ᠮᠠᠨ ᠤ ᠬᠤᠳᠠ ᠶᠢᠨ ᠨᠢᠬᠡᠳᠦᠭᠡᠷ《ᠨᠠᠮ ᠤᠨ ᠬᠡᠰᠢᠬᠦᠨ ᠺᠠᠳᠠᠷ ᠬᠠᠤᠯᠢ ᠶᠤᠰᠤᠭᠠᠷ ᠵᠠᠰᠠᠭ ᠶᠠᠪᠤᠭᠤᠯᠬᠤ ᠳᠤᠬᠠᠢ ᠳᠠᠯᠠᠪᠤᠷ ᠤᠨ ᠵᠢᠭᠠᠨ ᠰᠤᠷᠭᠠᠬᠤ ᠰᠠᠭᠤᠷᠢᠨ ᠭᠠᠵᠠᠷ》ᠤᠷᠳᠤᠰ ᠬᠤᠳᠠ ᠶᠢᠨ ᠠᠷᠠᠳ ᠤᠨ ᠳᠤᠮᠳᠠ
2016.11.24 ᠲᠣᠰ ᠥᠷᠲᠡᠭᠡᠨ ᠦ ᠨᠠᠢᠷᠠᠭᠤᠯᠤᠭᠴᠢ

ᠮᠠᠨ ᠤ ᠬᠤᠳᠠ ᠶᠢᠨ ᠨᠢᠬᠡᠳᠦᠭᠡᠷ《ᠨᠠᠮ ᠤᠨ ᠬᠡᠰᠢᠬᠦᠨ ᠺᠠᠳᠠᠷ ᠬᠠᠤᠯᠢ ᠶᠤᠰᠤᠭᠠᠷ ᠵᠠᠰᠠᠭ ᠶᠠᠪᠤᠭᠤᠯᠬᠤ ᠳᠤᠬᠠᠢ ᠳᠠᠯᠠᠪᠤᠷ ᠤᠨ ᠵᠢᠭᠠᠨ ᠰᠤᠷᠭᠠᠬᠤ ᠰᠠᠭᠤᠷᠢᠨ ᠭᠠᠵᠠᠷ》ᠤᠷᠳᠤᠰ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠳᠤ ᠪᠠᠢᠭᠤᠯᠤᠭᠳᠠᠪᠠ

 

 

 

 

 

 

 

 

11 ᠰᠠᠷᠠᠢᠨ 22 ᠡᠳᠦᠷ ᠦᠨ ᠦᠳᠡ ᠶᠢᠨ ᠡᠮᠦᠨ᠎ᠠ ᠂ ᠮᠠᠨ ᠤ ᠬᠤᠳᠠ ᠶᠢᠨ《ᠨᠠᠮ ᠤᠨ ᠬᠡᠰᠢᠬᠦᠨ ᠺᠠᠳᠠᠷ ᠬᠠᠤᠯᠢ ᠶᠤᠰᠤᠭᠠᠷ ᠵᠠᠰᠠᠭ ᠶᠠᠪᠤᠭᠤᠯᠬᠤ ᠳᠤᠬᠠᠢ ᠳᠠᠯᠠᠪᠤᠷ ᠤᠨ ᠵᠢᠭᠠᠨ ᠰᠤᠷᠭᠠᠬᠤ ᠰᠠᠭᠤᠷᠢᠨ ᠭᠠᠵᠠᠷ》ᠤᠷᠳᠤᠰ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠳᠤ ᠫᠠᠢᠰᠠ ᠰᠡᠬᠦᠭᠡᠵᠦ ᠪᠠᠢᠭᠤᠯᠤᠭᠳᠤᠵᠤ ᠂ ᠡᠨᠡ ᠨᠢ ᠮᠦᠨ ᠴᠦ ᠮᠠᠨ ᠤ ᠬᠤᠳᠠ ᠶᠢᠨ ᠨᠢᠬᠡᠳᠦᠬᠡᠷ《 ᠨᠠᠮ ᠤᠨ ᠬᠡᠰᠢᠬᠦᠨ ᠺᠠᠳᠠᠷ ᠬᠠᠤᠯᠢ ᠶᠤᠰᠤᠭᠠᠷ ᠵᠠᠰᠠᠭ ᠶᠠᠪᠤᠭᠤᠯᠬᠤ ᠳᠤᠬᠠᠢ ᠳᠠᠯᠠᠪᠤᠷ ᠤᠨ ᠵᠢᠭᠠᠨ ᠰᠤᠷᠭᠠᠬᠤ ᠰᠠᠭᠤᠷᠢᠨ ᠭᠠᠵᠠᠷ》᠃ ᠳᠤᠰ ᠵᠢᠭᠠᠨ ᠰᠤᠷᠭᠠᠬᠤ ᠰᠠᠭᠤᠷᠢᠨ ᠭᠠᠵᠠᠷ ᠨᠢ ᠬᠤᠳᠠ ᠶᠢᠨ ᠵᠠᠰᠠᠭ ᠤᠨ ᠤᠷᠳᠤᠨ ᠤ ᠬᠠᠤᠯᠢ ᠶᠤᠰᠤᠭᠠᠷ ᠬᠤᠳᠠ ᠶᠢ ᠵᠠᠰᠠᠬᠤ ᠤᠳᠤᠷᠢᠳᠬᠤ ᠳᠤᠭᠤᠢᠯᠠᠩ ᠂ ᠬᠤᠳᠠ ᠶᠢᠨ ᠨᠠᠮ ᠤᠨ ᠬᠤᠷᠢᠶ᠎ᠠ ᠂ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶ᠎ᠠ ᠬᠠᠮᠳᠤᠷᠠᠨ ᠪᠠᠢᠭᠤᠯᠪᠠ ᠃

ᠬᠤᠳᠠ  ᠶᠢᠨ ᠨᠠᠮ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠪᠠᠢᠩᠭᠤ ᠶᠢᠨ ᠳᠡᠳ᠋ ᠱᠦᠵᠢ ᠸᠠᠩ ᠵᠠᠨ ᠴᠢᠩ ᠂ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠤᠳᠤᠷᠢᠳᠬᠤ ᠪᠠᠭ ᠤᠨ ᠬᠡᠰᠢᠬᠦᠨ ᠂ ᠬᠤᠳᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠠᠷᠪᠠ ᠶᠢᠰᠦᠳᠦᠭᠡᠷ ᠵᠠᠯᠠᠭᠤ ᠺᠠᠳᠠᠷᠴᠤᠳ ᠤᠨ ᠠᠩᠬᠢ ᠶᠢᠨ ᠰᠤᠷᠤᠭᠴᠢ ᠵᠢᠴᠢ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠪᠦᠯᠦᠭ ᠺᠠᠳᠠᠷ ᠴᠠᠭᠳᠠᠭ᠎ᠠ ᠫᠠᠢᠰᠠ ᠰᠡᠬᠦᠭᠡᠬᠦ ᠶᠤᠰᠤᠯᠠᠯ ᠳᠤ ᠤᠷᠤᠯᠴᠠᠪᠠ ᠃ ᠫᠠᠢᠰᠠ ᠰᠡᠬᠦᠭᠡᠬᠦ ᠶᠤᠰᠤᠯᠠᠯ ᠢ ᠤᠷᠳᠤᠰ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶ᠎ᠠ ᠶᠢᠨ ᠳᠡᠳ᠋ ᠬᠤᠷᠢᠶᠠᠨ ᠳᠠᠷᠤᠭ᠎ᠠ ᠹᠠᠨ ᠶᠢᠦ ᠹᠠ ᠡᠷᠬᠢᠯᠡᠪᠡ ᠃ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠢᠯᠠᠩ ᠤᠨ ᠱᠦᠵᠢ ᠂ ᠤᠷᠤᠯᠠᠭᠴᠢ ᠬᠤᠷᠢᠶᠠᠨ ᠳᠠᠷᠤᠭ᠎ᠠ ᠯᠢ ᠾᠦᠩ ᠶᠠᠨ ᠫᠠᠢᠰᠠ ᠰᠡᠬᠦᠭᠡᠬᠦ ᠶᠤᠰᠤᠯᠠᠯ ᠳᠡᠭᠡᠷ᠎ᠠ ᠴᠢᠬᠤᠯᠠ ᠶᠠᠷᠢᠶ᠎ᠠ ᠳᠠᠯᠪᠢᠪᠠ ᠃

ᠯᠢ ᠾᠦᠩ ᠶᠠᠨ ᠬᠤᠷᠢᠶᠠᠨ ᠳᠠᠷᠤᠭ᠎ᠠ ᠵᠢᠭᠠᠵᠤ ᠭᠠᠷᠭᠠᠭᠰᠠᠨ ᠨᠢ᠂ 《 ᠨᠠᠮ ᠤᠨ ᠬᠡᠰᠢᠬᠦᠨ ᠺᠠᠳᠠᠷ ᠬᠠᠤᠯᠢ ᠶᠤᠰᠤᠭᠠᠷ ᠵᠠᠰᠠᠭ ᠶᠠᠪᠤᠭᠤᠯᠬᠤ ᠳᠤᠬᠠᠢ ᠳᠠᠯᠠᠪᠤᠷ ᠤᠨ ᠵᠢᠭᠠᠨ ᠰᠤᠷᠭᠠᠬᠤ ᠰᠠᠭᠤᠷᠢᠨ ᠭᠠᠵᠠᠷ》ᠪᠠᠢᠭᠤᠯᠤᠭᠳᠠᠭᠰᠠᠨ ᠨᠢ ᠴᠢᠬᠤᠯᠠ ᠤᠳᠬ᠎ᠠ ᠠᠭᠤᠯᠭ᠎ᠠ ᠲᠠᠢ ᠶᠤᠮ ᠃ 《 ᠨᠠᠮ ᠤᠨ ᠬᠡᠰᠢᠬᠦᠨ ᠺᠠᠳᠠᠷ ᠬᠠᠤᠯᠢ ᠶᠤᠰᠤᠭᠠᠷ ᠵᠠᠰᠠᠭ ᠶᠠᠪᠤᠭᠤᠯᠬᠤ ᠳᠤᠬᠠᠢ ᠳᠠᠯᠠᠪᠤᠷ ᠤᠨ ᠵᠢᠭᠠᠨ ᠰᠤᠷᠭᠠᠬᠤ ᠰᠠᠭᠤᠷᠢᠨ ᠭᠠᠵᠠᠷ》 ᠤᠨ ᠪᠠᠢᠭᠤᠯᠤᠭᠰᠠᠨ ᠵᠤᠷᠢᠯᠲᠠ ᠪᠤᠯ ᠪᠦᠬᠦ ᠬᠤᠳᠠ ᠶᠢᠨ ᠨᠠᠮ ᠤᠨ ᠬᠡᠰᠢᠬᠦᠨ ᠺᠠᠳᠠᠷᠴᠤᠳ ᠲᠤ ᠬᠠᠤᠯᠢ ᠶᠤᠰᠤᠭᠠᠷ ᠵᠠᠰᠠᠭ ᠶᠠᠪᠤᠭᠳᠠᠭᠤᠯᠬᠤ ᠤᠨᠤᠯ ᠢ ᠬᠦᠨᠵᠡᠭᠡᠢ ᠰᠤᠷᠤᠯᠴᠠᠬᠤ ᠂ ᠠᠷᠠᠳ ᠤᠨ ᠰᠢᠬᠦᠬᠦ ᠬᠤᠷᠢᠶᠠᠨ ᠤ ᠬᠠᠤᠯᠢ ᠴᠠᠭᠠᠵᠠ ᠶᠢᠨ ᠦᠢᠯᠡᠳᠦᠯᠭᠡ ᠶᠢ ᠪᠦᠬᠦ ᠳᠠᠯ᠎ᠠ ᠪᠠᠷ ᠂ ᠪᠤᠳᠠᠳᠠᠢ  ᠪᠠᠷ ᠰᠤᠷᠤᠯᠴᠠᠬᠤ ᠳᠠᠯᠠᠪᠤᠷ  ᠢ ᠬᠠᠩᠭᠠᠵᠤ ᠂ ᠪᠦᠬᠦ ᠬᠤᠳᠠ ᠶᠢᠨ ᠨᠠᠮ ᠤᠨ ᠬᠡᠰᠢᠬᠦᠨ ᠺᠠᠳᠠᠷᠴᠤᠳ ᠤᠨ ᠬᠠᠤᠯᠢ ᠶᠤᠰᠤᠭᠠᠷ ᠵᠠᠰᠠᠭ ᠶᠠᠪᠤᠭᠳᠠᠭᠤᠯᠬᠤ ᠤᠨᠤᠯ ᠪᠤᠯᠤᠨ ᠦᠢᠯᠡᠳᠦᠯᠭᠡ ᠰᠤᠷᠤᠯᠴᠠᠯᠭ᠎ᠠ ᠳᠤ ᠴᠢᠬᠤᠯᠠ ᠳᠠᠪᠴᠠᠩ ᠬᠠᠩᠭᠠᠭᠰᠠᠨ ᠪᠠᠢᠨ᠎ᠠ ᠃

ᠯᠢ ᠾᠦᠩ ᠶᠠᠨ ᠬᠤᠷᠢᠶᠠᠨ ᠳᠠᠷᠤᠭ᠎ᠠ ᠴᠢᠩᠭᠠᠳᠬᠠᠭᠰᠠᠨ ᠨᠢ ᠂ ᠵᠠᠰᠠᠭ ᠵᠠᠬᠢᠷᠭᠠᠨ ᠤ ᠰᠢᠬᠦᠨ ᠳᠠᠰᠤᠯᠤᠲᠠ ᠪᠤᠯ ᠠᠷᠠᠳ ᠤᠨ ᠰᠢᠬᠦᠬᠦ ᠬᠤᠷᠢᠶᠠᠨ ᠤ ᠰᠢᠬᠦᠨ ᠳᠠᠰᠤᠯᠤᠯᠲᠠ ᠶᠢᠨ ᠠᠵᠢᠯ ᠤᠨ ᠴᠢᠬᠤᠯᠠ ᠪᠦᠷᠢᠯᠳᠦᠬᠦᠨ ᠂ ᠨᠡᠩ ᠴᠦ ᠠᠷᠠᠳ ᠤᠨ ᠵᠠᠰᠠᠭ ᠤᠨ ᠤᠷᠳᠤᠨ ᠬᠠᠤᠯᠢ ᠶᠤᠰᠤᠭᠠᠷ ᠵᠠᠰᠠᠭ ᠶᠠᠪᠤᠭᠳᠠᠭᠤᠯᠬᠤ  ᠶᠢᠨ ᠭᠠᠳᠠᠭᠠᠳᠤ ᠳᠤ ᠬᠢᠨᠠᠯᠲᠠ ᠳᠠᠯᠪᠢᠬᠤ ᠳᠤᠭᠳᠠᠴᠠ ᠶᠢᠨ ᠴᠢᠬᠤᠯᠠ ᠵᠠᠩᠬᠢᠯᠭ᠎ᠠ ᠮᠦᠨ᠂ ᠵᠠᠰᠠᠭ ᠵᠠᠬᠢᠷᠭᠠᠨ ᠤ ᠬᠠᠷᠢᠴᠠᠩᠭᠤᠢ ᠬᠦᠮᠦᠨ ᠦ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠬᠤ ᠪᠠ ᠵᠠᠰᠠᠭ ᠵᠠᠬᠢᠷᠭᠠᠨ ᠤ ᠪᠠᠢᠭᠤᠯᠭ᠎ᠠ ᠬᠠᠤᠯᠢ ᠶᠤᠰᠤᠭᠠᠷ ᠵᠠᠰᠠᠭ ᠶᠠᠪᠤᠭᠳᠠᠭᠤᠯᠬᠤ ᠳᠤ ᠬᠢᠨᠠᠯᠲᠠ ᠳᠠᠯᠪᠢᠬᠤ ᠬᠤᠶᠠᠷ ᠵᠦᠢᠯ ᠦᠨ ᠦᠢᠯᠡᠳᠦᠯ ᠢ ᠡᠭᠦᠷᠭᠡᠯᠡᠵᠦ ᠪᠠᠢᠬᠤ ᠶᠤᠮ ᠃ ᠵᠠᠰᠠᠭ ᠵᠠᠬᠢᠷᠭᠠᠨ ᠤ ᠰᠢᠬᠦᠨ ᠳᠠᠰᠤᠯᠤᠯᠲᠠ ᠶᠢᠨ ᠠᠵᠢᠯ ᠤᠨ ᠦᠷᠨᠢᠬᠦᠯᠬᠦ ᠨᠢ ᠡᠯ᠎ᠠ ᠱᠠᠳᠤᠨ ᠤ ᠨᠠᠮ ᠤᠨ ᠬᠤᠷᠢᠶ᠎ᠠ ᠪᠤᠯᠤᠨ ᠵᠠᠰᠠᠭ ᠤᠨ ᠤᠷᠳᠤᠨ ᠤ ᠤᠢᠯᠭᠠᠯᠲᠠ ᠪᠠ ᠳᠡᠮᠵᠢᠯᠭᠡ ᠡᠴᠡ ᠰᠠᠯᠵᠤ ᠴᠢᠳᠠᠬᠤ ᠦᠬᠡᠢ ᠃ 《 ᠨᠠᠮ ᠤᠨ ᠬᠡᠰᠢᠬᠦᠨ ᠺᠠᠳᠠᠷ ᠬᠠᠤᠯᠢ ᠶᠤᠰᠤᠭᠠᠷ ᠵᠠᠰᠠᠭ ᠶᠠᠪᠤᠭᠤᠯᠬᠤ ᠳᠤᠬᠠᠢ ᠳᠠᠯᠠᠪᠤᠷ ᠤᠨ ᠵᠢᠭᠠᠨ ᠰᠤᠷᠭᠠᠬᠤ ᠰᠠᠭᠤᠷᠢᠨ ᠭᠠᠵᠠᠷ》 ᠢ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠳᠤ ᠪᠠᠢᠭᠤᠯᠤᠭᠰᠠᠨ ᠵᠤᠷᠢᠯᠭ᠎ᠠ ᠪᠤᠯ ᠰᠤᠷᠤᠯᠴᠠᠬᠤ ᠪᠠᠷ ᠢᠷᠡᠭᠰᠡᠨ ᠨᠠᠮ ᠤᠨ ᠬᠡᠰᠢᠬᠦᠨ ᠺᠠᠳᠠᠷᠴᠤᠳ ᠰᠢᠬᠦᠨ ᠳᠠᠰᠤᠯᠤᠯᠲᠠ ᠶᠢᠨ ᠠᠵᠢᠯ ᠲᠠᠢ ᠵᠠᠢ ᠦᠭᠡᠢ ᠬᠠᠷᠢᠯᠴᠠᠭᠤᠯᠵᠤ ᠂ ᠪᠦᠬᠦ ᠬᠤᠳᠠ ᠶᠢᠨ ᠡᠯ᠎ᠠ ᠱᠠᠳᠤᠨ ᠤ ᠵᠠᠰᠠᠭ ᠵᠠᠬᠢᠷᠭᠠᠨ ᠤ ᠪᠠᠢᠭᠤᠯᠭ᠎ᠠ ᠶᠢᠨ ᠨᠠᠮ ᠤᠨ ᠬᠡᠰᠢᠬᠦᠨ ᠺᠠᠳᠠᠷᠴᠤᠳ ᠡᠮᠦᠨ᠎ᠠ ᠹᠷᠣᠨᠲ ᠤᠨ ᠰᠢᠬᠦᠭᠴᠢ ᠲᠠᠢ ᠨᠢᠭᠤᠷᠳᠠᠨ ᠶᠠᠷᠢᠯᠴᠠᠬᠤ ᠳᠤᠬᠢᠶᠠᠯ ᠲᠠᠢ ᠪᠤᠯᠭᠠᠵᠤ ᠂ ᠡᠨᠡ ᠨᠢ ᠵᠠᠰᠠᠭ ᠵᠠᠬᠢᠷᠭᠠᠨ ᠤ ᠪᠠᠢᠭᠤᠯᠭ᠎ᠠ ᠬᠠᠤᠯᠢ ᠴᠠᠭᠠᠵᠠ ᠶᠢᠨ ᠪᠠᠢᠭᠤᠯᠭ᠎ᠠ ᠶᠢᠨ ᠬᠤᠭᠤᠷᠤᠨᠳᠤᠬᠢ ᠬᠠᠷᠢᠯᠴᠠᠭ᠎ᠠ ᠬᠠᠮᠲᠤᠷᠠᠯᠴᠠᠭ᠎ᠠ ᠶᠢ ᠪᠦᠲᠦᠮᠵᠢᠲᠠᠢ ᠠᠬᠢᠭᠤᠯᠬᠤ ᠨᠢ ᠯᠠᠪᠲᠠᠢ ᠶᠤᠮ ᠂ ᠰᠢᠬᠦᠬᠦ ᠬᠤᠷᠢᠶᠠᠨ ᠤ ᠰᠢᠬᠦᠨ ᠳᠠᠰᠤᠯᠤᠯᠲᠠ ᠶᠢᠨ ᠠᠵᠢᠯ ᠨᠢ ᠨᠡᠭ ᠢᠯᠡᠬᠦᠦ ᠤᠢᠯᠭᠠᠯᠲᠠ ᠪᠠ ᠳᠡᠮᠵᠢᠯᠭᠡ ᠤᠯᠬᠤ ᠪᠤᠯᠤᠨ᠎ᠠ ᠃

ᠯᠢ ᠾᠦᠩ ᠶᠠᠨ ᠬᠤᠷᠢᠶᠠᠨ ᠳᠠᠷᠤᠭ᠎ᠠ ᠢᠯᠡᠳᠭᠡᠭᠰᠡᠨ ᠨᠢ ᠂ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶ᠎ᠠ《 ᠨᠠᠮ ᠤᠨ ᠬᠡᠰᠢᠬᠦᠨ ᠺᠠᠳᠠᠷ ᠬᠠᠤᠯᠢ ᠶᠤᠰᠤᠭᠠᠷ ᠵᠠᠰᠠᠭ ᠶᠠᠪᠤᠭᠤᠯᠬᠤ ᠳᠤᠬᠠᠢ ᠳᠠᠯᠠᠪᠤᠷ ᠤᠨ ᠵᠢᠭᠠᠨ ᠰᠤᠷᠭᠠᠬᠤ ᠰᠠᠭᠤᠷᠢᠨ ᠭᠠᠵᠠᠷ》 ᠤᠨ ᠪᠦᠲᠦᠭᠡᠨ ᠪᠠᠢᠭᠤᠯᠤᠯᠲᠠ ᠶᠢᠨ ᠡᠳᠦᠷ ᠳᠤᠳᠤᠮ ᠤᠨ ᠠᠵᠢᠯ ᠢ ᠪᠦᠬᠦ ᠬᠦᠴᠦᠨ ᠢᠶᠡᠷ ᠳᠡᠮᠵᠢᠬᠦ ᠪᠠ ᠬᠠᠮᠵᠢᠯᠴᠠᠵᠤ᠂ ᠴᠢᠳᠠᠬᠤ ᠶᠢᠨ ᠳᠤᠳᠤᠷ᠎ᠠ ᠵᠢᠭᠠᠨ ᠰᠤᠷᠭᠠᠬᠤ ᠰᠠᠭᠤᠷᠢᠨ ᠳᠤ ᠰᠠᠢᠨ ᠰᠠᠢᠬᠠᠨ ᠵᠢᠭᠠᠨ ᠰᠤᠷᠭᠠᠬᠤ ᠨᠦᠬᠦᠴᠡᠯ ᠬᠠᠩᠭᠠᠵᠤ ᠂ ᠳᠤᠰ ᠰᠠᠭᠤᠷᠢᠨ ᠭᠠᠵᠠᠷ ᠢ ᠮᠠᠨ ᠤ ᠬᠤᠳᠠ ᠶᠢᠨ ᠬᠠᠤᠯᠢ ᠶᠤᠰᠤᠭᠠᠷ ᠬᠤᠳᠠ ᠶᠢ ᠵᠠᠰᠠᠬᠤ ᠰᠤᠷᠭᠠᠨ ᠬᠦᠮᠦᠵᠢᠯ ᠦᠨ ᠠᠵᠢᠯ ᠳᠤᠮᠳᠠᠬᠢ ᠪᠠᠰᠠ ᠨᠢᠭᠡ ᠬᠢᠯᠠᠰ ᠴᠡᠭ ᠪᠤᠯᠭᠠᠬᠤ ᠪᠠᠷ ᠴᠢᠷᠮᠠᠢᠵᠤ ᠂ ᠤᠷᠳᠤᠰ ᠬᠤᠳᠠ ᠶᠢᠨ ᠭᠠᠵᠠᠷ ᠤᠷᠤᠨ ᠤ ᠬᠠᠤᠯᠢ ᠵᠠᠰᠠᠬᠤ ᠤᠯᠤᠰ ᠲᠦᠷᠦ ᠂ ᠬᠠᠤᠯᠢ ᠪᠠᠷ ᠵᠠᠰᠠᠬᠤ ᠨᠡᠢᠭᠡᠮ ᠦᠨ ᠪᠦᠲᠦᠭᠡᠨ ᠪᠠᠢᠭᠤᠯᠤᠯᠲᠠ ᠳᠤ ᠢᠳᠡᠪᠬᠢᠲᠠᠢ ᠪᠠᠷ ᠬᠦᠴᠦ ᠪᠡᠨ ᠡᠷᠬᠦᠨ᠎ᠠ ᠃

ᠬᠤᠵᠢᠮ ᠤᠨ ᠵᠢᠭᠠᠨ ᠰᠤᠷᠭᠠᠯᠲᠠ ᠶᠢᠨ ᠦᠢᠯᠡᠳᠦᠯᠭᠡ ᠶᠢᠨ ᠬᠦᠳᠡᠯᠭᠡᠭᠡᠨ ᠳᠤᠮᠳᠠ ᠂ 《 ᠨᠠᠮ ᠤᠨ ᠬᠡᠰᠢᠬᠦᠨ ᠺᠠᠳᠠᠷ ᠬᠠᠤᠯᠢ ᠶᠤᠰᠤᠭᠠᠷ ᠵᠠᠰᠠᠭ ᠶᠠᠪᠤᠭᠤᠯᠬᠤ ᠳᠤᠬᠠᠢ ᠳᠠᠯᠠᠪᠤᠷ ᠤᠨ ᠵᠢᠭᠠᠨ ᠰᠤᠷᠭᠠᠬᠤ ᠰᠠᠭᠤᠷᠢᠨ ᠭᠠᠵᠠᠷ》ᠤᠨᠤᠯ ᠳᠡᠭᠡᠷ᠎ᠠ ᠦᠢᠯᠡᠳᠦᠯᠭᠡ ᠪᠠᠢᠬᠤ ᠵᠢᠭᠠᠨ ᠰᠤᠷᠭᠠᠬᠤ ᠠᠷᠭ᠎ᠠ ᠬᠡᠮᠵᠢᠶ᠎ᠠ ᠠᠪᠴᠤ ᠂ ᠨᠢᠬᠡ ᠳᠠᠯ᠎ᠠ ᠪᠠᠷ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶ᠎ᠠ ᠲᠦᠯᠦᠪᠯᠡᠬᠡ ᠲᠠᠢ ᠡᠮᠦᠨ᠎ᠠ ᠹᠷᠣᠨᠲ ᠤᠨ ᠰᠢᠬᠦᠭᠴᠢ ᠪᠠ ᠡᠷᠳᠡᠮᠳᠡᠨ ᠮᠡᠷᠭᠡᠵᠢᠯᠲᠡᠨ ᠳᠤᠬᠢᠷᠠᠭᠤᠯᠵᠤ ᠂ ᠰᠤᠷᠤᠭᠴᠢᠳ ᠲᠤ ᠵᠠᠰᠠᠭ ᠵᠠᠬᠢᠷᠭᠠᠨ ᠤ ᠬᠠᠤᠯᠢ ᠵᠢᠴᠢ ᠵᠠᠰᠠᠭ ᠵᠠᠬᠢᠷᠭᠠᠨ ᠤ ᠵᠠᠷᠭᠤ ᠶᠢᠨ ᠬᠠᠮᠢᠶ᠎ᠠ ᠪᠦᠬᠦᠢ ᠬᠠᠤᠯᠢ ᠴᠠᠭᠠᠵᠠ ᠶᠢᠨ ᠮᠡᠳᠡᠯᠭᠡ ᠶᠢ ᠵᠢᠭᠠᠵᠤ ᠂ ᠰᠤᠷᠤᠭᠴᠢᠳ ᠲᠠᠢ ᠬᠠᠤᠯᠢ ᠴᠠᠭᠠᠵᠠ ᠶᠢᠨ ᠳᠤᠭᠳᠠᠭᠠᠯ ᠵᠢᠴᠢ ᠬᠠᠤᠯᠢ ᠴᠠᠭᠠᠵᠠ ᠶᠢᠨ ᠰᠢᠬᠦᠨ ᠳᠠᠰᠤᠯᠤᠯᠲᠠ ᠶᠢᠨ ᠦᠵᠡᠯᠲᠡ ᠶᠢᠨ ᠳᠤᠬᠠᠢ ᠬᠦᠨᠵᠡᠭᠡᠢ ᠰᠤᠯᠢᠴᠠᠨ ᠶᠠᠷᠢᠯᠴᠠᠨ᠎ᠠ ᠃ ᠨᠥᠭᠦᠭᠡ ᠳᠠᠯ᠎ᠠ ᠪᠠᠷ ᠂ ᠠᠷᠠᠳ ᠤᠨ ᠰᠢᠬᠦᠬᠦ ᠬᠤᠷᠢᠶᠠᠨ ᠤ ᠠᠵᠢᠯ ᠤᠨ ᠪᠤᠳᠠᠳᠠᠢ ᠲᠠᠢ ᠤᠶᠠᠯᠳᠤᠭᠤᠯᠵᠤ ᠂ ᠦᠷᠭᠡᠨ ᠤᠯᠠᠨ ᠨᠠᠮ ᠤᠨ ᠬᠡᠰᠢᠬᠦᠨ ᠺᠠᠲᠠᠷᠴᠤᠳ ᠢ ᠵᠤᠬᠢᠶᠠᠨ ᠪᠠᠢᠭᠤᠯᠤᠨ ᠰᠢᠬᠦᠯᠲᠡ ᠶᠢ ᠦᠵᠡᠬᠦᠯᠵᠦ ᠂ ᠬᠤᠳᠠ ᠶᠢᠨ ᠦᠷᠭᠡᠨ ᠤᠯᠠᠨ ᠨᠠᠮ ᠤᠨ ᠬᠡᠰᠢᠬᠦᠨ ᠺᠠᠲᠠᠷᠴᠤᠳ ᠲᠤ ᠬᠠᠤᠯᠢ ᠲᠦᠷᠢᠮ ᠦᠨ ᠰᠤᠷᠭᠠᠨ ᠬᠦᠮᠦᠵᠢᠯ ᠢ ᠰᠢᠭᠤᠳ ᠶᠠᠪᠤᠭᠳᠠᠭᠤᠯᠵᠤ ᠂ ᠬᠠᠤᠯᠢ ᠶᠤᠰᠤᠭᠠᠷ ᠤᠯᠠᠰ ᠵᠠᠰᠠᠬᠤ ᠂ ᠬᠠᠤᠯᠢ ᠶᠠᠤᠰᠤᠭᠠᠷ ᠵᠠᠰᠠᠭ ᠶᠠᠪᠤᠭᠤᠯᠬᠤ ᠦᠵᠡᠯᠲᠡ ᠶᠢ ᠨᠠᠮ ᠬᠡᠰᠢᠬᠦᠨ ᠺᠠᠲᠠᠷᠴᠤᠳ ᠪᠦᠷᠢ  ᠶᠢᠨ ᠰᠡᠳᠬᠢᠯ ᠳᠦ ᠤᠷᠤᠭᠤᠯᠤᠨ᠎ᠠ᠃ ᠡᠭᠦᠨ ᠦ ᠬᠠᠮᠳᠤ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶ᠎ᠠ《 ᠨᠠᠮ ᠤᠨ ᠬᠡᠰᠢᠬᠦᠨ ᠺᠠᠳᠠᠷ ᠬᠠᠤᠯᠢ ᠶᠤᠰᠤᠭᠠᠷ ᠵᠠᠰᠠᠭ ᠶᠠᠪᠤᠭᠤᠯᠬᠤ ᠳᠤᠬᠠᠢ ᠳᠠᠯᠠᠪᠤᠷ ᠤᠨ ᠵᠢᠭᠠᠨ ᠰᠤᠷᠭᠠᠬᠤ ᠰᠠᠭᠤᠷᠢᠨ ᠭᠠᠵᠠᠷ》 ᠢ ᠪᠦᠲᠦᠭᠡᠨ ᠪᠠᠢᠭᠤᠯᠤᠯᠲᠠ ᠶᠢ ᠳᠤᠬᠢᠶᠠᠯ ᠪᠤᠯᠭᠠᠨ ᠂ ᠦᠷᠬᠦᠯᠵᠢ ᠨᠠᠮ ᠤᠨ ᠬᠡᠰᠢᠬᠦᠨ ᠺᠠᠳᠠᠷᠴᠤᠳ ᠢ ᠤᠷᠢᠵᠤ ᠰᠢᠬᠦᠬᠦ ᠬᠤᠷᠢᠶᠠᠨ ᠤ ᠤᠬᠠᠭᠤᠯᠬᠤ ᠬᠦᠳᠡᠯᠭᠡᠭᠡᠨ ᠢᠶᠡᠷ ᠤᠷᠤᠯᠴᠠᠭᠤᠯᠵᠤ ᠂ ᠵᠢᠯ ᠪᠦᠷᠢ ᠶᠢᠨ《ᠦᠨᠳᠦᠰᠦᠨ ᠬᠠᠤᠯᠢ ᠶᠢᠨ ᠡᠳᠦᠷ》᠂《ᠡᠮᠡᠭᠳᠡᠢᠴᠦᠳ ᠦᠨ ᠪᠠᠶᠠᠷ》᠂《ᠬᠡᠤᠬᠡᠳ ᠦᠨ ᠪᠠᠶᠠᠷ》ᠵᠡᠷᠬᠡ ᠬᠠᠤᠯᠢ ᠪᠠᠷ ᠵᠠᠰᠠᠬᠤ ᠶᠢ ᠤᠬᠠᠭᠤᠯᠬᠤ ᠡᠳᠦᠷ ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠦᠨ ᠨᠠᠮ ᠤᠨ ᠬᠡᠰᠢᠬᠦᠨ ᠺᠠᠳᠠᠷᠴᠤᠳ ᠢ ᠤᠷᠢᠵᠤ ᠠᠷᠠᠳ ᠤᠨ ᠰᠢᠬᠦᠬᠦ ᠬᠤᠷᠢᠶᠠᠨ ᠤ ᠬᠠᠤᠯᠢ ᠪᠠᠷ ᠵᠠᠰᠠᠬᠤ ᠶᠢ ᠤᠬᠠᠭᠤᠯᠬᠤ ᠬᠦᠳᠡᠯᠭᠡᠭᠡᠨ ᠢᠶᠡᠷ ᠤᠷᠤᠯᠴᠠᠭᠤᠯᠵᠤ ᠂ ᠨᠠᠮ ᠤᠨ ᠬᠡᠰᠢᠬᠦᠨ ᠺᠠᠳᠠᠷᠴᠤᠳ ᠤᠨ ᠬᠠᠤᠯᠢ ᠲᠦᠷᠢᠮ ᠦᠨ ᠦᠵᠡᠯ ᠤᠬᠠᠮᠰᠠᠷ ᠢ ᠳᠡᠭᠡᠭᠰᠢᠯᠡᠬᠦᠯᠵᠦ ᠂ ᠦᠨᠳᠦᠰᠦᠨ ᠬᠠᠤᠯᠢ ᠬᠠᠤᠯᠢ ᠴᠠᠭᠠᠵᠠ ᠶᠢᠨ ᠡᠷᠬᠡ ᠰᠦᠷ ᠢ ᠰᠠᠨᠠᠭᠠᠯᠴᠢᠯᠭ᠎ᠠ ᠠᠴᠠ  ᠢᠶᠠᠨ ᠬᠠᠮᠠᠭᠠᠯᠠᠬᠤ ᠬᠡᠷᠡᠭᠲᠡᠢ ᠃

《 ᠨᠠᠮ ᠤᠨ ᠬᠡᠰᠢᠬᠦᠨ ᠺᠠᠳᠠᠷ ᠬᠠᠤᠯᠢ ᠶᠤᠰᠤᠭᠠᠷ ᠵᠠᠰᠠᠭ ᠶᠠᠪᠤᠭᠤᠯᠬᠤ ᠳᠤᠬᠠᠢ ᠳᠠᠯᠠᠪᠤᠷ ᠤᠨ ᠵᠢᠭᠠᠨ ᠰᠤᠷᠭᠠᠬᠤ ᠰᠠᠭᠤᠷᠢᠨ ᠭᠠᠵᠠᠷ》ᠫᠠᠢᠰᠠ ᠰᠡᠬᠦᠭᠡᠬᠦ ᠶᠤᠰᠤᠯᠠᠯ ᠳᠠᠭᠤᠰᠤᠭᠰᠠᠨ ᠤ ᠳᠠᠷᠠᠭ᠎ᠠ ᠂ ᠬᠤᠷᠠᠯ ᠳᠤ ᠤᠷᠤᠯᠴᠠᠭᠰᠠᠨ ᠬᠦᠮᠦᠰ ᠤᠷᠳᠤᠰ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠮᠡᠳᠡᠭᠡ ᠵᠠᠩᠭᠢᠴᠢᠯᠠᠯᠲᠠ ᠶᠢᠨ ᠪᠦᠲᠦᠬᠡᠨ ᠪᠠᠢᠭᠤᠯᠤᠯᠲᠠ ᠂ ᠰᠤᠶᠤᠯ ᠤᠨ ᠪᠦᠲᠦᠭᠡᠨ ᠪᠠᠢᠭᠤᠯᠤᠯᠲᠠ ᠶᠢᠨ ᠦᠷ᠎ᠠ ᠪᠦᠲᠦᠮᠵᠢ ᠶᠢ ᠳᠤᠭᠤᠷᠢᠨ ᠦᠵᠡᠵᠦ ᠂ ᠪᠠᠰᠠ ᠵᠠᠰᠠᠭ ᠵᠠᠬᠢᠷᠭᠠᠨ ᠤ ᠬᠡᠷᠡᠭ ᠦᠨ ᠰᠢᠬᠦᠯᠲᠡ ᠶᠢ ᠦᠵᠡᠪᠡ ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )