《ᠰᠢᠭᠦᠭᠴᠢ ᠂ ᠪᠢ ᠨᠢᠬᠡ ᠬᠠᠤᠯᠢ ᠴᠠᠭᠠᠵᠠ ᠶᠢᠨ ᠠᠰᠠᠭᠤᠯᠲᠠ ᠶᠢ ᠳᠠᠨ ᠠᠴᠠ ᠠᠰᠠᠭᠤᠶ᠎ᠠ》《ᠪᠤᠯᠤᠨ᠎ᠠ ᠂ ᠲᠠ ᠶᠠᠷᠢᠭᠠᠴᠢ》᠂ 12 ᠰᠠᠷᠠᠢᠨ 6 ᠡᠳᠦᠷ ᠦᠨ ᠦᠳᠡ ᠶᠢᠨ ᠡᠮᠦᠨ᠎ᠠ ᠂ ᠤᠷᠳᠤᠰ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠬᠡᠰᠡᠭ ᠰᠢᠬᠦᠭᠴᠢ ᠤᠷᠳᠤᠰ ᠬᠠᠮ ᠦᠵᠡᠰᠭᠦᠯᠡᠩ ᠦᠨ ᠲᠦᠪ ᠲᠦ ᠦᠷᠨᠢᠭᠦᠯᠦᠭᠰᠡᠨ《ᠬᠠᠤᠯᠢ ᠬᠠᠵᠠᠭᠤ ᠳᠤ ᠪᠠᠢᠨ᠎ᠠ ᠂ ᠬᠠᠤᠯᠢ ᠪᠠᠷ ᠵᠠᠰᠠᠭᠰᠠᠨ ᠤᠷᠳᠤᠰ》 ᠢᠶᠠᠷ ᠭᠤᠤᠯ ᠰᠡᠳᠦᠪ ᠪᠣᠯᠭᠠᠭᠰᠠᠨ ᠦᠨᠳᠦᠰᠦᠨ ᠬᠠᠤᠯᠢ ᠤᠬᠠᠭᠤᠯᠬᠤ ᠰᠠᠷ᠎ᠠ ᠬᠦᠳᠡᠯᠭᠡᠭᠡᠨ ᠵᠢᠴᠢ ᠦᠨᠳᠦᠰᠦᠨ ᠬᠠᠤᠯᠢ ᠳᠤ ᠲᠠᠩᠭᠠᠷᠢᠭᠯᠠᠬᠤ ᠬᠦᠳᠡᠯᠭᠡᠭᠡᠨ ᠳᠦ ᠤᠷᠤᠯᠴᠠᠪᠠ ᠃ ᠬᠦᠳᠡᠯᠭᠡᠭᠡᠨ ᠭᠤᠤᠯᠳᠠᠭᠤ ᠦᠨᠳᠦᠰᠦᠨ ᠬᠠᠤᠯᠢ ᠳᠤ ᠲᠠᠩᠭᠠᠷᠢᠭᠯᠠᠬᠤ ᠂ ᠤᠬᠠᠭᠤᠯᠭ᠎ᠠ ᠶᠢᠨ ᠰᠠᠮᠪᠠᠷ᠎ᠠ ᠳᠠᠯᠪᠢᠬᠤ ᠂ ᠬᠠᠤᠯᠢ ᠴᠠᠭᠠᠵᠠ ᠶᠢᠨ ᠯᠠᠪᠯᠠᠯᠲᠠ ᠶᠢᠨ ᠳᠠᠢᠰᠠ ᠪᠤᠰᠬᠠᠬᠤ ᠂ ᠤᠬᠠᠭᠤᠯᠭ᠎ᠠ ᠶᠢᠨ ᠬᠠᠭᠤᠳᠠᠰᠤ ᠲᠠᠷᠬᠠᠬᠤ ᠵᠡᠷᠬᠡ ᠤᠯᠠᠨ ᠲᠦᠷᠦᠯ ᠦᠨ ᠬᠡᠯᠪᠡᠷᠢ ᠪᠡᠷ ᠬᠤᠳᠠ ᠶᠢᠨ ᠠᠷᠠᠳ ᠲᠤ ᠰᠦᠢᠳᠬᠡᠯ ᠬᠤᠷᠢᠶᠠᠬᠤ ᠦᠬᠡᠢ ᠬᠠᠤᠯᠢ ᠴᠠᠭᠠᠵᠠ ᠶᠢᠨ ᠵᠦᠪᠯᠡᠭᠡᠨ ᠦ ᠦᠢᠯᠡᠴᠢᠯᠡᠭᠡ ᠬᠠᠩᠭᠠᠵᠤ ᠂ ᠬᠤᠳᠠ ᠶᠢᠨ ᠠᠷᠠᠳ ᠤᠨ ᠬᠠᠤᠯᠢ ᠲᠦᠷᠢᠮ ᠦᠨ ᠦᠵᠡᠯ ᠤᠬᠠᠮᠰᠠᠷ ᠢ ᠳᠡᠭᠡᠭᠰᠢᠯᠡᠬᠦᠯᠪᠡ ᠃
ᠬᠦᠳᠡᠯᠭᠡᠭᠡᠨ ᠦ ᠳᠠᠯᠠᠪᠤᠷ ᠲᠤ ᠂ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ 7 ᠨᠡᠷᠡᠰ ᠰᠢᠭᠦᠭᠴᠢ ᠠᠯᠪᠠᠨ ᠬᠤᠪᠴᠠᠰᠤ ᠡᠮᠦᠰᠴᠦ ᠂ ᠬᠠᠯᠠᠭᠤᠰᠤᠭ ᠢᠶᠠᠷ ᠬᠤᠳᠠ ᠶᠢᠨ ᠠᠷᠠᠳ ᠲᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠵᠤ ᠂ ᠬᠤᠳᠠ ᠶᠢᠨ ᠠᠷᠠᠳ ᠤᠨ ᠳᠤᠷᠠᠳᠤᠭᠰᠠᠨ ᠠᠷᠠᠳ ᠤᠨ ᠬᠤᠭᠤᠷᠤᠨᠳᠤᠬᠢ ᠵᠢᠭᠡᠯᠡᠯᠭᠡ ᠂ ᠭᠡᠷ ᠪᠦᠯᠢ ᠤᠷᠤᠭ ᠬᠤᠷᠢᠮ ᠂ ᠬᠦᠢᠴᠡᠳᠭᠡᠬᠦ ᠬᠡᠷᠡᠭ ᠳᠠᠩᠰᠠᠯᠠᠬᠤ ᠵᠡᠷᠬᠡ ᠬᠠᠤᠯᠢ ᠴᠠᠭᠠᠵᠠ ᠶᠢᠨ ᠠᠰᠠᠭᠤᠯᠲᠠ ᠶᠢ ᠨᠠᠷᠢᠯᠢᠭ ᠬᠠᠷᠢᠭᠤᠯᠵᠤ ᠂ ᠤᠯᠠᠨ ᠲᠦᠮᠡᠨ ᠦ ᠬᠦᠷᠢᠶᠡᠯᠡᠯ ᠢ ᠤᠯᠪᠠ ᠃ ᠬᠦᠳᠡᠯᠭᠡᠭᠡᠨ ᠦ ᠳᠤᠬᠠᠢ ᠶᠢᠨ ᠡᠳᠦᠷ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶ᠎ᠠ ᠤᠬᠠᠭᠤᠯᠭ᠎ᠠ ᠶᠢᠨ ᠬᠠᠭᠤᠳᠠᠰᠤ ᠨᠡᠢᠲᠡ 300 ᠢᠯᠡᠬᠦᠦ ᠳᠠᠷᠬᠠᠭᠠᠵᠤ ᠂ ᠳᠤᠬᠠᠢ ᠶᠢᠨ ᠳᠠᠯᠠᠪᠤᠷ ᠲᠤ ᠬᠤᠳᠠ ᠶᠢᠨ ᠠᠷᠠᠳ ᠤᠨ ᠬᠠᠤᠯᠢ ᠴᠠᠭᠠᠵᠠ ᠶᠢᠨ ᠯᠠᠪᠯᠠᠯᠲᠠ 20 ᠢᠯᠡᠬᠦᠦ ᠶᠢ ᠬᠠᠷᠢᠭᠤᠯᠵᠤ ᠂ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠰᠢᠯᠢᠳᠡᠭ ᠲᠦᠷᠢ ᠲᠦᠷᠬᠦ ᠶᠢ ᠢᠯᠡᠷᠡᠬᠦᠯᠪᠡ ᠃
ᠡᠭᠦᠨ ᠠᠴᠠ ᠪᠤᠰᠤᠳ ᠂ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶ᠎ᠠ ᠰᠢᠬᠦᠭᠴᠢ ᠡᠵᠢ ᠬᠢᠴᠢᠶᠡᠯ ᠦᠨ ᠬᠡᠷ ᠲᠦ ᠤᠷᠤᠬᠤ ᠂ ᠳᠠᠭᠤᠷᠢᠶᠠᠮᠠᠯ ᠰᠢᠬᠦᠬᠦ ᠲᠢᠩᠬᠢᠮ ᠂ ᠰᠢᠬᠦᠭᠴᠢ ᠰᠦᠯᠵᠢᠶᠡᠨ ᠳᠡᠭᠡᠷ᠎ᠠ ᠪᠠᠢᠬᠤ ᠵᠡᠷᠬᠡ ᠬᠡᠯᠪᠡᠷᠢ ᠪᠡᠷ ᠳᠠᠮᠵᠢᠵᠤ ᠬᠠᠤᠯᠢ ᠲᠦᠭᠡᠮᠡᠯᠵᠢᠬᠦ ᠤᠬᠠᠭᠤᠯᠭ᠎ᠠ ᠰᠤᠷᠭᠠᠨ ᠬᠦᠮᠦᠵᠢᠯ ᠢ ᠦᠷᠨᠢᠬᠦᠯᠵᠦ ᠂ ᠬᠠᠤᠯᠢ ᠪᠠᠷ ᠵᠠᠰᠠᠬᠤ ᠤᠷᠳᠤᠰ ᠤᠨ ᠪᠦᠲᠦᠭᠡᠨ ᠪᠠᠢᠭᠤᠯᠤᠯᠲᠠ ᠳᠤ ᠬᠦᠴᠦᠨ ᠢᠶᠡᠨ ᠡᠷᠬᠦᠪᠡ ᠃
ᠦᠨᠡᠯᠡᠬᠦ 0ᠦᠨᠡᠯᠡᠯᠲᠡ ᠲᠠᠢ