ᠨᠠᠷᠠᠨ ᠤ ᠬᠡᠷᠡᠯ ᠬᠠᠯᠠᠭᠤᠨ ᠳᠤᠯᠠᠭᠠᠨ ᠠᠪᠴᠢᠷᠠᠵᠤ ᠬᠠᠤᠯᠢ ᠲᠦᠷᠢᠮ ᠰᠤᠷᠭᠠᠭᠤᠯᠢ ᠶᠢᠨ ᠬᠦᠷᠢᠶᠡᠨ ᠳᠦ ᠤᠷᠤᠪᠠ
2016.12.08 ᠲᠣᠰ ᠥᠷᠲᠡᠭᠡᠨ᠎ᠦ ᠨᠠᠢᠷᠠᠭᠤᠯᠤᠭᠴᠢ

——ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶ᠎ᠠ《ᠰᠢᠬᠦᠭᠴᠢ ᠡᠵᠢ》ᠬᠠᠤᠯᠢ ᠲᠦᠷᠢᠮ ᠰᠤᠷᠭᠠᠭᠤᠯᠢ ᠶᠢᠨ ᠬᠦᠷᠢᠶᠡᠨ ᠳᠦ ᠤᠷᠤᠬᠤ ᠬᠦᠳᠡᠯᠭᠡᠭᠡᠨ ᠦᠷᠨᠢᠬᠦᠯᠪᠡ

 

 

 

 

 

 

 

 

ᠵᠠᠯᠠᠭᠤ ᠪᠠᠭᠠᠴᠤᠳ ᠤᠨ ᠬᠠᠤᠯᠢ ᠲᠦᠷᠢᠮ ᠤᠬᠠᠭᠤᠯᠭ᠎ᠠ ᠶᠢᠨ ᠰᠤᠷᠭᠠᠨ ᠬᠦᠮᠦᠵᠢᠯ ᠢ ᠤᠯᠠᠮ ᠨᠢᠬᠡ ᠠᠯᠬᠤᠮ ᠴᠢᠩᠭᠠᠳᠬᠠᠬᠤ ᠶᠢᠨ ᠲᠦᠯᠦᠬᠡ᠂ ᠪᠦᠬᠦ ᠤᠯᠤᠰ ᠤᠨ ᠠᠷᠪᠠᠨ ᠵᠢᠷᠭᠤᠳᠤᠭᠠᠷ《ᠬᠠᠤᠯᠢ ᠲᠦᠷᠢᠮ ᠤᠬᠠᠭᠤᠯᠬᠤ ᠡᠳᠦᠷ》ᠬᠦᠷᠴᠦ ᠢᠷᠡᠬᠦ ᠬᠡᠵᠦ ᠪᠠᠢᠭ᠎ᠠ ᠦᠶ᠎ᠠ ᠳᠤ ᠂ ᠤᠷᠳᠤᠰ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ  ᠤ 11 ᠨᠡᠷᠡᠰ ᠰᠢᠬᠦᠭᠴᠢ ᠬᠢᠶᠠᠨ ᠪᠠᠭᠰᠢ ᠳᠤᠮᠳᠠ ᠪᠠᠭ᠎ᠠ ᠰᠤᠷᠭᠠᠭᠤᠯᠢ ᠶᠢᠨ ᠬᠠᠤᠯᠢ ᠲᠦᠷᠢᠮ ᠦᠨ ᠳᠡᠳ᠋ ᠵᠠᠬᠢᠷᠤᠯ ᠢᠶᠠᠷ ᠳᠤᠮᠢᠯᠠᠪᠠ ᠃ ᠬᠠᠤᠯᠢ ᠲᠦᠷᠢᠮ ᠦᠨ ᠳᠡᠳ᠋ ᠵᠠᠬᠢᠷᠤᠯ ᠤᠨ ᠡᠬᠦᠷᠭᠡ ᠳᠤᠰᠢᠶᠠᠯ ᠦᠢᠯᠡᠳᠦᠯ ᠢ ᠢᠳᠡᠪᠬᠢᠲᠠᠢ ᠪᠠᠳᠠᠷᠠᠭᠤᠯᠵᠤ ᠂ ᠰᠤᠷᠤᠭᠴᠢ ᠶᠢᠨ ᠬᠠᠤᠯᠢ ᠲᠦᠷᠢᠮ ᠦᠨ ᠦᠵᠡᠯ ᠤᠬᠠᠮᠰᠠᠷ ᠢ ᠳᠡᠭᠡᠭᠰᠢᠯᠡᠬᠦᠯᠬᠦ ᠶᠢᠨ ᠲᠦᠯᠦᠭᠡ ᠂ 《12.4》ᠬᠠᠤᠯᠢ ᠲᠦᠷᠢᠮ ᠤᠬᠠᠭᠤᠯᠬᠤ ᠡᠳᠦᠷ ᠦᠨ ᠳᠤᠬᠢᠶᠠᠯ ᠢ ᠠᠰᠢᠭᠯᠠᠨ ᠂ 12 ᠰᠠᠷᠠᠢᠨ 6 ᠡᠳᠦᠷ ᠦᠨ ᠦᠳᠡ ᠶᠢᠨ ᠬᠤᠢᠨ᠎ᠠ ᠂  ᠬᠢᠶᠠᠨ ᠪᠠᠭᠰᠢ ᠭᠤᠷᠪᠠᠳᠤᠭᠠᠷ ᠪᠠᠭ᠎ᠠ ᠰᠤᠷᠭᠠᠭᠤᠯᠢ ᠶᠢᠨ ᠬᠠᠤᠯᠢ ᠲᠦᠷᠢᠮ ᠦᠨ ᠳᠡᠳ᠋ ᠵᠠᠬᠢᠷᠤᠯ ᠶᠠᠩ ᠷᠦᠢ ᠬᠤᠸᠠ ᠰᠢᠭᠦᠭᠴᠢ ᠤᠯᠠᠭᠠᠨ ᠪᠦᠴᠡ ᠵᠡᠬᠦᠵᠦ ᠂ 《ᠬᠠᠤᠯᠢ ᠴᠠᠭᠠᠵᠠ ᠤᠢᠷᠠᠳᠤᠨ᠂  ᠬᠠᠤᠯᠢ ᠰᠠᠬᠢᠬᠤ ᠪᠢᠴᠢᠬᠠᠨ ᠡᠷᠬᠡᠲᠦ ᠠᠷᠠᠳ ᠪᠤᠯᠬᠤ ᠪᠠᠷ ᠴᠢᠷᠮᠠᠢᠬᠤ》 ᠪᠠᠷ ᠭᠤᠤᠯ ᠰᠡᠳᠦᠪ ᠪᠤᠯᠭᠠᠵᠤ ᠂ ᠬᠢᠶᠠᠨ ᠪᠠᠭᠰᠢ ᠭᠤᠷᠪᠠᠳᠤᠭᠠᠷ ᠪᠠᠭ᠎ᠠ ᠰᠤᠷᠭᠠᠭᠤᠯᠢ ᠶᠢᠨ ᠳᠠᠪᠤᠳᠤᠭᠠᠷ ᠤᠨ ᠤ ᠲᠦᠷᠪᠡᠳᠦᠭᠡᠷ ᠠᠩᠬᠢ ᠂  ᠵᠢᠷᠭᠤᠳᠤᠭᠠᠷ  ᠤᠨ ᠤ ᠨᠢᠬᠡ ᠠᠩᠬᠢ ᠪᠠᠷᠤᠭ 300 ᠢᠯᠡᠬᠦᠦ ᠰᠤᠷᠤᠭᠴᠢ ᠳᠤ ᠠᠮᠢᠳᠤᠯᠢᠭ ᠬᠠᠤᠯᠢ ᠲᠦᠷᠢᠮ ᠦᠨ ᠬᠢᠴᠢᠶᠡᠯ ᠤᠷᠤᠪᠠ ᠃

ᠶᠠᠩ ᠷᠦᠢ ᠬᠤᠸᠠ ᠰᠢᠬᠦᠭᠴᠢ ᠬᠢᠴᠢᠶᠡᠯ ᠰᠤᠨᠤᠰᠴᠤ ᠪᠠᠢᠭ᠎ᠠ ᠰᠤᠷᠤᠭᠴᠢ ᠶᠢᠨ ᠨᠠᠰᠤᠨ ᠤ ᠤᠨᠴᠠᠯᠢᠭ ᠲᠤ ᠴᠢᠭᠯᠡᠬᠦᠯᠦᠨ ᠂ ᠨᠢᠬᠡ ᠪᠦᠯᠦᠭ ᠪᠠᠭ᠎ᠠ ᠰᠤᠷᠭᠠᠭᠤᠯᠢ ᠶᠢᠨ ᠰᠤᠷᠤᠭᠴᠢ ᠶᠢᠨ ᠠᠮᠢᠳᠤᠷᠠᠯ ᠲᠠᠢ ᠤᠢᠷᠠᠳᠤᠬᠤ ᠂ ᠦᠨᠡᠨ ᠪᠤᠳᠠᠳᠠᠢ ᠂ ᠰᠢᠨ᠎ᠠ ᠰᠤᠷᠭᠤᠭ ᠬᠡᠷᠡᠭ ᠦᠨ ᠵᠢᠱᠢᠶ᠎ᠠ ᠪᠠᠷ ᠳᠠᠮᠵᠢᠵᠤ ᠂ ᠨᠠᠭᠠᠳᠤᠮ ᠳᠤᠭᠯᠠᠭᠠᠮ ᠢᠶᠠᠷ ᠬᠦᠮᠦᠵᠢᠯ ᠬᠦᠷᠲᠡᠭᠡᠬᠦ ᠬᠡᠯᠪᠡᠷᠢ ᠂ ᠬᠠᠮᠤᠭ ᠠᠮᠠᠷᠬᠠᠨ ᠤᠢᠯᠭᠠᠬᠤ ᠦᠬᠡ ᠪᠡᠷ ᠪᠢᠴᠢᠬᠠᠨ ᠰᠤᠷᠤᠭᠴᠢᠳ ᠲᠤ ᠬᠠᠵᠠᠭᠤ ᠳᠤ ᠪᠠᠢᠬᠤ ᠬᠠᠤᠯᠢ ᠴᠠᠭᠠᠵᠠ ᠂ ᠨᠠᠰᠤᠨ ᠳᠤ ᠦᠯᠦ ᠬᠦᠷᠦᠭᠰᠡᠳ ᠦᠨ ᠦᠨᠳᠦᠰᠦᠨ ᠡᠷᠬᠡ ᠠᠰᠢᠭ  ᠢ ᠬᠡᠯᠡᠵᠦ ᠦᠭᠭᠦᠭᠰᠡᠨ ᠮᠦᠷᠲᠡᠭᠡᠨ ᠬᠠᠤᠯᠢ ᠲᠦᠷᠢᠮ ᠤᠬᠠᠭᠤᠯᠬᠤ ᠡᠳᠦᠷ ᠦᠨ ᠢᠷᠡᠯᠲᠡ ᠶᠢ ᠳᠠᠨᠢᠴᠠᠭᠤᠯᠪᠠ ᠃ ᠬᠢᠴᠢᠶᠡᠯ ᠳᠡᠭᠡᠷ᠎ᠠ ᠪᠦᠬᠦ ᠶᠠᠪᠤᠴᠠ ᠳᠤ ᠬᠠᠷᠢᠯᠴᠠᠨ ᠦᠢᠯᠡᠳᠦᠯᠴᠡᠵᠦ ᠂ ᠪᠢᠴᠢᠬᠠᠨ ᠰᠤᠷᠤᠭᠴᠢᠳ ᠢᠳᠡᠪᠬᠢᠲᠠᠢ ᠪᠠᠷ ᠶᠠᠷᠢᠯᠴᠠᠭᠠᠨ ᠳᠤ ᠤᠷᠤᠯᠴᠠᠵᠤ ᠂ ᠢᠳᠡᠪᠬᠢᠲᠠᠢ ᠪᠠᠷ ᠭᠠᠷ ᠡᠷᠬᠦᠮ ᠶᠠᠷᠢᠶ᠎ᠠ ᠳᠠᠯᠪᠢᠵᠤ ᠂ ᠬᠢᠴᠢᠶᠡᠯ ᠦᠨ ᠪᠠᠢᠳᠠᠯ ᠬᠦᠷ ᠬᠦᠭᠵᠢᠶᠡᠨ ᠢᠶᠡᠷ ᠪᠢᠯᠬᠠᠭᠰᠠᠨ ᠪᠠᠢᠨ᠎ᠠ ᠃ ᠬᠢᠴᠢᠶᠡᠯ ᠪᠠᠭᠤᠭᠰᠠᠨ ᠤ ᠳᠠᠷᠠᠭ᠎ᠠ ᠰᠤᠷᠤᠭᠴᠢᠳ ᠮᠦᠨ ᠬᠦ ᠰᠡᠳᠬᠢᠯ ᠬᠠᠨᠤᠭᠰᠠᠨ ᠦᠭᠡᠢ ᠪᠠᠢᠵᠤ ᠂ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠰᠢᠬᠦᠭᠴᠢ ᠦᠷᠬᠦᠯᠵᠢ ᠰᠤᠷᠭᠠᠭᠤᠯᠢ ᠳᠤ ᠢᠷᠡᠵᠦ ᠠᠳᠠᠯᠢ ᠪᠤᠰᠤ ᠬᠡᠯᠪᠡᠷᠢ ᠶᠢᠨ ᠬᠠᠤᠯᠢ ᠲᠦᠷᠢᠮ ᠤᠬᠠᠭᠤᠯᠬᠤ ᠬᠦᠳᠡᠯᠭᠡᠭᠡᠨ ᠬᠢᠬᠦ ᠶᠢ ᠬᠦᠰᠡᠭᠰᠡᠨ ᠪᠠᠢᠨ᠎ᠠ ᠃

ᠰᠤᠷᠤᠭᠴᠢᠳ ᠤᠨ ᠰᠤᠷᠤᠯᠴᠠᠬᠤ ᠱᠠᠭᠠᠷᠳᠠᠯᠭ᠎ᠠ ᠶᠢ ᠬᠠᠩᠭᠠᠬᠤ ᠶᠢᠨ ᠲᠦᠯᠦᠭᠡ ᠂ ᠶᠠᠩ ᠷᠦᠢ ᠬᠤᠸᠠ ᠰᠢᠬᠦᠭᠴᠢ ᠪᠤᠯᠤᠨ ᠬᠢᠶᠠᠨ ᠪᠠᠭᠰᠢ ᠭᠤᠷᠪᠠᠳᠤᠭᠠᠷ ᠰᠤᠷᠭᠠᠭᠤᠯᠢ ᠶᠢᠨ ᠳᠤᠰ ᠤᠳᠠᠭᠠᠨ ᠤ ᠬᠦᠳᠡᠯᠭᠡᠭᠡᠨ ᠢ ᠬᠠᠷᠢᠭᠤᠴᠠᠭᠰᠠᠨ ᠶᠡᠬᠡ ᠠᠩᠬᠢ ᠶᠢᠨ ᠬᠠᠪᠰᠤᠷᠤᠨ ᠵᠢᠯᠤᠭᠤᠳᠤᠭᠴᠢ ᠯᠢᠨ ᠯᠢ ᠨᠠ ᠪᠠᠭᠰᠢ ᠲᠠᠢ ᠵᠦᠪᠯᠡᠨ ᠳᠤᠭᠳᠠᠵᠤ ᠂ ᠳᠠᠷᠠᠭ᠎ᠠ ᠬᠤᠭᠤᠴᠠᠭᠠᠨ ᠤ ᠬᠠᠤᠯᠢ ᠲᠦᠷᠢᠮ ᠦᠨ ᠬᠢᠴᠢᠶᠡᠯ ᠨᠢ ᠰᠤᠷᠤᠭᠴᠢᠳ ᠤᠨ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠳᠤ ᠠᠪᠠᠴᠢᠵᠤ《ᠳᠠᠭᠤᠷᠢᠶᠠᠮᠠᠯ ᠰᠢᠬᠦᠬᠦ ᠲᠢᠩᠬᠢᠮ》 ᠦᠨ ᠬᠦᠳᠡᠯᠭᠡᠭᠡᠨ ᠦᠷᠨᠢᠬᠦᠯᠵᠦ ᠂ ᠳᠤᠬᠠᠢ ᠶᠢᠨ ᠦᠶ᠎ᠠ ᠳᠤ ᠰᠤᠷᠤᠭᠴᠢᠳ ᠰᠢᠬᠦᠨ ᠳᠠᠰᠤᠯᠠᠬᠤ ᠳᠠᠷᠤᠭ᠎ᠠ ᠂ ᠰᠢᠭᠦᠭᠴᠢ ᠂ ᠬᠠᠤᠯᠢ ᠶᠢᠨ ᠴᠠᠭᠳᠠᠭ᠎ᠠ ᠂ ᠬᠠᠤᠯᠢᠴᠢ ᠂ ᠵᠠᠭᠠᠯᠳᠤᠭᠴᠢ ᠂ ᠵᠠᠭᠠᠯᠳᠤᠭᠳᠠᠭᠴᠢ ᠵᠡᠷᠬᠡ ᠠᠳᠠᠯᠢ ᠪᠤᠰᠤ ᠲᠦᠷᠢ ᠶᠢ ᠳᠤᠭᠯᠠᠵᠤ ᠂ ᠲᠢᠩᠬᠢᠮ ᠦᠨ ᠰᠢᠬᠦᠯᠲᠡ  ᠶᠢᠨ ᠪᠠᠢᠳᠠᠯ ᠢ  ᠪᠤᠳᠠᠳᠤ ᠪᠠᠢᠳᠠᠯ ᠢ ᠪᠡᠶ᠎ᠠ ᠪᠠᠷ ᠥᠩᠭᠡᠷᠡᠭᠡᠵᠦ ᠣᠢᠯᠭᠠᠨ᠎ᠠ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )