ᠤᠷᠳᠤᠰ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶ᠎ᠠ ᠰᠦ ᠶᠸ ᠨᠢᠥᠢ ᠪᠡᠯᠡ ᠮᠦᠩᠬᠦ ᠴᠤᠭᠯᠠᠭᠤᠯᠵᠤ ᠮᠡᠬᠡᠯᠡᠭᠰᠡᠨ ᠬᠡᠷᠡᠭ ᠢ ᠢᠯᠡ ᠪᠡᠷ ᠰᠢᠬᠦᠨ ᠳᠠᠰᠤᠯᠠᠪᠠ
2017.01.03 ᠲᠣᠰ ᠥᠷᠲᠡᠭᠡᠨ ᠦ ᠨᠠᠢᠷᠠᠭᠤᠯᠤᠭᠴᠢ

 

 

 

     2017 ᠤᠨ ᠤ 1 ᠰᠠᠷᠠᠢᠨ 3  ᠤ ᠡᠳᠦᠷ ᠦᠨ ᠦᠳᠡ ᠶᠢᠨ ᠡᠮᠦᠨ᠎ᠠ ᠶᠢᠨ 10 ᠴᠠᠭ ᠲᠤ ᠂ ᠤᠷᠳᠤᠰ ᠬᠤᠳᠠ ᠶᠢᠨ  ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶ᠎ᠠ ᠰᠦ ᠶᠸ ᠨᠢᠦᠢ ᠪᠡᠯᠡ ᠮᠦᠩᠬᠦ ᠴᠤᠭᠯᠠᠭᠤᠯᠵᠤ ᠮᠡᠬᠡᠯᠡᠭᠰᠡᠨ ᠬᠡᠷᠡᠭ ᠢ ᠢᠯᠡ ᠪᠡᠷ ᠰᠢᠬᠦᠨ ᠳᠠᠰᠤᠯᠤᠯᠲᠠ ᠬᠢᠪᠡ ᠃

     ᠰᠢᠬᠦᠬᠦ ᠬᠤᠷᠢᠶ᠎ᠠ ᠬᠢᠨᠠᠨ ᠪᠠᠢᠴᠠᠭᠠᠭᠰᠠᠨ ᠢᠶᠠᠷ ᠳᠤᠳᠤᠷᠬᠠᠢᠯᠠᠭᠰᠠᠨ ᠨᠢ ᠂ 2006 ᠤᠨ ᠳᠤ ᠵᠠᠭᠠᠯᠳᠤᠭᠳᠠᠭᠴᠢ ᠰᠦ ᠶᠸ ᠨᠢᠦᠢ ᠴᠢᠶᠤᠤ ᠽᠢ ᠵᠢᠰᠤ ᠭᠤᠶᠤᠯᠠᠬᠤ ᠭᠠᠵᠠᠷ ᠨᠡᠬᠡᠬᠡᠭᠰᠡᠨ ᠦ ᠳᠠᠷᠠᠭ᠎ᠠ ᠂ ᠪᠡᠯᠡ ᠮᠦᠩᠬᠦ ᠶᠢᠨ ᠪᠠᠳᠤᠯᠭ᠎ᠠ ᠦᠬᠡᠢ ᠪᠠᠢᠳᠠᠯ ᠳᠤᠤᠷ᠎ᠠ ᠂ ᠨᠡᠭᠦᠷᠡᠰᠦᠨ ᠠᠭᠤᠷᠬᠠᠢ ᠳᠤ ᠪᠡᠯᠡ ᠤᠷᠤᠭᠤᠯᠬᠤ ᠰᠢᠯᠳᠠᠭ ᠢᠶᠠᠷ᠂ ᠰᠠᠷ᠎ᠠ ᠶᠢᠨ 4 - 5 ᠹᠦᠨ  ᠦ ᠬᠦᠦ ᠮᠦᠩᠬᠦ ᠶᠢᠨ ᠨᠦᠬᠦᠴᠡᠯ ᠢᠶᠡᠷ ᠨᠡᠢᠭᠡᠮ ᠦᠨ ᠳᠤᠭᠳᠠᠭᠰᠠᠨ ᠪᠤᠰᠤ ᠨᠡᠢᠲᠡ ᠶᠢᠨ ᠪᠡᠯᠡ ᠮᠦᠩᠬᠦ ᠶᠢ ᠴᠤᠭᠯᠠᠭᠤᠯᠵᠤ ᠂ ᠴᠤᠭᠯᠠᠭᠤᠯᠤᠭᠰᠠᠨ ᠪᠡᠯᠡ ᠮᠦᠩᠬᠦ ᠪᠡᠨ ᠭᠤᠤ ᠵᠢᠶᠦ᠋ᠨ ᠯᠢᠶᠠᠩ ᠳᠤ ᠮᠦᠩᠬᠦ ᠬᠦᠢᠯᠭᠡᠭᠡᠵᠦ ᠦᠭᠭᠦᠪᠡ ᠃ ᠬᠤᠵᠢᠮ ᠨᠢ ᠭᠤᠤ ᠵᠢᠶᠦ᠋ᠨ ᠯᠢᠶᠠᠩ ᠡᠬᠡ ᠮᠦᠩᠬᠦ ᠵᠢᠴᠢ ᠬᠦᠦ ᠮᠦᠩᠬᠦ ᠶᠢ ᠪᠤᠴᠠᠭᠠᠵᠤ ᠳᠡᠢᠯᠬᠦ ᠦᠬᠡᠢ ᠪᠤᠯᠵᠤ ᠂ ᠰᠦ ᠶᠸ ᠨᠢᠦᠢ ᠶᠡᠬᠡ ᠬᠡᠮᠵᠢᠶᠠᠨ ᠤ ᠪᠡᠯᠡ ᠮᠦᠩᠬᠦ ᠶᠢᠨ ᠦᠷᠢ ᠭᠠᠷᠪᠠ ᠃ ᠰᠦ ᠶᠸ ᠨᠢᠥᠢ ᠡᠮᠦᠨᠡᠬᠢ ᠵᠤᠭᠤᠰ ᠵᠢᠬᠡᠯᠡᠬᠦᠯᠦᠭᠰᠡᠨ ᠬᠦᠮᠦᠨ ᠦ ᠡᠬᠡ ᠮᠦᠩᠬᠦ ᠪᠡ ᠬᠦᠦ ᠮᠦᠩᠬᠦ ᠶᠢ ᠪᠤᠴᠠᠭᠠᠬᠤ ᠶᠢᠨ ᠲᠦᠯᠦᠭᠡ ᠂ ᠬᠠᠭᠤᠷᠮᠠᠭ ᠪᠠᠢᠳᠠᠯ ᠵᠤᠬᠢᠶᠠᠵᠤ ᠂ ᠨᠡᠬᠦᠷᠡᠰᠦᠨ ᠠᠭᠤᠷᠬᠠᠢ᠂ ᠪᠠᠭᠤᠳᠠᠯ  ᠳᠤ ᠪᠡᠯᠡ ᠤᠷᠤᠭᠤᠯᠬᠤ ᠂ ᠵᠤᠰᠠᠯᠠᠩ ᠤᠨ ᠢᠨᠵᠧᠨᠧᠷᠢᠩ ᠨᠡᠬᠡᠬᠡᠨ ᠠᠰᠢᠭᠯᠠᠬᠤ ᠂ ᠪᠡᠯᠡ ᠮᠦᠩᠬᠦ ᠡᠷᠬᠢᠯᠲᠡ ᠵᠡᠷᠬᠡ ᠨᠡᠷ᠎ᠠ ᠪᠠᠷ᠂ ᠰᠠᠷ᠎ᠠ ᠶᠢᠨ 4 - 5 ᠹᠦᠨ  ᠦ ᠦᠨᠳᠦᠷ ᠬᠦᠦ ᠮᠦᠩᠬᠦ ᠪᠡᠷ ᠦᠭᠶᠦᠭᠡ ᠪᠤᠯᠭᠠᠵᠤ ᠂ ᠬᠠᠤᠯᠢ ᠪᠤᠰᠤ ᠪᠠᠷ ᠪᠡᠯᠡ ᠮᠦᠩᠬᠦ ᠴᠤᠭᠯᠠᠭᠤᠯᠪᠠ ᠃ 2009 ᠤᠨ ᠤ 10 ᠰᠠᠷ᠎ᠠ ᠠᠴᠠ 2011 ᠤᠨ ᠤ 9 ᠪᠤᠯᠳᠠᠯ᠎ᠠ ᠂ ᠰᠦ ᠶᠸ ᠨᠢᠦᠢ ᠪᠡᠯᠡ ᠮᠦᠩᠬᠦ ᠴᠤᠭᠯᠠᠭᠤᠯᠬᠤ ᠳᠤ ᠤᠷᠤᠯᠴᠠᠭᠰᠠᠨ ᠬᠦᠮᠦᠨ ᠸᠠᠩ ᠯᠢ ᠴᠢᠨ ᠂ ᠭᠤᠤ ᠼᠦᠢ ᠡᠸ ᠂ ᠴᠠᠢ ᠭᠦᠢ ᠡᠸ ᠵᠡᠷᠬᠡ 327 ᠬᠦᠮᠦᠨ ᠬᠠᠤᠯᠢ ᠪᠤᠰᠤ ᠪᠠᠷ ᠠᠷᠠᠳ ᠤᠨ ᠵᠤᠭᠤᠰ 1229871300 ᠲᠦᠬᠦᠷᠢᠭ ᠴᠤᠭᠯᠠᠭᠤᠯᠵᠤ ᠂ ᠪᠤᠴᠠᠭᠠᠭᠰᠠᠨ ᠡᠬᠡ ᠮᠦᠩᠬᠦ ᠪᠠ ᠬᠦᠦ ᠮᠦᠩᠬᠦ ᠶᠢ ᠭᠠᠷᠭᠠᠪᠠᠯ ᠂ ᠪᠣᠳᠠᠲᠠᠢ ᠳᠡᠭᠡᠷ᠎ᠠ ᠪᠠᠨ 553206402 ᠲᠦᠬᠦᠷᠢᠭ ᠮᠡᠬᠡᠯᠡᠵᠦ ᠠᠪᠤᠭᠰᠠᠨ ᠪᠠᠢᠨ᠎ᠠ ᠃ ᠪᠡᠯᠡ ᠴᠤᠭᠯᠠᠭᠤᠯᠬᠤ ᠶᠠᠪᠤᠴᠠ ᠳᠤ ᠂ ᠰᠦ ᠶᠸ ᠨᠢᠦᠢ ᠬᠡᠷᠡᠭ ᠭᠠᠷᠬᠤ ᠠᠴᠠ ᠠᠶᠤᠵᠤ 2006 ᠤᠨ ᠠᠴᠠ 2009 ᠤᠨ ᠤ 10 ᠰᠠᠷ᠎ᠠ ᠪᠤᠯᠳᠠᠯᠬᠢ ᠲᠠᠩᠰᠠ ᠪᠠ ᠵᠤᠭᠤᠰ ᠵᠢᠭᠡᠯᠡᠭᠰᠡᠨ ᠪᠠᠷᠢᠮᠳᠠ ᠶᠢ ᠰᠢᠳᠠᠭᠠᠪᠠ ᠃ ᠵᠠᠭᠠᠯᠳᠤᠭᠳᠠᠭᠴᠢ ᠰᠦ ᠶᠸ ᠨᠢᠦᠢ ᠶᠡᠬᠡ ᠬᠡᠮᠵᠢᠶᠡᠨ ᠦ ᠪᠡᠯᠡ ᠮᠦᠩᠬᠦ ᠴᠤᠭᠯᠠᠭᠤᠯᠤᠭᠰᠠᠨ ᠤ ᠳᠠᠷᠠᠭ᠎ᠠ ᠂ 2009 ᠤᠨ ᠤ 12 ᠰᠠᠷ᠎ᠠ  ᠳᠤ ᠺᠤᠮᠫᠠᠨᠢ ᠂ ᠲᠠᠷᠢᠶᠠᠯᠠᠩ ᠤᠨ ᠬᠦᠷᠢᠶᠡᠯᠡᠩ ᠂ ᠪᠡᠶ᠎ᠠ ᠰᠤᠪᠢᠯᠠᠬᠤ ᠭᠠᠵᠠᠷ ᠂ ᠬᠠᠯᠠᠭᠤᠨ ᠳᠤᠭᠤᠭᠠᠨ ᠭᠠᠵᠠᠷ ᠨᠡᠭᠡᠭᠡᠬᠦ ᠳᠦ ᠨᠢᠬᠡ ᠪᠦᠯᠦᠭ ᠵᠤᠭᠤᠰ ᠵᠠᠷᠤᠵᠤ ᠂ ᠨᠢᠬᠡ ᠪᠦᠯᠦᠭ ᠢ ᠨᠢ ᠳᠡᠵᠢᠭᠡᠨ ᠦᠷᠡᠵᠢᠬᠦᠯᠬᠦ ᠳᠠᠯᠠᠪᠠᠢ ᠂ ᠨᠡᠬᠦᠷᠡᠰᠦᠨ ᠳᠠᠯᠠᠪᠠᠢ ᠳᠤ ᠪᠡᠯᠡ ᠤᠷᠤᠭᠤᠯᠬᠤ ᠳᠤ ᠬᠡᠷᠡᠭᠯᠡᠵᠦ ᠂ ᠰᠦ ᠽᠢ ᠯᠠᠢ ᠵᠡᠷᠬᠡ ᠬᠦᠮᠦᠨ ᠦ ᠡᠬᠡ ᠮᠦᠩᠬᠦ ᠡᠴᠡ ᠬᠡᠳᠦᠷᠡᠭᠰᠡᠨ ᠬᠦᠦ ᠮᠦᠩᠬᠦ ᠶᠢ ᠦᠭᠬᠦ ᠳᠦ ᠬᠡᠷᠡᠭᠯᠡᠪᠡ ᠃ ᠡᠭᠦᠨ ᠦ ᠬᠠᠮᠳᠤ ᠶᠡᠬᠡ ᠬᠡᠮᠵᠢᠶᠡᠨ ᠦ ᠴᠤᠭᠯᠠᠭᠤᠯᠤᠭᠰᠠᠨ ᠪᠡᠯᠡ ᠮᠦᠩᠬᠦ ᠪᠡᠷ ᠦᠪᠡᠷ ᠦᠨ ᠪᠡᠶ᠎ᠠ ᠳᠤ ᠪᠠᠨ ᠬᠡᠷ ᠪᠠᠢᠰᠢᠩ ᠂ ᠲᠡᠷᠭᠡ(ᠤᠯᠠᠨᠬᠢ ᠨᠢ ᠪᠤᠰᠤᠳ ᠲᠤ ᠦᠷᠢ ᠳᠠᠭᠯᠠᠪᠠ)ᠠᠪᠤᠪᠠ ᠃ ᠪᠡᠯᠡ ᠮᠦᠩᠬᠦ ᠴᠤᠭᠯᠠᠭᠤᠯᠤᠭᠰᠠᠨ ᠬᠤᠭᠤᠴᠠᠭᠠᠨ ᠳᠤ ᠪᠠᠰᠠ ᠡᠯ᠎ᠠ ᠵᠦᠢᠯ ᠦᠨ ᠵᠠᠰᠠᠯ ᠡᠳ᠋ ᠂ ᠭᠠᠷ ᠤᠳᠠᠰᠤᠨ ᠤ ᠠᠵᠠ ᠶᠢᠨ ᠳ᠋ᠤᠭᠠᠷ ᠂ ᠠᠰᠠᠷᠠᠮᠵᠢ ᠶᠢᠨ ᠰᠤᠭᠤᠯᠤᠭ᠎ᠠ ᠬᠤᠳᠠᠯᠳᠤᠨ ᠠᠪᠴᠤ ᠂ ᠵᠤᠭᠤᠰ ᠨᠠᠭᠠᠳᠬᠤ ᠵᠡᠷᠬᠡ ᠠᠵᠢᠯᠯᠠᠭ᠎ᠠ ᠬᠢᠪᠡ ᠃ 2011 ᠤᠨ ᠤ 9 ᠰᠠᠷᠠᠢᠨ 20 ᠤ ᠡᠳᠦᠷ ᠰᠦ ᠶᠸ ᠨᠢᠥᠢ ᠳᠤᠳᠤᠭᠠᠳᠤ ᠶᠢᠨ ᠬᠠᠮᠠᠭᠠᠯᠠᠬᠤ ᠪᠠᠢᠭᠤᠯᠭ᠎ᠠ ᠳᠤ ᠰᠠᠨᠠᠭᠠᠴᠢᠯᠭ᠎ᠠ ᠠᠴᠠ ᠪᠠᠨ ᠬᠡᠷᠡᠭ ᠢᠶᠡᠨ ᠮᠡᠳᠡᠷᠡᠪᠡ ᠃ ᠵᠠᠭᠠᠯᠳᠤᠭᠳᠠᠭᠴᠢ ᠷᠸᠨ ᠸᠸᠨ ᠰᠢᠶᠠᠩ ᠰᠦ ᠶᠸ ᠨᠢᠥᠢ ᠶᠢᠨ ᠬᠠᠤᠯᠢ ᠪᠤᠰᠤ ᠪᠠᠷ ᠪᠡᠯᠡ ᠮᠦᠩᠬᠦ ᠴᠤᠭᠯᠠᠭᠤᠯᠵᠤ ᠪᠠᠢᠬᠤ ᠮᠡᠳᠡᠵᠦ ᠪᠠᠢᠭ᠎ᠠ ᠪᠠᠢᠳᠠᠯ  ᠳᠤᠤᠷ᠎ᠠ ᠂ ᠰᠦ ᠶᠸ ᠨᠢᠥᠢ ᠶᠢᠨ ᠪᠡᠯᠡ ᠮᠦᠩᠬᠦ ᠴᠤᠭᠯᠠᠭᠤᠯᠬᠤ ᠶᠠᠪᠤᠴᠠ ᠳᠤ ᠂ ᠰᠦ ᠶᠸ ᠨᠢᠦᠢ ᠳᠦ ᠪᠠᠩᠬᠢ ᠶᠢᠨ ᠲᠠᠩᠰᠠ ᠬᠠᠩᠭᠠᠬᠤ ᠂ ᠴᠤᠭᠯᠠᠭᠤᠯᠤᠭᠰᠠᠨ ᠪᠡᠯᠡ ᠮᠦᠩᠬᠦ ᠶᠢ ᠬᠠᠳᠠᠭᠠᠯᠠᠬᠤ ᠂ ᠴᠤᠭᠯᠠᠭᠤᠯᠤᠭᠰᠠᠨ ᠪᠡᠯᠡ ᠮᠦᠩᠬᠦ ᠶᠢ ᠬᠤᠷᠢᠶᠠᠬᠤ ᠪᠠ ᠪᠤᠴᠠᠭᠠᠵᠤ ᠦᠭᠬᠦ ᠂ ᠵᠢᠬᠡᠯᠡᠭᠰᠡᠨ ᠪᠠᠷᠢᠮᠳᠠ ᠬᠢᠬᠦ ᠂ ᠬᠤᠳᠠᠯ ᠬᠠᠭᠤᠷᠮᠠᠭ ᠢᠶᠠᠷ ᠤᠬᠠᠭᠤᠯᠭ᠎ᠠ ᠬᠢᠬᠦ ᠂ ᠲᠠᠩᠰᠠ ᠬᠠᠷ᠎ᠠ ᠬᠠᠷᠭᠤᠯᠵᠤ ᠦᠭᠭᠦᠭᠰᠡᠨ ᠪᠠᠢᠨ᠎ᠠ ᠂ ᠰᠦ ᠶᠸ ᠨᠢᠥᠢ ᠶᠢ ᠬᠠᠪᠰᠤᠷᠴᠤ ᠴᠤᠭᠯᠠᠭᠤᠯᠤᠭᠰᠠᠨ ᠪᠡᠯᠡ ᠮᠦᠩᠬᠦ ᠨᠡᠢᠲᠡ ᠠᠷᠠᠳ ᠤᠨ ᠵᠤᠭᠤᠰ 1229871300 ᠲᠦᠭᠦᠷᠢᠭ ᠃ ᠡᠭᠦᠨ ᠦ ᠳᠤᠮᠳᠠ ᠷᠸᠨ ᠸᠸᠨ ᠰᠢᠶᠠᠩ ᠵᠠᠩ ᠰᠢᠥᠸᠠᠢ ᠹᠸᠢ ᠂ ᠯᠢ ᠶᠦᠨ ᠵᠡᠷᠬᠡ 10 ᠬᠦᠮᠦᠨ  ᠡᠴᠡ ᠳᠤᠤᠷ᠎ᠠ ᠬᠦᠦ ᠮᠦᠩᠬᠦ ᠪᠡᠷ 5679200 ᠲᠦᠬᠦᠷᠢᠭ ᠬᠠᠤᠯᠢ ᠪᠤᠰᠤ ᠪᠠᠷ ᠴᠤᠭᠯᠠᠭᠯᠵᠤ ᠂ ᠦᠨᠳᠦᠷ ᠬᠦᠦ ᠮᠦᠩᠬᠦ ᠪᠡᠷ ᠰᠦ ᠶᠸ ᠨᠢᠦᠢ ᠳᠦ ᠦᠭᠴᠦ ᠂ ᠬᠦᠦ ᠮᠦᠩᠬᠦ ᠶᠢᠨ ᠵᠦᠷᠢᠶ᠎ᠠ ᠮᠦᠩᠬᠦ ᠶᠢ ᠤᠯᠤᠭᠰᠠᠨ ᠪᠠᠢᠨ᠎ᠠ ᠃ 2011 ᠤᠨ ᠤ 10 ᠰᠠᠷᠠᠢᠨ 16  ᠤ ᠡᠳᠦᠷ ᠵᠠᠭᠠᠯᠳᠤᠭᠳᠠᠭᠴᠢ ᠷᠸᠨ ᠸᠸᠨ ᠰᠢᠶᠠᠩ ᠤᠳᠠᠰᠤ ᠪᠠᠷ ᠳᠠᠭᠤᠳᠠᠭᠰᠠᠨ ᠤ ᠳᠠᠷᠠᠭ᠎ᠠ ᠰᠠᠨᠠᠭᠠᠴᠢᠯᠭ᠎ᠠ ᠠᠴᠠ ᠪᠠᠨ ᠠᠮᠤᠷ ᠢ ᠬᠠᠮᠠᠭᠠᠯᠠᠬᠤ ᠪᠠᠢᠭᠤᠯᠭ᠎ᠠ ᠳᠤ ᠬᠦᠷᠴᠦ ᠪᠠᠢᠴᠠᠭᠠᠬᠤ ᠶᠢ ᠬᠦᠯᠢᠶᠡᠪᠡ ᠃ ᠬᠡᠷᠡᠭ ᠭᠠᠷᠤᠭᠰᠠᠨ ᠤ ᠳᠠᠷᠠᠭ᠎ᠠ ᠠᠮᠤᠷ ᠬᠠᠮᠠᠭᠠᠯᠠᠬᠤ ᠪᠠᠢᠭᠤᠯᠭ᠎ᠠ ᠰᠦ ᠶᠸ ᠨᠢᠥᠢ ᠵᠢᠴᠢ ᠬᠡᠷᠡᠭ ᠲᠦ ᠬᠤᠯᠪᠤᠭᠳᠠᠭᠰᠠᠨ ᠬᠡᠷ ᠬᠦᠷᠦᠩᠬᠡ 22 ᠭᠠᠵᠠᠷ ᠢ ᠪᠠᠢᠴᠠᠭᠠᠨ ᠪᠢᠳᠡᠮᠵᠢᠬᠦᠯᠵᠦ᠂ ᠪᠦᠯᠦᠭ ᠭᠠᠷ ᠬᠦᠢᠴᠡᠳᠬᠡᠯ ᠦᠬᠡᠢ ᠶᠢ ᠨᠢ ᠪᠠᠢᠴᠠᠭᠠᠨ ᠪᠢᠳᠡᠮᠵᠢᠬᠦᠯᠦᠭᠰᠡᠨ ᠦᠬᠡᠢ ᠃ ᠭᠤᠷᠪᠠᠨ ᠲᠡᠷᠬᠡ ᠳᠠᠷᠤᠵᠤ ᠠᠪᠴᠤ ᠂ ᠪᠡᠯᠡᠨ ᠵᠤᠭᠤᠰ 140 ᠲᠦᠮᠡ ᠵᠢᠴᠢ ᠪᠦᠯᠦᠭ ᠠᠯᠳᠠᠨ ᠵᠠᠰᠠᠯ ᠵᠡᠷᠬᠡ ᠶᠢ ᠬᠤᠷᠢᠶᠠᠵᠤ ᠠᠪᠤᠪᠠ ᠃

    ᠰᠢᠬᠦᠬᠦ ᠬᠤᠷᠢᠶ᠎ᠠ ᠪᠠᠢᠴᠠᠭᠠᠯᠲᠠ ᠪᠠᠷ ᠳᠠᠮᠵᠢᠵᠤ ᠦᠵᠡᠬᠦ ᠪᠡᠷ ᠂ ᠵᠠᠭᠠᠯᠳᠤᠭᠳᠠᠭᠴᠢ ᠰᠦ ᠶᠸ ᠨᠢᠦᠢ ᠲᠦᠯᠦᠬᠦ ᠴᠢᠳᠠᠪᠤᠷᠢ ᠦᠬᠡᠢ ᠪᠠᠢᠳᠠᠯ ᠳᠤᠤᠷ᠎ᠠ ᠂ ᠨᠡᠬᠦᠷᠡᠰᠦᠨ ᠠᠭᠤᠷᠬᠠᠷ ᠲᠤ ᠪᠡᠯᠡ ᠤᠷᠤᠭᠤᠯᠬᠤ ᠂ ᠪᠠᠭᠤᠳᠠᠯ ᠂ ᠵᠤᠰᠠᠯᠠᠩ ᠨᠡᠭᠡᠭᠡᠨ ᠠᠰᠢᠭᠯᠠᠬᠤ ᠵᠡᠷᠬᠡ ᠪᠠᠢᠳᠠᠯ ᠢ ᠬᠤᠳᠠᠯ ᠬᠠᠭᠤᠷᠮᠠᠭ ᠢᠶᠠᠷ ᠵᠤᠬᠢᠶᠠᠵᠤ ᠂ ᠪᠤᠳᠠᠳᠤ ᠬᠦᠴᠦᠨ ᠬᠦᠴᠦᠷᠬᠡᠭ ᠪᠠᠢᠬᠤ ᠬᠠᠭᠤᠷᠮᠠᠭ ᠪᠠᠢᠳᠠᠯ ᠢ ᠵᠤᠬᠢᠶᠠᠵᠤ ᠂ ᠦᠨᠳᠦᠷ ᠬᠦᠦ ᠮᠦᠩᠬᠦ ᠪᠡᠷ ᠦᠭᠶᠦᠭᠡ ᠪᠤᠯᠭᠠᠨ ᠂ ᠮᠡᠬᠡᠯᠡᠬᠦ ᠠᠷᠭ᠎ᠠ ᠬᠡᠮᠵᠢᠶ᠎ᠠ ᠪᠠᠷ ᠳᠤᠭᠳᠠᠭᠠᠭᠰᠠᠨ ᠪᠤᠰᠤ ᠨᠡᠢᠬᠡᠮ ᠦᠨ ᠨᠡᠢᠲᠡ ᠤᠯᠠᠨ ᠠᠴᠠ ᠬᠠᠤᠯᠢ ᠪᠤᠰᠤ ᠪᠠᠷ ᠪᠡᠯᠡ ᠮᠦᠩᠬᠦ ᠴᠤᠭᠯᠠᠭᠤᠯᠵᠤ ᠂ ᠳᠤᠭ᠎ᠠ ᠬᠡᠮᠵᠢᠶ᠎ᠠ ᠯᠤᠳᠤ ᠶᠡᠬᠡ ᠂ ᠲᠡᠭᠦᠨ ᠦ ᠦᠢᠯᠡᠳᠪᠦᠷᠢᠯᠡᠨ ᠡᠵᠡᠩᠨᠡᠭᠰᠡᠨ ᠠᠵᠢᠯᠯᠠᠭ᠎ᠠ ᠨᠢ ᠴᠤᠭᠯᠠᠭᠤᠯᠤᠭᠰᠠᠨ ᠪᠡᠯᠡ ᠮᠦᠩᠬᠦ ᠶᠢᠨ ᠬᠡᠪᠴᠢᠶ᠎ᠠ ᠲᠠᠢ ᠲᠡᠩᠴᠡᠭᠦᠷᠢ ᠦᠬᠡᠢ ᠨᠢ ᠢᠯᠡᠷᠬᠡᠢ ᠂ ᠲᠡᠭᠦᠨ ᠦ ᠦᠢᠯᠡ ᠠᠵᠢᠯᠯᠠᠭ᠎ᠠ ᠨᠢ ᠪᠡᠯᠡ ᠮᠦᠩᠬᠦ ᠮᠡᠬᠡᠯᠡᠭᠰᠡᠨ ᠶᠠᠯ᠎ᠠ ᠪᠤᠯᠤᠭᠰᠠᠨ ᠪᠠᠢᠨ᠎ᠠ ᠃ ᠰᠦ ᠶᠸ ᠨᠢᠦᠢ ᠪᠡᠯᠡ ᠮᠦᠩᠬᠦ ᠴᠤᠭᠯᠠᠭᠤᠯᠤᠭᠰᠠᠨ ᠤ ᠳᠠᠷᠠᠭ᠎ᠠ ᠰᠠᠨᠠᠭᠠᠴᠢᠯᠭ᠎ᠠ ᠠᠴᠠ ᠪᠠᠨ ᠠᠮᠤᠷ ᠢ ᠬᠠᠮᠠᠭᠠᠯᠠᠬᠤ ᠪᠠᠢᠭᠤᠯᠭ᠎ᠠ ᠳᠤ ᠬᠡᠷᠡᠭ ᠢᠶᠡᠨ ᠳᠤᠰᠢᠶᠠᠵᠤ ᠂ ᠪᠤᠳᠠᠳᠤ ᠪᠠᠢᠳᠠᠯ ᠶᠤᠰᠤᠭᠠᠷ ᠪᠡᠯᠡ ᠮᠦᠩᠬᠦ ᠮᠡᠬᠡᠯᠡᠨ ᠴᠤᠭᠯᠠᠭᠤᠯᠤᠭᠰᠠᠨ ᠬᠡᠷᠡᠭ ᠢᠶᠡᠨ ᠶᠠᠷᠢᠵᠤ ᠂ ᠪᠡᠶ᠎ᠠ ᠪᠠᠨ ᠳᠤᠰᠢᠶᠠᠪᠠ ᠃ ᠵᠠᠭᠠᠯᠳᠤᠭᠳᠠᠭᠴᠢ ᠷᠸᠨ ᠸᠸᠨ ᠰᠢᠶᠠᠩ ᠰᠦ ᠶᠸ ᠨᠢᠦᠢ ᠬᠠᠤᠯᠢ ᠪᠤᠰᠤ ᠪᠠᠷ ᠪᠡᠯᠡ ᠮᠦᠩᠬᠦ ᠴᠤᠭᠯᠠᠭᠤᠯᠵᠤ ᠪᠠᠢᠬᠤ ᠶᠢ ᠮᠡᠳᠡᠬᠦ ᠪᠠᠢᠳᠠᠯ ᠳᠤᠤᠷ᠎ᠠ ᠂ ᠰᠦ ᠶᠸ ᠨᠢᠦᠢ ᠳᠦ ᠪᠠᠩᠬᠢ ᠶᠢᠨ ᠲᠠᠩᠰᠠ ᠬᠠᠩᠭᠠᠬᠤ ᠂ ᠴᠤᠭᠯᠠᠭᠤᠯᠤᠭᠰᠠᠨ ᠪᠡᠯᠡ ᠮᠦᠩᠬᠦ ᠶᠢ ᠬᠠᠳᠠᠭᠠᠯᠠᠬᠤ ᠂ ᠴᠤᠭᠯᠠᠭᠤᠯᠤᠭᠰᠠᠨ ᠪᠡᠯᠡ ᠮᠦᠩᠬᠦ ᠶᠢ ᠬᠤᠷᠢᠶᠠᠬᠤ ᠪᠠ ᠪᠤᠴᠠᠭᠠᠵᠤ ᠦᠭᠬᠦ ᠂ ᠵᠢᠬᠡᠯᠡᠭᠰᠡᠨ ᠪᠠᠷᠢᠮᠳᠠ ᠬᠢᠬᠦ ᠂ ᠬᠤᠳᠠᠯ ᠬᠠᠭᠤᠷᠮᠠᠭ ᠢᠶᠠᠷ ᠤᠬᠠᠭᠤᠯᠭ᠎ᠠ ᠬᠢᠬᠦ ᠂ ᠲᠠᠩᠰᠠ ᠬᠠᠷ᠎ᠠ ᠬᠠᠷᠭᠤᠯᠵᠤ ᠦᠭᠭᠦᠭᠰᠡᠨ ᠪᠠᠢᠨ᠎ᠠ ᠂ ᠰᠦ ᠶᠸ ᠨᠢᠥᠢ ᠶᠢ ᠬᠠᠪᠰᠤᠷᠴᠤ ᠬᠠᠤᠯᠢ ᠪᠤᠰᠤ ᠪᠠᠷ ᠪᠡᠯᠡ ᠮᠦᠩᠬᠦ ᠴᠤᠭᠯᠠᠭᠤᠯᠵᠤ ᠂ ᠡᠭᠦᠨ ᠦ ᠬᠠᠮᠳᠤ ᠪᠠᠰᠠ ᠵᠠᠩ ᠰᠢᠦᠸᠠᠢ ᠹᠸᠢ ᠵᠡᠷᠬᠡ 10 ᠬᠦᠮᠦᠨ ᠡᠴᠡ ᠳᠤᠤᠷ᠎ᠠ ᠬᠦᠦ ᠮᠦᠩᠬᠦ ᠪᠡᠷ ᠬᠠᠤᠯᠢ ᠪᠤᠰᠤ ᠪᠠᠷ ᠵᠤᠭᠤᠰ ᠵᠢᠭᠡᠯᠡᠵᠦ ᠦᠨᠳᠦᠷ ᠬᠦᠦ ᠮᠦᠩᠬᠦ ᠪᠡᠷ ᠰᠦ ᠶᠸ ᠨᠢᠥᠢ ᠳᠦ ᠦᠭᠴᠦ ᠂ ᠬᠦᠦ ᠮᠦᠩᠬᠦ ᠶᠢᠨ ᠵᠦᠷᠢᠶ᠎ᠠ ᠶᠢ ᠤᠯᠵᠤ ᠂ ᠲᠡᠭᠦᠨ ᠦ ᠦᠢᠯᠡ ᠠᠵᠢᠯᠯᠠᠭ᠎ᠠ ᠨᠢ ᠬᠠᠤᠯᠢ ᠪᠤᠰᠤ ᠪᠠᠷ ᠤᠯᠠᠨ ᠨᠡᠢᠲᠡ ᠶᠢᠨ ᠬᠠᠳᠠᠭᠠᠯᠠᠮᠵᠢ ᠶᠢ ᠦᠷᠦᠮᠴᠢᠯᠡᠨ ᠰᠢᠩᠭᠡᠭᠡᠭᠰᠡᠨ ᠶᠠᠯ᠎ᠠ ᠪᠤᠯᠪᠠ ᠃ 《ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ 》 ᠶᠢᠨ ᠨᠢᠬᠡ ᠵᠠᠭᠤ ᠶᠢᠷᠡᠨ ᠬᠤᠶᠠᠳᠤᠭᠠᠷ ᠵᠤᠷᠪᠤᠰ ᠂ ᠨᠢᠬᠡ ᠵᠠᠭᠤ ᠳᠠᠯᠠᠨ ᠵᠢᠷᠭᠤᠳᠤᠭᠠᠷ ᠵᠤᠷᠪᠤᠰ ᠤᠨ ᠨᠢᠬᠡᠳᠦᠭᠡᠷ ᠵᠦᠢᠯ ᠂ ᠳᠠᠪᠢᠨ ᠳᠤᠯᠤᠳᠤᠭᠠᠷ ᠵᠤᠷᠪᠤᠰ ᠤᠨ ᠶᠢᠰᠦᠳᠦᠭᠡᠷ ᠵᠦᠢᠯ ᠂ ᠳᠠᠪᠢ ᠶᠢᠰᠦᠳᠦᠭᠡᠷ ᠵᠤᠷᠪᠤᠰ ᠂ ᠵᠢᠷᠠᠨ ᠨᠢᠬᠡᠳᠦᠭᠡᠷ ᠵᠤᠷᠪᠤᠰ ᠂ ᠵᠢᠷᠠᠨ ᠲᠦᠷᠪᠡᠳᠦᠭᠡᠷ ᠵᠤᠷᠪᠤᠰ ᠂ ᠵᠢᠷᠠᠨ ᠳᠤᠯᠤᠳᠤᠭᠠᠷ ᠵᠤᠷᠪᠤᠰ ᠤᠨ ᠨᠢᠬᠡᠳᠦᠭᠡᠷ ᠵᠦᠢᠯ ᠪᠤᠯᠤᠨ《ᠠᠷᠠᠳ ᠤᠨ ᠳᠡᠭᠡᠳᠦ ᠵᠡᠷᠬᠡ ᠶᠢᠨ ᠰᠢᠬᠦᠬᠦ ᠬᠤᠷᠢᠶᠠᠨ ᠤ ᠬᠠᠤᠯᠢ ᠪᠤᠰᠤ ᠪᠠᠷ ᠪᠡᠯᠡ ᠮᠦᠩᠬᠦ ᠴᠤᠭᠯᠠᠭᠤᠯᠤᠭᠰᠠᠨ ᠡᠷᠡᠭᠦᠦ ᠶᠢᠨ ᠬᠡᠷᠡᠭ ᠦᠨ ᠳᠤᠬᠠᠢ ᠪᠤᠳᠠᠳᠠᠢ ᠬᠡᠷᠡᠭᠯᠡᠬᠦ ᠬᠠᠤᠯᠢ ᠴᠠᠭᠠᠵᠠ ᠶᠢᠨ ᠤᠯᠠᠨ ᠠᠰᠠᠭᠤᠯᠲᠠ ᠶᠢᠨ ᠲᠠᠢᠯᠪᠤᠷᠢ》 ᠶᠢᠨ ᠨᠢᠬᠡᠳᠦᠭᠡᠷ ᠵᠤᠷᠪᠤᠰ ᠂ ᠭᠤᠷᠪᠠᠳᠤᠭᠠᠷ ᠵᠤᠷᠪᠤᠰ  ᠤᠨ ᠬᠤᠶᠠᠳᠤᠭᠠᠷ ᠵᠦᠢᠯ ᠂ ᠭᠤᠷᠪᠠᠳᠤᠭᠠᠷ ᠵᠦᠢᠯ ᠂ ᠲᠦᠷᠪᠡᠳᠦᠭᠡᠷ ᠵᠤᠷᠪᠤᠰ ᠤᠨ ᠬᠤᠶᠠᠳᠤᠭᠠᠷ ᠵᠦᠢᠯ ᠦᠨ ᠨᠢᠬᠡᠳᠦᠭᠡᠷ ᠲᠦᠷᠦᠯ ᠂ ᠲᠠᠪᠤᠳᠤᠭᠠᠷ ᠵᠤᠷᠪᠤᠰ ᠤᠨ ᠨᠢᠬᠡᠳᠦᠭᠡᠷ ᠵᠦᠢᠯ ᠂ ᠭᠤᠷᠪᠠᠳᠤᠭᠠᠷ ᠵᠦᠢᠯ ᠪᠤᠯᠤᠨ ᠠᠷᠠᠳ ᠤᠨ ᠳᠡᠭᠡᠳᠦ ᠵᠡᠷᠬᠡ ᠶᠢᠨ ᠰᠢᠬᠦᠬᠦ ᠬᠤᠷᠢᠶᠠᠨ ᠤ《ᠡᠷᠡᠭᠦᠦ ᠶᠢᠨ ᠬᠡᠷᠡᠭ ᠦᠨ ᠰᠢᠬᠦᠨ ᠳᠠᠰᠤᠯᠠᠬᠤ ᠡᠳ᠋ ᠬᠦᠷᠦᠩᠭᠡ ᠳᠦ ᠬᠤᠯᠪᠤᠭᠳᠠᠭᠰᠠᠨ ᠬᠡᠰᠡᠭ ᠦᠨ ᠬᠦᠢᠴᠡᠳᠬᠡᠬᠦ ᠳᠤᠬᠠᠢ ᠤᠯᠠᠨ ᠳᠤᠭᠳᠠᠭᠠᠯ》 ᠤᠨ ᠨᠢᠬᠡᠳᠦᠭᠡᠷ ᠵᠤᠷᠪᠤᠰ ᠂ ᠵᠢᠷᠭᠤᠳᠤᠭᠠᠷ ᠵᠤᠷᠪᠤᠰ ᠵᠢᠴᠢ《ᠠᠷᠠᠳ ᠤᠨ ᠳᠡᠭᠡᠳᠦ ᠵᠡᠷᠬᠡ ᠶᠢᠨ ᠰᠢᠬᠦᠬᠦ ᠬᠤᠷᠢᠶᠠᠨ ᠤ ᠪᠡᠶ᠎ᠠ ᠪᠠᠨ ᠳᠤᠰᠢᠶᠠᠬᠤ ᠪᠠ ᠭᠠᠪᠢᠶ᠎ᠠ ᠪᠠᠢᠭᠤᠯᠬᠤ ᠳᠤᠬᠠᠢ ᠪᠤᠳᠠᠳᠠᠢ ᠬᠡᠷᠡᠭᠯᠡᠬᠦ ᠬᠠᠤᠯᠢ ᠴᠠᠭᠠᠵᠠ ᠶᠢᠨ ᠤᠯᠠᠨ ᠠᠰᠠᠭᠤᠯᠲᠠ ᠶᠢᠨ ᠳᠠᠢᠯᠪᠤᠷᠢ》 ᠶᠢᠨ ᠨᠢᠭᠡᠳᠦᠭᠡᠷ ᠵᠤᠷᠪᠤᠰ ᠤᠨ ᠨᠢᠬᠡᠳᠦᠭᠡᠷ ᠲᠦᠷᠦᠯ ᠢ ᠦᠨᠳᠦᠰᠦᠯᠡᠵᠦ ᠂ ᠵᠠᠭᠠᠯᠳᠤᠭᠳᠠᠭᠴᠢ ᠰᠦ ᠶᠸ ᠨᠢᠦᠢ ᠪᠡᠯᠡ ᠮᠦᠩᠬᠦ ᠮᠡᠬᠡᠯᠡᠨ ᠴᠤᠭᠯᠠᠭᠤᠯᠤᠭᠰᠠᠨ ᠶᠠᠯ᠎ᠠ  ᠪᠠᠷ ᠬᠤᠭᠤᠴᠠᠭ᠎ᠠ ᠦᠬᠡᠢ ᠬᠤᠷᠢᠬᠤ ᠰᠢᠳᠬᠡᠯ ᠢᠶᠡᠷ ᠳᠠᠰᠤᠯᠠᠵᠤ ᠂ ᠤᠯᠤᠰ ᠲᠦᠷᠦ ᠶᠢᠨ ᠡᠷᠬᠡ ᠨᠠᠰᠤᠨ ᠳᠤᠷᠰᠢ ᠬᠠᠰᠤᠬᠤ ᠮᠦᠷᠲᠡᠭᠡᠨ ᠬᠤᠪᠢ ᠬᠦᠮᠦᠨ ᠦ ᠪᠦᠬᠦ ᠡᠳ᠋ ᠬᠦᠷᠦᠩᠭᠡ  ᠶᠢ ᠬᠤᠷᠢᠶᠠᠨ ᠠᠪᠤᠨ᠎ᠠ ᠃ ᠵᠠᠭᠠᠯᠳᠤᠭᠳᠠᠭᠴᠢ ᠷᠸᠨ ᠸᠸᠨ ᠰᠢᠶᠠᠩ ᠬᠠᠤᠯᠢ ᠪᠤᠰᠤ ᠪᠠᠷ ᠤᠯᠠᠨ ᠨᠡᠢᠲᠡ ᠶᠢᠨ ᠬᠠᠳᠠᠭᠠᠯᠠᠮᠵᠢ ᠶᠢ ᠦᠷᠦᠮᠴᠢᠯᠡᠨ ᠰᠢᠩᠭᠡᠭᠡᠭᠰᠡᠨ ᠶᠠᠯ᠎ᠠ ᠪᠠᠷ ᠲᠦᠷᠪᠡᠨ ᠵᠢᠯ ᠭᠤᠷᠪᠠᠨ ᠰᠠᠷ᠎ᠠ ᠬᠤᠭᠤᠴᠠᠭ᠎ᠠ ᠲᠠᠢ ᠬᠤᠷᠢᠬᠤ ᠪᠠᠷ ᠳᠠᠰᠤᠯᠠᠵᠤ ᠂ ᠳᠠᠪᠢᠨ ᠳᠠᠪᠤᠨ ᠲᠦᠮᠡᠨ ᠲᠦᠬᠦᠷᠢᠭ ᠢᠶᠡᠷ ᠶᠠᠯᠠᠳᠠᠨ᠎ᠠ ᠃ ᠡᠬᠦᠨ ᠦ ᠬᠠᠮᠳᠤ ᠬᠠᠤᠯᠢ ᠶᠤᠰᠤᠭᠠᠷ ᠬᠡᠷᠡᠭ ᠲᠦ ᠬᠤᠯᠪᠤᠭᠳᠠᠭᠰᠠᠨ ᠡᠳ᠋ ᠬᠦᠷᠦᠩᠬᠡ ᠶᠢ ᠪᠠᠢᠴᠠᠭᠠᠨ ᠪᠢᠲᠡᠭᠦᠮᠵᠢᠯᠡᠵᠦ ᠳᠠᠷᠤᠭᠰᠠᠨ  ᠢ ᠬᠠᠤᠯᠢ ᠶᠤᠰᠤᠭᠠᠷ ᠪᠡᠯᠡ ᠮᠦᠩᠬᠦ ᠴᠤᠭᠯᠠᠭᠤᠯᠤᠭᠰᠠᠨ ᠬᠦᠮᠦᠨ ᠳᠦ ᠪᠤᠴᠠᠭᠠᠵᠤ ᠦᠭᠭᠦᠨ᠎ᠠ ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )