ᠥᠪᠡᠷᠲᠡᠭᠡᠨ ᠵᠠᠰᠠᠬᠤ ᠤᠷᠤᠨ ᠤ ᠳᠡᠭᠡᠳᠦ ᠵᠡᠷᠬᠡ ᠶᠢᠨ ᠰᠢᠬᠦᠬᠦ ᠬᠤᠷᠢᠶᠠᠨ ᠤ ᠤᠳᠤᠷᠢᠳᠤᠯᠭ᠎ᠠ ᠮᠠᠨ ᠤ ᠬᠤᠳᠠ ᠶᠢᠨ ᠰᠢᠬᠦᠬᠦ ᠬᠤᠷᠢᠶᠠᠨ ᠳᠤ ᠬᠦᠷᠴᠦ ᠪᠦᠬᠦ ᠤᠷᠤᠨ ᠤ ᠰᠢᠬᠦᠬᠦ ᠬᠤᠷᠢᠶᠠᠨ ᠤ ᠵᠠᠷᠭᠤ ᠶᠢᠨ ᠦᠢ
2016.12.08 ᠲᠣᠰ ᠥᠷᠲᠡᠭᠡᠨ ᠦ ᠨᠠᠢᠷᠠᠭᠤᠯᠤᠭᠴᠢ

ᠥᠪᠡᠷᠲᠡᠭᠡᠨ ᠵᠠᠰᠠᠬᠤ ᠤᠷᠤᠨ ᠤ ᠳᠡᠭᠡᠳᠦ ᠵᠡᠷᠬᠡ ᠶᠢᠨ ᠰᠢᠬᠦᠬᠦ ᠬᠤᠷᠢᠶᠠᠨ ᠤ ᠤᠳᠤᠷᠢᠳᠤᠯᠭ᠎ᠠ ᠮᠠᠨ ᠤ ᠬᠤᠳᠠ ᠶᠢᠨ ᠰᠢᠬᠦᠬᠦ ᠬᠤᠷᠢᠶᠠᠨ ᠳᠤ ᠬᠦᠷᠴᠦ ᠪᠦᠬᠦ ᠤᠷᠤᠨ ᠤ ᠰᠢᠬᠦᠬᠦ ᠬᠤᠷᠢᠶᠠᠨ ᠤ ᠵᠠᠷᠭᠤ ᠶᠢᠨ ᠦᠢᠯᠡᠴᠢᠯᠡᠭᠡᠨ ᠦ ᠲᠦᠪ ᠦᠨ ᠪᠦᠲᠦᠭᠡᠨ ᠪᠠᠢᠭᠤᠯᠤᠯᠲᠠ ᠶᠢ ᠲᠦᠯᠬᠢᠨ ᠠᠬᠢᠭᠤᠯᠬᠤ ᠬᠤᠷᠠᠯ ᠤᠨ ᠪᠡᠯᠡᠳᠬᠡᠯ ᠠᠵᠢᠯ ᠢ ᠬᠢᠨᠠᠨ ᠪᠠᠢᠴᠠᠭᠠᠵᠤ ᠵᠢᠭᠠᠨ ᠵᠢᠯᠤᠭᠤᠳᠤᠪᠠ

 

 

 

 

 

 

 

 

 

 

 

12 ᠰᠠᠷᠠᠢᠨ 6 ᠡᠳᠦᠷ  ᠡᠴᠡ 12 ᠰᠠᠷᠠᠢᠨ 7 ᠡᠳᠦᠷ ᠪᠤᠯᠳᠠᠯ᠎ᠠ ᠂ ᠥᠪᠡᠷᠲᠡᠭᠡᠨ ᠵᠠᠰᠠᠬᠤ ᠤᠷᠤᠨ ᠤ ᠳᠡᠭᠡᠳᠦ ᠵᠡᠷᠬᠡ ᠶᠢᠨ ᠰᠢᠬᠦᠬᠦ ᠬᠤᠷᠢᠶᠠᠨ ᠤ ᠮᠡᠷᠬᠡᠵᠢᠯ ᠦᠨ ᠭᠠᠵᠠᠷ ᠤᠨ ᠸᠠᠩ ᠢᠦᠢ ᠰᠢᠤᠸᠠᠨ ᠳᠠᠷᠤᠭ᠎ᠠ ᠂ ᠬᠡᠷᠡᠭ ᠳᠠᠩᠰᠠᠯᠠᠬᠤ ᠲᠢᠩᠬᠢᠮ ᠦᠨ ᠯᠢ ᠰᠢᠶᠠ ᠰᠢᠬᠦᠨ ᠳᠠᠰᠤᠯᠠᠬᠤ ᠳᠠᠷᠤᠭ᠎ᠠ ᠵᠡᠷᠬᠡ ᠬᠦᠮᠦᠰ ᠮᠠᠨ ᠤ ᠬᠤᠳᠠ ᠶᠢᠨ ᠰᠢᠬᠦᠬᠦ ᠠᠨ ᠤ ᠬᠤᠳᠠ ᠶᠢᠨ ᠰᠢᠬᠦᠬᠦ ᠬᠤᠷᠢᠶᠠᠨ ᠳᠤ ᠬᠦᠷᠴᠦ ᠪᠦᠬᠦ ᠤᠷᠤᠨ ᠤ ᠰᠢᠬᠦᠬᠦ ᠬᠤᠷᠢᠶᠠᠨ ᠤ ᠵᠠᠷᠭᠤ ᠶᠢᠨ ᠦᠢᠯᠡᠴᠢᠯᠡᠭᠡᠨ ᠦ ᠲᠦᠪ ᠦᠨ ᠪᠦᠲᠦᠭᠡᠨ ᠪᠠᠢᠭᠤᠯᠤᠯᠲᠠ ᠶᠢ ᠲᠦᠯᠬᠢᠨ ᠠᠬᠢᠭᠤᠯᠬᠤ ᠬᠤᠷᠠᠯ ᠤᠨ ᠪᠡᠯᠡᠳᠬᠡᠯ ᠠᠵᠢᠯ ᠤᠨ ᠪᠠᠢᠳᠠᠯ ᠢ  ᠬᠢᠨᠠᠨ ᠪᠠᠢᠴᠠᠭᠠᠵᠤ ᠵᠢᠭᠠᠨ ᠵᠢᠯᠤᠭᠤᠳᠤᠪᠠ᠃

12 ᠰᠠᠷᠠᠢᠨ 6 ᠡᠳᠦᠷ ᠂ ᠸᠠᠩ ᠳᠠᠷᠤᠭ᠎ᠠ ᠪᠠ ᠯᠢ ᠰᠢᠬᠦᠨ ᠳᠠᠰᠤᠯᠠᠬᠤ ᠳᠠᠷᠤᠭ᠎ᠠ ᠵᠡᠷᠬᠡ ᠬᠦᠮᠦᠰ ᠮᠠᠨ ᠤ ᠬᠤᠷᠢᠶᠠᠨ ᠤ ᠵᠠᠷᠭᠤ ᠶᠢᠨ ᠦᠢᠯᠡᠴᠢᠯᠡᠭᠡᠨ ᠲᠦᠪ ᠢ ᠳᠤᠭᠤᠷᠢᠨ ᠦᠵᠡᠵᠦ ᠂ ᠦᠢᠯᠡᠴᠢᠯᠡᠭᠡᠨ ᠦ ᠲᠦᠪ ᠦᠭᠡᠷᠡᠴᠢᠯᠡᠨ ᠦᠷᠭᠡᠳᠬᠡᠨ ᠪᠠᠢᠭᠤᠯᠤᠭᠰᠠᠨ ᠤ ᠳᠠᠷᠠᠭᠠᠬᠢ ᠬᠡᠷᠡᠭ ᠳᠠᠩᠰᠠᠯᠠᠬᠤ ᠦᠢᠯᠡᠴᠢᠯᠡᠭᠡᠨ ᠦ ᠳᠤᠭᠤᠷᠢᠭ ᠂ ᠵᠠᠬᠢᠳᠠᠯ ᠰᠤᠷᠪᠤᠯᠵᠢᠯᠠᠭ᠎ᠠ ᠶᠢᠨ ᠦᠢᠯᠡᠴᠢᠯᠡᠭᠡᠨ ᠦ ᠳᠤᠭᠤᠷᠢᠭ ᠂ ᠵᠠᠷᠭᠤ ᠬᠢᠬᠦ ᠡᠶᠡᠳᠡᠬᠦᠯᠬᠦ ᠳᠤᠭᠤᠷᠢᠭ ᠪᠠ ᠠᠷᠠᠳ ᠲᠤ ᠲᠦᠬᠦᠮ ᠦᠢᠯᠡᠴᠢᠯᠡᠭᠡᠨ ᠦ ᠳᠤᠭᠤᠷᠢᠭ ᠤᠨ ᠴᠢᠳᠠᠮᠵᠢ ᠵᠢᠴᠢ ᠰᠢᠨ᠎ᠠ ᠤᠷᠤᠭᠤᠯᠤᠭᠰᠠᠨ ᠲᠦᠬᠦᠭᠡᠷᠦᠮᠵᠢ ᠶᠢ ᠨᠠᠷᠢᠯᠢᠭ ᠤᠢᠯᠭᠠᠪᠠ ᠃ ᠳᠤᠭᠤᠷᠢᠨ ᠦᠵᠡᠬᠦ ᠶᠠᠪᠤᠴᠠ ᠳᠤ ᠂ ᠥᠪᠡᠷᠲᠡᠭᠡᠨ ᠵᠠᠰᠠᠬᠤ ᠤᠷᠤᠨ ᠤ ᠳᠡᠭᠡᠳᠦ ᠵᠡᠷᠬᠡ ᠶᠢᠨ ᠰᠢᠬᠦᠬᠦ ᠬᠤᠷᠢᠶᠠᠨ ᠤ ᠤᠳᠤᠷᠢᠳᠤᠯᠭ᠎ᠠ ᠵᠠᠷᠭᠤ ᠶᠢᠨ ᠦᠢᠯᠡᠴᠢᠯᠡᠭᠡᠨ ᠦ ᠲᠦᠪ ᠦᠨ ᠦᠭᠡᠷᠡᠴᠢᠯᠡᠨ ᠦᠷᠭᠡᠳᠬᠡᠨ ᠪᠠᠢᠭᠤᠯᠤᠭᠰᠠᠨ ᠦᠷ᠎ᠠ ᠪᠦᠲᠦᠮᠵᠢ  ᠶᠢ ᠨᠤᠲᠠᠯᠠᠯᠲᠠ ᠦᠭᠴᠦ ᠂ ᠡᠭᠦᠨ ᠦ ᠬᠠᠮᠳᠤ ᠳᠤᠤᠷᠠᠬᠢ ᠰᠠᠨᠠᠭᠤᠯᠭ᠎ᠠ ᠶᠢ ᠳᠤᠷᠠᠳᠪᠠ ᠄ ᠨᠢᠬᠡ ᠪᠤᠯ《12369》 ᠵᠠᠷᠭᠤ ᠶᠢᠨ ᠦᠯᠡᠴᠢᠯᠡᠭᠡᠨ ᠦ ᠬᠠᠯᠠᠮ ᠤᠳᠠᠰᠤᠨ ᠤ ᠪᠦᠲᠦᠭᠡᠨ ᠪᠠᠢᠭᠤᠯᠤᠯᠲᠠ ᠶᠢ ᠴᠢᠩᠭᠠᠳᠬᠠᠵᠤ ᠂ ᠬᠠᠤᠯᠢ ᠴᠠᠭᠠᠵᠠ ᠶᠢ ᠢᠯᠡ ᠪᠤᠯᠭᠠᠬᠤ ᠠᠷᠭ᠎ᠠ ᠠᠪᠴᠢᠯ ᠢ ᠲᠡᠭᠦᠯᠳᠡᠷᠵᠢᠭᠦᠯᠦᠨ᠎ᠡ ᠃ ᠬᠤᠶᠠᠷ ᠪᠤᠯ e ᠡᠶᠡᠳᠡᠬᠦᠯᠬᠦ ᠦᠢᠯᠡᠴᠢᠯᠡᠭᠡᠨ ᠦ ᠳᠠᠪᠴᠠᠩ ᠤᠨ ᠬᠡᠷᠡᠭᠯᠡᠯᠲᠡ ᠶᠢᠨ ᠳᠠᠪᠳᠠᠮᠵᠢ ᠶᠢ ᠨᠡᠮᠡᠭᠳᠡᠬᠦᠯᠵᠦ ᠂ ᠤᠯᠠᠨ ᠡᠰᠢᠲᠦ ᠵᠢᠭᠤᠷᠤᠯᠳᠤᠭᠠᠨ ᠮᠠᠷᠭᠤᠯᠳᠤᠭᠠᠨ ᠢ ᠰᠢᠢᠳᠪᠦᠷᠢᠯᠡᠬᠦ ᠪᠠᠢᠭᠤᠯᠤᠯᠮᠵᠢ ᠶᠢ ᠬᠦᠨᠵᠡᠭᠡᠢᠷᠡᠬᠦᠯᠦᠨ᠎ᠠ ᠃ ᠭᠤᠷᠪᠠ ᠪᠤᠯ ᠮᠡᠳᠡᠭᠡ ᠵᠠᠩᠭᠢᠴᠢᠯᠠᠯᠲᠠ ᠶᠢᠨ ᠲᠦᠬᠦᠭᠡᠷᠦᠮᠵᠢ ᠶᠢᠨ ᠠᠰᠢᠭᠯᠠᠯᠲᠠ ᠶᠢᠨ ᠳᠠᠪᠳᠠᠮᠵᠢ ᠶᠢᠨ ᠳᠡᠭᠡᠭᠰᠢᠯᠡᠬᠦᠯᠵᠦ ᠂ ᠳᠤᠬᠠᠢ ᠶᠢᠨ ᠬᠦᠮᠦᠨ ᠳᠦ ᠰᠢᠨᠵᠢᠯᠡᠬᠦ ᠮᠡᠷᠬᠡᠵᠢᠯ ᠦᠨ ᠲᠦᠬᠦᠮ ᠦᠨᠳᠦᠷ ᠪᠦᠲᠦᠮᠵᠢᠲᠠᠢ ᠶᠢ ᠤᠢᠯᠭᠠᠭᠤᠯᠤᠨ᠎ᠠ ᠃ ᠳᠥᠷᠪᠡ ᠪᠤᠯ ᠦᠪᠡᠷ ᠢᠶᠡᠷ ᠦᠢᠯᠡᠴᠢᠯᠡᠨ ᠰᠦᠯᠵᠢᠶᠡᠨ ᠳᠡᠭᠡᠷ᠎ᠠ ᠬᠡᠷᠡᠭ ᠳᠠᠩᠰᠠᠯᠠᠬᠤ ᠪᠤᠯᠤᠨ ᠰᠠᠨᠠᠭ᠎ᠠ ᠠᠮᠤᠷ ᠵᠠᠷᠭᠤ ᠬᠢᠬᠦ ᠰᠦᠯᠵᠢᠶ᠎ᠠ ᠶᠢ ᠶᠡᠬᠡ ᠬᠦᠴᠦᠨ ᠢᠶᠡᠷ ᠤᠬᠠᠭᠤᠯᠵᠤ ᠂ ᠠᠷᠠᠳ ᠲᠦᠮᠡᠨ ᠳᠦ ᠤᠶᠤᠨᠳᠤ ᠰᠢᠬᠦᠬᠦ ᠬᠤᠷᠢᠶᠠᠨ ᠤ ᠪᠦᠲᠦᠭᠡᠨ ᠪᠠᠢᠭᠤᠯᠤᠯᠲᠠ ᠶᠢᠨ ᠦᠷ᠎ᠠ ᠪᠦᠲᠦᠮᠵᠢ ᠶᠢ ᠮᠡᠳᠡᠭᠦᠯᠦᠨ᠎ᠡ᠃

ᠡᠭᠦᠨ ᠦ ᠳᠠᠷᠠᠭ᠎ᠠ ᠂ ᠥᠪᠡᠷᠲᠡᠭᠡᠨ ᠵᠠᠰᠠᠬᠤ ᠤᠷᠤᠨ ᠤ ᠳᠡᠭᠡᠳᠦ ᠵᠡᠷᠬᠡ ᠶᠢᠨ ᠰᠢᠬᠦᠬᠦ ᠬᠤᠷᠢᠶᠠᠨ ᠤ ᠤᠳᠤᠷᠢᠳᠤᠯᠭ᠎ᠠ ᠲᠦᠯᠬᠢᠨ ᠠᠬᠢᠭᠤᠯᠬᠤ ᠬᠤᠷᠠᠯ ᠤᠨ ᠭᠤᠤᠯ ᠳᠠᠯᠠᠪᠤᠷ ᠪᠤᠯᠬᠤ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤᠯᠠᠨ ᠬᠡᠷᠡᠭᠴᠡᠭᠡᠲᠦ ᠶᠡᠬᠡ ᠬᠤᠷᠠᠯ ᠤᠨ ᠭᠡᠷ ᠢ ᠪᠠᠢᠴᠠᠭᠠᠨ ᠦᠵᠡᠵᠦ ᠂ ᠮᠡᠳᠡᠭᠡ ᠵᠠᠩᠬᠢ  ᠴᠤᠭᠯᠠᠭᠤᠯᠤᠨ ᠡᠵᠡᠮᠰᠢᠬᠦ ᠲᠦᠪ ᠪᠠ ᠬᠦᠢᠴᠡᠳᠬᠡᠬᠦ ᠶᠢ ᠵᠢᠭᠠᠨ ᠵᠢᠯᠤᠭᠤᠳᠬᠤ ᠲᠦᠪ ᠢ ᠳᠤᠭᠤᠷᠢᠨ ᠦᠵᠡᠵᠦ ᠂ ᠬᠤᠷᠠᠯ1 ᠪᠡᠯᠡᠳᠬᠡᠯ ᠠᠵᠢᠯ ᠤᠨ ᠪᠠᠢᠳᠠᠯ ᠤᠨ ᠬᠠᠷᠢᠭᠤ ᠮᠡᠳᠡᠬᠦᠯᠦᠯᠲᠡ ᠶᠢ ᠨᠠᠷᠢᠨ ᠬᠢᠨᠠᠮᠠᠭᠠᠢ ᠰᠤᠨᠤᠰᠤᠪᠠ ᠃

12 ᠰᠠᠷᠠᠢᠨ 7 ᠡᠳᠦᠷ ᠂ ᠥᠪᠡᠷᠲᠡᠭᠡᠨ ᠵᠠᠰᠠᠬᠤ ᠤᠷᠤᠨ ᠤ ᠳᠡᠭᠡᠳᠦ ᠵᠡᠷᠬᠡ ᠶᠢᠨ ᠰᠢᠬᠦᠬᠦ ᠬᠤᠷᠢᠶᠠᠨ ᠤ ᠤᠳᠤᠷᠢᠳᠤᠯᠭ᠎ᠠ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠭᠧ ᠵᠦᠩ ᠫᠢᠩ ᠳᠤᠰᠬᠠᠢ ᠵᠦᠪᠯᠡᠯ ᠂ ᠵᠠᠷᠭᠤ ᠶᠢᠨ ᠦᠢᠯᠡᠴᠢᠯᠡᠭᠡᠨ ᠦ ᠲᠦᠪ ᠂ ᠠᠯᠪᠠᠨ ᠬᠡᠷ ᠦᠨ ᠮᠡᠷᠭᠡᠵᠢᠯ ᠦᠨ ᠰᠠᠯᠠᠭ᠎ᠠ ᠮᠦᠴᠢᠷ ᠵᠡᠷᠬᠡ ᠤᠳᠤᠷᠢᠳᠤᠯᠭ᠎ᠠ ᠲᠠᠢ ᠬᠠᠮᠳᠤ᠂ ᠳ᠋ᠦᠩᠱᠧᠩ ᠳᠤᠭᠤᠷᠢᠭ ᠤᠨ ᠰᠢᠬᠦᠬᠦ ᠬᠤᠷᠢᠶᠠᠨ ᠤ ᠵᠠᠷᠭᠤ ᠶᠢᠨ ᠦᠢᠯᠡᠴᠢᠯᠡᠭᠡᠨ ᠦ ᠲᠦᠪ ᠲᠦ ᠬᠦᠷᠴᠦ ᠬᠢᠨᠠᠨ ᠪᠠᠢᠴᠠᠭᠠᠵᠤ ᠵᠢᠭᠠᠨ ᠵᠢᠯᠤᠭᠤᠳᠪᠠ ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )