ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠵᠠᠰᠠᠭ ᠵᠠᠬᠢᠷᠭᠠᠨ ᠤ ᠲᠢᠩᠬᠢᠮ ᠦᠨ ᠰᠢᠭᠦᠭᠴᠢ ᠠᠷᠪᠠᠨ ᠵᠢᠷᠭᠤᠳᠤᠭᠠᠷ ᠬᠤᠭᠤᠴᠠᠭᠠᠨ ᠤ ᠵᠠᠯᠠᠭᠤ ᠺᠠᠳᠠᠷᠴᠤᠳ ᠤᠨ ᠠᠩᠬᠢ ᠵᠢᠴᠢ ᠪᠦᠬᠦ ᠬᠤᠳᠠ ᠶᠢᠨ ᠵᠠᠰᠠᠭ ᠤᠨ ᠶᠠᠪᠤᠳᠠᠯ ᠤᠨ ᠢᠯᠡ ᠪᠤᠯᠪᠠᠰᠤᠷᠠᠯ ᠤᠨ ᠠᠩᠬᠢ ᠳᠤ ᠳᠤᠬᠠᠢ ᠶᠢᠨ ᠳᠠᠯᠠᠪᠤᠷ ᠬᠢᠴᠢᠶᠡᠯ ᠤᠷᠤᠪᠠ
11 ᠰᠠᠷᠠᠢᠨ 18 ᠡᠳᠦᠷ ᠂ ᠮᠠᠨ ᠤ ᠬᠤᠷᠢᠶᠠᠨ ᠤ ᠵᠠᠰᠠᠭ ᠵᠠᠬᠢᠷᠭᠠᠨ ᠤ ᠲᠢᠩᠬᠢᠮ1 ᠬᠤᠶᠠᠷ ᠰᠢᠭᠦᠭᠴᠢ᠂ ᠬᠤᠳᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠂ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠦᠨ ᠵᠠᠰᠠᠭ ᠤᠨ ᠠᠵᠢᠯ ᠢ ᠢᠯᠡ ᠪᠤᠯᠭᠠᠬᠤ ᠭᠠᠵᠠᠷ ᠤᠨ ᠤᠷᠢᠯᠭ᠎ᠠ ᠪᠠᠷ᠂ ᠳᠤᠰᠪᠦᠷᠢ ᠠᠷᠪᠠᠨ ᠵᠢᠷᠭᠤᠳᠤᠭᠠᠷ ᠬᠤᠭᠤᠴᠠᠭᠠᠨ ᠤ ᠵᠠᠯᠠᠭᠤ ᠺᠠᠲᠠᠷᠴᠤᠳ ᠤᠨ ᠠᠩᠬᠢ ᠵᠢᠴᠢ ᠪᠦᠬᠦ ᠬᠤᠳᠠ ᠶᠢᠨ ᠵᠠᠰᠠᠭ ᠤᠨ ᠶᠠᠪᠤᠳᠠᠯ ᠤᠨ ᠢᠯᠡ ᠪᠤᠯᠪᠠᠰᠤᠷᠠᠯ ᠤᠨ ᠠᠩᠬᠢ ᠶᠢᠨ ᠪᠦᠬᠦ ᠰᠤᠷᠤᠭᠴᠢ ᠳᠤ ᠳᠤᠬᠠᠢ ᠳᠠᠯᠠᠪᠤᠷ ᠬᠢᠴᠢᠶᠡᠯ ᠤᠷᠤᠪᠠ ᠃ ᠬᠤᠶᠠᠷ ᠰᠢᠭᠦᠭᠴᠢ ᠦᠪᠡᠷ ᠦᠨ ᠪᠡᠶ᠎ᠠ ᠪᠤᠳᠠᠳᠠᠢ ᠠᠵᠢᠯ ᠤᠨ ᠵᠤᠭᠰᠤᠴᠠ ᠠᠴᠠ ᠵᠢᠱᠢᠶ᠎ᠠ ᠬᠡᠷᠡᠭ ᠲᠠᠢ ᠤᠶᠠᠯᠳᠤᠭᠤᠯᠵᠤ ᠂ ᠰᠤᠷᠤᠭᠴᠢᠳ ᠲᠤ ᠵᠠᠰᠠᠭ ᠵᠠᠬᠢᠷᠭᠠᠨ ᠤ ᠵᠠᠷᠭᠤ ᠶᠢᠨ ᠬᠤᠯᠪᠤᠭᠳᠠᠯ ᠪᠦᠬᠦᠢ ᠤᠨᠤᠯ ᠤᠨ ᠮᠡᠳᠡᠯᠭᠡ ᠶᠢ ᠨᠠᠷᠢᠯᠢᠭ ᠳᠠᠢᠯᠪᠤᠷᠢᠯᠠᠪᠠ ᠃ ᠳᠤᠰ ᠤᠳᠠᠭᠠᠨ ᠤ ᠬᠢᠴᠢᠶᠡᠯᠯᠡᠬᠦ ᠬᠦᠳᠡᠯᠭᠡᠭᠡᠨ ᠨᠢ ᠪᠤᠯᠪᠠᠰᠤᠷᠠᠯ ᠳᠤ ᠤᠷᠤᠯᠴᠠᠭᠰᠠᠨ ᠪᠦᠬᠦ ᠨᠠᠮ ᠤᠨ ᠬᠡᠰᠢᠬᠦᠨ ᠺᠠᠲᠠᠷᠴᠤᠳ ᠤᠨ ᠰᠠᠢᠨ ᠦᠨᠡᠯᠡᠯᠲᠡ ᠶᠢ ᠤᠯᠵᠤ ᠂ ᠳᠤᠩ ᠰᠠᠢᠨ ᠵᠢᠭᠠᠨ ᠰᠤᠷᠭᠠᠬᠤ ᠪᠠ ᠤᠬᠠᠭᠤᠯᠬᠤ ᠠᠮᠵᠢᠯᠲᠠ ᠤᠯᠪᠠ ᠃
ᠦᠨᠡᠯᠡᠬᠦ 0ᠦᠨᠡᠯᠡᠯᠲᠡ ᠲᠠᠢ