤᠰᠤ ᠪᠠᠷ ᠦᠷᠦᠮᠴᠢᠯᠡᠨ ᠰᠢᠩᠭᠡᠭᠡᠭᠰᠡᠨ ᠬᠡᠷᠡᠭ ᠦᠨ ᠡᠷᠡᠭᠦᠦ ᠰᠢᠳᠬᠡᠯ ᠤᠨᠤᠭᠳᠠᠭᠤᠯᠬᠤ ᠳᠡᠩᠴᠡᠭᠦᠷᠢ ᠦᠭᠡᠢ ᠪᠠᠢᠬᠤ ᠠᠰᠠᠭᠤᠳᠠᠯ  ᠢ ᠰᠢᠢᠳᠪᠦᠷᠢᠯᠡᠬᠦ᠂《ᠤᠷᠳᠤᠰ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶ᠎ᠠ ᠤᠯᠠᠨ ᠨᠡᠢᠳᠡ ᠶᠢᠨ ᠬᠠᠳᠠᠭᠠᠯᠠᠮᠵᠢ  ᠶᠢ ᠬᠠᠤᠯᠢ ᠪᠤᠰᠤ ᠪᠠᠷ ᠦᠷᠦᠮᠴᠢᠯᠡᠨ ᠰᠢᠩᠭᠡᠭᠡᠭᠰᠡᠨ ᠬᠡᠷᠡᠭ ᠦᠨ ᠡᠷᠡᠭᠦᠦ ᠰᠢᠳᠬᠡᠯ ᠤᠨᠤᠭᠳᠠᠭᠤᠯᠬᠤ ᠲᠦᠷᠢᠮᠵᠢᠯ ᠦᠨ ᠰᠠᠨᠠᠭᠤᠯᠭ᠎ᠠ(ᠰᠠᠨᠠᠯ ᠬᠤᠷᠢᠶᠠᠬᠤ ᠡᠬᠡ ᠪᠢᠴᠢᠭ᠌)》 ᠢ ᠲᠤᠭᠤᠷᠢᠭᠤᠯᠤᠨ ᠶᠠᠷᠢᠯᠴᠠᠪᠠ ᠃ ᠡᠯ᠎ᠠ ᠦᠨᠳᠦᠰᠦᠨ ᠱᠠᠳᠤᠨ ᠤ ᠰᠢᠬᠦᠬᠦ ᠬᠤᠷᠢᠶ᠎ᠠ ᠶᠢᠨ ᠤᠯᠠᠨ ᠨᠡᠢᠳᠡ ᠶᠢᠨ ᠬᠠᠳᠠᠭᠠᠯᠠᠮᠵᠢ  ᠶᠢ ᠬᠠᠤᠯᠢ ᠪᠤᠰᠤ ᠪᠠᠷ ᠦᠷᠦᠮᠴᠢᠯᠡᠨ ᠰᠢᠩᠭᠡᠭᠡᠭᠰᠡᠨ ᠡᠷᠡᠭᠦᠦ ᠶᠢᠨ ᠬᠡᠷᠡᠭ ᠢ ᠬᠠᠷᠢᠭᠤᠴᠠᠨ ᠰᠢᠬᠦᠬᠦ ᠡᠷᠡᠭᠦᠦ ᠶᠢᠨ ᠲᠢᠩᠬᠢᠮ ᠦᠨ ᠳᠠᠷᠤᠭ᠎ᠠ ᠵᠢᠴᠢ ᠳᠤᠬᠠᠢᠯᠠᠭᠰᠠᠨ ᠠᠵᠢᠯ ᠤᠨ ᠭᠤᠤᠯᠯᠠᠭᠴᠢ ᠢᠳᠡᠪᠬᠢᠲᠠᠢ ᠶᠠᠷᠢᠶ᠎ᠠ ᠳᠠᠯᠪᠢᠵᠤ ᠂ ᠤᠯᠠᠨ ᠨᠡᠢᠳᠡ ᠶᠢᠨ ᠬᠠᠳᠠᠭᠠᠯᠠᠮᠵᠢ ᠶᠢ ᠬᠠᠤᠯᠢ ᠪᠤᠰᠤ ᠪᠠᠷ ᠦᠷᠦᠮᠴᠢᠯᠡᠨ ᠰᠢᠩᠭᠡᠭᠡᠭᠰᠡᠨ ᠡᠷᠡᠭᠦᠦ ᠶᠢᠨ ᠬᠡᠷᠡᠭ ᠢ ᠰᠢᠬᠦᠬᠦ ᠶᠠᠪᠤᠴᠠ ᠳᠤ ᠤᠷᠤᠰᠢᠵᠤ ᠪᠠᠢᠬᠤ ᠠᠰᠠᠭᠤᠳᠠᠯ ᠤᠨᠴᠠᠭᠠᠢᠯᠠᠨ ᠡᠷᠡᠬᠦᠦ ᠰᠢᠳᠬᠡᠯ ᠣᠨᠤᠭᠳᠠᠭᠤᠯᠬᠤ ᠳᠠᠯ᠎ᠠ ᠶᠢᠨ ᠠᠰᠠᠭᠤᠳᠠᠯ  ᠳᠤ ᠢᠳᠡᠪᠬᠢᠲᠠᠢ ᠰᠠᠨᠠᠭᠤᠯᠭ᠎ᠠ ᠳᠤᠷᠠᠳᠤᠭᠰᠠᠨ ᠮᠦᠷᠲᠡᠭᠡᠨ ᠰᠢᠢᠳᠪᠦᠷᠢᠯᠡᠬᠦ ᠠᠷᠭ᠎ᠠ ᠬᠡᠮᠵᠢᠶ᠎ᠠ ᠪᠤᠯᠤᠨ ᠬᠠᠷᠢᠭᠤᠴᠠᠬᠤ ᠠᠷᠭ᠎ᠠ ᠶᠢᠨ ᠳᠤᠬᠠᠢ ᠳᠤᠰ ᠳᠤᠰ ᠤᠨ ᠰᠠᠨᠠᠯ ᠢᠶᠠᠨ ᠳᠤᠷᠠᠳᠤᠪᠠ ᠃

ᠡᠷᠡᠬᠦᠦ ᠶᠢᠨ ᠬᠤᠶᠠᠳᠤᠭᠠᠷ ᠲᠢᠩᠬᠢᠮ ᠤᠢᠷ᠎ᠠ ᠳᠤ ᠰᠢᠬᠦᠨ ᠳᠠᠰᠤᠯᠠᠬᠤ ᠵᠦᠪᠯᠡᠯ ᠳᠦ《ᠤᠷᠳᠤᠰ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠤᠯᠠᠨ ᠨᠡᠢᠲᠡ ᠶᠢᠨ ᠬᠠᠳᠠᠭᠠᠯᠠᠮᠵᠢ ᠶᠢ ᠬᠠᠤᠯᠢ ᠪᠤᠰᠤ ᠪᠠᠷ ᠦᠷᠦᠮᠴᠢᠯᠡᠨ ᠰᠢᠩᠭᠡᠭᠡᠭᠰᠡᠨ ᠡᠷᠡᠭᠦᠦ ᠶᠢᠨ ᠬᠡᠷᠡᠭ ᠦᠨ ᠡᠷᠡᠭᠦᠦ ᠰᠢᠳᠬᠡᠯ ᠤᠨᠤᠭᠳᠠᠭᠤᠯᠬᠤ ᠲᠦᠷᠢᠮᠵᠢᠯ ᠦᠨ ᠳᠤᠬᠠᠢ ᠰᠠᠨᠠᠭᠤᠯᠭ᠎ᠠ》 ᠶᠢ ᠳᠤᠰᠢᠶᠠᠵᠤ ᠂ ᠰᠢᠬᠦᠨ ᠳᠠᠰᠤᠯᠠᠬᠤ ᠵᠦᠪᠯᠡᠯ ᠰᠤᠳᠤᠯᠵᠤ ᠪᠠᠲᠤᠯᠠᠭᠰᠠᠨ ᠤ ᠳᠠᠷᠠᠭ᠎ᠠ ᠂ ᠪᠦᠬᠦ ᠬᠤᠳᠠ ᠶᠢᠨ ᠰᠢᠬᠦᠬᠦ ᠬᠤᠷᠢᠶᠠᠨ ᠳᠤ ᠬᠡᠪᠯᠡᠨ ᠳᠠᠷᠬᠠᠭᠠᠵᠤ ᠂ ᠪᠦᠬᠦ ᠬᠤᠳᠠ ᠶᠢᠨ ᠰᠢᠬᠦᠬᠦ ᠬᠤᠷᠢᠶ᠎ᠠ ᠤᠯᠠᠨ ᠨᠡᠢᠲᠡ ᠶᠢᠨ ᠬᠠᠳᠠᠭᠠᠯᠠᠮᠵᠢ ᠶᠢ ᠬᠠᠤᠯᠢ ᠪᠤᠰᠤ ᠪᠠᠷ ᠦᠷᠦᠮᠴᠢᠯᠡᠨ ᠰᠢᠩᠭᠡᠭᠡᠭᠰᠡᠨ ᠡᠷᠡᠭᠦᠦ ᠶᠢᠨ ᠬᠡᠷᠡᠭ ᠢ ᠰᠢᠳᠬᠡᠯ ᠤᠨᠤᠭᠳᠠᠭᠤᠯᠬᠤ ᠳᠡᠩᠴᠡᠭᠦᠷᠢ ᠲᠠᠢ ᠪᠣᠯᠭᠠᠬᠤ ᠬᠠᠷᠠᠯᠲᠠ ᠳᠤ ᠬᠦᠷᠬᠦ ᠶᠢ ᠪᠠᠳᠤᠯᠠᠨ᠎ᠠ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )