ᠳᠡᠭᠡᠳᠦ ᠵᠡᠷᠬᠡ ᠰᠢᠬᠦᠬᠦ ᠬᠤᠷᠢᠶᠠᠨ ᠬᠢᠨᠠᠨ ᠪᠠᠢᠴᠠᠭᠠᠬᠤ ᠳᠤᠭᠤᠢᠯᠠᠩ ᠮᠠᠨ ᠤ ᠬᠤᠳᠠ ᠶᠢᠨ ᠰᠢᠬᠦᠬᠦ ᠬᠤᠷᠢᠶᠠᠨ ᠳᠤ ᠰᠠᠭᠠᠳᠠᠵᠤ ᠬᠠᠤᠯᠢ ᠴᠠᠭᠠᠵᠠ ᠶᠢᠨ ᠬᠠᠷᠢᠭᠤᠴᠠᠯᠭ ᠠ ᠶᠢᠨ ᠲᠦᠷᠢᠮ ᠦᠨ ᠦᠭᠡᠷᠡᠴᠢᠯᠡᠯᠲᠡ ᠶᠢ ᠳᠤᠤᠱᠢᠯᠠᠭᠤᠯᠤᠭᠰᠠᠨ ᠪᠠᠢᠳᠠᠯ ᠢ ᠪᠠᠢᠴᠠᠭᠠᠨ ᠵᠢᠭᠠᠨ ᠵᠢᠯᠤᠭᠤᠳᠪᠠ
11 ᠰᠠᠷᠠᠢᠨ 30 ᠡᠳᠦᠷ ᠦᠨ ᠦᠳᠡ ᠶᠢᠨ ᠡᠮᠦᠨ᠎ᠠ ᠂ ᠳᠡᠭᠡᠳᠦ ᠵᠡᠷᠬᠡ ᠶᠢᠨ ᠰᠢᠬᠦᠬᠦ ᠬᠤᠷᠢᠶᠠᠨ ᠤ ᠤᠯᠤᠰ ᠲᠦᠷᠦ ᠶᠢᠨ ᠭᠡᠯᠳᠡᠰ ᠦᠨ ᠳᠡᠳ᠋ ᠡᠷᠬᠢᠯᠡᠭᠴᠢ ᠯᠢᠨ ᠸᠸᠨ ᠰᠢᠥᠸᠠᠢ ᠂ ᠳᠡᠭᠡᠳᠦ ᠵᠡᠷᠬᠡ ᠶᠢᠨ ᠤᠯᠤᠰ ᠲᠦᠷᠦ ᠶᠢᠨ ᠭᠡᠯᠳᠡᠰ ᠦᠨ ᠵᠤᠬᠢᠶᠠᠨ ᠪᠠᠢᠭᠤᠯᠬᠤ ᠭᠠᠵᠠᠷ ᠤᠨ ᠺᠠᠳᠠᠷ ᠴᠦ᠋ ᠹᠦ ᠰᠢ᠂ ᠳᠡᠭᠡᠳᠦ ᠵᠡᠷᠬᠡ ᠶᠢᠨ ᠰᠢᠬᠦᠬᠦ ᠬᠤᠷᠢᠶᠠᠨ ᠤ ᠬᠠᠤᠯᠢ ᠴᠠᠭᠠᠵᠠ ᠶᠢᠨ ᠦᠭᠡᠷᠡᠴᠢᠯᠡᠯᠲᠡ ᠶᠢᠨ ᠲᠦᠯᠦᠪᠯᠡᠭᠡ ᠶᠢᠨ ᠭᠠᠵᠠᠷ ᠳᠠᠷᠤᠭ᠎ᠠ ᠾᠸ ᠹᠠᠨ ᠂ ᠵᠢᠶᠠᠩᠰᠦ ᠮᠤᠵᠢ ᠶᠢᠨ ᠳᠡᠭᠡᠳᠦ ᠵᠡᠷᠬᠡ ᠶᠢᠨ ᠰᠢᠬᠦᠬᠦ ᠬᠤᠷᠢᠶᠠᠨ ᠤ ᠰᠤᠳᠤᠯᠬᠤ ᠳᠠᠰᠤᠭ ᠤᠨ ᠡᠷᠬᠢᠯᠡᠭᠴᠢ ᠰᠦᠨ ᠵᠸ᠂ ᠱᠧᠨᠵᠧᠨ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠬᠢᠨᠠᠨ ᠬᠠᠮᠢᠶᠠᠷᠬᠤ ᠠᠯᠪᠠᠨ ᠭᠡᠷ ᠦᠨ ᠰᠢᠬᠦᠭᠴᠢ ᠵᠤᠤ ᠰᠢᠶᠠ ᠳᠡᠭᠡᠳᠦ ᠵᠡᠷᠬᠡ ᠶᠢᠨ ᠰᠢᠬᠦᠬᠦ ᠬᠤᠷᠢᠶᠠᠨ ᠤ ᠬᠢᠨᠠᠨ ᠪᠠᠢᠴᠠᠭᠠᠬᠤ ᠳᠤᠭᠤᠢᠯᠠᠩ ᠪᠤᠯᠵᠤ ᠪᠦᠷᠢᠯᠳᠦᠭᠰᠡᠨ ᠬᠦᠮᠦᠰ ᠂ ᠥᠪᠡᠷᠲᠡᠭᠡᠨ ᠵᠠᠰᠠᠬᠤ ᠤᠷᠤᠨ ᠤ ᠳᠡᠭᠡᠳᠦ ᠵᠡᠷᠬᠡ ᠶᠢᠨ ᠰᠢᠬᠦᠬᠦ ᠬᠤᠷᠢᠶᠠᠨ ᠳᠡᠳ᠋ ᠬᠤᠷᠢᠶᠠᠨ ᠳᠠᠷᠤᠭ᠎ᠠ ᠵᠠᠩ ᠹᠸᠩ ᠰᠢ ᠂ ᠤᠯᠤᠰ ᠲᠦᠷᠦ ᠶᠢᠨ ᠬᠡᠯᠳᠡᠰ ᠦᠨ ᠳᠡᠳ᠋ ᠡᠷᠬᠢᠯᠡᠭᠴᠢ ᠸᠠᠩ ᠵᠢᠩ ᠯᠠᠨ ᠵᠡᠷᠬᠡ ᠬᠦᠮᠦᠰ ᠲᠠᠢ ᠬᠠᠮᠳᠤ ᠂ ᠮᠠᠨ ᠤ ᠬᠤᠳᠠ ᠶᠢᠨ ᠰᠢᠬᠦᠬᠦ ᠬᠤᠷᠢᠶᠠᠨ ᠳᠤ ᠰᠠᠭᠠᠳᠠᠵᠤ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠲᠦᠷᠢᠮ ᠦᠨ ᠦᠭᠡᠷᠡᠴᠢᠯᠡᠯᠲᠡ ᠶᠢ ᠳᠤᠤᠱᠢᠯᠠᠭᠤᠯᠤᠭᠰᠠᠨ ᠪᠠᠢᠳᠠᠯ ᠢ ᠪᠠᠢᠴᠠᠭᠠᠨ ᠵᠢᠭᠠᠨ ᠵᠢᠯᠤᠭᠤᠳᠪᠠ᠃ ᠦᠳᠡ ᠶᠢᠨ ᠡᠮᠦᠨ᠎ᠠ 9 ᠴᠠᠭ ᠲᠤ ᠂ ᠳᠡᠭᠡᠳᠦ ᠵᠡᠷᠬᠡ ᠶᠢᠨ ᠰᠢᠬᠦᠬᠦ ᠬᠤᠷᠢᠶᠠᠨ ᠤ ᠬᠢᠨᠠᠨ ᠪᠠᠢᠴᠠᠭᠠᠬᠤ ᠳᠤᠭᠤᠢᠯᠠᠩ ᠬᠤᠳᠠ ᠶᠢᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠢᠯᠠᠩ ᠤᠨ ᠬᠡᠰᠢᠬᠦᠨ ᠂ ᠡᠯ᠎ᠠ ᠬᠤᠰᠢᠭᠤ ᠳᠤᠭᠤᠷᠢᠭ ᠤᠨ ᠰᠢᠬᠦᠬᠦ ᠬᠤᠷᠢᠶᠠᠨ ᠤ ᠬᠤᠷᠢᠶᠠᠨ ᠳᠠᠷᠤᠭ᠎ᠠ ᠵᠢᠴᠢ ᠡᠯ᠎ᠠ ᠰᠠᠯᠠᠭ᠎ᠠ ᠮᠦᠴᠢᠷ ᠦᠨ ᠬᠠᠷᠢᠭᠤᠴᠠᠯᠭᠠᠲᠠᠨ ᠳᠠᠢ ᠰᠠᠭᠤᠳᠠᠯ ᠤᠨ ᠬᠤᠷᠠᠯ ᠢ ᠬᠤᠷᠠᠯᠳᠤᠭᠤᠯᠪᠠ ᠃
ᠬᠤᠷᠠᠯ ᠳᠡᠭᠡᠷ᠎ᠠ ᠂ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠢᠯᠠᠩ ᠤᠨ ᠱᠦᠵᠢ ᠂ ᠤᠷᠤᠯᠠᠭᠴᠢ ᠬᠤᠷᠢᠶᠠᠨ ᠳᠠᠷᠤᠭ᠎ᠠ ᠯᠢ ᠾᠦᠩ ᠶᠠᠨ ᠬᠠᠮᠤᠭ ᠡᠮᠦᠨ᠎ᠠ 2014 ᠤᠨ ᠠᠴᠠ ᠨᠠᠰᠢ ᠪᠦᠬᠦ ᠬᠤᠳᠠ ᠶᠢᠨ ᠰᠢᠬᠦᠬᠦ ᠬᠤᠷᠢᠶ᠎ᠠ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠲᠦᠷᠢᠮ ᠦᠨ ᠦᠭᠡᠷᠡᠴᠢᠯᠡᠯᠲᠡ ᠶᠢ ᠳᠤᠤᠱᠢᠯᠠᠭᠤᠯᠬᠤ ᠵᠡᠷᠬᠡ ᠭᠣᠣᠯᠳᠠᠯᠭ᠎ᠠ ᠲᠠᠢ ᠦᠭᠡᠷᠡᠴᠢᠯᠡᠯᠲᠡ ᠶᠢᠨ ᠡᠭᠦᠷᠭᠡ ᠶᠢᠨ ᠬᠠᠮᠢᠶ᠎ᠠ ᠪᠦᠬᠦᠢ ᠪᠠᠢᠳᠠᠯ ᠤᠨ ᠳᠤᠬᠠᠢ ᠨᠠᠷᠢᠯᠢᠭ ᠬᠠᠷᠢᠭᠤ ᠮᠡᠳᠡᠬᠦᠯᠦᠯᠲᠡ ᠬᠢᠵᠦ ᠂ ᠤᠷᠳᠤᠰ ᠤᠨ ᠰᠢᠬᠦᠬᠦ ᠬᠤᠷᠢᠶᠠᠨ ᠤ ᠠᠵᠢᠯᠲᠠᠨ ᠤ ᠤᠷᠤᠨ ᠳᠤᠭ᠎ᠠ ᠵᠢᠴᠢ ᠬᠡᠷᠡᠭ ᠬᠦᠯᠢᠶᠡᠨ ᠠᠪᠬᠤ ᠂ ᠠᠵᠢᠯᠲᠠᠨ ᠤ ᠤᠷᠤᠨ ᠳᠤᠭ᠎ᠠ ᠶᠢᠨ ᠲᠦᠷᠢᠮ ᠦᠨ ᠦᠭᠡᠷᠡᠴᠢᠯᠡᠯᠲᠡ ᠂ ᠬᠢᠶᠠᠨ ᠪᠠᠭᠰᠢ ᠰᠢᠬᠦᠬᠦ ᠬᠤᠷᠢᠶᠠᠨ ᠤ ᠪᠡᠯᠡᠳᠭᠡᠯ ᠳᠤᠭᠤᠢᠯᠠᠩ ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠲᠦᠷᠢᠮ ᠦᠨ ᠦᠭᠡᠷᠡᠴᠢᠯᠡᠯᠲᠡ ᠵᠡᠷᠭᠡ ᠪᠠᠢᠳᠠᠯ ᠢ ᠪᠦᠬᠦ ᠳᠠᠯ᠎ᠠ ᠪᠠᠷ ᠳᠠᠨᠢᠴᠠᠭᠤᠯᠪᠠ ᠃ ᠡᠭᠦᠨ ᠦ ᠬᠠᠮᠳᠤ ᠂ ᠯᠢ ᠾᠦᠩ ᠶᠠᠨ ᠤᠷᠤᠯᠠᠭᠴᠢ ᠬᠤᠷᠢᠶᠠᠨ ᠳᠠᠷᠤᠭ᠎ᠠ ᠮᠠᠨ ᠤ ᠬᠤᠳᠠ ᠶᠢᠨ ᠰᠢᠬᠦᠬᠦ ᠬᠤᠷᠢᠶ᠎ᠠ ᠦᠭᠡᠷᠡᠴᠢᠯᠡᠯᠲᠡ ᠶᠢ ᠲᠦᠯᠬᠢᠨ ᠠᠬᠢᠭᠤᠯᠬᠤ ᠶᠠᠪᠤᠴᠠ ᠳᠤ ᠬᠡᠷᠡᠭ ᠠᠷᠪᠢᠨ ᠬᠦᠮᠦᠨ ᠪᠠᠭ᠎ᠠ ᠂ ᠺᠠᠳᠠᠷ ᠴᠠᠭᠳᠠᠭ᠎ᠠ ᠶᠢᠨ ᠪᠠᠢᠷᠢ ᠤᠯᠠᠨ ᠶᠠᠩᠵᠤ ᠪᠤᠳᠤᠯᠢᠶᠠᠨᠳᠠᠢ ᠂ ᠬᠠᠤᠯᠢ ᠶᠢᠨ ᠴᠠᠭᠳᠠᠭᠠᠨ ᠤ ᠠᠩᠬᠢ ᠴᠦᠬᠡᠨ ᠴᠢᠨᠠᠷ ᠮᠠᠭᠤ ᠬᠠᠷᠭᠠᠯᠵᠢᠯᠠᠯ ᠳᠣᠣᠷ᠎ᠠ ᠂ ᠰᠢᠬᠦᠨ ᠲᠠᠰᠤᠯᠤᠯᠲᠠ ᠶᠢᠨ ᠬᠠᠪᠰᠤᠷᠤᠭᠴᠢ ᠳᠤᠳᠠᠭᠳᠠᠵᠤ ᠪᠠᠢᠬᠤ ᠵᠢᠴᠢ ᠠᠵᠢᠯ ᠤᠨ ᠦᠢᠯᠡᠰ ᠦᠨ ᠤᠷᠤᠨ ᠳᠤᠭᠠᠨ ᠤ ᠰᠢᠭᠦᠭᠴᠢ ᠂ ᠳᠠᠩᠰᠠᠨ ᠳᠤ ᠤᠷᠤᠭ᠎ᠠ ᠦᠭᠡᠢ ᠬᠠᠭᠤᠴᠢᠨ ᠰᠢᠬᠦᠭᠴᠢ ᠶᠢᠨ ᠴᠠᠯᠢᠩ ᠬᠦᠯᠦᠰᠦ ᠶᠢ ᠬᠡᠷᠬᠢᠨ ᠪᠠᠳᠤᠯᠠᠬᠤ ᠵᠡᠷᠬᠡ ᠬᠦᠴᠢᠷᠳᠡᠯ ᠢ ᠬᠢᠨᠠᠨ ᠪᠠᠢᠴᠠᠭᠠᠬᠤ ᠳᠤᠭᠤᠢᠯᠠᠩ ᠳᠤ ᠪᠤᠳᠠᠳᠠᠢ ᠳᠤᠰᠬᠠᠵᠤ ᠂ ᠡᠳᠡᠭᠡᠷ ᠤᠷᠳᠤᠰ ᠤᠨ ᠭᠠᠵᠠᠷ ᠤᠷᠤᠨ ᠤ ᠤᠨᠴᠠᠯᠢᠭ ᠳᠤᠪᠤᠢᠭᠰᠠᠨ ᠠᠰᠠᠭᠤᠳᠠᠯ ᠳᠡᠭᠡᠳᠦ ᠱᠠᠳᠤᠨ ᠤ ᠰᠠᠯᠠᠭ᠎ᠠ ᠮᠦᠴᠢᠷ ᠦᠨ ᠠᠩᠬᠠᠷᠤᠯ ᠪᠠ ᠴᠢᠬᠤᠯᠴᠢᠯᠠᠯ ᠢ ᠤᠯᠵᠤ᠂ ᠮᠠᠨ ᠤ ᠳᠡᠭᠡᠷ᠎ᠠ ᠳᠤᠷᠠᠳᠤᠭᠰᠠᠨ ᠠᠰᠠᠭᠤᠳᠠᠯ ᠪᠠ ᠬᠦᠴᠢᠷᠳᠡᠯ ᠢ ᠪᠤᠳᠠᠳᠠᠢ ᠪᠠᠷ ᠰᠢᠢᠳᠪᠦᠷᠢᠯᠡᠵᠦ ᠦᠭᠬᠦ ᠶᠢ ᠬᠦᠰᠡᠵᠦ ᠪᠠᠢᠨ᠎ᠠ ᠃
ᠬᠤᠷᠠᠯ ᠳᠡᠭᠡᠷ᠎ᠠ ᠡᠵᠡᠨ ᠬᠤᠷᠤᠭ᠎ᠠ ᠬᠤᠰᠢᠭᠤᠨ ᠤ ᠰᠢᠬᠦᠬᠦ ᠬᠤᠷᠢᠶᠠᠨ ᠤ ᠸᠠᠩ ᠯᠢᠶᠠᠩ ᠬᠤᠷᠢᠶᠠᠨ ᠳᠠᠷᠤᠭ᠎ᠠ ᠰᠢᠬᠦᠨ ᠳᠠᠰᠤᠯᠠᠬᠤ ᠳᠠᠷᠤᠭ᠎ᠠ ᠬᠡᠷᠡᠭᠵᠢᠬᠦᠯᠬᠦ ᠶᠢ ᠳᠤᠷᠰᠢᠯᠲᠠ ᠬᠢᠬᠦ ᠂ ᠤᠷᠳᠤ ᠬᠤᠭᠤᠴᠠᠭᠠᠨ ᠬᠠᠷᠢᠭᠤᠴᠠᠯᠭ᠎ᠠ ᠶᠢᠨ ᠲᠦᠷᠢᠮ ᠦᠨ ᠦᠬᠡᠷᠡᠴᠢᠯᠡᠯᠲᠡ ᠶᠢ ᠬᠡᠷᠡᠭᠵᠢᠬᠦᠯᠬᠦ ᠶᠢᠨ ᠳᠤᠬᠠᠢ ᠳᠤᠰᠬᠠᠢ ᠬᠠᠷᠢᠭᠤ ᠮᠡᠳᠡᠭᠦᠯᠦᠯᠲᠡ ᠬᠢᠪᠡ ᠃ ᠪᠤᠰᠤᠳ ᠦᠨᠳᠦᠰᠦᠨ ᠱᠠᠳᠤᠨ ᠤ ᠰᠢᠬᠦᠬᠦ ᠬᠤᠷᠢᠶᠠᠨ ᠤ ᠬᠤᠷᠢᠶᠠᠨ ᠳᠠᠷᠤᠭ᠎ᠠ ᠪᠠᠰᠠ ᠢᠳᠡᠪᠬᠢᠲᠠᠢ ᠶᠠᠷᠢᠶ᠎ᠠ ᠳᠠᠯᠪᠢᠵᠤ ᠂ ᠳᠤᠰᠪᠤᠷᠢ ᠶᠢᠨ ᠤᠷᠤᠰᠢᠵᠤ ᠪᠠᠢᠬᠤ ᠠᠰᠠᠭᠤᠳᠠᠯ ᠪᠠ ᠬᠦᠴᠢᠷᠳᠡᠯ ᠢᠶᠡᠨ ᠬᠤᠷᠠᠯ ᠳᠤ ᠤᠷᠤᠯᠴᠠᠭᠰᠠᠨ ᠤᠳᠤᠷᠢᠳᠤᠯᠭ᠎ᠠ ᠠᠴᠠ ᠵᠢᠭᠠᠪᠤᠷᠢ ᠠᠪᠬᠤ ᠬᠠᠷᠢᠭᠤ ᠮᠡᠳᠡᠭᠦᠯᠦᠯᠲᠡ ᠬᠢᠪᠡ ᠃
ᠡᠭᠦᠨ ᠦ ᠬᠠᠮᠳᠤ ᠂ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠯᠢ ᠮᠸᠢ ᠷᠦᠩ ᠳᠡᠳ᠋ ᠬᠤᠷᠢᠶᠠᠨ ᠳᠠᠷᠤᠭ᠎ᠠ ᠬᠤᠷᠠᠯ ᠳᠡᠬᠡᠷ᠎ᠠ ᠳᠤᠷᠠᠳᠤᠭᠰᠠᠨ ᠨᠢ ᠂ 《ᠰᠢᠬᠦᠭᠴᠢ ᠶᠢᠨ ᠡᠩᠨᠡᠭᠡ ᠶᠢ ᠳᠤᠰᠬᠠᠢᠯᠠᠵᠢᠭᠤᠯᠵᠤ ᠂ ᠰᠢᠬᠦᠨ ᠳᠠᠰᠤᠯᠠᠬᠤ ᠠᠵᠢᠯ ᠢ ᠳᠤᠰᠬᠠᠢᠵᠢᠭᠤᠯᠬᠤ》ᠬᠠᠷᠠᠯᠲᠠ ᠶᠢ ᠪᠡᠶᠡᠯᠡᠬᠦᠯᠬᠦ ᠶᠢ ᠪᠠᠳᠤᠯᠠᠬᠤ ᠶᠢᠨ ᠲᠦᠯᠦᠭᠡ ᠂ ᠰᠢᠬᠦᠭᠴᠢ ᠶᠢᠨ ᠳᠡᠭᠡᠳᠦ ᠰᠤᠷᠭᠠᠭᠤᠯᠢ《ᠰᠦᠯᠵᠢᠶᠡᠨ ᠦ ᠬᠢᠴᠢᠶᠡᠯ》ᠨᠡᠭᠡᠭᠡᠬᠦ ᠶᠢ ᠰᠠᠨᠠᠭᠠᠴᠢᠯᠠᠵᠤ ᠂ ᠦᠨᠳᠦᠰᠦᠨ ᠱᠠᠳᠤᠨ ᠤ ᠺᠠᠳᠠᠷ ᠴᠠᠭᠳᠠᠭ᠎ᠠ ᠳᠠᠪᠰᠢᠭᠰᠠᠨ ᠰᠢᠬᠦᠨ ᠳᠠᠰᠤᠯᠠᠬᠤ ᠳᠤᠷᠰᠢᠯᠭ᠎ᠠ ᠶᠢ ᠰᠤᠷᠤᠯᠴᠠᠬᠤ ᠳᠤ ᠲᠦᠬᠦᠮ ᠦᠵᠡᠬᠦᠯᠦᠨ᠎ᠠ ᠃ ᠦᠪᠦᠷ ᠮᠤᠩᠭᠤᠯ ᠪᠤᠯ ᠴᠦᠬᠡᠨ ᠳᠤᠭᠠᠲᠤ ᠦᠨᠳᠦᠰᠦᠲᠡᠨ ᠦ ᠭᠠᠵᠠᠷ ᠤᠷᠤᠨ ᠪᠤᠯᠬᠤ ᠪᠠᠢᠳᠠᠯ ᠳᠤ ᠴᠢᠭᠯᠡᠭᠦᠯᠦᠨ ᠂ ᠴᠢᠳᠠᠬᠤ ᠶᠢᠨ ᠳᠤᠳᠤᠷ᠎ᠠ ᠬᠤᠶᠠᠷ ᠬᠡᠯᠡᠨ ᠦ ᠰᠢᠭᠦᠭᠴᠢ ᠶᠢ ᠬᠦᠢᠴᠡᠳ ᠪᠠᠢᠯᠭᠠᠬᠤ ᠬᠡᠷᠡᠭᠲᠡᠢ ᠃ ᠬᠠᠷᠢᠭᠤᠴᠠᠯᠭ᠎ᠠ ᠶᠢᠨ ᠲᠦᠷᠢᠮ ᠢ ᠶᠠᠪᠤᠭᠳᠠᠭᠤᠯᠤᠭᠰᠠᠨ ᠤ ᠳᠠᠷᠠᠭ᠎ᠠ ᠂ ᠰᠢᠭᠦᠭᠴᠢ ᠶᠢᠨ ᠠᠵᠢᠯ ᠤᠨ ᠪᠦᠲᠦᠮᠵᠢ ᠶᠢᠨ ᠴᠠᠯᠢᠩ ᠢ ᠠᠵᠢᠯ ᠤᠨ ᠬᠡᠮᠵᠢᠶ᠎ᠠ ᠲᠠᠢ ᠬᠤᠯᠪᠤᠭᠳᠠᠭᠤᠯᠵᠤ ᠂ ᠴᠢᠳᠠᠬᠤ ᠶᠢᠨ ᠳᠤᠳᠤᠷ᠎ᠠ ᠦᠨᠳᠦᠰᠦᠨ ᠱᠠᠳᠤᠨ ᠤ ᠰᠢᠬᠦᠬᠦ ᠬᠤᠷᠢᠶ᠎ᠠ ᠦᠭᠡᠳᠡ ᠬᠡᠯᠪᠡᠢᠯᠬᠡᠯᠬᠦ ᠬᠡᠷᠡᠭᠲᠡᠢ ᠃
ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠡᠯ᠎ᠠ ᠤᠳᠤᠷᠢᠳᠤᠯᠭ᠎ᠠ ᠵᠢᠴᠢ ᠦᠨᠳᠦᠰᠦᠨ ᠱᠠᠳᠤᠨ ᠤ ᠰᠢᠬᠦᠬᠦ ᠬᠤᠷᠢᠶᠠᠨ ᠤ ᠬᠤᠷᠢᠶᠠᠨ ᠳᠠᠷᠤᠭ᠎ᠠ ᠶᠢᠨ ᠬᠠᠷᠢᠭᠤ ᠮᠡᠳᠡᠬᠦᠯᠦᠯᠲᠡ ᠶᠢ ᠨᠠᠷᠢᠯᠢᠭ ᠰᠤᠨᠤᠰᠤᠭᠰᠠᠨ ᠤ ᠳᠠᠷᠠᠭ᠎ᠠ ᠂ ᠳᠡᠭᠡᠳᠦ ᠵᠡᠷᠬᠡ ᠶᠢᠨ ᠰᠢᠬᠦᠬᠦ ᠬᠤᠷᠢᠶᠠᠨ ᠤ ᠬᠠᠤᠯᠢ ᠴᠠᠭᠠᠵᠠ ᠶᠢᠨ ᠦᠬᠡᠷᠡᠴᠢᠯᠡᠯᠲᠡ ᠶᠢᠨ ᠠᠯᠪᠠᠨ ᠭᠡᠷ ᠦᠨ ᠲᠦᠯᠦᠭᠯᠡᠭᠡ ᠶᠢᠨ ᠭᠠᠵᠠᠷ ᠤᠨ ᠾᠸ ᠹᠠᠨ ᠳᠠᠷᠤᠭ᠎ᠠ ᠳᠡᠭᠡᠷ᠎ᠠ ᠳᠤᠷᠠᠳᠤᠭᠰᠠᠨ ᠠᠰᠠᠭᠤᠳᠠᠯ ᠳᠤ 6 ᠰᠠᠨᠠᠭᠤᠯᠭ᠎ᠠ ᠳᠤᠷᠠᠳᠤᠪᠠ ᠄ ᠨᠢᠬᠡ ᠪᠤᠯ《ᠰᠢᠭᠦᠭᠴᠢ ᠪᠠᠷ ᠬᠠᠷᠢᠭᠤᠴᠠᠯᠭ᠎ᠠ ᠶᠢ ᠡᠭᠦᠷᠭᠡᠯᠡᠭᠦᠯᠬᠦ ᠂ ᠳᠠᠰᠤᠯᠤᠭᠴᠢ ᠪᠠᠷ ᠬᠠᠷᠢᠭᠤᠴᠠᠯᠭ᠎ᠠ ᠶᠢ ᠡᠭᠦᠷᠭᠡᠯᠡᠭᠦᠯᠬᠦ》ᠵᠠᠷᠴᠢᠮ ᠢ ᠴᠢᠩᠭ᠎ᠠ ᠵᠢᠷᠦᠮᠯᠡᠨ ᠬᠠᠷᠢᠭᠤᠴᠠᠯᠭ᠎ᠠ ᠶᠢᠨ ᠲᠦᠷᠢᠮ ᠢ ᠨᠠᠢᠳᠠᠪᠤᠷᠢᠵᠢᠭᠤᠯᠵᠤ ᠂ ᠬᠢᠨᠠᠨ ᠵᠦᠪᠰᠢᠶᠡᠷᠡᠬᠦ ᠠᠯᠬᠤᠮ ᠢ ᠲᠦᠬᠦᠮᠴᠢᠯᠡᠵᠦ ᠂ ᠬᠡᠷᠡᠭ ᠦᠨ ᠴᠢᠨᠠᠷ ᠴᠢᠨᠰᠠᠭ᠎ᠠ ᠦᠷ᠎ᠠ ᠪᠦᠲᠦᠮᠵᠢ ᠶᠢ ᠳᠡᠭᠡᠭᠰᠢᠯᠡᠬᠦᠯᠦᠨ᠎ᠠ ᠃ ᠬᠤᠶᠠᠷ ᠪᠤᠯ ᠬᠠᠮᠤᠭ ᠲᠦᠷᠭᠡᠨ ᠢᠶᠡᠷ ᠤᠯᠠᠨ ᠠᠷᠭ᠎ᠠ ᠮᠠᠶᠢᠭ ᠢᠶᠠᠷ ᠵᠢᠭᠤᠷᠤᠯᠳᠤᠭᠠᠨ ᠢ ᠡᠶᠡᠳᠡᠬᠦᠯᠬᠦ ᠪᠠᠢᠭᠤᠯᠤᠮᠵᠢ ᠶᠢ ᠪᠠᠢᠭᠤᠯᠤᠨ ᠳᠡᠭᠦᠯᠳᠡᠷᠵᠢᠬᠦᠯᠵᠦ ᠂ ᠶᠡᠬᠡ ᠬᠡᠮᠵᠢᠶᠡᠨ ᠦ ᠵᠦᠷᠢᠴᠡᠯ ᠢ ᠵᠠᠷᠭᠤ ᠶᠢᠨ ᠡᠮᠦᠨ᠎ᠠ ᠡᠶᠡᠳᠡᠬᠦᠯᠵᠦ ᠂ ᠵᠠᠷᠭᠤᠯᠳᠤᠬᠤ ᠪᠠ ᠡᠶᠡᠳᠡᠬᠦᠯᠬᠦ ᠶᠢ ᠤᠶᠠᠯᠳᠤᠭᠤᠯᠬᠤ ᠶᠢ ᠪᠡᠶᠡᠯᠡᠬᠦᠯᠦᠨ᠎ᠠ ᠃ ᠭᠤᠷᠪᠠ ᠪᠤᠯ ᠳᠡᠭᠡᠳᠦ ᠵᠡᠷᠬᠡ ᠶᠢᠨ ᠰᠢᠬᠦᠬᠦ ᠬᠤᠷᠢᠶᠠᠨ ᠤ【2016】21 ᠨᠣᠮᠧᠷᠲᠤ ᠪᠢᠴᠢᠭ᠌ ᠮᠠᠲ᠋ᠧᠷᠢᠶᠠᠯ ᠨᠠᠷᠢᠨ ᠬᠢᠨᠠᠮᠠᠭᠠᠢ ᠳᠤᠤᠱᠢᠯᠠᠭᠤᠯᠵᠤ ᠂ ᠲᠦᠪᠡᠭᠳᠡᠢ ᠪᠠ ᠬᠢᠯᠪᠠᠷ ᠢ ᠬᠤᠪᠢᠶᠠᠨ ᠰᠢᠢᠳᠪᠦᠷᠢᠯᠡᠬᠦ ᠶᠢ ᠪᠡᠶᠡᠯᠡᠬᠦᠯᠦᠨ᠎ᠠ ᠃ ᠲᠦᠷᠪᠡ ᠪᠤᠯ ᠱᠧᠨᠵᠧᠨ ᠤ ᠰᠢᠬᠦᠬᠦ ᠬᠤᠷᠢᠶᠠᠨ ᠤ ᠠᠮᠵᠢᠯᠲᠠ ᠤᠯᠤᠭᠰᠠᠨ ᠳᠤᠷᠰᠢᠯᠭ᠎ᠠ ᠪᠠᠷ ᠯᠠᠪᠯᠠᠯᠲᠠ ᠪᠤᠯᠭᠠᠵᠤ ᠂ ᠪᠢᠴᠢᠭ᠌ ᠬᠠᠷ᠎ᠠ ᠶᠢᠨ ᠦᠭᠡᠷᠡᠴᠢᠯᠡᠯᠲᠡ ᠶᠢᠨ ᠠᠵᠢᠯ ᠢ ᠬᠠᠮᠤᠭ ᠲᠦᠷᠭᠡᠨ ᠢᠶᠡᠷ ᠪᠤᠳᠠᠳᠠᠢᠵᠢᠭᠤᠯᠵᠤ ᠂ ᠰᠢᠬᠦᠨ ᠳᠠᠰᠤᠯᠤᠯᠲᠠ ᠶᠢᠨ ᠠᠷᠭ᠎ᠠ ᠮᠠᠶᠢᠭ ᠤᠨ ᠥᠭᠡᠷᠡᠴᠢᠯᠡᠯᠲᠡ ᠶᠢ ᠳᠠᠢᠴᠢᠯᠠᠨ᠎ᠠ ᠃ ᠳᠠᠪᠤ ᠪᠤᠯ ᠳᠤᠬᠠᠢᠯᠠᠭᠰᠠᠨ ᠠᠵᠢᠯ ᠤᠨ ᠰᠢᠬᠦᠨ ᠳᠠᠰᠤᠯᠤᠯᠲᠠ ᠶᠢᠨ ᠳᠠᠪᠠᠭᠤᠯᠢᠭ ᠢᠶᠠᠨ ᠬᠦᠢᠴᠡᠳ ᠠᠰᠢᠭᠯᠠᠵᠤ ᠂ ᠬᠤᠯᠪᠤᠭᠳᠠᠯ ᠲᠠᠢ ᠬᠡᠷᠡᠭ ᠂ ᠰᠢᠷᠢᠰ ᠬᠡᠷᠡᠭ ᠢ ᠲᠦᠪᠯᠡᠷᠡᠬᠦᠯᠦᠨ ᠰᠢᠢᠳᠪᠦᠷᠢᠯᠡᠨ᠎ᠠ ᠃ ᠵᠢᠷᠭᠤᠭ᠎ᠠ ᠪᠤᠯ ᠲᠢᠩᠬᠢᠮ ᠦᠨ ᠰᠢᠭᠦᠯᠲᠡ ᠶᠢᠨ ᠳᠡᠮᠳᠡᠭᠯᠡᠬᠦ ᠬᠡᠯᠪᠡᠷᠢ ᠶᠢ ᠦᠭᠡᠷᠡᠴᠢᠯᠡᠵᠦ ᠂ ᠳᠠᠭᠤᠨ ᠤ ᠦᠩᠬᠡ ᠶᠢ ᠢᠯᠭᠠᠨ ᠳᠡᠮᠳᠡᠭᠯᠡᠬᠦ ᠰᠢᠰᠲ᠋ᠧᠮ ᠢ ᠠᠯᠬᠤᠮ ᠠᠯᠬᠤᠮ ᠢᠶᠠᠷ ᠬᠡᠷᠡᠭᠯᠡᠵᠦ ᠂ ᠠᠵᠢᠯ ᠤᠨ ᠪᠦᠲᠦᠮᠵᠢ ᠶᠢ ᠳᠡᠭᠡᠭᠰᠢᠯᠡᠬᠦᠯᠦᠨ᠎ᠠ ᠃
ᠡᠭᠦᠨ ᠦ ᠳᠠᠷᠠᠭ᠎ᠠ ᠂ ᠳᠡᠭᠡᠳᠦ ᠵᠡᠷᠬᠡ ᠶᠢᠨ ᠰᠢᠬᠦᠬᠦ ᠬᠤᠷᠢᠶᠠᠨ ᠤ ᠬᠢᠨᠠᠨ ᠪᠠᠢᠴᠠᠭᠠᠬᠤ ᠳᠤᠭᠤᠢᠯᠠᠩ ᠤᠨ ᠳᠠᠷᠤᠭ᠎ᠠ ᠯᠢᠨ ᠸᠸᠨ ᠰᠢᠦᠸᠠᠢ ᠡᠷᠬᠢᠯᠡᠭᠴᠢ ᠴᠢᠩᠭᠠᠳᠬᠠᠭᠰᠠᠨ ᠨᠢ ᠂ ᠳᠤᠰ ᠤᠳᠠᠭᠠᠨ ᠤ ᠬᠢᠨᠠᠨ ᠪᠠᠢᠴᠠᠭᠠᠯᠲᠠ ᠭᠤᠤᠯᠳᠠᠭᠤ ᠭᠤᠷᠪᠠᠨ ᠠᠭᠤᠯᠭ᠎ᠠ ᠳᠠᠢ ᠂ ᠬᠠᠮᠤᠭ ᠤᠷᠢᠳ ᠠᠵᠢᠯᠲᠠᠨ ᠤ ᠤᠷᠤᠨ ᠳᠤᠭ᠎ᠠ ᠶᠢᠨ ᠦᠭᠡᠷᠡᠴᠢᠯᠡᠯᠲᠡ ᠠᠮᠵᠢᠯᠲᠠ ᠤᠯᠤᠭᠰᠠᠨ ᠡᠰᠡᠬᠦ ᠃ ᠤᠷᠳᠤᠰ ᠪᠦᠬᠦ ᠬᠤᠳᠠ ᠶᠢᠨ ᠰᠢᠬᠦᠬᠦ ᠬᠤᠷᠢᠶ᠎ᠠ ᠶᠢ ᠦᠵᠡᠪᠡᠯ ᠂ ᠰᠢᠭᠦᠭᠴᠢ ᠶᠢᠨ ᠠᠵᠢᠯᠲᠠᠨ ᠤ ᠤᠷᠤᠨ ᠳᠤᠭ᠎ᠠ ᠶᠢᠨ ᠦᠭᠡᠷᠡᠴᠢᠯᠡᠯᠲᠡ ᠨᠢᠭᠡᠨᠲᠡ ᠳᠠᠭᠤᠰᠴᠤ ᠂ ᠯᠠᠪᠳᠠᠭᠤᠨ ᠳᠤᠭᠳᠠᠭᠤᠨ ᠢᠶᠠᠷ ᠤᠷᠤᠭᠰᠢᠯᠠᠵᠤ᠂ ᠶᠡᠷᠦᠩᠬᠡᠢ ᠴᠤᠭᠴᠠ ᠶᠢᠨ ᠠᠵᠢᠯ ᠯᠠᠪᠳᠠᠭᠤᠨ ᠤ ᠳᠤᠮᠳᠠ ᠳᠡᠭᠡᠭᠰᠢᠯᠡᠯᠲᠡ ᠲᠠᠢ᠃ ᠳᠠᠷᠠᠭ᠎ᠠ ᠨᠢ ᠴᠠᠯᠢᠩ ᠤᠨ ᠲᠦᠷᠢᠮ ᠦᠨ ᠦᠭᠡᠷᠡᠴᠢᠯᠡᠯᠲᠡ ᠨᠠᠢᠳᠠᠪᠤᠷᠢᠵᠢᠭᠤᠯᠤᠭᠰᠠᠨ ᠡᠰᠡᠬᠦ ᠃ ᠤᠳᠤᠬᠠᠨ ᠳᠤ ᠪᠦᠬᠦ ᠬᠤᠳᠠ ᠶᠢᠨ ᠰᠢᠬᠦᠬᠦ ᠬᠤᠷᠢᠶ᠎ᠠ ᠥᠪᠡᠷᠲᠡᠭᠡᠨ ᠵᠠᠰᠠᠬᠤ ᠤᠷᠤᠨ ᠤ ᠳᠡᠭᠡᠳᠦ ᠵᠡᠷᠬᠡ ᠶᠢᠨ ᠰᠢᠬᠦᠬᠦ ᠬᠤᠷᠢᠶᠠᠨ ᠤ ᠨᠢᠬᠡᠳᠦᠯᠲᠡᠢ ᠪᠠᠢᠷᠢᠰᠢᠭᠤᠯᠤᠯᠲᠠ ᠳᠤᠤᠷ᠎ᠠ ᠂ ᠶᠠᠭ ᠳᠡᠰ ᠳᠠᠷᠠᠭᠠᠨ ᠠᠬᠢᠭᠤᠯᠵᠤ᠂ ᠡᠨᠡ ᠵᠢᠯ ᠦᠨ ᠡᠴᠦᠰ ᠡᠴᠡ ᠡᠮᠦᠨ᠎ᠠ ᠪᠦᠬᠦ ᠳᠠᠯ᠎ᠠ ᠪᠠᠷ ᠨᠠᠢᠳᠠᠪᠤᠷᠢᠵᠢᠭᠤᠯᠬᠤ ᠪᠠᠷ ᠳᠡᠮᠡᠴᠡᠨᠠ ᠃ ᠬᠠᠮᠤᠭ ᠡᠴᠦᠰ ᠲᠦ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠲᠦᠷᠢᠮ ᠦᠨ ᠦᠭᠡᠷᠡᠴᠢᠯᠡᠯᠲᠡ ᠶᠢᠨ ᠪᠠᠢᠭᠤᠯᠤᠮᠵᠢ ᠪᠠᠢᠭᠤᠯᠤᠭᠳᠠᠭᠰᠠᠨ ᠡᠰᠡᠬᠦ ᠃ ᠤᠳᠤᠬᠠᠨ ᠳᠤ ᠦᠵᠡᠪᠡᠯ ᠂ ᠤᠨᠴᠠ ᠵᠠᠷᠢᠮ ᠰᠢᠬᠦᠬᠦ ᠬᠤᠷᠢᠶ᠎ᠠ ᠪᠠᠰᠠ《ᠤᠳᠤᠷᠢᠳᠤᠯᠭ᠎ᠠ ᠡᠷᠬᠡ ᠳᠠᠯᠪᠢᠬᠤ ᠵᠤᠷᠢᠭ ᠦᠭᠡᠢ ᠂ ᠰᠢᠬᠦᠭᠴᠢ ᠬᠢᠨᠠᠨ ᠵᠦᠪᠰᠢᠶᠡᠷᠡᠬᠦ ᠵᠤᠷᠢᠭ ᠦᠭᠡᠢ》ᠲᠠᠲᠠᠭᠠᠯᠵᠠᠯ ᠤᠷᠤᠰᠢᠵᠤ ᠪᠠᠢᠨ᠎ᠠ ᠃ ᠯᠢᠨ ᠡᠷᠬᠢᠯᠡᠭᠴᠢ ᠳᠠᠬᠢᠨᠳᠠ ᠴᠢᠩᠭᠠᠳᠬᠠᠭᠰᠠᠨ ᠨᠢ ᠂ ᠬᠠᠷᠢᠭᠤᠴᠠᠯᠭ᠎ᠠ ᠶᠢᠨ ᠲᠦᠷᠢᠮ ᠦᠨ ᠦᠭᠡᠷᠡᠴᠢᠯᠡᠯᠲᠡ ᠡᠷᠭᠡᠪᠰᠢ ᠶᠠᠪᠤᠭᠳᠠᠭᠤᠯᠬᠤ ᠬᠡᠷᠡᠭᠲᠡᠢ ᠂ ᠬᠢᠨᠠᠨ ᠵᠦᠪᠰᠢᠶᠡᠷᠡᠬᠦ ᠡᠷᠬᠡ ᠶᠢ ᠡᠷᠭᠡᠪᠰᠢ ᠳᠠᠯᠪᠢᠬᠤ ᠬᠡᠷᠡᠭᠲᠡᠢ ᠂ ᠭᠡᠪᠡᠴᠦ ᠰᠢᠬᠦᠬᠦ ᠬᠤᠷᠢᠶᠠᠨ ᠤ ᠪᠤᠳᠠᠳᠠᠢ ᠪᠠᠢᠳᠠᠯ ᠲᠠᠢ ᠤᠶᠠᠯᠳᠤᠭᠤᠯᠵᠤ᠂ ᠢᠳᠡᠪᠬᠢᠲᠠᠢ ᠯᠠᠪᠳᠠᠭᠤᠨ ᠤᠷᠤᠭᠰᠢᠯᠠᠬᠤ ᠭᠡᠷᠡᠭᠲᠡᠢ ᠃ ᠡᠭᠦᠨ ᠦ ᠬᠠᠮᠳᠤ ᠪᠠᠰᠠ ᠵᠢᠭᠠᠵᠤ ᠭᠠᠷᠭᠠᠭᠰᠠᠨ ᠨᠢ ᠂ ᠡᠯ᠎ᠠ ᠭᠠᠵᠠᠷ ᠲᠦᠪ ᠦᠨ ᠲᠦᠷᠦ ᠶᠢᠨ ᠪᠤᠳᠤᠯᠭ᠎ᠠ ᠶᠢᠨ ᠡᠭᠦᠳᠦᠨ ᠪᠦᠳᠦᠭᠡᠯᠲᠡ ᠶᠢᠨ ᠴᠢᠨᠠᠷᠲᠠᠢ ᠨᠠᠢᠳᠠᠪᠤᠷᠢᠵᠢᠭᠤᠯᠵᠤ ᠂ ᠥᠭᠡᠷᠡᠴᠢᠯᠡᠯᠲᠡ ᠪᠡᠷ ᠳᠠᠮᠵᠢᠵᠤ ᠳᠤᠳᠤᠭᠠᠳᠤ ᠳᠤ ᠪᠠᠨ ᠰᠢᠬᠦᠬᠦ ᠬᠤᠷᠢᠶᠠᠨ ᠤ ᠠᠵᠢᠯ ᠢ ᠶᠢ ᠬᠦᠯᠢᠶᠡᠰᠦᠯᠡᠵᠦ ᠪᠠᠢᠭ᠎ᠠ ᠡᠯ᠎ᠠ ᠵᠦᠢᠯ ᠦᠨ ᠠᠰᠠᠭᠤᠳᠠᠯ ᠢ ᠰᠢᠢᠳᠪᠦᠷᠢᠯᠡᠵᠦ ᠂ ᠭᠠᠳᠠᠨ᠎ᠠ ᠪᠠᠨ ᠬᠠᠤᠯᠢ ᠴᠠᠭᠠᠵᠠ ᠶᠢᠨ ᠤᠯᠠᠨ ᠨᠡᠢᠳᠡ ᠶᠢᠨ ᠢᠳᠡᠭᠡᠬᠦᠯᠬᠦ ᠬᠦᠴᠦᠨ ᠪᠤᠢ ᠪᠤᠯᠭᠠᠬᠤ ᠬᠡᠷᠡᠭᠲᠡᠢ ᠃
ᠬᠤᠷᠠᠯ ᠤᠨ ᠳᠠᠷᠠᠭ᠎ᠠ ᠂ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠯᠢ ᠾᠦᠩ ᠶᠠᠨ ᠤᠷᠤᠯᠠᠭᠴᠢ ᠬᠤᠷᠢᠶᠠᠨ ᠳᠠᠷᠤᠭ᠎ᠠ ᠳ᠋ᠦᠩᠨᠡᠨ ᠬᠡᠯᠡᠭᠰᠡᠨ ᠨᠢ ᠂ ᠳᠤᠰ ᠤᠳᠠᠭᠠᠨ ᠤ ᠰᠠᠭᠤᠳᠠᠯ ᠤᠨ ᠬᠤᠷᠠᠯ ᠢ ᠬᠤᠷᠠᠯᠳᠤᠭᠤᠯᠭᠰᠠᠨ ᠨᠢ ᠴᠠᠭ ᠬᠤᠭᠤᠴᠠᠭ᠎ᠠ ᠶᠠᠭ ᠳᠤᠬᠢᠷᠠᠭᠰᠠᠨ ᠮᠦᠷᠲᠡᠭᠡᠨ ᠳᠤᠩ ᠴᠢᠬᠤᠯᠠ ᠪᠠᠢᠵᠤ ᠂ ᠬᠢᠨᠠᠨ ᠪᠠᠢᠴᠠᠭᠠᠯᠲᠠ ᠶᠢᠨ ᠳᠤᠭᠤᠢᠯᠠᠩ ᠤᠨ ᠰᠠᠨᠠᠭᠤᠯᠭ᠎ᠠ ᠪᠠ ᠰᠠᠨᠠᠯ ᠨᠢ ᠪᠦᠬᠦ ᠬᠤᠳᠠ ᠶᠢᠨ ᠰᠢᠬᠦᠬᠦ ᠬᠤᠷᠢᠶᠠᠨ ᠤ ᠥᠭᠡᠷᠡᠴᠢᠯᠡᠯᠲᠡ ᠶᠢ ᠭᠦᠨᠵᠡᠭᠡᠢᠷᠡᠭᠦᠯᠬᠦ ᠳᠠᠷᠠᠭᠠᠴᠢ ᠶᠢᠨ ᠠᠯᠬᠤᠮ ᠳᠤ ᠲᠦᠯᠦᠪᠯᠡᠭᠡ ᠪᠠ ᠲᠤᠷᠰᠢᠯᠭ᠎ᠠ ᠬᠠᠩᠭᠠᠭᠰᠠᠨ ᠪᠠᠢᠨ᠎ᠠ ᠃ ᠤᠷᠳᠤᠰ ᠬᠤᠳᠠ ᠶᠢᠨ ᠰᠢᠬᠦᠬᠦ ᠬᠤᠷᠢᠶ᠎ᠠ ᠰᠡᠳᠬᠢᠯ ᠨᠢᠬᠡᠳᠦᠨ ᠬᠠᠮᠳᠤᠷᠠᠵᠤ ᠂ ᠬᠦᠴᠢᠷ ᠪᠡᠷᠬᠡ ᠶᠢ ᠰᠦᠷᠦᠨ ᠤᠷᠤᠭᠰᠢᠯᠠᠵᠤ ᠂ ᠰᠢᠬᠦᠨ ᠳᠠᠰᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠦᠨ ᠦᠭᠡᠷᠡᠴᠢᠯᠡᠯᠲᠡ ᠪᠡᠷ ᠰᠢᠪᠲᠤᠯᠬᠤ ᠴᠡᠭ ᠪᠤᠯᠭᠠᠨ ᠂ ᠡᠯ᠎ᠠ ᠲᠦᠷᠦᠯ ᠦᠨ ᠠᠵᠢᠯ ᠳᠤ ᠲᠠᠰᠤᠷᠠᠯᠲᠠ ᠦᠭᠡᠢ ᠰᠡᠳᠡᠯᠲᠡ ᠦᠭᠴᠦ ᠠᠮᠢᠵᠢᠷᠠᠯ ᠤᠨ ᠬᠦᠴᠦᠨ ᠢ ᠢᠯᠡᠷᠡᠬᠦᠯᠦᠨ᠎ᠠ ᠃
ᠦᠨᠡᠯᠡᠬᠦ 0ᠦᠨᠡᠯᠡᠯᠲᠡ᠎ᠲᠠᠢ