ᠦᠪᠡᠷᠲᠡᠭᠡᠨ ᠵᠠᠰᠠᠬᠤ ᠤᠷᠤᠨ ᠤ ᠳᠡᠭᠡᠳᠦ ᠵᠡᠷᠬᠡ ᠶᠢᠨ ᠰᠢᠬᠦᠬᠦ ᠬᠤᠷᠢᠶᠠᠨ ᠤ ᠳᠡᠳ᠋ ᠳᠤᠭᠤᠷᠢᠨ ᠪᠠᠢᠴᠠᠭᠠᠭᠴᠢ ᠬᠠᠨ ᠵᠢᠶᠠ ᠸᠸᠢ ᠵᠡᠷᠬᠡ ᠬᠦᠮᠦᠰ ᠵᠠᠷᠭᠤ ᠶᠢᠨ ᠦᠢᠯᠡᠴᠢᠯᠡᠭᠡᠨ ᠦ ᠲᠦᠪ ᠲᠦ ᠬᠦᠷᠴᠦ ᠳᠤᠭᠤᠷᠢᠨ ᠪᠠᠢᠴᠠᠭᠠᠪᠠ
11 ᠰᠠᠷᠠᠢᠨ 15 ᠡᠳᠦᠷ ᠦᠨ ᠦᠳᠡ ᠶᠢᠨ ᠬᠤᠢᠨ᠎ᠠ ᠂ ᠦᠪᠡᠷᠲᠡᠭᠡᠨ ᠵᠠᠰᠠᠬᠤ ᠤᠷᠤᠨ ᠤ ᠳᠡᠭᠡᠳᠦ ᠵᠡᠷᠬᠡ ᠶᠢᠨ ᠰᠢᠬᠦᠬᠦ ᠬᠤᠷᠢᠶᠠᠨ ᠤ ᠳᠡᠳ᠋ ᠳᠤᠭᠤᠷᠢᠨ ᠪᠠᠢᠴᠠᠭᠠᠭᠴᠢ ᠬᠠᠨ ᠵᠢᠶᠠ ᠸᠸᠢ ᠵᠡᠷᠬᠡ ᠬᠦᠮᠦᠰ ᠮᠠᠨ ᠤ ᠬᠤᠷᠢᠶᠠᠨ ᠳᠤ ᠢᠷᠡᠵᠦ ᠳᠤᠭᠤᠷᠢᠨ ᠪᠠᠢᠴᠠᠭᠠᠯᠲᠠ ᠬᠢᠭᠰᠡᠨ ᠮᠦᠷᠲᠡᠭᠡᠨ ᠬᠤᠳᠠ ᠶᠢᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠢᠯᠠᠩ ᠤᠨ ᠬᠡᠰᠢᠬᠦᠨ ᠂ ᠳᠡᠳ᠋ ᠬᠤᠷᠢᠶᠠᠨ ᠳᠠᠷᠤᠭ᠎ᠠ ᠯᠢ ᠵᠢᠩ ᠭᠦᠸᠸ ᠵᠡᠷᠬᠡ ᠤᠳᠤᠷᠢᠳᠤᠯᠭ᠎ᠠ ᠲᠠᠢ ᠬᠠᠮᠳᠤ ᠵᠠᠷᠭᠤ ᠶᠢᠨ ᠦᠢᠯᠡᠴᠢᠯᠡᠭᠡᠨ ᠦ ᠲᠦᠪ ᠢ ᠳᠤᠭᠤᠷᠢᠨ ᠦᠵᠡᠪᠡ ᠃
ᠬᠠᠨ ᠬᠤᠷᠢᠶᠠᠨ ᠳᠠᠷᠤᠭ᠎ᠠ ᠵᠡᠷᠬᠡ ᠬᠦᠮᠦᠰ ᠵᠠᠷᠭᠤ ᠶᠢᠨ ᠦᠢᠯᠡᠴᠢᠯᠡᠭᠡᠨ ᠦ ᠲᠦᠪ ᠦᠨ ᠭᠡᠷᠡᠭ ᠳᠠᠩᠰᠠᠯᠠᠬᠤ ᠦᠢᠯᠡᠴᠢᠯᠡᠭᠡᠨ ᠦ ᠳᠤᠭᠤᠷᠢᠭ ᠂ ᠵᠠᠬᠢᠳᠠᠯ ᠰᠤᠷᠪᠤᠯᠵᠢᠯᠠᠭ᠎ᠠ ᠶᠢᠨ ᠦᠢᠯᠡᠴᠢᠯᠡᠭᠡᠨ ᠦ ᠳᠤᠭᠤᠷᠢᠭ ᠂ ᠵᠠᠷᠭᠤ ᠬᠢᠬᠦ ᠦᠢᠯᠡᠴᠢᠯᠡᠭᠡᠨ ᠦ ᠳᠤᠭᠤᠷᠢᠭ ᠵᠢᠴᠢ ᠠᠷᠠᠳ ᠲᠤ ᠲᠦᠬᠦᠮ ᠦᠵᠡᠬᠦᠯᠬᠦ ᠦᠢᠯᠡᠴᠢᠯᠡᠭᠡᠨ ᠦ ᠳᠤᠭᠤᠷᠢᠭ ᠢ ᠳᠤᠭᠤᠷᠢᠨ ᠦᠵᠡᠵᠦ ᠂ ᠦᠢᠯᠡᠴᠢᠯᠡᠭᠡᠨ ᠦ ᠲᠦᠪ ᠦᠨ ᠠᠵᠢᠯᠳᠠᠨ ᠠᠴᠠ ᠦᠢᠯᠡᠴᠢᠯᠡᠭᠡᠨ ᠦ ᠲᠦᠪ ᠦᠨ ᠦᠷᠭᠡᠳᠬᠡᠨ ᠪᠠᠢᠭᠤᠯᠤᠭᠰᠠᠨ ᠠᠴᠠ ᠰᠡᠭᠦᠯᠡᠷ ᠠᠷᠠᠳ ᠲᠤ ᠲᠦᠬᠦᠮ ᠦᠵᠡᠬᠦᠯᠬᠦ ᠶᠢ ᠴᠢᠩᠭᠠᠳᠬᠠᠨ ᠂ ᠬᠠᠤᠯᠢ ᠴᠠᠭᠠᠵᠠ ᠶᠢᠨ ᠢᠯᠡ ᠪᠤᠯᠭᠠᠬᠤ ᠶᠢ ᠲᠦᠯᠬᠢᠨ ᠠᠬᠢᠭᠤᠯᠬᠤ ᠵᠡᠷᠬᠡ ᠠᠵᠢᠯ ᠤᠨ ᠪᠠᠢᠳᠠᠯ ᠤᠨ ᠳᠠᠨᠢᠴᠠᠭᠤᠯᠭᠠ ᠶᠢ ᠰᠤᠨᠤᠰᠴᠤ ᠂ ᠪᠠᠰᠠ ᠵᠠᠷᠭᠤ ᠬᠢᠬᠦ ᠶᠡᠬᠡ ᠲᠢᠩᠬᠢᠮ ᠦᠨ ᠰᠢᠨ᠎ᠠ ᠤᠷᠤᠭᠤᠯᠤᠭᠰᠠᠨ ᠮᠡᠳᠡᠭᠡ ᠵᠠᠩᠭᠢᠴᠢᠯᠠᠯᠲᠠ ᠶᠢᠨ ᠲᠦᠬᠦᠬᠡᠷᠦᠮᠵᠢ ᠶᠢᠨ ᠠᠵᠢᠯᠯᠠᠬᠤ ᠦᠵᠡᠬᠦᠯᠬᠡ ᠶᠢ ᠦᠵᠡᠪᠡ ᠃
ᠳᠤᠭᠤᠷᠢᠨ ᠦᠡᠵᠡᠬᠦ ᠶᠠᠪᠤᠴᠠ ᠳᠤ ᠂ ᠬᠠᠨ ᠬᠤᠷᠢᠶᠠᠨ ᠳᠠᠷᠤᠭ᠎ᠠ ᠦᠭᠡᠷᠡᠴᠢᠯᠡᠨ ᠪᠠᠢᠭᠤᠯᠤᠭᠰᠠᠨ ᠤ ᠳᠠᠷᠠᠭᠠᠬᠢ ᠵᠠᠷᠭᠤ ᠶᠢᠨ ᠦᠢᠯᠡᠴᠢᠯᠡᠭᠡᠨ ᠦ ᠲᠦᠪ ᠲᠦ ᠦᠨᠳᠦᠷ ᠦᠨᠡᠯᠡᠯᠲᠡ ᠪᠠ ᠨᠤᠳᠠᠯᠠᠯᠲᠠ ᠦᠭᠴᠦ ᠂ ᠵᠠᠷᠭᠤ ᠶᠢᠨ ᠦᠢᠯᠡᠴᠢᠯᠡᠭᠡᠨ ᠦ ᠲᠦᠪ ᠬᠤᠵᠢᠮ ᠤᠨ ᠪᠦᠲᠦᠭᠡᠨ ᠪᠠᠢᠭᠤᠯᠤᠯᠲᠠ ᠳᠤᠮᠳᠠ ᠦᠷᠬᠦᠯᠵᠢᠯᠡᠨ ᠦᠢᠯᠡᠴᠢᠯᠡᠭᠡᠨ ᠦ ᠴᠢᠳᠠᠮᠵᠢ ᠡᠬᠦᠷᠭᠡ ᠶᠢ ᠦᠷᠭᠡᠳᠬᠡᠵᠦ ᠂ ᠢᠳᠡᠪᠬᠢᠲᠠᠢ ᠪᠠᠷ ᠤᠯᠠᠨ ᠲᠦᠮᠡᠨ ᠦ ᠬᠢᠨᠠᠯᠲᠠ ᠶᠢ ᠬᠦᠯᠢᠶᠡᠵᠦ ᠂ ᠦᠨᠡᠨ ᠬᠦ ᠠᠷᠠᠳ ᠲᠤ ᠲᠦᠬᠦᠮ ᠂ ᠠᠷᠠᠳ ᠲᠤ ᠠᠰᠢᠭᠲᠠᠢ ᠂ ᠠᠷᠠᠳ ᠲᠤ ᠠᠰᠢᠭ ᠬᠦᠡᠳᠡᠭᠡᠬᠦ ᠶᠢ ᠪᠡᠶᠡᠯᠡᠬᠦᠯᠬᠦ ᠶᠢ ᠬᠦᠰᠡᠵᠦ ᠪᠠᠢᠨ᠎ᠠ ᠃
ᠦᠨᠡᠯᠡᠬᠦ 0ᠦᠨᠡᠯᠡᠯᠲᠡ᠎ᠲᠠᠢ