ᠬᠠᠤᠯᠢ ᠴᠠᠭᠠᠵᠠ ᠶᠢ ᠬᠦᠨᠳᠦᠳᠬᠡᠵᠦ ᠠᠩᠬᠠᠨ ᠤ ᠰᠠᠨᠠᠭ᠎ᠠ ᠪᠠᠨ ᠮᠠᠷᠳᠠᠬᠤ ᠦᠬᠡᠢ ᠬᠠᠳᠠᠭᠤᠵᠢᠨ ᠤᠷᠤᠭᠰᠢᠯᠠᠨ᠎ᠠ
2016.12.05 ᠲᠣᠰ ᠥᠷᠲᠡᠭᠡᠨ ᠦ ᠨᠠᠢᠷᠠᠭᠤᠯᠤᠭᠴᠢ

——ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶ᠎ᠠ ᠪᠦᠬᠦ ᠰᠢᠭᠦᠭᠴᠢ ᠦᠨᠳᠦᠰᠦᠨ ᠬᠠᠤᠯᠢ ᠳᠤ ᠲᠠᠩᠭᠠᠷᠢᠭᠯᠠᠬᠤ ᠶᠤᠰᠤᠯᠠᠯ ᠶᠠᠪᠤᠭᠳᠠᠭᠤᠯᠪᠠ

 

 

 

 

 

 

 

 

12 ᠰᠠᠷᠠᠢᠨ 4 ᠡᠳᠦᠷ ᠪᠤᠯ ᠭᠤᠷᠪᠠᠳᠤᠭᠠᠷ ᠤᠳᠠᠭᠠᠨ ᠤ 《ᠤᠯᠤᠰ ᠤᠨ ᠦᠨᠳᠦᠰᠦᠨ ᠬᠠᠤᠯᠢ ᠶᠢᠨ ᠡᠳᠦᠷ》᠂ ᠦᠨᠳᠦᠰᠦᠨ ᠬᠠᠤᠯᠢ ᠶᠢᠨ ᠡᠷᠬᠡ ᠰᠦᠷ ᠢ ᠪᠠᠳᠠᠷᠠᠭᠤᠯᠵᠤ ᠂ ᠦᠨᠳᠦᠰᠦᠨ ᠬᠠᠤᠯᠢ ᠶᠢᠨ ᠵᠤᠷᠢᠭ ᠰᠠᠨᠠᠭ᠎ᠠ ᠶᠢ ᠳᠡᠯᠭᠡᠷᠡᠬᠦᠯᠵᠦ ᠂ ᠦᠷᠭᠡᠨ ᠤᠯᠠᠨ ᠰᠢᠬᠦᠭᠴᠢ ᠦᠨᠳᠦᠰᠦᠨ ᠬᠠᠤᠯᠢ ᠳᠤ ᠰᠢᠳᠤᠷᠭᠤ ᠪᠠᠢᠬᠤ ᠂ ᠦᠨᠳᠦᠰᠦᠨ ᠬᠠᠤᠯᠢ ᠶᠢ ᠬᠦᠨᠳᠦᠳᠬᠡᠬᠦ ᠂ ᠦᠨᠳᠦᠰᠦᠨ ᠬᠠᠤᠯᠢ ᠶᠢ ᠬᠠᠮᠠᠭᠠᠯᠬᠤ  ᠶᠢ ᠵᠤᠷᠢᠭᠵᠢᠭᠤᠯᠬᠤ ᠪᠠ ᠬᠦᠮᠦᠵᠢᠬᠦᠯᠵᠦ ᠂ ᠡᠭᠦᠨ ᠦ ᠤᠯᠠᠮ ᠢᠶᠠᠷ ᠰᠢᠬᠦᠭᠴᠢ ᠶᠢᠨ ᠠᠵᠢᠯ ᠪᠠᠢᠷᠢ ᠶᠢᠨ ᠡᠬᠦᠷᠭᠡᠳᠦ ᠰᠡᠳᠬᠢᠯᠬᠡ ᠂ ᠬᠠᠷᠢᠭᠤᠴᠠᠯᠭᠠᠲᠤ ᠰᠡᠳᠬᠢᠯᠬᠡ ᠂ ᠢᠷᠠᠭᠤ ᠠᠯᠳᠠᠷᠲᠤ ᠰᠡᠳᠬᠢᠯᠬᠡ ᠶᠢ ᠴᠢᠩᠭᠠᠳᠬᠠᠬᠤ ᠶᠢᠨ ᠲᠦᠯᠦᠭᠡ᠂ 《12.4》 ᠤᠯᠤᠰ ᠤᠨ ᠦᠨᠳᠦᠰᠦᠨ ᠬᠠᠤᠯᠢ ᠶᠢᠨ ᠡᠳᠦᠷ ᠪᠤᠯᠬᠤ ᠦᠶ᠎ᠠ ᠳᠤ ᠂ ᠤᠷᠳᠤᠰ ᠬᠤᠳᠠ  ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠳᠤ ᠪᠦᠬᠦ ᠬᠤᠷᠢᠶᠠᠨ ᠤ ᠰᠢᠬᠦᠭᠴᠢ ᠦᠨᠳᠦᠰᠦᠨ ᠬᠠᠤᠯᠢ ᠳᠤ ᠲᠠᠩᠭᠠᠷᠢᠭᠯᠠᠬᠤ ᠶᠤᠰᠤᠯᠠᠯ ᠶᠠᠪᠤᠭᠳᠠᠭᠤᠯᠪᠠ ᠃ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠤᠳᠤᠷᠢᠳᠬᠤ ᠪᠠᠭ ᠤᠨ ᠬᠡᠰᠢᠬᠦᠨ ᠵᠢᠴᠢ ᠪᠦᠬᠦ ᠺᠠᠳᠠᠷ ᠴᠠᠭᠳᠠᠭ᠎ᠠ ᠶᠤᠰᠤᠯᠠᠯ ᠳᠤ ᠤᠷᠤᠯᠴᠠᠪᠠ ᠃ ᠬᠤᠳᠠ ᠶᠢᠨ ᠠᠷᠠᠳ ᠤᠨ ᠰᠢᠬᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠢᠯᠠᠩ ᠤᠨ ᠬᠡᠰᠢᠬᠦᠨ ᠂ ᠳᠡᠳ᠋ ᠬᠤᠷᠢᠶᠠᠨ ᠳᠠᠷᠤᠭ᠎ᠠ ᠯᠢ ᠵᠢᠩ ᠭᠦᠸᠸ ᠶᠤᠰᠤᠯᠠᠯ ᠢ ᠡᠷᠬᠢᠯᠡᠪᠡ ᠃

ᠲᠠᠩᠭᠠᠷᠢᠭᠯᠠᠬᠤ ᠶᠤᠰᠤᠯᠠᠯ ᠳᠡᠭᠡᠷ᠎ᠠ ᠂ ᠪᠦᠬᠦ ᠰᠢᠬᠦᠭᠴᠢ ᠬᠠᠤᠯᠢ ᠶᠢᠨ ᠲᠦᠷᠢᠮᠳᠦ ᠬᠤᠪᠴᠠᠰᠤ ᠡᠮᠦᠰᠴᠦ ᠂ ᠤᠯᠤᠰ ᠤᠨ ᠳᠤᠭ ᠤᠯᠤᠰ ᠤᠨ ᠰᠦᠯᠳᠡ ᠦᠬᠡᠳᠡ ᠬᠠᠨᠳᠤᠨ ᠲᠦᠪ ᠴᠢᠩᠭ᠎ᠠ ᠲᠠᠩᠭᠠᠷᠢᠭᠯᠠᠵᠤ ᠂ ᠬᠡᠳᠦᠢᠪᠡᠷ ᠳᠠᠩᠭᠠᠷᠢᠭ ᠤᠨ ᠦᠬᠡ ᠤᠬᠤᠷᠬᠠᠨ ᠳᠠᠯᠠᠨ ᠬᠡᠳᠦᠨ ᠦᠰᠦᠭ ᠪᠤᠯᠪᠠᠴᠤ ᠂ ᠰᠢᠬᠦᠭᠴᠢ ᠦᠨᠳᠦᠰᠦᠨ ᠬᠠᠤᠯᠢ  ᠶᠢᠨ ᠵᠤᠷᠢᠭ ᠰᠠᠨᠭ᠎ᠠ ᠂ ᠦᠨᠳᠦᠰᠦᠨ ᠬᠠᠤᠯᠢ ᠶᠢᠨ ᠡᠷᠬᠡ ᠰᠦᠷ ᠂ ᠦᠨᠳᠦᠰᠦᠨ ᠬᠠᠤᠯᠢ ᠶᠢᠨ ᠨᠡᠷ᠎ᠠ ᠬᠦᠨᠳᠦ ᠳᠦ ᠪᠠᠢᠬᠤ ᠡᠷᠬᠢᠮ ᠳᠡᠭᠡᠳᠦ ᠢᠳᠡᠭᠡᠯ ᠵᠤᠷᠢᠭ ᠢ ᠲᠦᠪᠯᠡᠷᠡᠬᠦᠯᠦᠨ ᠢᠯᠡᠷᠡᠬᠦᠯᠵᠦ ᠂ ᠮᠠᠨ ᠤ ᠬᠤᠷᠢᠶ᠎ᠠ ᠶᠢᠨ ᠰᠢᠬᠦᠨ ᠳᠠᠰᠤᠯᠠᠭᠴᠢ ᠦᠨᠳᠦᠰᠦᠨ ᠬᠠᠤᠯᠢ ᠳᠤ ᠦᠨᠡᠨᠴᠢ ᠰᠢᠳᠤᠷᠭᠤ ᠂ ᠰᠢᠬᠦᠭᠴᠢ ᠶᠢᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠵᠦ ᠪᠠᠢᠬᠤ ᠶᠢ ᠢᠯᠡᠷᠡᠬᠦᠯᠵᠦ ᠂ ᠠᠷᠠᠳ ᠲᠦᠮᠡᠨ ᠳᠦ ᠰᠢᠳᠤᠷᠭᠤ ᠂ ᠡᠬᠦᠷᠭᠡ ᠳᠤᠰᠢᠶᠠᠯ ᠢᠶᠠᠨ ᠬᠦᠢᠴᠡᠳᠬᠡᠵᠦ ᠂ ᠠᠷᠠᠳ ᠲᠦᠮᠡᠨ ᠦ ᠬᠢᠨᠠᠨᠯᠲᠠ ᠶᠢ ᠬᠦᠯᠢᠶᠡᠬᠦ ᠲᠦᠪ ᠴᠢᠩᠭ᠎ᠠ ᠠᠮᠠᠯᠠᠯᠲᠠ ᠪᠠᠨ ᠪᠡᠶᠡᠯᠡᠬᠦᠯᠵᠦ ᠪᠠᠢᠨ᠎ᠠ ᠃

ᠶᠤᠰᠤᠯᠠᠯ ᠳᠡᠭᠡᠷ᠎ᠠ ᠂ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠢᠯᠠᠩ ᠤᠨ ᠱᠦᠵᠢ ᠂ ᠤᠷᠤᠯᠠᠭᠴᠢ ᠬᠤᠷᠢᠶᠠᠨ ᠳᠠᠷᠤᠭ᠎ᠠ ᠯᠢ ᠾᠦᠩ ᠶᠠᠨ ᠴᠢᠬᠤᠯᠠ ᠶᠠᠷᠢᠶ᠎ᠠ ᠳᠠᠯᠪᠢᠵᠤ ᠂ ᠪᠦᠬᠦ ᠰᠢᠬᠦᠭᠴᠢ ᠳᠦ ᠰᠢᠨ᠎ᠠ ᠱᠠᠭᠠᠷᠳᠠᠯᠭ᠎ᠠ ᠳᠤᠷᠠᠳᠤᠪᠠ ᠃ ᠲᠡᠷᠡ ᠵᠢᠭᠠᠵᠤ ᠭᠠᠷᠭᠠᠭᠰᠠᠨ ᠨᠢ ᠂ ᠤᠳᠤᠬᠠᠨ ᠳᠤ ᠪᠤᠯ ᠪᠦᠬᠦ ᠳᠠᠯ᠎ᠠ ᠪᠠᠷ ᠬᠠᠤᠯᠢ ᠴᠠᠭᠠᠵᠠ ᠶᠢᠨ ᠥᠭᠡᠷᠡᠴᠢᠯᠡᠯᠲᠡ ᠬᠢᠵᠦ ᠂ 《ᠰᠢᠬᠦᠭᠴᠢ ᠪᠡᠷ ᠳᠠᠰᠤᠯᠤᠨ ᠳᠤᠭᠳᠠᠭᠠᠯᠭᠠᠵᠤ ᠂ ᠳᠠᠰᠤᠯᠤᠨ ᠳᠤᠭᠳᠠᠭᠠᠭᠴᠢ ᠪᠠᠷ ᠬᠠᠷᠢᠭᠤᠴᠠᠭᠤᠯᠬᠤ 》 ᠶᠢ ᠴᠢᠷᠮᠠᠢᠨ ᠪᠡᠶᠡᠯᠡᠬᠦᠯᠬᠦ ᠶᠠᠪᠤᠴᠠ ᠳᠤ᠂ ᠰᠢᠬᠦᠭᠴᠢ ᠶᠢᠨ ᠡᠭᠦᠷᠭᠡᠯᠡᠬᠦ ᠬᠠᠷᠢᠭᠤᠴᠠᠯᠭ᠎ᠠ ᠨᠡᠩ ᠶᠡᠬᠡ ᠪᠤᠯᠵᠤ ᠂ ᠪᠠᠷᠢᠮᠵᠢᠶ᠎ᠠ ᠨᠡᠩ ᠴᠢᠩᠭ᠎ᠠ ᠂ ᠱᠠᠭᠠᠷᠳᠠᠯᠭ᠎ᠠ ᠨᠡᠩ ᠦᠨᠳᠦᠷ ᠪᠤᠯᠤᠭᠰᠠᠨ ᠪᠠᠢᠨ᠎ᠠ ᠃ ᠪᠦᠬᠦ ᠰᠢᠬᠦᠭᠴᠢ ᠡᠬᠦᠷᠭᠡᠯᠡᠵᠦ ᠪᠠᠢᠭ᠎ᠠ ᠡᠷᠬᠢᠮ ᠳᠡᠭᠡᠳᠦ ᠡᠬᠦᠷᠭᠡ ᠪᠤᠯᠤᠨ ᠳᠡᠤᠬᠡᠳᠦ ᠬᠠᠷᠢᠭᠤᠴᠠᠯᠭ᠎ᠠ ᠶᠢ ᠪᠠᠳᠤ ᠴᠡᠭᠡᠵᠢᠯᠡᠵᠦ ᠂ ᠨᠠᠮ ᠪᠤᠯᠤᠨ ᠠᠷᠠᠳ ᠲᠦᠮᠡᠨ ᠦ ᠤᠯᠭᠤᠭᠰᠠᠨ ᠡᠷᠬᠡ ᠶᠢ ᠨᠠᠨᠳᠢᠩᠨᠠᠵᠤ ᠂ ᠦᠨᠳᠦᠰᠦᠨ ᠬᠠᠤᠯᠢ ᠶᠢ ᠬᠡᠵᠢᠶᠡᠳᠡ ᠰᠡᠳᠬᠢᠯ ᠳᠦ ᠪᠡᠨ ᠪᠠᠢᠯᠭᠠᠵᠤ ᠂ ᠬᠠᠤᠯᠢ ᠪᠠᠷ ᠵᠠᠰᠠᠬᠤ ᠶᠢ ᠢᠳᠡᠬᠡᠯ ᠪᠢᠰᠢᠷᠡᠯ ᠪᠤᠯᠭᠠᠵᠤ ᠂ ᠨᠠᠮ ᠢᠶᠠᠨ ᠭᠤᠮᠤᠳᠤᠭᠠᠬᠤ ᠦᠬᠡᠢ ᠂ ᠠᠷᠠᠳ ᠲᠦᠮᠡᠨ ᠢ ᠭᠤᠮᠤᠳᠤᠭᠠᠬᠤ ᠦᠭᠡᠢ ᠂ ᠬᠠᠤᠯᠢ ᠴᠠᠭᠠᠵᠠ ᠶᠢ ᠭᠤᠮᠤᠳᠤᠭᠠᠬᠤ ᠦᠭᠡᠢ ᠂ ᠴᠠᠭ ᠦᠶ᠎ᠠ ᠶᠢ ᠭᠤᠮᠤᠳᠤᠭᠠᠬᠤ ᠦᠬᠡᠢ ᠠᠷᠠᠳ ᠤᠨ ᠰᠢᠭᠦᠭᠴᠢ ᠪᠤᠯᠵᠤ ᠂ ᠬᠠᠤᠯᠢ ᠪᠠᠷ ᠵᠠᠰᠠᠬᠤ ᠤᠷᠳᠤᠰ ᠢ ᠪᠦᠲᠦᠭᠡᠨ ᠪᠠᠢᠭᠤᠯᠬᠤ ᠳᠤ ᠦᠪᠡᠷ ᠦᠨ ᠡᠷᠬᠦᠪᠡᠰᠦ ᠵᠤᠬᠢᠬᠤ ᠬᠤᠪᠢ ᠨᠡᠮᠡᠷᠢ ᠪᠡᠨ ᠡᠷᠭᠦᠨ᠎ᠠ ᠃

ᠲᠠᠩᠭᠠᠷᠢᠭᠯᠠᠬᠤ ᠶᠤᠰᠤᠯᠠᠯ ᠳᠠᠭᠤᠰᠤᠭᠰᠠᠨ ᠤ ᠳᠠᠷᠠᠭ᠎ᠠ ᠂ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ 11 ᠰᠢᠬᠦᠭᠴᠢ ᠬᠢᠶᠠᠨ ᠪᠠᠭᠰᠢ  ᠶᠢᠨ ᠰᠤᠷᠭᠠᠨ ᠬᠦᠮᠦᠵᠢᠯ ᠦᠨ ᠳᠤᠪᠴᠢᠶᠠᠨ ᠳᠤ ᠬᠦᠷᠴᠦ《ᠵᠠᠯᠠᠭᠤ ᠰᠢᠬᠦᠭᠴᠢ ᠶᠢᠨ ᠬᠠᠤᠯᠢ ᠴᠠᠭᠠᠵᠠ ᠶᠢᠨ ᠰᠤᠷᠭᠠᠨ ᠬᠦᠮᠦᠵᠢᠯ ᠦᠨ ᠰᠠᠭᠤᠷᠢᠨ ᠭᠠᠵᠠᠷ ᠫᠠᠢᠰᠠ ᠤᠯᠭᠤᠬᠤ ᠶᠤᠰᠤᠯᠠᠯ ᠵᠢᠴᠢ ᠰᠢᠬᠦᠭᠴᠢ ᠡᠵᠢ ᠰᠤᠷᠭᠠᠭᠤᠯᠢ ᠶᠢᠨ ᠬᠤᠷᠢᠶᠠᠨ ᠳᠤ ᠤᠷᠤᠵᠤ ᠬᠠᠤᠯᠢ ᠲᠦᠭᠡᠮᠡᠯᠵᠢᠬᠦ ᠬᠦᠳᠡᠯᠭᠡᠭᠡᠨ》 ᠳᠦ ᠤᠷᠤᠯᠴᠠᠪᠠ ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )