ᠯᠢ ᠾᠦᠩ ᠶᠠᠨ ᠬᠤᠷᠢᠶᠠᠨ ᠳᠠᠷᠤᠭ᠎ᠠ ᠬᠤᠰᠢᠭᠤ ᠳᠤᠭᠤᠷᠢᠭ ᠲᠤ ᠬᠦᠷᠴᠦ ᠦᠨᠳᠦᠰᠦᠨ ᠱᠠᠳᠤᠨ ᠤ ᠰᠢᠬᠦᠬᠦ ᠲᠢᠩᠬᠢᠮ ᠦᠨ ᠠᠵᠢᠯ ᠤᠨ ᠰᠤᠳᠤᠯᠤᠨ ᠪᠠᠢᠴᠠᠭᠠᠪᠠ
2016.12.05 ᠲᠣᠰ ᠥᠷᠲᠡᠭᠡᠨ ᠦ ᠨᠠᠢᠷᠠᠭᠤᠯᠤᠭᠴᠢ

 

 

 

 

 

 

 

 

 

11 ᠰᠠᠷᠠᠢᠨ ᠬᠤᠷᠢᠨ ᠬᠡᠳᠦᠨ ᠢᠶᠡᠷ᠂ ᠬᠤᠳᠠ ᠶᠢᠨ ᠠᠷᠠᠳ ᠤᠨ ᠳᠤᠮᠳᠠ ᠵᠡᠷᠬᠡ ᠰᠢᠬᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠢᠯᠠᠩ ᠤᠨ ᠱᠦᠵᠢ ᠂ ᠤᠷᠤᠯᠠᠭᠴᠢ ᠬᠤᠷᠢᠶᠠᠨ ᠳᠠᠷᠤᠭ᠎ᠠ ᠯᠢ ᠾᠦᠩ ᠶᠠᠨ ᠬᠤᠶᠠᠷ ᠭᠠᠷᠠᠭ ᠤᠨ ᠴᠠᠭ ᠬᠡᠷᠡᠭᠯᠡᠵᠦ ᠂ ᠤᠷᠢᠳ ᠬᠤᠵᠢᠳ ᠮᠠᠨ ᠤ ᠬᠤᠳᠠ ᠶᠢᠨ 8 ᠬᠤᠰᠢᠭᠤ ᠳᠤᠭᠤᠷᠢᠭ  ᠤᠨ ᠰᠢᠬᠦᠬᠦ ᠬᠤᠷᠢᠶᠠᠨ ᠤ ᠳᠤᠤᠷᠠᠬᠢ 20 ᠰᠢᠬᠦᠬᠦ ᠲᠢᠩᠬᠢᠮ ᠳᠦ ᠬᠦᠷᠴᠦ ᠦᠨᠳᠦᠰᠦᠨ ᠱᠠᠳᠤᠨ ᠤ ᠠᠷᠠᠳ ᠤᠨ ᠰᠢᠬᠦᠬᠦ ᠲᠢᠩᠬᠢᠮ ᠦᠨ ᠠᠵᠢᠯ ᠢ ᠪᠠᠢᠴᠠᠭᠠᠨ ᠰᠤᠳᠤᠯᠵᠤ ᠵᠢᠭᠠᠨ ᠵᠢᠯᠤᠭᠤᠳᠪᠠ ᠃  ᠭᠠᠵᠠᠷ ᠲᠤ ᠪᠠᠨ ᠬᠦᠷᠦᠭᠰᠡᠭᠡᠷ ᠂ ᠯᠢ ᠾᠦᠩ ᠶᠠᠨ ᠬᠤᠷᠢᠶᠠᠨ ᠳᠠᠷᠤᠭ᠎ᠠ ᠪᠦᠷ ᠲᠡᠷᠭᠡᠨ ᠰᠠᠭᠤᠨ ᠰᠢᠭᠤᠳ ᠰᠢᠬᠦᠬᠦ ᠲᠢᠩᠬᠢᠮ ᠢᠶᠡᠷ ᠬᠦᠷᠴᠦ ᠂ ᠰᠢᠬᠦᠬᠦ ᠲᠢᠩᠬᠢᠮ ᠦᠨ ᠺᠠᠳᠠᠷ ᠴᠠᠭᠳᠠᠭ᠎ᠠ ᠲᠠᠢ ᠨᠢᠭᠤᠷᠳᠠᠨ ᠶᠠᠷᠢᠯᠴᠠᠵᠤ ᠂ ᠲᠡᠳᠡᠨᠦᠰ ᠦᠨ ᠠᠵᠢᠯ ᠪᠠ ᠠᠮᠢᠳᠤᠷᠠᠯ ᠪᠠᠢᠳᠠᠯ ᠢ ᠤᠢᠯᠭᠠᠨ ᠂ ᠰᠢᠬᠦᠬᠦ ᠲᠢᠩᠬᠢᠮ ᠦᠨ ᠺᠠᠳᠠᠷ ᠴᠠᠭᠳᠠᠭ᠎ᠠ ᠳᠠᠢ ᠬᠠᠮᠳᠤ ᠠᠷᠠᠳ ᠤᠨ ᠰᠢᠬᠦᠬᠦ ᠲᠢᠩᠬᠢᠮ ᠦᠨ ᠰᠢᠬᠦᠨ ᠳᠠᠰᠤᠯᠤᠯᠲᠠ ᠬᠦᠢᠴᠡᠳᠬᠡᠬᠦ ᠠᠵᠢᠯ ᠳᠤ ᠳᠤᠯᠭᠠᠷᠠᠵᠤ ᠪᠠᠢᠬᠤ ᠬᠡᠯᠪᠡᠷᠢ ᠪᠠ ᠡᠭᠦᠷᠭᠡ ᠶᠢ ᠰᠤᠳᠤᠯᠵᠤ ᠂ ᠦᠨᠳᠦᠰᠦᠨ ᠱᠠᠳᠤᠨ ᠤ ᠺᠠᠳᠠᠷ ᠴᠠᠭᠳᠠᠭ᠎ᠠ  ᠶᠢ ᠵᠢᠭᠠᠨ ᠵᠢᠯᠤᠭᠤᠳᠴᠤ ᠡᠷᠭᠡᠪᠰᠢ ᠡᠯ᠎ᠠ ᠳᠠᠯ᠎ᠠ ᠶᠢᠨ ᠡᠶᠡᠳᠡᠬᠦᠯᠬᠦ ᠵᠤᠬᠢᠶᠠᠨ ᠪᠠᠢᠭᠤᠯᠤᠯᠲᠠ ᠶᠢᠨ ᠦᠢᠯᠡᠳᠦᠯ ᠢ ᠪᠠᠳᠠᠷᠠᠭᠤᠯᠵᠤ ᠂  ᠵᠠᠷᠭᠤᠯᠳᠤᠬᠤ ᠡᠶᠡᠳᠡᠬᠦᠯᠬᠦ ᠬᠤᠯᠪᠤᠬᠤ ᠪᠠᠢᠭᠤᠯᠤᠮᠵᠢ ᠶᠢ ᠠᠮᠢᠳᠤᠯᠢᠭ ᠬᠡᠷᠡᠭᠯᠡᠵᠦ ᠂ ᠶᠡᠬᠡ ᠬᠡᠮᠵᠢᠶᠡᠨ ᠦ ᠮᠠᠷᠭᠤᠯᠳᠤᠭᠠᠨ ᠪᠠᠭ᠎ᠠ ᠂ ᠬᠠᠷᠠᠯᠲᠠ  ᠳᠤᠭ᠎ᠠ ᠬᠠᠷᠢᠴᠠᠩᠭᠤᠢ ᠪᠠᠭ᠎ᠠ ᠵᠦᠷᠢᠴᠡᠯ  ᠢ ᠤᠯᠠᠨ ᠮᠠᠶᠢᠭ ᠤᠨ ᠵᠦᠷᠢᠴᠡᠯ ᠢ ᠡᠶᠡᠳᠡᠬᠦᠯᠦᠨ ᠰᠢᠢᠳᠪᠦᠷᠢᠯᠡᠬᠦ ᠪᠠᠢᠭᠤᠯᠤᠮᠵᠢ ᠪᠠᠷ ᠳᠠᠮᠵᠢᠵᠤ ᠵᠠᠷᠭᠤ ᠶᠢᠨ ᠡᠮᠦᠨ᠎ᠠ ᠰᠢᠢᠳᠪᠦᠷᠢᠯᠡᠬᠦ ᠪᠡᠷ ᠴᠢᠷᠮᠠᠢᠵᠤ ᠂ ᠰᠢᠬᠦᠬᠦ ᠬᠤᠷᠢᠶᠠᠨ ᠤ ᠬᠡᠷᠡᠭ ᠰᠢᠢᠳᠪᠦᠷᠢᠯᠡᠬᠦ ᠳᠠᠷᠤᠭᠠᠰᠤ ᠤᠯᠠᠮ ᠠᠴᠠ ᠤᠯᠠᠮ ᠶᠡᠬᠡᠰᠴᠦ ᠪᠠᠭ᠎ᠠ ᠪᠠᠢᠳᠠᠯ ᠢ ᠨᠠᠮᠳᠠᠭᠠᠬᠤ ᠬᠡᠷᠡᠭᠲᠡᠢ ᠃

ᠤᠳᠤᠭ ᠤᠨ ᠡᠮᠦᠨᠡᠲᠦ ᠬᠤᠰᠢᠭᠤᠨ ᠤ ᠪᠤᠷᠤ ᠪᠠᠯᠭᠠᠰᠤ ᠰᠢᠬᠦᠬᠦ ᠲᠢᠩᠬᠢᠮ ᠳᠦ ᠪᠠᠢᠴᠠᠭᠠᠨ ᠰᠤᠳᠤᠯᠬᠤ ᠬᠤᠭᠤᠴᠠᠭᠠᠨ ᠳᠤ ᠂ ᠯᠢ ᠾᠦᠩ ᠶᠠᠨ ᠬᠤᠷᠢᠶᠠᠨ ᠳᠠᠷᠤᠭ᠎ᠠ ᠪᠠᠰᠠ《ᠶᠠᠨ ᠠᠨ ᠤ ᠦᠨᠳᠦᠰᠦᠲᠡᠨ ᠦ ᠳᠡᠭᠡᠳᠦ ᠰᠤᠷᠭᠠᠭᠤᠯᠢ ᠶᠢᠨ ᠪᠤᠷᠤ ᠪᠠᠯᠭᠠᠰᠤ ᠳᠡᠬᠢ ᠳᠤᠷᠠᠰᠬᠠᠯ ᠤᠨ ᠤᠷᠳᠤᠨ》 ᠢ ᠳᠤᠭᠤᠷᠢᠨ ᠦᠵᠡᠵᠦ ᠂ ᠤᠯᠠᠭᠠᠨ ᠥᠩᠭᠡ ᠶᠢᠨ ᠤᠯᠠ ᠮᠦᠷ ᠢ ᠬᠦᠬᠡᠬᠡᠵᠦ ᠂ ᠬᠤᠪᠢᠰᠠᠬᠯ ᠤᠨ ᠵᠤᠷᠢᠭ ᠰᠠᠨᠠᠭ᠎ᠠ  ᠶᠢ ᠤᠢᠯᠭᠠᠵᠤ ᠂ ᠨᠠᠮ ᠤᠨ ᠬᠡᠰᠢᠬᠦᠨ ᠺᠠᠳᠠᠷ ᠤᠨ ᠨᠠᠮ ᠤᠨ ᠴᠢᠨᠠᠷ ᠤᠨ ᠭᠡᠪ ᠰᠤᠷᠳᠠᠯ ᠢ ᠪᠡᠬᠢᠵᠢᠬᠦᠯᠵᠦ ᠂ ᠠᠷᠠᠳ ᠤᠨ ᠲᠦᠯᠦᠭᠡ ᠦᠢᠯᠡᠴᠢᠯᠡᠬᠦ ᠦᠵᠡᠯ ᠰᠠᠨᠠᠭ᠎ᠠ ᠪᠠᠨ ᠴᠢᠩᠭᠠᠳᠬᠠᠨ᠎ᠠ ᠃

ᠦᠨᠳᠦᠰᠦᠨ ᠱᠠᠳᠤᠨ ᠤ ᠰᠢᠬᠦᠬᠦ ᠲᠢᠩᠬᠢᠮ  ᠶᠢ ᠪᠠᠢᠴᠠᠭᠠᠨ ᠰᠤᠳᠤᠯᠬᠤ ᠬᠤᠭᠤᠴᠠᠭᠠᠨ ᠳᠤ ᠂ ᠡᠯ᠎ᠠ ᠰᠢᠬᠦᠬᠦ ᠬᠤᠷᠢᠶ᠎ᠠ ᠯᠢ ᠾᠦᠩ ᠶᠠᠨ ᠬᠤᠷᠢᠶᠠᠨ ᠳᠠᠷᠤᠭ᠎ᠠ ᠳᠤ ᠰᠢᠬᠦᠬᠦ ᠬᠤᠷᠢᠶᠠᠨ ᠤ ᠶᠡᠷᠦᠩᠬᠡᠢ ᠠᠵᠢᠯ ᠤᠨ ᠪᠠᠢᠳᠠᠯ ᠵᠢᠴᠢ ᠰᠢᠬᠦᠬᠦ ᠲᠢᠩᠬᠢᠮ ᠦᠨ ᠪᠦᠲᠦᠭᠡᠨ ᠪᠠᠢᠭᠤᠯᠤᠯᠲᠠ ᠶᠢᠨ ᠦᠨᠳᠦᠰᠦᠨ ᠪᠠᠢᠳᠠᠯ ᠢ ᠬᠠᠷᠢᠭᠤ ᠮᠡᠳᠡᠬᠦᠯᠦᠯᠲᠡ ᠬᠢᠵᠦ ᠂ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠳᠦ ᠠᠪᠤᠭᠰᠠᠨ ᠠᠷᠭ᠎ᠠ ᠬᠡᠮᠵᠢᠶ᠎ᠠ ᠵᠢᠴᠢ 11 ᠰᠠᠷ᠎ᠠ ᠶᠢᠨ ᠬᠡᠷᠡᠭ ᠳᠠᠭᠤᠰᠬᠠᠭᠰᠠᠨ ᠪᠠᠢᠳᠠᠯ ᠢ ᠭᠣᠣᠯᠳᠠᠯᠭ᠎ᠠ ᠲᠠᠢ ᠬᠠᠷᠢᠭᠤ ᠮᠡᠳᠡᠬᠦᠯᠪᠡ ᠃ ᠯᠢ ᠾᠦᠩ ᠶᠠᠨ ᠬᠤᠷᠢᠶᠠᠨ ᠳᠠᠷᠤᠭ᠎ᠠ ᠡᠯ᠎ᠠ ᠬᠤᠰᠢᠭᠤ ᠳᠤᠭᠤᠷᠢᠭ ᠤᠨ ᠰᠢᠬᠦᠬᠦ ᠬᠤᠷᠢᠶᠠᠨ ᠤ ᠠᠪᠤᠭᠰᠠᠨ ᠵᠦᠢ ᠵᠤᠬᠢᠰᠲᠠᠢ ᠠᠷᠭ᠎ᠠ ᠬᠡᠮᠵᠢᠶ᠎ᠠ ᠵᠢᠴᠢ ᠦᠷ᠎ᠠ ᠪᠦᠲᠦᠮᠵᠢ ᠳᠦ ᠬᠦᠢᠴᠡᠳ ᠨᠤᠳᠠᠯᠠᠯᠲᠠ ᠦᠭᠭᠦᠪᠡ ᠃

ᠦᠨᠳᠦᠰᠦᠨ ᠱᠠᠳᠤᠨ ᠤ ᠠᠷᠠᠳ ᠤᠨ ᠰᠢᠬᠦᠬᠦ ᠲᠢᠩᠬᠢᠮ ᠦᠨ ᠶᠡᠷᠦᠩᠬᠡᠢ ᠪᠦᠲᠦᠭᠡᠨ ᠪᠠᠢᠭᠤᠯᠤᠯᠲᠠ ᠳᠤ ᠴᠢᠭᠯᠡᠭᠦᠯᠦᠨ ᠂ ᠯᠢ ᠾᠦᠩ ᠶᠠᠨ ᠬᠤᠷᠢᠶᠠᠨ ᠳᠠᠷᠤᠭ᠎ᠠ ᠡᠯ᠎ᠠ ᠭᠠᠵᠠᠷ ᠱᠠᠭᠠᠷᠳᠠᠭᠰᠠᠨ ᠨᠢ᠂ ᠨᠢᠬᠡ ᠳᠦ ᠰᠢᠬᠦᠬᠦ ᠲᠢᠩᠬᠢᠮ ᠢ ᠵᠠᠯᠠᠭᠤ ᠰᠢᠬᠦᠭᠴᠢ ᠬᠦᠮᠦᠵᠢᠬᠦᠯᠬᠦ ᠰᠠᠭᠤᠷᠢᠨ ᠭᠠᠵᠠᠷ ᠪᠤᠯᠭᠠᠵᠤ ᠂ ᠰᠢᠬᠦᠭᠴᠢ ᠶᠢᠨ ᠳᠠᠰᠬᠠᠢ ᠮᠡᠷᠭᠡᠵᠢᠯᠲᠡ ᠶᠢᠨ ᠬᠢᠷᠢ ᠲᠦᠪᠰᠢᠨ ᠢ ᠳᠠᠰᠤᠷᠠᠯ ᠦᠭᠡᠢ ᠴᠢᠩᠭᠠᠳᠬᠠᠵᠤ ᠂ ᠵᠠᠯᠠᠭᠤ ᠰᠢᠬᠦᠭᠴᠢ ᠶᠢ ᠨᠢᠬᠡᠳᠦᠭᠡᠷ ᠹᠷᠣᠨᠲ ᠳᠤ ᠬᠡᠷᠡᠭ ᠰᠢᠢᠳᠪᠦᠷᠢᠯᠡᠬᠦ ᠦᠢᠯᠡᠳᠦᠯᠭᠡ ᠪᠠ ᠳᠠᠪᠳᠠᠨ ᠪᠤᠯᠪᠠᠰᠤᠷᠠᠭᠤᠯᠬᠤ ᠪᠠᠷ ᠳᠠᠮᠵᠢᠵᠤ᠂ ᠲᠠᠰᠤᠷᠠᠯᠲᠠ ᠦᠭᠡᠢ ᠳᠤᠷᠰᠢᠯᠭ᠎ᠠ ᠬᠤᠷᠠᠮᠳᠠᠭᠤᠯᠵᠤ ᠂ ᠬᠡᠷᠡᠭ ᠳᠠᠰᠤᠯᠠᠵᠤ ᠴᠢᠳᠠᠬᠤ ᠂ ᠵᠤᠷᠢᠭ ᠲᠠᠢ ᠬᠡᠷᠡᠭ ᠳᠠᠰᠤᠯᠠᠬᠤ ᠂ ᠬᠡᠷᠡᠭ ᠵᠦᠪ ᠳᠠᠰᠤᠯᠠᠬᠤ ᠬᠡᠮᠵᠢᠶᠡᠨ ᠳᠦ ᠬᠦᠷᠬᠦ ᠬᠡᠷᠡᠭᠲᠡᠢ ᠃ ᠬᠤᠶᠠᠷ ᠪᠤᠯ ᠠᠷᠭ᠎ᠠ ᠪᠦᠬᠦᠨ ᠢ ᠰᠦᠪᠡᠭᠴᠢᠯᠡᠵᠦ ᠬᠡᠷᠡᠭ ᠢ ᠵᠠᠷᠭᠤ ᠶᠢᠨ ᠡᠮᠦᠨ᠎ᠠ ᠳᠤᠬᠢᠷᠠᠭᠤᠯᠬᠤ ᠠᠰᠠᠭᠤᠳᠠᠯ ᠢ ᠰᠢᠢᠳᠪᠦᠷᠢᠯᠡᠵᠦ ᠂ ᠤᠯᠠᠨ ᠳᠠᠯ᠎ᠠ  ᠪᠠᠷ ᠬᠠᠮᠳᠤᠷᠠᠨ ᠵᠤᠬᠢᠴᠠᠭᠤᠯᠵᠤ ᠂ ᠦᠷ᠎ᠠ ᠪᠦᠲᠦᠮᠵᠢᠲᠠᠢ ᠪᠠᠢᠭᠤᠯᠤᠮᠵᠢ ᠶᠢ ᠪᠠᠢᠭᠤᠯᠵᠤ ᠂ ᠶᠡᠬᠡ ᠬᠡᠮᠵᠢᠶᠡᠨ ᠦ ᠮᠠᠷᠭᠤᠯᠳᠤᠭᠠᠨ ᠪᠠᠭ᠎ᠠ ᠂ ᠬᠠᠷᠠᠯᠲᠠ ᠪᠠᠭ᠎ᠠ ᠵᠦᠷᠢᠴᠡᠯ ᠵᠢᠭᠤᠷᠤᠯᠳᠤᠭᠠᠨ ᠢ ᠵᠠᠷᠭᠤ ᠶᠢᠨ ᠡᠮᠦᠨ᠎ᠠ ᠰᠢᠢᠳᠪᠦᠷᠢᠯᠡᠨ᠎ᠡ ᠃ ᠨᠢᠬᠡᠨᠲᠡ ᠵᠠᠷᠭᠤ ᠶᠢᠨ ᠠᠯᠬᠤᠮ ᠳᠠᠷᠠᠭ᠎ᠠ ᠳᠤ ᠤᠷᠤᠭᠰᠠᠨ ᠬᠡᠷᠡᠭ ᠢ ᠪᠤᠯ ᠲᠦᠬᠦᠮ ᠬᠡᠷᠡᠭ ᠢ ᠬᠤᠷᠳᠤᠨ ᠰᠢᠢᠳᠪᠦᠷᠢᠯᠡᠵᠦ ᠂ ᠪᠤᠳᠤᠯᠢᠶᠠᠨᠲᠠᠢ ᠬᠡᠷᠡᠭ ᠢ ᠨᠠᠷᠢᠯᠢᠭ ᠰᠢᠬᠦᠵᠦ ᠂ ᠰᠢᠬᠦᠨ ᠬᠦᠢᠴᠡᠳᠭᠡᠬᠦ ᠴᠢᠨᠠᠷ ᠪᠦᠲᠦᠮᠵᠢ ᠶᠢ ᠳᠡᠭᠡᠭᠰᠢᠯᠡᠬᠦᠯᠦᠨ᠎ᠠ ᠃ ᠭᠤᠷᠪᠠ ᠪᠤᠯ ᠳᠤᠭᠤᠷᠢᠨ ᠰᠢᠬᠦᠨ ᠳᠠᠰᠤᠯᠠᠬᠤ ᠡᠷᠴᠢᠮ ᠢ ᠴᠢᠩᠭᠠᠳᠬᠠᠵᠤ ᠂ ᠳᠤᠭᠤᠷᠢᠨ ᠰᠢᠬᠦᠨ ᠳᠠᠰᠤᠯᠠᠬᠤ ᠲᠡᠷᠬᠡ ᠶᠢ ᠬᠦᠢᠴᠡᠳ ᠠᠰᠢᠭᠯᠠᠵᠤ ᠂ ᠬᠦᠳᠡᠭᠡ ᠪᠠᠭᠤᠵᠤ ᠠᠷᠠᠳ ᠲᠦᠮᠡᠨ ᠦ ᠬᠦᠴᠢᠷᠳᠡᠯ  ᠢ ᠰᠢᠢᠳᠪᠦᠷᠢᠯᠡᠵᠦ ᠂ ᠡᠬᠦᠨ ᠢᠶᠡᠷ ᠳᠠᠮᠵᠢᠭᠤᠯᠵᠤ ᠠᠷᠠᠳ ᠲᠦᠮᠡᠨ ᠰᠢᠬᠦᠬᠦ ᠬᠤᠷᠢᠶᠠᠨ ᠤ ᠠᠵᠢᠯ ᠢ ᠤᠢᠯᠭᠠᠬᠤ ᠪᠠ ᠮᠡᠳᠡᠷᠡᠵᠦ ᠂ ᠰᠠᠢᠨ ᠰᠠᠢᠬᠠᠨ ᠬᠠᠤᠯᠢ ᠴᠠᠭᠠᠵᠠ ᠶᠢᠨ ᠤᠷᠴᠢᠨ ᠳᠤᠭᠤᠷᠢᠨ ᠢ ᠪᠤᠢ ᠪᠤᠯᠭᠠᠨ᠎ᠠ ᠃ ᠲᠦᠷᠪᠡ ᠪᠤᠯ ᠮᠡᠳᠡᠭᠡ ᠵᠠᠩᠭᠢᠴᠢᠯᠠᠯᠲᠠ ᠶᠢᠨ ᠪᠦᠲᠦᠭᠡᠨ ᠪᠠᠢᠭᠤᠯᠤᠯᠲᠠ ᠶᠢᠨ ᠬᠡᠷᠡᠭᠯᠡᠬᠡᠨ ᠦ ᠡᠷᠴᠢᠮ ᠢ ᠤᠯᠠᠮ ᠨᠢᠬᠡ ᠠᠯᠬᠤᠮ ᠲᠦᠷᠡᠭᠡᠳᠬᠡᠵᠦ ᠂ ᠮᠡᠳᠡᠭᠡ ᠵᠠᠩᠭᠢᠴᠢᠯᠠᠯᠲᠠ ᠶᠢᠨ ᠮᠡᠷᠬᠡᠵᠢᠯ ᠦᠨ ᠬᠡᠷᠡᠭᠯᠡᠯᠲᠡ ᠪᠡᠷ ᠳᠠᠮᠵᠢᠵᠤ ᠰᠢᠬᠦᠬᠦ ᠬᠦᠢᠴᠡᠳᠬᠡᠬᠦ ᠴᠢᠨᠠᠷ ᠪᠦᠲᠦᠮᠵᠢ ᠶᠢ ᠳᠡᠭᠡᠭᠰᠢᠯᠡᠬᠦᠯᠦᠨ᠎ᠠ ᠃ ᠳᠠᠪᠤ ᠪᠤᠯ ᠡᠯ᠎ᠠ ᠰᠢᠬᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠢᠯᠠᠩ ᠦᠨᠳᠦᠰᠦᠨ ᠱᠠᠳᠤᠨ ᠤ ᠰᠢᠬᠦᠬᠦ ᠲᠢᠩᠬᠢᠮ ᠦᠨ ᠨᠦᠬᠦᠷ ᠲᠦ ᠰᠠᠢᠨ ᠰᠠᠢᠬᠠᠨ ᠠᠵᠢᠯ ᠪᠠ ᠠᠮᠢᠳᠤᠷᠠᠯ ᠤᠨ ᠨᠦᠬᠦᠴᠡᠯ ᠬᠠᠩᠭᠠᠵᠤ ᠂ ᠦᠨᠳᠦᠰᠦᠨ ᠱᠠᠳᠤᠨ ᠤ ᠰᠢᠬᠦᠬᠦ ᠲᠢᠩᠬᠢᠮ ᠦᠨ ᠨᠦᠬᠦᠷ ᠬᠦᠳᠡᠭᠡ ᠪᠠᠭᠤᠵᠤ ᠬᠠᠷᠢᠵᠦ ᠢᠷᠡᠪᠡᠯ ᠢᠳᠡᠬᠦ ᠳᠦ ᠬᠠᠯᠠᠭᠤᠨ ᠪᠤᠳᠠᠭ᠎ᠠ ᠳᠠᠢ ᠂ ᠤᠬᠢᠶᠠᠬᠤ ᠳᠤ ᠬᠠᠯᠠᠭᠤᠨ ᠤᠰᠤ ᠲᠠᠢ ᠪᠠᠢᠯᠭᠠᠬᠤ ᠬᠡᠷᠡᠭᠲᠡᠢ ᠃

ᠡᠯ᠎ᠠ ᠦᠨᠳᠦᠰᠦᠨ ᠱᠠᠳᠤᠨ ᠤ ᠰᠢᠬᠦᠬᠦ ᠲᠢᠩᠬᠢᠮ ᠦᠨ ᠺᠠᠲᠠᠷ ᠴᠠᠭᠳᠠᠭ᠎ᠠ  ᠡᠴᠡ ᠯᠢ ᠾᠦᠩ ᠶᠠᠨ ᠬᠤᠷᠢᠶᠠᠨ ᠳᠠᠷᠤᠭ᠎ᠠ ᠤᠷᠳᠤᠰ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠳᠤ ᠪᠠᠢᠬᠤ ᠬᠤᠭᠤᠴᠠᠭᠠᠨ ᠳᠤ ᠦᠪᠡᠷ ᠦᠨ ᠪᠡᠶ᠎ᠠ ᠪᠠᠷ ᠢᠶᠠᠨ ᠰᠢᠬᠦᠨ ᠳᠠᠰᠤᠯᠤᠯᠲᠠ ᠶᠢᠨ ᠬᠠᠮᠤᠭ ᠡᠮᠦᠨ᠎ᠠ ᠹᠷᠣᠨᠲ ᠳᠤ ᠬᠦᠷᠴᠦ ᠦᠨᠳᠦᠰᠦᠨ ᠱᠠᠳᠤᠨ ᠤ ᠰᠢᠬᠦᠬᠦ ᠲᠢᠩᠬᠢᠮ ᠦᠨ ᠨᠦᠬᠦᠷ ᠢ ᠲᠣᠬᠤᠨᠢᠭᠤᠯᠵᠤ ᠂ ᠰᠢᠬᠦᠬᠦ ᠲᠢᠩᠬᠢᠮ ᠦᠨ ᠨᠦᠬᠦᠷ ᠲᠠᠢ ᠨᠢᠭᠤᠷᠳᠠᠨ ᠶᠠᠷᠢᠯᠴᠠᠵᠤ ᠂ ᠦᠵᠡᠯ ᠤᠬᠠᠮᠰᠠᠷ ᠶᠠᠷᠢᠴᠠᠵᠤ ᠂ ᠤᠢᠯᠭᠠᠯᠲᠠ ᠶᠠᠷᠢᠯᠴᠠᠵᠤ ᠂ ᠳᠠᠨᠢᠯᠲᠠ ᠶᠠᠷᠢᠯᠴᠠᠵᠤ ᠂ ᠠᠵᠢᠯ ᠶᠠᠷᠢᠯᠴᠠᠵᠤ ᠂ ᠦᠬᠡᠷᠡᠴᠢᠯᠡᠯᠲᠡ ᠶᠠᠷᠢᠯᠴᠠᠵᠤ ᠂ ᠭᠠᠵᠠᠷ ᠤᠷᠤᠨ ᠢ ᠵᠤᠬᠢᠴᠠᠭᠤᠯᠵᠤ ᠦᠨᠳᠦᠰᠦᠨ ᠱᠠᠳᠤᠨ ᠤ ᠰᠢᠬᠦᠬᠦ ᠲᠢᠩᠬᠢᠮ ᠢ ᠬᠠᠪᠰᠤᠷᠤᠨ ᠠᠵᠢᠯ ᠳᠤᠮᠳᠠ ᠳᠤᠯᠭᠠᠷᠠᠭᠰᠠᠨ ᠪᠤᠳᠠᠳᠠᠢ ᠠᠰᠠᠭᠤᠳᠠᠯ ᠪᠤᠯᠤᠨ ᠬᠦᠴᠢᠷᠳᠡᠯ ᠢ ᠰᠢᠢᠳᠪᠦᠷᠢᠯᠡᠵᠦ ᠂ ᠶᠡᠬᠡ ᠡᠴᠡ ᠬᠦᠢᠴᠡᠳᠭᠡᠬᠦ ᠠᠵᠢᠯ  ᠤᠨ ᠶᠠᠪᠤᠭᠳᠠᠬᠤ ᠂ ᠪᠠᠭ᠎ᠠ ᠠᠴᠠ ᠰᠢᠬᠦᠬᠦ ᠲᠢᠩᠬᠢᠮ  ᠦᠨ ᠺᠠᠳᠠᠷ ᠴᠠᠭᠳᠠᠭᠠᠨ ᠤ ᠢᠳᠡᠵᠦ ᠤᠤᠤᠭᠤᠬᠤ ᠶᠠᠪᠤᠵᠤ ᠰᠠᠭᠤᠬᠤ ᠵᠢᠴᠢ ᠬᠤᠪᠴᠠᠰᠤ ᠤᠭᠢᠶᠠᠬᠤ ᠂ ᠪᠡᠶ᠎ᠠ ᠤᠬᠢᠶᠠᠬᠤ ᠵᠡᠷᠬᠡ ᠠᠮᠢᠳᠤᠷᠠᠯ ᠤᠨ ᠵᠢᠵᠢᠭ᠌ ᠤᠴᠢᠷ ᠂ ᠺᠠᠳᠠᠷ ᠴᠠᠭᠳᠠᠭ᠎ᠠ ᠨᠠᠷ ᠦᠨᠡᠨ ᠰᠡᠳᠬᠢᠯ ᠡᠴᠡ ᠪᠡᠨ ᠯᠢ ᠾᠦᠩ ᠶᠠᠨ ᠬᠤᠷᠢᠶᠠᠨ ᠳᠠᠷᠤᠭ᠎ᠠ ᠵᠢᠴᠢ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠢᠯᠠᠩ ᠤᠨ ᠬᠠᠯᠠᠮᠵᠢᠯᠠᠯ  ᠳᠤ ᠳᠠᠯᠠᠷᠬᠠᠵᠤ ᠪᠠᠢᠨ᠎ᠠ᠃ ᠯᠢ ᠾᠦᠩ ᠶᠠᠨ ᠬᠤᠷᠢᠶᠠᠨ ᠳᠠᠷᠤᠭ᠎ᠠ ᠬᠦᠮᠦᠨ ᠴᠦᠬᠡᠨ ᠬᠦᠰᠭᠡ ᠬᠦᠩᠭᠡᠨ ᠂  ᠪᠤᠳᠠᠳᠠᠢ ᠬᠢᠬᠦ ᠦᠨᠳᠦᠷ ᠪᠦᠲᠦᠮᠵᠢᠲᠠᠢ ᠠᠵᠢᠯ ᠤᠨ ᠰᠤᠷᠳᠠᠯ ᠨᠢ ᠦᠨᠳᠦᠰᠦᠨ ᠱᠠᠳᠤᠨ ᠤ ᠰᠢᠬᠦᠬᠦ ᠲᠢᠩᠬᠢᠮ ᠦᠨ ᠺᠠᠳᠠᠷ ᠴᠠᠭᠳᠠᠭ᠎ᠠ ᠶᠢᠨ ᠳᠤᠮᠳᠠ ᠮᠠᠰᠢ ᠶᠡᠬᠡ ᠳᠤᠰᠬᠠᠯ ᠭᠠᠷᠪᠠ ᠃ ᠤᠯᠠᠨ ᠢᠶᠠᠷ ᠢᠶᠠᠨ ᠯᠢ ᠾᠦᠩ ᠶᠠᠨ ᠬᠤᠷᠢᠶᠠᠨ ᠳᠠᠷᠤᠭ᠎ᠠ ᠳᠤ ᠤᠪᠤᠷ ᠢᠶᠠᠨ ᠢᠯᠡᠳᠬᠡᠵᠦ ᠂ ᠡᠷᠭᠡᠪᠰᠢ ᠲᠦᠪ ᠭᠤᠤᠯᠴᠢ ᠂ ᠦᠨᠳᠦᠷ ᠪᠦᠲᠦᠮᠵᠢᠲᠠᠢ ᠂ ᠠᠷᠢᠭᠤᠨ ᠴᠢᠬᠡᠴᠢ ᠂ ᠬᠠᠯᠠᠭᠤᠨ ᠰᠡᠳᠬᠢᠯᠭᠡ ᠲᠠᠢ ᠂ ᠨᠠᠷᠢᠨ ᠨᠢᠮᠪᠠᠢ ᠬᠠᠤᠯᠢ ᠴᠠᠭᠠᠵᠠ ᠶᠢᠨ ᠦᠢᠯᠡᠴᠢᠯᠡᠬᠡ ᠬᠠᠩᠭᠠᠵᠤ ᠂ ᠬᠡᠷᠡᠭ ᠠᠷᠪᠢᠨ ᠰᠢᠢᠳᠪᠦᠷᠢᠯᠡᠵᠦ ᠂ ᠲᠦᠷᠭᠡᠨ ᠬᠡᠷᠡᠭ ᠰᠢᠢᠳᠪᠦᠷᠢᠯᠡᠵᠦ ᠂ ᠬᠡᠷᠡᠭ ᠢ ᠵᠦᠪ ᠰᠢᠢᠳᠪᠦᠷᠢᠯᠡᠵᠦ ᠂ ᠭᠠᠵᠠᠷ ᠤᠷᠤᠨ ᠤ ᠨᠡᠦᠭᠡᠮ ᠦᠨ ᠡᠶ᠎ᠠ ᠵᠤᠬᠢᠴᠠᠯ ᠯᠠᠪᠳᠠᠭᠤᠨ ᠳᠤᠭᠳᠠᠭᠤᠨ ᠢ ᠪᠠᠳᠤᠯᠠᠬᠤ ᠳᠤ ᠳᠡᠳᠡᠨ ᠦ ᠦᠵᠡᠬᠦᠯᠪᠡᠰᠦ ᠵᠤᠬᠢᠬᠤ ᠬᠤᠪᠢ ᠨᠡᠮᠡᠷᠢ ᠪᠡᠨ ᠡᠷᠭᠦᠵᠦ ᠂ ᠬᠤᠶᠠᠷ ᠱᠠᠳᠤᠨ ᠰᠢᠬᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠢᠯᠠᠩ  ᠡᠴᠡ ᠦᠨᠳᠦᠰᠦᠨ ᠱᠠᠳᠤᠨ ᠤ ᠰᠢᠬᠦᠬᠦ ᠲᠢᠩᠬᠢᠮ ᠦᠨ ᠨᠦᠬᠦᠷ ᠢ ᠬᠠᠯᠠᠮᠵᠢᠯᠠᠭᠰᠠᠨ ᠬᠠᠢᠷᠠᠯᠭᠰᠠᠨ  ᠳᠤ ᠬᠠᠷᠢᠭᠤ ᠥᠭᠬᠦ ᠬᠡᠷᠡᠭᠲᠡᠢ ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )