ᠵᠠᠯᠠᠭᠤ ᠪᠠᠭᠠᠴᠤᠳ ᠲᠤ ᠬᠠᠤᠯᠢ ᠲᠦᠷᠢᠮ ᠦᠨ ᠤᠬᠠᠭᠤᠯᠭ᠎ᠠ ᠰᠤᠷᠭᠠᠨ ᠬᠦᠮᠦᠵᠢᠯ ᠢ ᠤᠯᠠᠮ ᠨᠢᠬᠡ ᠠᠯᠬᠤᠮ ᠴᠢᠩᠭᠠᠳᠬᠠᠵᠤ ᠂ ᠵᠠᠯᠠᠭᠤ ᠪᠠᠭᠠᠴᠤᠳ ᠤᠨ ᠦᠪᠡᠷ ᠢ ᠪᠡᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠬᠦᠯᠵᠦ ᠂ ᠡᠶ᠎ᠠ ᠵᠤᠬᠢᠴᠠᠯᠲᠤ ᠰᠤᠷᠭᠠᠭᠤᠯᠢ ᠶᠢᠨ ᠬᠤᠷᠢᠶ᠎ᠠ ᠪᠠᠢᠭᠤᠯᠬᠤ ᠶᠢᠨ ᠲᠦᠯᠦᠭᠡ ᠂ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶ᠎ᠠ ᠬᠢᠶᠠᠨ ᠪᠠᠭᠰᠢ ᠶᠢᠨ ᠰᠢᠨ᠎ᠠ ᠳᠤᠭᠤᠷᠢᠭ ᠤᠨ ᠰᠤᠶᠤᠯ ᠳᠠᠮᠢᠷ ᠲᠤᠪᠴᠢᠶ᠎ᠠ ᠲᠠᠢ ᠢᠳᠡᠪᠬᠢᠲᠠᠢ ᠵᠦᠪᠯᠡᠬᠦ ᠪᠡᠷ ᠳᠠᠮᠵᠢᠵᠤ ᠂ ᠬᠢᠶᠠᠨ ᠪᠠᠭᠰᠢ ᠶᠢᠨ ᠰᠢᠨ᠎ᠠ ᠳᠤᠭᠤᠷᠢᠭ ᠤᠨ 11 ᠳᠤᠮᠳᠠ ᠪᠠᠭ᠎ᠠ ᠰᠤᠷᠭᠠᠭᠤᠯᠢ ᠳᠤ ᠬᠠᠤᠯᠢ ᠲᠦᠷᠢᠮ ᠦᠨ ᠳᠡᠳ᠋ ᠵᠠᠬᠢᠷᠤᠯ ᠳᠤᠬᠢᠷᠠᠭᠤᠯᠬᠤ ᠪᠠᠷ ᠳᠤᠭᠳᠠᠪᠠ ᠃
12 ᠰᠠᠷᠠᠢᠨ 2 ᠡᠳᠦᠷ ᠦᠨ ᠦᠳᠡ ᠡᠮᠦᠨ᠎ᠠ ᠂ ᠬᠢᠶᠠᠨ ᠪᠠᠭᠰᠢ ᠰᠢᠨ᠎ᠠ ᠳᠤᠭᠤᠷᠢᠭ ᠤᠨ ᠵᠠᠯᠠᠭᠤ ᠪᠠᠭᠠᠴᠤᠳ ᠤᠨ ᠬᠠᠤᠯᠢ ᠪᠠᠷ ᠵᠠᠰᠠᠬᠤ ᠶᠢ ᠤᠬᠠᠭᠤᠯᠬᠤ ᠰᠤᠷᠭᠠᠨ ᠬᠦᠮᠦᠵᠢᠯ ᠦᠨ ᠰᠠᠭᠤᠷᠢᠨ ᠭᠠᠵᠠᠷ ᠢᠯᠡᠷᠬᠡᠢᠯᠡᠯ ᠤᠯᠭᠤᠬᠤ ᠶᠤᠰᠤᠯᠠᠯ ᠵᠢᠴᠢ ᠬᠠᠤᠯᠢ ᠲᠦᠷᠢᠮ ᠦᠨ ᠳᠡᠳ᠋ ᠵᠠᠬᠢᠷᠤᠯ ᠲᠤᠮᠢᠯᠠᠬᠤ ᠶᠡᠬᠡ ᠬᠤᠷᠠᠯ ᠬᠢᠶᠠᠨ ᠪᠠᠭᠰᠢ ᠰᠢᠨ᠎ᠠ ᠳᠤᠭᠤᠷᠢᠭ ᠤᠨ ᠳᠤᠷᠰᠢᠯᠲᠠ ᠶᠢᠨ ᠪᠠᠭ᠎ᠠ ᠰᠤᠷᠭᠠᠭᠤᠯᠢ ᠳᠤ ᠶᠠᠪᠤᠭᠳᠠᠭᠤᠯᠪᠠ ᠃ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠳᠡᠳ᠋ ᠬᠤᠷᠢᠶᠠᠨ ᠳᠠᠷᠤᠭ᠎ᠠ ᠂ ᠤᠯᠤᠰ ᠲᠦᠷᠦ ᠶᠢᠨ ᠬᠡᠯᠳᠡᠰ ᠦᠨ ᠡᠷᠬᠢᠯᠡᠭᠴᠢ ᠯᠢ ᠵᠢᠩ ᠭᠦᠸᠸ ᠂ ᠬᠤᠳᠠ ᠶᠢᠨ ᠡᠮᠡᠭᠲᠡᠢᠴᠦᠳ ᠦᠨ ᠬᠤᠯᠪᠤᠭ᠎ᠠ ᠶᠢᠨ ᠳᠡᠳ᠋ ᠲᠡᠷᠢᠭᠦᠯᠡᠭᠴᠢ ᠵᠸᠦ ᠰᠢ ᠶᠠᠨ ᠂ ᠬᠤᠳᠠ ᠶᠢᠨ ᠡᠮᠡᠭᠲᠡᠢᠴᠦᠳ ᠦᠨ ᠬᠤᠯᠪᠤᠭᠠᠨ ᠤ ᠡᠷᠬᠡ ᠠᠰᠢᠭ ᠤᠨ ᠶᠠᠮᠤᠨ ᠤ ᠰᠠᠢᠳ ᠡᠭᠦᠯᠡᠩᠬᠤᠸᠠᠷ᠂ ᠬᠤᠳᠠ ᠶᠢᠨ ᠡᠮᠡᠭᠲᠡᠢᠴᠦᠳ ᠦᠨ ᠬᠤᠯᠪᠤᠭᠠᠨ ᠤ ᠡᠷᠬᠡ ᠠᠰᠢᠭ ᠤᠨ ᠶᠠᠮᠤᠨ ᠤ ᠳᠡᠳ᠋ ᠰᠠᠢᠳ ᠴᠤᠯᠮᠤᠨ᠂ ᠬᠢᠶᠠᠨ ᠪᠠᠭᠰᠢ ᠰᠢᠨ᠎ᠠ ᠲᠤᠭᠤᠷᠢᠭ ᠤᠨ ᠰᠤᠷᠭᠠᠨ ᠬᠦᠮᠦᠵᠢᠯ ᠪᠡᠶ᠎ᠠ ᠲᠠᠮᠢᠷ ᠤᠨ ᠳᠤᠪᠴᠢᠶᠠᠨ ᠳᠠᠷᠤᠭ᠎ᠠ ᠬᠤᠤ ᠹᠸᠩ ᠯᠢᠨ ᠂ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠵᠠᠰᠠᠭ ᠵᠠᠬᠢᠷᠭᠠᠨ ᠤ ᠰᠢᠬᠦᠨ ᠳᠠᠰᠤᠯᠤᠯᠲᠠ ᠶᠢᠨ ᠲᠢᠩᠬᠢᠮ ᠦᠨ ᠳᠠᠷᠤᠭ᠎ᠠ ᠯᠢ ᠶᠠᠨ᠂ ᠨᠠᠰᠤᠨ ᠦᠯᠦ ᠬᠦᠷᠦᠭᠰᠡᠳ ᠦᠨ ᠬᠡᠷᠡᠭ ᠢ ᠶᠡᠷᠦᠩᠬᠡᠢᠯᠡᠨ ᠰᠢᠬᠦᠨ ᠳᠠᠰᠤᠯᠠᠬᠤ ᠲᠢᠩᠬᠢᠮ ᠦᠨ ᠳᠠᠷᠤᠭ᠎ᠠ ᠴᠡᠴᠡᠭ ᠂ ᠤᠯᠤᠰ ᠲᠦᠷᠦ ᠶᠢᠨ ᠬᠡᠯᠳᠡᠰ ᠦᠨ ᠶᠡᠷᠦᠩᠬᠡᠢ ᠰᠠᠯᠠᠭᠠᠨ ᠤ ᠲᠠᠷᠤᠭ᠎ᠠ ᠳᠤᠶᠠᠭ᠎ᠠ ᠵᠡᠷᠬᠡ ᠬᠦᠮᠦᠰ ᠬᠤᠷᠠᠯ ᠳᠤ ᠤᠷᠤᠯᠴᠠᠪᠠ᠃ ᠬᠢᠶᠠᠨ ᠪᠠᠭᠰᠢ ᠰᠢᠨ᠎ᠠ ᠳᠤᠭᠤᠷᠢᠭ ᠤᠨ ᠡᠯ᠎ᠠ ᠳᠤᠮᠳᠠ ᠪᠠᠭ᠎ᠠ ᠰᠤᠷᠭᠠᠭᠤᠯᠢ ᠶᠢᠨ ᠶᠤᠰᠤ ᠮᠤᠷᠠᠯ ᠬᠦᠮᠦᠵᠢᠯ ᠦᠨ ᠳᠡᠳ᠋ ᠵᠠᠬᠢᠷᠤᠯ ᠂ ᠰᠢᠨ᠎ᠠ ᠳᠤᠮᠢᠯᠠᠭᠰᠠᠨ ᠬᠠᠤᠯᠢ ᠲᠦᠷᠢᠮ ᠦᠨ ᠳᠡᠳ᠋ ᠵᠠᠬᠢᠷᠤᠯ ᠂ ᠬᠢᠶᠠᠨ ᠪᠠᠭᠰᠢ ᠰᠢᠨ᠎ᠠ ᠳᠤᠭᠤᠷᠢᠭ ᠤᠨ ᠳᠤᠷᠰᠢᠯᠲᠠ ᠶᠢᠨ ᠪᠠᠭ᠎ᠠ ᠰᠤᠷᠭᠠᠭᠤᠯᠢ ᠶᠢᠨ ᠪᠦᠯᠦᠭ ᠪᠠᠭᠰᠢ ᠰᠤᠷᠤᠭᠴᠢ ᠬᠤᠷᠠᠯ ᠳᠤ ᠤᠷᠤᠯᠴᠠᠪᠠ ᠃
ᠢᠯᠡᠷᠬᠡᠢᠯᠡᠯ ᠣᠯᠭᠤᠬᠤ ᠶᠤᠰᠤᠯᠠᠯ ᠳᠡᠭᠡᠷ᠎ᠠ ᠂ ᠬᠢᠶᠠᠨ ᠪᠠᠭᠰᠢ ᠰᠢᠨ᠎ᠠ ᠳᠤᠭᠤᠷᠢᠭ ᠤᠨ ᠰᠤᠷᠭᠠᠨ ᠬᠦᠮᠦᠵᠢᠯ ᠪᠡᠶ᠎ᠠ ᠳᠠᠮᠢᠷ ᠤᠨ ᠳᠤᠪᠴᠢᠶᠠᠨ ᠳᠠᠷᠤᠭ᠎ᠠ ᠬᠤᠤ ᠹᠸᠩ ᠯᠢᠨ ᠂ ᠬᠤᠳᠠ ᠡᠮᠡᠭᠳᠡᠢᠴᠦᠳ ᠦᠨ ᠬᠤᠯᠪᠤᠭᠠᠨ ᠤ ᠳᠡᠳ᠋ ᠲᠡᠷᠢᠭᠦᠯᠡᠭᠴᠢ ᠵᠸᠥ ᠰᠢ ᠶᠠᠨ ᠶᠠᠷᠢᠶ᠎ᠠ ᠳᠠᠯᠪᠢᠪᠠ ᠃ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠯᠢ ᠵᠢᠩ ᠭᠦᠸᠸ ᠳᠡᠳ᠋ ᠬᠤᠷᠢᠶᠠᠨ ᠳᠠᠷᠤᠭ᠎ᠠ《ᠬᠢᠶᠠᠨ ᠪᠠᠭᠰᠢ ᠰᠢᠨ᠎ᠠ ᠳᠤᠭᠤᠷᠢᠭ ᠤᠨ ᠵᠠᠯᠠᠭᠤ ᠪᠠᠭᠠᠴᠤᠳ ᠬᠠᠤᠯᠢ ᠪᠠᠷ ᠵᠠᠰᠠᠬᠤ ᠶᠢ ᠤᠬᠠᠭᠤᠯᠤᠨ ᠰᠤᠷᠭᠠᠨ ᠬᠦᠮᠦᠵᠢᠬᠦᠯᠬᠦ ᠰᠠᠭᠤᠷᠢᠨ ᠭᠠᠵᠠᠷ》ᠢᠯᠡᠷᠬᠡᠢᠯᠡᠯ ᠢ ᠳᠤᠰᠤᠨ ᠠᠪᠤᠪᠠ ᠃ ᠡᠬᠦᠨ ᠦ ᠬᠠᠮᠳᠤ ᠂ ᠬᠤᠷᠠᠯ ᠳᠤ ᠤᠷᠤᠯᠴᠠᠭᠰᠠᠨ ᠤᠳᠤᠷᠢᠳᠤᠯᠭ᠎ᠠ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠪᠢᠶᠠᠨ ᠰᠢᠶᠤᠤ ᠶᠠᠨ ᠂ ᠬᠥ᠋ ᠰᠢᠶᠤᠤ ᠳᠠ ᠵᠡᠷᠬᠡ 11 ᠰᠢᠬᠦᠭᠴᠢ ᠳᠦ《ᠬᠠᠤᠯᠢ ᠲᠦᠷᠢᠮ ᠦᠨ ᠳᠡᠳ᠋ ᠵᠠᠬᠢᠷᠤᠯ》ᠤᠷᠢᠯᠭ᠎ᠠ ᠶᠢᠨ ᠪᠢᠴᠢᠭ᠌ ᠢ ᠤᠯᠭᠤᠪᠠ ᠃
ᠳᠤᠰ ᠤᠳᠠᠭᠠᠨ ᠤ ᠬᠦᠳᠡᠯᠭᠡᠭᠡᠨ ᠨᠢ ᠂ ᠤᠷᠳᠤᠰ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶ᠎ᠠ ᠦᠷᠨᠢᠬᠦᠯᠦᠭᠰᠡᠨ《ᠰᠢᠬᠦᠭᠴᠢ ᠡᠵᠢ ᠰᠤᠷᠭᠠᠭᠤᠯᠢ ᠶᠢᠨ ᠬᠤᠷᠢᠶᠠᠨ ᠤᠷᠤᠬᠤ》ᠬᠦᠳᠡᠯᠭᠡᠭᠡᠨ ᠦ ᠦᠷᠭᠡᠳᠭᠡᠯ ᠪᠠ ᠦᠷᠬᠦᠯᠵᠢᠯᠡᠯ ᠢᠶᠡᠷ ᠪᠠᠷᠠᠬᠤ ᠦᠬᠡᠢ ᠂ ᠮᠥᠨᠴᠦ ᠰᠢᠬᠦᠬᠦ ᠬᠤᠷᠢᠶ᠎ᠠ ᠪᠤᠯᠤᠨ ᠰᠤᠷᠭᠠᠨ ᠬᠦᠮᠦᠵᠢᠯ ᠦᠨ ᠰᠠᠯᠠᠭ᠎ᠠ ᠮᠦᠴᠢᠷ ᠬᠠᠮᠳᠤᠪᠡᠷ ᠰᠤᠷᠭᠠᠭᠤᠯᠢ ᠶᠢᠨ ᠬᠤᠷᠢᠶᠠᠨ ᠤ ᠯᠠᠪᠳᠠᠭᠤᠨ ᠳᠤᠭᠳᠠᠭᠤᠨ ᠪᠠ ᠡᠶ᠎ᠠ ᠵᠤᠬᠢᠴᠠᠯᠲᠠᠢ ᠬᠠᠤᠯᠢ ᠪᠠᠷ ᠵᠠᠰᠠᠬᠤ ᠤᠷᠴᠢᠨ ᠳᠤᠭᠤᠷᠢᠨ ᠢ ᠪᠦᠲᠦᠭᠡᠨ ᠪᠠᠢᠭᠤᠯᠵᠤ ᠂ ᠵᠠᠯᠠᠭᠤ ᠪᠠᠭᠠᠴᠤᠳ ᠤᠨ ᠬᠠᠤᠯᠢ ᠲᠦᠷᠢᠮ ᠦᠨ ᠰᠤᠷᠭᠠᠨ ᠬᠦᠮᠦᠵᠢᠯ ᠢ ᠴᠢᠩᠭᠠᠳᠬᠠᠬᠤ ᠴᠢᠬᠤᠯᠠ ᠠᠷᠭ᠎ᠠ ᠠᠪᠴᠢᠯ ᠮᠦᠨ ᠃ ᠡᠬᠦᠨ ᠦ ᠬᠠᠮᠳᠤ ᠂ ᠰᠤᠷᠭᠠᠨ ᠬᠦᠮᠦᠵᠢᠯ ᠦᠨ ᠬᠠᠤᠯᠢ ᠲᠦᠷᠢᠮ ᠦᠨ ᠤᠷᠴᠢᠨ ᠳᠤᠭᠤᠷᠢᠨ ᠢ ᠤᠯᠠᠮ ᠨᠢᠬᠡ ᠠᠯᠬᠤᠮ ᠰᠠᠢᠵᠢᠷᠠᠭᠤᠯᠬᠤ᠂ ᠵᠠᠯᠠᠭᠤ ᠪᠠᠭᠠᠴᠤᠳ ᠤᠨ ᠪᠡᠶ᠎ᠠ ᠰᠡᠳᠬᠢᠯ ᠡᠷᠡᠭᠦᠯ ᠢᠶᠡᠷ ᠪᠤᠢᠵᠢᠬᠤ ᠶᠢ ᠠᠬᠢᠭᠤᠯᠬᠤ ᠪᠠᠷ ᠢᠳᠡᠪᠬᠢᠲᠠᠢ ᠦᠢᠯᠡᠳᠦᠯ ᠦᠵᠡᠬᠦᠯᠬᠦ ᠶᠤᠮ ᠃
ᠳᠠᠷᠠᠭ᠎ᠠ ᠠᠯᠬᠤᠮ ᠳᠤ ᠂ ᠤᠷᠳᠤᠰ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶ᠎ᠠ ᠬᠠᠤᠯᠢ ᠲᠦᠷᠢᠮ ᠦᠨ ᠳᠡᠳ᠋ ᠵᠠᠬᠢᠷᠤᠯ ᠤᠨ ᠡᠭᠦᠷᠭᠡ ᠴᠢᠳᠠᠮᠵᠢ ᠶᠢ ᠢᠳᠡᠪᠬᠢᠲᠠᠢ ᠪᠠᠳᠠᠷᠠᠭᠤᠯᠤᠨ ᠂ ᠬᠠᠤᠯᠢ ᠴᠠᠭᠠᠵᠠ ᠶᠢᠨ ᠬᠢᠴᠢᠶᠡᠯ ᠂ ᠳᠠᠭᠤᠷᠢᠶᠠᠮᠠᠯ ᠰᠢᠬᠦᠬᠦ ᠲᠢᠩᠬᠢᠮ ᠵᠡᠷᠬᠡ ᠬᠡᠯᠪᠡᠷᠢ ᠪᠡᠷ ᠳᠠᠮᠵᠢᠵᠤ ᠬᠠᠤᠯᠢ ᠲᠦᠬᠡᠮᠵᠢᠯᠡᠨ ᠤᠬᠠᠭᠤᠯᠬᠤ ᠰᠤᠷᠭᠠᠨ ᠬᠦᠮᠦᠵᠢᠯ ᠢ ᠦᠷᠨᠢᠬᠦᠯᠵᠦ ᠂ ᠵᠠᠯᠠᠭᠤ ᠪᠠᠭᠠᠴᠤᠳ ᠤᠨ ᠬᠠᠤᠯᠢ ᠲᠦᠷᠢᠮ ᠦᠨ ᠰᠤᠷᠭᠠᠨ ᠬᠦᠮᠦᠵᠢᠯ ᠦᠨ ᠤᠷᠳᠤ ᠬᠤᠭᠤᠴᠠᠭᠠᠨ ᠤ ᠪᠦᠲᠦᠮᠵᠢ ᠲᠠᠢ ᠪᠦᠬᠦᠢ ᠳᠤᠭᠳᠠᠴᠠ ᠶᠢ ᠠᠯᠬᠤᠮ ᠳᠠᠷᠠᠭᠠᠯᠠᠨ ᠪᠠᠢᠭᠤᠯᠵᠤ ᠲᠡᠭᠦᠯᠳᠡᠷᠵᠢᠭᠦᠯᠦᠨ᠎ᠡ ᠂ ᠵᠠᠯᠠᠭᠤ ᠪᠠᠭᠠᠴᠤᠳ ᠤᠨ ᠬᠠᠤᠯᠢ ᠴᠠᠭᠠᠵᠠ ᠶᠢᠨ ᠪᠤᠯᠪᠠᠰᠤᠷᠠᠯ ᠢ ᠳᠡᠭᠡᠭᠰᠢᠯᠡᠬᠦᠯᠬᠦ ᠳᠦ ᠢᠳᠡᠪᠬᠢᠲᠠᠢ ᠪᠠᠷ ᠬᠦᠴᠦᠨ ᠡᠷᠬᠦᠨ᠎ᠠ ᠃
ᠦᠨᠡᠯᠡᠬᠦ 0ᠦᠨᠡᠯᠡᠯᠲᠡ ᠲᠠᠢ