ᠤᠷᠳᠤᠰ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶ᠎ᠠ ᠳᠡᠮᠳᠡᠭᠯᠡᠭᠴᠢ ᠶᠢᠨ ᠳᠤᠬᠠᠢᠯᠠᠭᠰᠠᠨ ᠠᠵᠢᠯ ᠤᠨ ᠮᠡᠷᠭᠡᠵᠢᠯ ᠦᠨ ᠰᠢᠯᠭᠠᠯᠲᠠ ᠶᠠᠪᠤᠭᠳᠠᠭᠤᠯᠪᠠ
2016.11.22 ᠲᠣᠰ ᠥᠷᠲᠡᠭᠡᠨ᠎ᠦ ᠨᠠᠢᠷᠠᠭᠤᠯᠤᠭᠴᠢ

 

 

 

 

 

 

 

 

 

 

 

 

 

11 ᠰᠠᠷᠠᠢᠨ 21 ᠡᠳᠦᠷ ᠦᠨ ᠦᠳᠡ ᠡᠮᠦᠨ᠎ᠠ ᠂ ᠤᠷᠳᠤᠰ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶ᠎ᠠ ᠳᠡᠮᠳᠡᠭᠯᠡᠭᠴᠢ ᠶᠢᠨ ᠳᠤᠬᠠᠢᠯᠠᠭᠰᠠᠨ ᠠᠵᠢᠯ ᠤᠨ ᠰᠢᠯᠭᠠᠯᠲᠠ ᠶᠠᠪᠤᠭᠳᠠᠭᠤᠯᠵᠤ ᠂ ᠪᠦᠬᠦ ᠬᠤᠷᠢᠶᠠᠨ ᠤ 86 ᠨᠡᠷᠡᠰ ᠳᠡᠮᠳᠡᠭᠯᠡᠭᠴᠢ ᠳᠤᠰ ᠤᠳᠠᠭᠠᠨ ᠤ ᠰᠢᠯᠭᠠᠯᠲᠠ ᠳᠤ ᠤᠷᠤᠯᠴᠠᠪᠠ ᠃

ᠳᠤᠰ ᠤᠳᠠᠭᠠᠨ ᠤ ᠳᠡᠮᠳᠡᠭᠯᠡᠭᠴᠢ ᠶᠢᠨ ᠳᠤᠬᠠᠢᠯᠠᠭᠰᠠᠨ ᠠᠵᠢᠯ ᠤᠨ ᠰᠢᠯᠭᠠᠯᠲᠠ ᠪᠤᠯ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶ᠎ᠠ《ᠬᠤᠶᠠᠷ ᠢ ᠰᠤᠷᠤᠯᠴᠠᠨ ᠨᠢᠬᠡ ᠶᠢ ᠬᠢᠬᠦ》ᠰᠤᠷᠤᠯᠴᠠᠯᠭ᠎ᠠ ᠰᠤᠷᠭᠠᠨ ᠬᠦᠮᠦᠵᠢᠯ ᠪᠠ《ᠬᠢᠷᠢ ᠳᠡᠩᠴᠡᠭᠰᠡᠨ ᠰᠢᠬᠦᠭᠴᠢ ᠪᠤᠯᠬᠤ》ᠰᠤᠷᠤᠯᠴᠠᠯᠭ᠎ᠠ ᠶᠠᠷᠢᠯᠴᠠᠭ᠎ᠠ ᠬᠦᠳᠡᠯᠭᠡᠭᠡᠨ ᠢ ᠲᠦᠯᠬᠢᠨ ᠠᠬᠢᠭᠤᠯᠬᠤ ᠬᠦᠳᠡᠯᠭᠡᠭᠡᠨ ᠦ ᠨᠢᠬᠡ ᠪᠠᠢᠵᠤ ᠂ ᠳᠤᠰ ᠤᠳᠠᠭᠠᠨ ᠤ ᠰᠢᠯᠭᠠᠯᠲᠠ ᠶᠢ ᠶᠠᠪᠤᠭᠳᠠᠭᠤᠯᠤᠭᠰᠠᠨ ᠵᠤᠷᠢᠯᠲᠠ ᠪᠤᠯ ᠳᠡᠮᠳᠡᠭᠯᠡᠭᠴᠢ ᠶᠢᠨ ᠳᠤᠬᠠᠢᠯᠠᠭᠰᠠᠨ ᠠᠵᠢᠯ ᠤᠨ ᠮᠡᠷᠭᠡᠵᠢᠯ ᠪᠠ ᠬᠢᠷᠢ ᠲᠦᠪᠰᠢᠨ ᠢ ᠳᠡᠭᠡᠭᠰᠢᠯᠡᠬᠦᠯᠬᠦ ᠪᠤᠯᠤᠨ᠎ᠠ ᠂ ᠪᠦᠬᠦ ᠳᠠᠯ᠎ᠠ ᠪᠠᠷ ᠰᠢᠬᠦᠨ ᠳᠠᠰᠤᠯᠠᠬᠤ ᠬᠠᠪᠰᠤᠷᠤᠭᠴᠢ ᠬᠦᠮᠦᠰ ᠦᠨ ᠮᠡᠳᠡᠯᠬᠡ ᠳᠤᠰᠬᠠᠢᠵᠢᠯᠲᠠ ᠪᠠ ᠠᠵᠢᠯᠯᠠᠬᠤ ᠶᠢ ᠲᠦᠷᠢᠮᠵᠢᠬᠦᠯᠬᠦ ᠶᠢ ᠠᠬᠢᠭᠤᠯᠵᠤ ᠂ ᠬᠠᠤᠯᠢ ᠴᠠᠭᠠᠵᠠ ᠶᠢᠨ ᠦᠭᠡᠷᠡᠴᠢᠯᠡᠯᠲᠡ ᠶᠢᠨ ᠠᠵᠢᠯᠲᠠᠨ ᠢ ᠲᠦᠷᠦᠯ ᠬᠤᠪᠢᠶᠠᠨ ᠬᠠᠮᠢᠶᠠᠷᠬᠤ ᠪᠠ ᠳᠡᠮᠳᠡᠭᠯᠡᠭᠴᠢ ᠶᠢ ᠳᠤᠰᠬᠠᠢᠯᠠᠨ ᠳᠡᠰ ᠬᠤᠪᠢᠶᠠᠬᠤ ᠠᠯᠬᠤᠮ ᠳᠠᠷᠠᠭ᠎ᠠ ᠳᠤ ᠰᠠᠭᠤᠷᠢ ᠳᠠᠯᠪᠢᠵᠤ ᠪᠠᠢᠨ᠎ᠠ ᠃

ᠳᠤᠰ ᠤᠳᠠᠭᠠᠨ ᠤ ᠳᠡᠮᠳᠡᠭᠯᠡᠭᠴᠢ ᠶᠢᠨ ᠳᠤᠬᠠᠢᠯᠠᠭᠰᠠᠨ ᠠᠵᠢᠯ ᠤᠨ ᠰᠢᠯᠭᠠᠯᠲᠠ ᠪᠡᠯᠡᠳᠬᠡᠯ ᠬᠦᠢᠴᠡᠳ ᠂ ᠪᠠᠢᠷᠢᠰᠢᠭᠤᠯᠤᠯᠲᠠ ᠨᠠᠷᠢᠯᠢᠭ ᠂ ᠵᠢᠩᠬᠢᠨᠢ ᠳᠡᠮᠳᠡᠭᠯᠡᠭᠴᠢ ᠶᠢᠨ ᠦᠰᠦᠭ ᠴᠤᠬᠢᠵᠤ ᠰᠢᠯᠭᠠᠬᠤ ᠰᠢᠰᠲ᠋ᠧᠮ ᠢ ᠬᠡᠷᠡᠭᠯᠡᠵᠦ ᠰᠢᠯᠭᠠᠭᠰᠠᠨ ᠮᠦᠷᠲᠡᠭᠡᠨ ᠡᠷᠬᠡ ᠳᠡᠭᠰᠢ ᠂ ᠲᠦᠪ ᠭᠤᠤᠯᠴᠢ ᠂ ᠢᠯᠡ ᠪᠠᠢᠬᠤ ᠵᠠᠷᠴᠢᠮ ᠢ ᠪᠠᠷᠢᠮᠳᠠᠯᠠᠵᠤ ᠶᠠᠪᠤᠭᠳᠠᠭᠤᠯᠤᠭᠰᠠᠨ ᠪᠠᠢᠨ᠎ᠠ ᠃

ᠳᠤᠰ ᠤᠳᠠᠭᠠᠨ ᠤ ᠳᠡᠮᠳᠡᠭᠯᠡᠭᠴᠢ ᠶᠢᠨ ᠳᠤᠬᠠᠢᠯᠠᠭᠰᠠᠨ ᠠᠵᠢᠯ ᠤᠨ ᠮᠡᠷᠭᠡᠵᠢᠯ ᠦᠨ ᠰᠢᠯᠭᠠᠯᠲᠠ ᠶᠢ ᠶᠠᠪᠤᠭᠳᠠᠭᠤᠯᠤᠭᠰᠠ ᠨᠢ᠂ ᠳᠡᠮᠳᠡᠭᠯᠡᠭᠴᠢ ᠶᠢᠨ ᠠᠵᠢᠯ ᠤᠨ ᠪᠠᠢᠷᠢ ᠳᠤ ᠪᠠᠨ ᠰᠠᠭᠤᠷᠢᠯᠠᠵᠤ ᠂ ᠠᠵᠢᠯ ᠤᠨ ᠪᠠᠢᠷᠢ ᠪᠠᠨ ᠬᠠᠢᠷᠠᠯᠠᠬᠤ ᠂ ᠳᠡᠷᠢᠬᠦᠨ ᠪᠤᠯᠬᠤ ᠪᠠᠷ ᠴᠢᠷᠮᠠᠢᠬᠤ ᠠᠵᠢᠯ ᠤᠨ ᠬᠠᠯᠠᠭᠤᠨ ᠰᠡᠳᠬᠢᠯ ᠢ ᠤᠯᠠᠮ ᠨᠢᠬᠡ ᠠᠯᠬᠤᠮ ᠬᠦᠭᠵᠢᠭᠡᠵᠦ ᠂ ᠡᠭᠦᠨ ᠦ ᠤᠯᠠᠮ ᠠᠴᠠ ᠳᠡᠮᠳᠡᠭᠯᠡᠭᠴᠢ ᠶᠢᠨ ᠦᠢᠯᠡᠴᠢᠯᠡᠭᠡ ᠪᠠ ᠰᠢᠬᠦᠨ ᠳᠠᠰᠤᠯᠤᠯᠲᠠ ᠶᠢᠨ ᠠᠵᠢᠯ ᠤᠨ ᠮᠡᠷᠭᠡᠵᠢᠯ ᠪᠤᠯᠤᠨ ᠬᠢᠷᠢ ᠲᠦᠪᠰᠢᠨ ᠢ ᠳᠡᠭᠡᠭᠰᠢᠯᠡᠬᠦᠯᠪᠡ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )