ᠥᠪᠡᠷᠲᠡᠭᠡᠨ ᠵᠠᠰᠠᠬᠤ ᠤᠷᠤᠨ ᠤ ᠳᠡᠭᠡᠳᠦ ᠵᠡᠷᠬᠡ ᠶᠢᠨ ᠰᠢᠬᠦᠬᠦ ᠬᠤᠷᠢᠶᠠᠨ ᠤ ᠵᠢᠨ ᠵᠦ ᠳᠡᠳ᠋ ᠬᠤᠷᠢᠶᠠᠨ ᠳᠠᠷᠤᠭ᠎ᠠ ᠵᠡᠷᠬᠡ ᠬᠦᠮᠦᠰ ᠮᠠᠨ ᠤ ᠬᠤᠳᠠ ᠶᠢᠨ ᠰᠢᠬᠦᠬᠦ ᠬᠤᠷᠢᠶᠠᠨ ᠤ 2016 ᠤᠨ ᠤ ᠭᠣᠣᠯᠳᠠᠯᠭ᠎ᠠ ᠲᠠᠢ ᠠᠵᠢᠯ ᠳᠤ ᠬᠢᠨᠠᠨ ᠰᠤᠳᠤᠯᠤᠯᠲᠠ ᠬᠢᠪᠡ
11 ᠰᠠᠷᠠᠢᠨ 23 ᠡᠳᠦᠷ ᠦᠨ ᠦᠳᠡ ᠶᠢᠨ ᠬᠤᠢᠨ᠎ᠠ ᠂ ᠥᠪᠡᠷᠲᠡᠭᠡᠨ ᠵᠠᠰᠠᠬᠤ ᠤᠷᠤᠨ ᠳᠡᠭᠡᠳᠦ ᠵᠡᠷᠬᠡ ᠶᠢᠨ ᠰᠢᠬᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠢᠯᠠᠩ ᠤᠨ ᠬᠡᠰᠢᠬᠦᠨ ᠂ ᠳᠡᠳ᠋ ᠬᠤᠷᠢᠶᠠᠨ ᠳᠠᠷᠤᠭ᠎ᠠ ᠵᠢᠨ ᠵᠦ ᠵᠡᠷᠭᠡ ᠬᠦᠮᠦᠰ ᠮᠠᠨ ᠤ ᠬᠤᠳᠠ ᠶᠢᠨ ᠰᠢᠬᠦᠬᠦ ᠬᠤᠷᠢᠶᠠᠨ ᠤ 2016 ᠤᠨ ᠤ ᠭᠣᠣᠯᠳᠠᠯᠭ᠎ᠠ ᠲᠠᠢ ᠠᠵᠢᠯ ᠤᠨ ᠡᠬᠢᠯᠡᠭᠦᠯᠦᠭᠰᠡᠨ ᠪᠠᠢᠳᠠᠯ ᠢ ᠬᠢᠨᠠᠨ ᠪᠠᠢᠴᠠᠭᠠᠪᠠ ᠃ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ 15 ᠳᠠᠪᠬᠤᠷ ᠤᠨ ᠰᠢᠬᠦᠬᠦ ᠬᠤᠷᠢᠶᠠᠨ ᠤ ᠶᠠᠪᠤᠳᠠᠯ ᠤᠨ ᠬᠤᠷᠠᠯᠳᠤᠭᠠᠨ ᠤ ᠬᠡᠷ ᠲᠦ ᠬᠠᠷᠢᠭᠤ ᠮᠡᠳᠡᠭᠦᠯᠦᠯᠲᠡ ᠶᠢᠨ ᠬᠤᠷᠠᠯ ᠢ ᠶᠠᠪᠤᠭᠳᠠᠭᠤᠯᠪᠠ ᠃ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠤᠳᠤᠷᠢᠳᠬᠤ ᠪᠠᠭ ᠤᠨ ᠬᠡᠰᠢᠬᠦᠨ ᠂ ᠵᠢᠩᠬᠢᠨᠢ ᠭᠠᠵᠠᠷ ᠤᠨ ᠳᠡᠰ ᠰᠢᠬᠦᠨ ᠳᠠᠰᠤᠯᠤᠭᠴᠢ᠂ ᠡᠯ᠎ᠠ ᠬᠠᠮᠢᠶ᠎ᠠ ᠪᠦᠬᠦᠢ ᠬᠠᠷᠢᠭᠤᠴᠠᠯᠭᠠᠲᠠᠨ ᠬᠠᠷᠢᠭᠤ ᠮᠡᠳᠡᠭᠦᠯᠦᠯᠲᠡ ᠶᠢᠨ ᠬᠤᠷᠠᠯ ᠳᠤ ᠤᠷᠤᠯᠴᠠᠪᠠ ᠃
ᠬᠤᠷᠠᠯ ᠳᠡᠭᠡᠷ᠎ᠠ ᠂ ᠯᠢ ᠾᠦᠩ ᠶᠠᠨ ᠤᠷᠤᠯᠠᠭᠴᠢ ᠬᠤᠷᠢᠶᠠᠨ ᠳᠠᠷᠤᠭ᠎ᠠ ᠡᠨᠡ ᠵᠢᠯ ᠡᠴᠡ ᠨᠠᠰᠢᠬᠢ ᠪᠦᠬᠦ ᠬᠤᠳᠠ ᠶᠢᠨ ᠰᠢᠬᠦᠬᠦ ᠬᠤᠷᠢᠶ᠎ᠠ《ᠬᠦᠢᠴᠡᠳᠬᠡᠬᠦ ᠵᠢᠯ》᠂ ᠬᠠᠤᠯᠢ ᠴᠠᠭᠠᠵᠠ ᠶᠢᠨ ᠦᠬᠡᠷᠡᠴᠢᠯᠡᠯᠲᠡ ᠂ ᠡᠩᠨᠡᠭᠡᠨ ᠦ ᠪᠦᠲᠦᠭᠡᠨ ᠪᠠᠢᠭᠤᠯᠤᠯᠲᠠ ᠵᠡᠷᠬᠡ ᠭᠣᠣᠯᠳᠠᠯᠭ᠎ᠠ ᠲᠠᠢ ᠠᠵᠢᠯ ᠢ ᠴᠢᠷᠮᠠᠢᠨ ᠰᠠᠢᠨ ᠬᠢᠭᠰᠡᠨ ᠪᠠᠢᠳᠠᠯ ᠢ ᠨᠠᠷᠢᠯᠢᠭ ᠬᠠᠷᠢᠭᠤ ᠮᠡᠳᠡᠭᠦᠯᠦᠯᠲᠡ ᠬᠢᠵᠦ ᠂ ᠪᠦᠬᠦ ᠬᠤᠳᠠ ᠶᠢᠨ ᠬᠤᠶᠠᠷ ᠱᠠᠳᠤᠨ ᠤ ᠰᠢᠬᠦᠬᠦ ᠬᠤᠷᠢᠶᠠᠨ ᠤ ᠠᠵᠢᠯ ᠳᠤᠮᠳᠠ ᠤᠷᠤᠰᠢᠵᠤ ᠪᠠᠢᠬᠤ《ᠭᠤᠷᠪᠠᠨ ᠬᠦᠴᠢᠷᠳᠡᠯ》ᠳᠠᠷᠤᠢ《ᠬᠦᠴᠢᠷᠳᠡᠯ》᠂《ᠡᠭᠡᠳᠡᠷᠡᠭᠡᠨ》᠂《ᠭᠠᠴᠢᠭᠳᠠᠯ》ᠵᠡᠷᠬᠡ ᠠᠰᠠᠭᠤᠳᠠᠯ ᠵᠢᠴᠢ ᠳᠠᠷᠠᠭ᠎ᠠ ᠠᠯᠬᠤᠮ ᠤᠨ ᠠᠵᠢᠯ ᠤᠨ ᠪᠠᠢᠷᠢᠰᠢᠭᠤᠯᠤᠯᠲᠠ ᠶᠢᠨ ᠳᠤᠬᠠᠢ ᠬᠠᠷᠢᠭᠤ ᠮᠡᠳᠡᠭᠦᠯᠦᠯᠲᠡ ᠬᠢᠪᠡ ᠃ ᠳᠠᠷᠠᠭᠠᠴᠢ ᠠᠯᠬᠤᠮ ᠤᠨ ᠠᠵᠢᠯ ᠳᠤ ᠴᠢᠭᠯᠡᠬᠦᠯᠦᠨ ᠂ ᠯᠢ ᠾᠦᠩ ᠶᠠᠨ ᠤᠷᠤᠯᠠᠭᠴᠢ ᠬᠤᠷᠢᠶᠠᠨ ᠳᠠᠷᠤᠭ᠎ᠠ ᠵᠢᠭᠠᠵᠤ ᠭᠠᠷᠭᠠᠭᠰᠠᠨ ᠨᠢ᠄ ᠨᠨᠢᠬᠡ ᠳᠦ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠳᠤᠤᠱᠢᠯᠠᠭᠤᠯᠵᠤ ᠂ ᠪᠦᠬᠦ ᠳᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢᠷᠡᠬᠦᠯᠦᠨᠠ ᠃ ᠬᠤᠶᠠᠷ ᠲᠤ ᠬᠠᠤᠯᠢ ᠪᠠᠷᠢᠵᠤ ᠬᠡᠷᠡᠭ ᠰᠢᠢᠳᠪᠦᠷᠢᠯᠡᠬᠦ ᠶᠢ ᠴᠢᠩᠭ᠎ᠠ ᠠᠳᠬᠤᠵᠤ ᠂ ᠳᠤᠭᠳᠠᠭᠰᠠᠨ ᠬᠤᠭᠤᠴᠠᠭᠠᠨ ᠳᠤ ᠪᠦᠬᠦ ᠵᠢᠯ ᠦᠨ ᠰᠢᠬᠦᠨ ᠳᠠᠰᠤᠯᠤᠯᠲᠠ ᠬᠦᠢᠴᠡᠳᠬᠡᠬᠦ ᠡᠭᠦᠷᠭᠡ ᠶᠢ ᠪᠡᠶᠡᠯᠡᠬᠦᠯᠬᠦ ᠶᠢ ᠪᠠᠳᠤᠯᠠᠬᠤ ᠬᠡᠷᠡᠭᠲᠡᠢ ᠃ ᠭᠤᠷᠪᠠ ᠳᠤ ᠬᠠᠤᠯᠢ ᠴᠠᠭᠠᠵᠠ ᠶᠢᠨ ᠥᠭᠡᠷᠡᠴᠢᠯᠡᠯᠲᠡ ᠶᠢᠨ ᠰᠢᠪᠲᠤᠯᠤᠯᠲᠠ ᠶᠢᠨ ᠠᠵᠢᠯ ᠢ ᠯᠠᠪᠳᠠᠭᠤᠨ ᠲᠦᠯᠬᠢᠨ ᠠᠬᠢᠭᠤᠯᠵᠤ ᠂ ᠥᠭᠡᠷᠡᠴᠢᠯᠡᠯᠲᠡ ᠶᠢ ᠠᠰᠢᠭᠯᠠᠵᠤ ᠰᠢᠬᠦᠨ ᠬᠦᠢᠴᠡᠳᠭᠡᠬᠦ ᠠᠵᠢᠯ ᠤᠨ ᠬᠦᠴᠢᠷ ᠠᠰᠠᠭᠤᠳᠠᠯ ᠢ ᠰᠢᠢᠳᠪᠦᠷᠢᠯᠡᠨ᠎ᠠ ᠃ ᠲᠦᠷᠪᠡ ᠳᠦ ᠶᠡᠬᠡ ᠬᠦᠴᠦᠨ ᠢᠶᠡᠷ ᠬᠠᠤᠯᠢ ᠴᠠᠭᠠᠵᠠ ᠶᠢ ᠢᠯᠡ ᠪᠤᠯᠭᠠᠬᠤ ᠠᠵᠢᠯ ᠢ ᠲᠦᠯᠬᠢᠨ ᠠᠬᠢᠭᠤᠯᠵᠤ᠂ ᠬᠡᠳᠡᠷᠭᠦ ᠰᠢᠬᠠᠬᠤ ᠦᠢᠯᠡᠳᠦᠯ ᠢ ᠪᠠᠳᠠᠷᠠᠭᠤᠯᠤᠨ᠎ᠠ ᠃ ᠳᠠᠪᠤ ᠳᠤ ᠦᠯᠦ ᠬᠦᠯᠢᠴᠡᠬᠦ ᠤᠪᠤᠷ ᠢᠶᠠᠷ ᠰᠠᠬᠢᠯᠭ᠎ᠠ ᠪᠠᠳᠤ ᠶᠢ ᠴᠡᠭᠴᠡᠯᠡᠬᠦ ᠬᠦᠳᠡᠯᠭᠡᠭᠡᠨ ᠢ ᠦᠷᠨᠢᠬᠦᠯᠵᠦ ᠂ ᠬᠠᠤᠯᠢ ᠴᠠᠭᠠᠵᠠ ᠶᠢᠨ ᠭᠡᠪ ᠰᠤᠷᠳᠠᠯ ᠢ ᠪᠤᠳᠠᠳᠠᠢ ᠪᠠᠷ ᠦᠭᠡᠷᠡᠴᠢᠯᠡᠨ᠎ᠠ ᠃ ᠵᠢᠷᠭᠤᠭ᠎ᠠ ᠳᠤ ᠮᠡᠳᠡᠭᠡ ᠵᠠᠩᠭᠢᠴᠢᠯᠠᠯᠲᠠ ᠶᠢᠨ ᠬᠡᠷᠡᠭᠯᠡᠭᠡ ᠶᠢ ᠶᠡᠬᠡ ᠬᠦᠴᠦᠨ ᠢᠶᠡᠷ ᠠᠳᠬᠤᠵᠤ ᠂ ᠰᠢᠭᠦᠯᠲᠡ ᠬᠦᠴᠡᠳᠬᠡᠬᠦ ᠶᠢᠨ ᠠᠵᠢᠯ ᠤᠨ ᠴᠢᠨᠠᠷ ᠳᠡᠭᠡᠭᠰᠢᠯᠡᠵᠦ ᠪᠦᠲᠦᠮᠵᠢ ᠳᠡᠭᠡᠭᠰᠢᠯᠡᠬᠦ ᠳᠦ ᠳᠤᠰᠠ ᠪᠤᠯᠭᠠᠨ᠎ᠠ ᠃ ᠳᠤᠯᠤᠭ᠎ᠠ ᠳᠤ ᠪᠤᠯᠪᠠᠰᠤᠷᠠᠯ ᠤᠨ ᠡᠷᠴᠢᠮ ᠢ ᠨᠡᠮᠡᠭᠳᠡᠬᠦᠯᠵᠦ ᠂ ᠪᠦᠲᠦᠮᠵᠢᠲᠠᠢ ᠪᠠᠷ ᠰᠢᠨ᠎ᠠ ᠤᠷᠤᠵᠤ ᠢᠷᠡᠭᠰᠡᠨ ᠠᠵᠢᠯᠲᠠᠨ ᠤ ᠠᠵᠢᠯ ᠤᠨ ᠴᠢᠳᠠᠪᠤᠷᠢ ᠪᠤᠯᠤᠨ ᠭᠢᠷᠢ ᠲᠦᠪᠰᠢᠨ ᠢ ᠳᠡᠭᠡᠭᠰᠢᠯᠡᠬᠦᠯᠦᠨ᠎ᠠ ᠃
ᠬᠤᠷᠠᠯ ᠳᠡᠭᠡᠷ᠎ᠠ ᠂ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠹᠠᠨ ᠶᠢᠦ ᠹᠠ ᠳᠡᠳ᠋ ᠬᠤᠷᠢᠶᠠᠨ ᠳᠠᠷᠤᠭ᠎ᠠ ᠬᠦᠢᠴᠡᠳᠭᠡᠬᠦ ᠠᠵᠢᠯ ᠤᠨ ᠶᠠᠪᠤᠭᠳᠠᠵᠤ ᠪᠠᠢᠬᠤ ᠤᠢᠷ᠎ᠠ ᠶᠢᠨ ᠪᠠᠢᠳᠠᠯ ᠳᠤ ᠨᠦᠬᠦᠵᠦ ᠬᠠᠷᠢᠭᠤ ᠮᠡᠳᠡᠬᠦᠯᠦᠯᠲᠡ ᠬᠢᠪᠡ ᠃
ᠬᠠᠷᠢᠭᠤ ᠮᠡᠳᠡᠬᠦᠯᠦᠯᠲᠡ ᠶᠢ ᠰᠤᠨᠤᠰᠤᠭᠰᠠᠨ ᠤ ᠳᠠᠷᠠᠭ᠎ᠠ ᠂ ᠵᠢᠨ ᠵᠦ ᠬᠤᠷᠢᠶᠠᠨ ᠳᠠᠷᠤᠭ᠎ᠠ ᠡᠨᠡ ᠵᠢᠯ ᠡᠴᠡ ᠨᠠᠰᠢ ᠮᠠᠨ ᠤ ᠬᠤᠳᠠ ᠶᠢᠨ ᠰᠢᠬᠦᠬᠦ ᠬᠤᠷᠢᠶᠠᠨ ᠤ ᠡᠯ᠎ᠠ ᠲᠦᠷᠦᠯ ᠦᠨ ᠠᠵᠢᠯ ᠳᠤ ᠬᠦᠢᠴᠡᠳ ᠨᠤᠳᠠᠯᠠᠯᠲᠠ ᠦᠭᠭᠦᠪᠡ ᠃ ᠵᠢᠨ ᠵᠦ ᠬᠤᠷᠢᠶᠠᠨ ᠳᠠᠷᠤᠭ᠎ᠠ ᠤᠨᠴᠠᠭᠠᠢᠯᠠᠨ ᠴᠢᠩᠭᠠᠳᠬᠠᠭᠰᠠᠨ ᠨᠢ ᠂ ᠤᠷᠳᠤᠰ ᠬᠤᠳᠠ ᠶᠢᠨ ᠤᠷᠤᠨ ᠭᠠᠵᠠᠷ ᠤᠨ ᠬᠡᠷᠡᠭ ᠦᠨ ᠳᠤᠭ᠎ᠠ ᠦᠳᠲᠦᠷ ᠨᠡᠮᠡᠭᠳᠡᠵᠦ ᠂ ᠪᠠᠢᠳᠠᠯ ᠪᠤᠳᠤᠯᠢᠶᠠᠨᠳᠠᠢ ᠂ ᠳᠠᠷᠤᠭᠠᠰᠤ ᠶᠡᠬᠡ ᠂ ᠤᠳᠤᠬᠠᠨ ᠤ ᠬᠢᠷᠢ ᠪᠦᠲᠦᠮᠵᠢ ᠤᠯᠤᠭᠰᠠᠨ ᠨᠢ ᠬᠢᠯᠪᠠᠷ ᠪᠤᠰᠤ ᠶᠤᠮ ᠃ ᠬᠦᠴᠢᠷ ᠪᠡᠷᠬᠡ ᠳᠠᠢ ᠠᠵᠢᠯ ᠤᠨ ᠪᠠᠢᠳᠠᠯ ᠪᠠ ᠳᠠᠷᠤᠭᠠᠰᠤ ᠳᠤ ᠂ ᠬᠤᠳᠠ ᠶᠢᠨ ᠬᠤᠶᠠᠷ ᠱᠠᠳᠤᠨ ᠤ ᠰᠢᠬᠦᠬᠦ ᠬᠤᠷᠢᠶ᠎ᠠ《ᠬᠦᠢᠴᠡᠳᠬᠡᠬᠦ ᠵᠢᠯ》 ᠦᠨ ᠳᠤᠰᠬᠠᠢ ᠰᠡᠳᠦᠪᠳᠦ ᠠᠵᠢᠯ ᠢ ᠳᠡᠭᠡᠳᠦ ᠬᠡᠮᠵᠢᠶ᠎ᠠ ᠪᠠᠷ ᠴᠢᠬᠤᠯᠴᠢᠯᠠᠨ ᠦᠵᠡᠵᠦ ᠂ ᠤᠯᠠᠨ ᠤᠳᠠᠭᠠᠨ ᠤ ᠲᠦᠪᠯᠡᠷᠡᠬᠦᠯᠦᠨ ᠬᠦᠢᠴᠡᠳᠬᠡᠬᠦ ᠬᠦᠳᠡᠯᠭᠡᠭᠡᠨ ᠦᠷᠨᠢᠬᠦᠯᠵᠦ᠂ ᠪᠦᠬᠦ ᠬᠦᠴᠦᠨ ᠢᠶᠡᠷ ᠳᠠᠷᠤᠭᠳᠠᠮᠠᠯ ᠬᠡᠷᠡᠭ ᠢ ᠰᠢᠢᠳᠪᠦᠷᠢᠯᠡᠵᠦ ᠂ ᠬᠦᠢᠴᠡᠳᠬᠡᠵᠦ ᠰᠢᠢᠳᠪᠦᠷᠢᠯᠡᠬᠦ ᠬᠠᠷᠢᠴᠠᠯᠠᠰᠢᠭᠦᠢ ᠳᠤᠭ᠎ᠠ ᠶᠡᠬᠡ ᠬᠡᠮᠵᠢᠶ᠎ᠠ ᠪᠠᠷ ᠳᠡᠭᠡᠭᠰᠢᠯᠡᠵᠦ ᠂ ᠳᠤᠩ ᠰᠠᠢᠨ ᠦᠷ᠎ᠠ ᠪᠦᠲᠦᠮᠵᠢ ᠤᠯᠪᠠ ᠃ ᠤᠷᠳᠤᠰ ᠬᠤᠳᠠ ᠶᠢᠨ ᠰᠢᠬᠦᠬᠦ ᠬᠤᠷᠢᠶᠠᠨ ᠤ ᠮᠡᠳᠡᠬᠡ ᠵᠠᠩᠭᠢᠴᠢᠯᠠᠯᠲᠠ ᠂ ᠰᠠᠭᠤᠷᠢ ᠶᠢᠨ ᠪᠦᠲᠦᠭᠡᠨ ᠪᠠᠢᠭᠤᠯᠤᠯᠲᠠ ᠶᠢᠨ ᠳᠠᠯ᠎ᠠ ᠪᠠᠷ ᠬᠢ ᠭᠢᠷᠢ ᠪᠦᠲᠦᠮᠵᠢ ᠳᠦ ᠵᠢᠨ ᠵᠦ ᠳᠡᠳ᠋ ᠬᠤᠷᠢᠶᠠᠨ ᠳᠠᠷᠤᠭ᠎ᠠ ᠦᠨᠳᠦᠷ ᠦᠨᠡᠯᠡᠯᠲᠡ ᠦᠭᠴᠦ ᠂ ᠤᠷᠳᠤᠰ ᠬᠤᠳᠠ ᠶᠢᠨ ᠰᠢᠬᠦᠬᠦ ᠬᠤᠷᠢᠶᠠᠨ ᠤ ᠮᠡᠳᠡᠭᠡ ᠵᠠᠩᠭᠢᠴᠢᠯᠠᠯᠲᠠ ᠶᠢᠨ ᠪᠦᠲᠦᠭᠡᠨ ᠪᠠᠢᠭᠤᠯᠤᠯᠲᠠ ᠶᠢᠨ ᠠᠵᠢᠯ ᠨᠢᠭᠡᠨᠲᠡ ᠪᠦᠬᠦ ᠤᠷᠤᠨ ᠤ ᠡᠮᠦᠨ᠎ᠠ ᠡᠩᠨᠡᠭᠡᠨ ᠳᠦ ᠶᠠᠪᠤᠵᠤ ᠪᠠᠢᠨ᠎ᠠ ᠭᠡᠵᠦ ᠪᠤᠳᠤᠵᠤ ᠪᠠᠢᠨ᠎ᠠ ᠃
ᠬᠠᠷᠢᠭᠤ ᠮᠡᠳᠡᠬᠦᠯᠦᠯᠲᠡ ᠶᠢᠨ ᠬᠤᠷᠠᠯ ᠳᠡᠭᠡᠷ᠎ᠠ ᠂ ᠵᠢᠨ ᠵᠦ ᠳᠡᠳ᠋ ᠬᠤᠷᠢᠶᠠᠨ ᠳᠠᠷᠤᠭ᠎ᠠ ᠪᠦᠬᠦ ᠬᠤᠳᠠ ᠶᠢᠨ ᠰᠢᠬᠦᠬᠦ ᠬᠤᠷᠢᠶ᠎ᠠ ᠳᠤ ᠳᠠᠷᠠᠭᠠᠴᠢ ᠶᠢᠨ ᠠᠯᠬᠤᠮ ᠤᠨ ᠠᠵᠢᠯ ᠳᠤ ᠬᠡᠳᠦᠨ ᠵᠤᠷᠪᠤᠰ ᠱᠠᠭᠠᠷᠳᠠᠯᠭ᠎ᠠ ᠳᠤᠷᠠᠳᠤᠪᠠ ᠂ ᠨᠢᠬᠡ ᠳᠦ ᠦᠷᠬᠦᠯᠵᠢᠯᠡᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠠᠵᠢᠯ ᠤᠨ ᠡᠷᠴᠢᠮ ᠢ ᠨᠡᠮᠡᠭᠳᠡᠬᠦᠯᠵᠦ ᠂ ᠬᠡᠷᠡᠭ ᠰᠢᠢᠳᠪᠦᠷᠢᠯᠡᠬᠦ ᠨᠤᠷᠮ᠎ᠠ ᠶᠢ ᠪᠤᠳᠠᠳᠠᠢ ᠪᠠᠷ ᠳᠡᠭᠡᠭᠰᠢᠯᠡᠬᠦᠯᠵᠦ ᠂ ᠰᠢᠭᠦᠯᠲᠡ ᠬᠦᠢᠴᠡᠳᠬᠡᠬᠦ ᠠᠵᠢᠯ ᠰᠠᠢᠨ ᠤᠷᠴᠢᠯ ᠤᠨ ᠪᠠᠢᠳᠠᠯ ᠤᠷᠤᠬᠤ ᠶᠢ ᠪᠠᠳᠤᠯᠠᠨ᠎ᠠ ᠃ ᠬᠤᠶᠠᠷ ᠲᠤ ᠡᠷᠡᠭᠦᠦ ᠶᠢᠨ ᠬᠡᠷᠡᠭ ᠢᠷᠭᠡᠨ ᠦ ᠬᠡᠷᠡᠭ ᠢ ᠰᠤᠯᠢᠪᠴᠢᠭᠤᠯᠵᠤ ᠂ ᠡᠷᠡᠭᠦᠦ ᠶᠢᠨ ᠬᠡᠷᠡᠭ ᠳᠦ ᠬᠤᠯᠪᠤᠭᠳᠠᠭᠰᠠᠨ ᠡᠳ᠋ ᠬᠦᠷᠦᠩᠬᠡ ᠶᠢ ᠰᠢᠢᠳᠪᠦᠷᠢᠯᠡᠬᠦ ᠠᠵᠢᠯ ᠢᠳᠡᠪᠬᠢᠲᠠᠢ ᠨᠠᠮ ᠤᠨ ᠬᠤᠷᠢᠶᠠᠨ ᠳᠤ ᠬᠠᠷᠢᠭᠤ ᠮᠡᠳᠡᠬᠦᠯᠵᠦ ᠂ ᠪᠦᠲᠦᠮᠵᠢᠲᠠᠢ ᠰᠢᠢᠳᠪᠦᠷᠢᠯᠡᠬᠦ ᠠᠷᠭ᠎ᠠ ᠠᠪᠴᠢᠯ ᠢ ᠰᠦᠪᠡᠭᠴᠢᠯᠡᠨ᠎ᠠ ᠃ ᠭᠤᠷᠪᠠ ᠳᠤ ᠬᠠᠤᠯᠢ ᠴᠠᠭᠠᠵᠠ ᠶᠢᠨ ᠦᠭᠡᠷᠡᠴᠢᠯᠡᠯᠲᠡ ᠶᠢᠨ ᠳᠠᠯ᠎ᠠ ᠪᠠᠷ ᠂ ᠰᠢᠨ᠎ᠠ ᠭᠡᠪ ᠮᠠᠶᠢᠭ ᠤᠨ ᠵᠤᠬᠢᠶᠠᠨ ᠪᠠᠢᠭᠤᠯᠤᠭᠰᠠᠨ ᠰᠢᠬᠦᠨ ᠳᠠᠰᠤᠯᠤᠯᠲᠠ ᠶᠢᠨ ᠠᠩᠬᠢ ᠶᠢ ᠦᠨᠳᠦᠰᠦᠯᠡᠵᠦ ᠂ ᠥᠭᠡᠷᠡᠴᠢᠯᠡᠯᠲᠡ ᠨᠢ ᠰᠢᠬᠦᠨ ᠳᠠᠰᠤᠯᠤᠯᠲᠠ ᠶᠢᠨ ᠴᠢᠨᠠᠷ ᠤᠨ ᠦᠷ᠎ᠠ ᠪᠦᠲᠦᠮᠵᠢ ᠶᠢ ᠳᠡᠭᠡᠭᠰᠢᠯᠡᠬᠦᠯᠬᠦ ᠡᠴᠦᠰ ᠦᠨ ᠬᠠᠷᠠᠯᠲᠠ ᠶᠢ ᠴᠢᠷᠮᠠᠢᠨ ᠪᠡᠶᠡᠯᠡᠬᠦᠯᠬᠦ ᠬᠡᠷᠡᠭᠲᠡᠢ ᠃
ᠬᠤᠷᠠᠯ ᠤᠨ ᠳᠠᠷᠠᠭ᠎ᠠ ᠂ ᠵᠢᠨ ᠵᠦ ᠳᠡᠳ᠋ ᠬᠤᠷᠢᠶᠠᠨ ᠳᠠᠷᠤᠭ᠎ᠠ ᠵᠡᠷᠭᠡ ᠬᠦᠮᠦᠰ ᠮᠠᠨ ᠤ ᠬᠤᠳᠠ ᠳᠤ ᠰᠠᠭᠤᠭ᠎ᠠ ᠪᠦᠯᠦᠭ ᠪᠦᠬᠦ ᠤᠯᠤᠰ ᠂ ᠥᠪᠡᠷᠲᠡᠭᠡᠨ ᠵᠠᠰᠠᠬᠤ ᠤᠷᠤᠨ ᠂ ᠬᠤᠳᠠ ᠶᠢᠨ ᠳᠡᠰ ᠦᠨ ᠠᠷᠠᠳ ᠤᠨ ᠲᠦᠯᠦᠭᠡᠯᠭᠴᠢᠳ ᠂ ᠤᠯᠤᠰ ᠲᠦᠷᠦ ᠶᠢᠨ ᠵᠦᠪᠯᠡᠭᠡᠨ ᠦ ᠬᠡᠰᠢᠬᠦᠨ ᠰᠠᠭᠤᠳᠠᠯ ᠤᠨ ᠬᠤᠷᠠᠯ ᠢ ᠬᠤᠷᠠᠯᠳᠤᠭᠤᠯᠵᠤ ᠂ ᠰᠢᠬᠦᠬᠦ ᠬᠤᠷᠢᠶᠠᠨ ᠤ ᠠᠵᠢᠯ ᠤᠨ ᠳᠤᠬᠠᠢ ᠲᠦᠯᠦᠭᠡᠯᠭᠴᠢ ᠶᠢᠨ ᠬᠡᠰᠢᠭᠦᠳ ᠲᠠᠢ ᠰᠤᠯᠢᠴᠠᠭᠠ ᠶᠠᠷᠢᠯᠴᠠᠭ᠎ᠠ ᠬᠢᠵᠦ ᠂ ᠲᠦᠯᠦᠭᠡᠯᠡᠭᠴᠢ ᠶᠢᠨ ᠭᠡᠰᠢᠭᠦᠳ ᠦᠨ ᠰᠢᠬᠦᠬᠦ ᠬᠤᠷᠢᠶᠠᠨ ᠤ ᠠᠵᠢᠯ ᠤᠨ ᠳᠤᠬᠠᠢ ᠰᠠᠨᠠᠭᠤᠯᠭ᠎ᠠ ᠪᠠ ᠰᠠᠨᠠᠯ ᠢ ᠰᠤᠨᠤᠰᠤᠪᠠ ᠃
ᠦᠨᠡᠯᠡᠬᠦ 0ᠦᠨᠡᠯᠡᠯᠲᠡ᠎ᠲᠠᠢ