ᠤᠷᠳᠤᠰ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠳᠤᠮᠳᠠ ᠵᠡᠷᠬᠡ ᠶᠢᠨ ᠰᠢᠬᠦᠬᠦ ᠬᠤᠷᠢᠶ᠎ᠠ ᠠᠩᠬᠠᠨ ᠤ ᠨᠢᠬᠡ ᠪᠦᠯᠦᠭ ᠳᠠᠩᠰᠠᠨ ᠳᠤ ᠤᠷᠤᠭᠰᠠᠨ ᠬᠠᠤᠯᠢ ᠶᠢᠨ ᠳᠤᠰᠢᠶᠠᠯᠲᠠᠨ ᠦᠨᠳᠦᠰᠦᠨ ᠬᠠᠤᠯᠢ ᠳᠤ ᠲᠠᠩᠭᠠᠷᠢᠭᠯᠠᠬᠤ ᠶᠤᠰᠤᠯᠠᠯ ᠶᠠᠪᠤᠭᠳᠠᠭᠤᠯᠪᠠ
1 ᠰᠠᠷᠠᠢᠨ 9 ᠤ ᠡᠳᠦᠷ ᠦᠨ ᠦᠳᠡ ᠶᠢᠨ ᠡᠮᠦᠨ᠎ᠠ ᠂ ᠤᠷᠳᠤᠰ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶ᠎ᠠ ᠠᠩᠬᠠᠨ ᠤ ᠪᠦᠯᠦᠭ ᠳᠠᠩᠰᠠᠨ ᠳᠤ ᠤᠷᠤᠭᠰᠠᠨ ᠬᠠᠤᠯᠢ ᠶᠢᠨ ᠳᠤᠰᠢᠶᠠᠯᠲᠠᠨ ᠦᠨᠳᠦᠰᠦᠨ ᠬᠠᠤᠯᠢ ᠳᠤ ᠲᠠᠩᠭᠠᠷᠢᠭᠯᠠᠬᠤ ᠶᠤᠰᠤᠯᠠᠯ ᠶᠠᠪᠤᠭᠳᠠᠭᠤᠯᠪᠠ ᠃ ᠤᠷᠳᠤᠰ ᠬᠤᠳᠠ ᠶᠢᠨ ᠠᠷᠠᠳ ᠤᠨ ᠲᠦᠯᠦᠭᠡᠯᠡᠭᠴᠢᠳ ᠦᠨ ᠬᠤᠷᠠᠯ ᠤᠨ ᠪᠠᠢᠩᠭᠤ ᠶᠢᠨ ᠬᠤᠷᠢᠶᠠᠨ ᠤ ᠡᠷᠬᠢᠯᠡᠭᠴᠢ ᠯᠢᠦ ᠾᠸᠩ ᠹᠠ ᠂ ᠬᠤᠳᠠ ᠶᠢᠨ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠬᠡᠯᠳᠡᠰ ᠦᠨ ᠳᠡᠳ᠋ ᠱᠦᠵᠢ ᠸᠠᠩ ᠵᠢᠶᠠᠨ ᠫᠢᠩ ᠂ ᠬᠤᠳᠠ ᠶᠢᠨ ᠨᠠᠮ ᠤᠨ ᠬᠤᠷᠢᠶᠠᠨ ᠤ ᠵᠤᠬᠢᠶᠠᠨ ᠪᠠᠢᠭᠤᠯᠤᠯᠲᠠ ᠶᠢᠨ ᠬᠡᠯᠳᠡᠰ ᠦᠨ ᠳᠠᠷᠤᠭ᠎ᠠ ᠡᠦ ᠳ᠋ᠦᠩ ᠂ ᠬᠤᠳᠠ ᠶᠢᠨ ᠰᠠᠬᠢᠯᠭ᠎ᠠ ᠪᠠᠳᠤ ᠪᠠᠢᠴᠠᠭᠠᠬᠤ ᠬᠤᠷᠢᠶᠠᠨ ᠤ ᠳᠤᠮᠳᠠ ᠵᠡᠷᠬᠡ ᠶᠢᠨ ᠰᠢᠬᠦᠬᠦ ᠬᠤᠷᠢᠶᠠᠨ ᠳᠤ ᠳᠤᠮᠢᠯᠠᠭᠰᠠᠨ ᠰᠠᠬᠢᠯᠭ᠎ᠠ ᠪᠠᠳᠤ ᠪᠠᠢᠴᠠᠭᠠᠬᠤ ᠳᠤᠭᠤᠢᠯᠠᠩ ᠤᠨ ᠳᠠᠷᠤᠭ᠎ᠠ ᠬᠥ᠋ ᠴᠢᠩ ᠴᠢᠶᠤᠸᠠᠨ ᠲᠠᠩᠭᠠᠷᠢᠭᠯᠠᠬᠤ ᠶᠤᠰᠤᠯᠠᠯ ᠳᠤ ᠤᠷᠤᠯᠴᠠᠭᠰᠠᠨ ᠮᠦᠷᠲᠡᠭᠡᠨ ᠲᠠᠩᠭᠠᠷᠢᠭᠯᠠᠬᠤ ᠳᠤ ᠬᠢᠨᠠᠯᠲᠠ ᠬᠢᠵᠦ ᠂ ᠬᠠᠮᠳᠤᠪᠡᠷ ᠡᠨᠡᠬᠦ ᠰᠦᠷ ᠵᠢᠪᠬᠤᠯᠠᠩᠳᠤ ᠴᠠᠭ ᠮᠦᠴᠡ ᠶᠢ ᠥᠩᠭᠡᠷᠡᠪᠡ ᠃ ᠶᠤᠰᠤᠯᠠᠯ ᠢ ᠤᠷᠳᠤᠰ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠳᠡᠳ᠋ ᠬᠤᠷᠢᠶᠠᠨ ᠳᠠᠷᠤᠭ᠎ᠠ ᠹᠠᠨ ᠶᠢᠦ ᠹᠠ ᠡᠷᠬᠢᠯᠡᠪᠡ ᠃ ᠦᠪᠦᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠬᠠᠤᠯᠢ ᠶᠢᠨ ᠳᠤᠰᠢᠶᠠᠯᠲᠠᠨ ᠤ ᠰᠢᠯᠢᠨ ᠰᠤᠩᠭᠤᠬᠤ ᠺᠤᠮᠢᠰ ᠤᠨ ᠴᠢᠩᠭ᠎ᠠ ᠬᠢᠨᠠᠨ ᠪᠠᠢᠴᠠᠭᠠᠯᠲᠠ ᠪᠠᠷ ᠳᠠᠮᠵᠢᠵᠤ ᠠᠩᠬᠠᠨ ᠤ ᠪᠦᠯᠦᠭ ᠳᠠᠩᠰᠠᠨ ᠳᠤ ᠤᠷᠤᠭᠰᠠᠨ 60 ᠨᠡᠷᠡᠰ ᠬᠠᠤᠯᠢ ᠶᠢᠨ ᠳᠤᠰᠢᠶᠠᠯᠳᠠᠨ ᠵᠢᠴᠢ 2 ᠨᠡᠷᠡᠰ ᠬᠠᠤᠯᠢ ᠶᠢᠨ ᠳᠤᠰᠢᠶᠠᠯᠳᠠᠨ ᠳᠠᠢ ᠠᠳᠠᠯᠢ ᠬᠠᠷᠭᠠᠯᠵᠠᠯᠠᠯ ᠲᠠᠢ ᠠᠯᠪᠠᠳᠠᠨ ᠪᠤᠰᠤ ᠰᠢᠬᠦᠨ ᠳᠠᠰᠤᠯᠤᠭᠴᠢ ᠶᠤᠰᠤᠯᠠᠯ ᠳᠤ ᠤᠷᠤᠯᠴᠠᠪᠠ ᠃
ᠰᠦᠷ ᠵᠢᠪᠬᠤᠯᠠᠩᠲᠤ ᠤᠯᠤᠰ ᠤᠨ ᠳᠠᠭᠤᠨ ᠤ ᠳᠤᠮᠳᠠ ᠂ ᠲᠠᠩᠭᠠᠷᠢᠭᠯᠠᠬᠤ ᠶᠤᠰᠤᠯᠠᠯ ᠵᠢᠩᠬᠢᠨᠢ ᠪᠡᠷ ᠡᠬᠢᠯᠡᠵᠦ ᠂ ᠤᠷᠳᠤᠰ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠢᠯᠠᠩ ᠤᠨ ᠱᠦᠵᠢ ᠂ ᠤᠷᠤᠯᠠᠭᠴᠢ ᠬᠤᠷᠢᠶᠠᠨ ᠳᠠᠷᠤᠭ᠎ᠠ ᠯᠢ ᠾᠦᠩ ᠶᠠᠨ ᠪᠦᠬᠦ ᠳᠠᠩᠰᠠᠨ ᠳᠤ ᠤᠷᠤᠭᠰᠠᠨ ᠬᠠᠤᠯᠢ ᠶᠢᠨ ᠳᠤᠰᠢᠶᠠᠯᠳᠠᠨ ᠢ ᠳᠠᠭᠠᠭᠤᠯᠤᠨ ᠤᠯᠤᠰ ᠤᠨ ᠳᠤᠭ ᠦᠬᠡᠳᠡ ᠬᠠᠨᠳᠤᠨ ᠂ ᠪᠠᠷᠠᠭᠤᠨ ᠭᠠᠷ ᠢᠶᠠᠨ ᠨᠢᠳᠤᠷᠭᠠᠯᠠᠵᠤ ᠂ ᠲᠦᠪ ᠴᠢᠩᠭ᠎ᠠ ᠲᠠᠩᠭᠠᠷᠢᠭᠯᠠᠪᠠ ᠄《ᠪᠢ ᠲᠠᠩᠭᠠᠷᠢᠭᠯᠠᠬᠤ ᠨᠢ ᠂ ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ ᠳᠤ ᠰᠢᠳᠤᠷᠭᠤ ᠂ ᠦᠨᠳᠦᠰᠦᠨ ᠬᠠᠤᠯᠢ ᠶᠢᠨ ᠡᠷᠬᠡ ᠰᠦᠷ ᠢ ᠬᠠᠮᠠᠭᠠᠯᠠᠵᠤ ᠂ ᠬᠠᠤᠯᠢ ᠳᠤ ᠳᠤᠭᠳᠠᠭᠰᠠᠨ ᠡᠬᠦᠷᠭᠡ ᠬᠠᠷᠢᠭᠤᠴᠠᠯᠭ᠎ᠠ ᠪᠠᠨ ᠬᠦᠢᠴᠡᠳᠬᠡᠵᠦ ᠂ ᠤᠯᠤᠰ ᠲᠤ ᠪᠠᠨ ᠰᠢᠳᠤᠷᠭᠤ ᠂ ᠠᠷᠠᠳ ᠲᠦᠮᠡᠨ ᠳᠦ ᠰᠢᠳᠤᠷᠭᠤ ᠂ ᠡᠭᠦᠷᠭᠡ ᠳᠤᠰᠢᠶᠠᠯ ᠢᠶᠠᠨ ᠬᠢᠴᠢᠶᠡᠩᠭᠦᠢᠯᠡᠨ ᠬᠦᠢᠴᠡᠳᠬᠡᠵᠦ ᠂ ᠠᠷᠢᠭᠤᠨ ᠴᠢᠬᠡᠴᠢ ᠪᠡᠷ ᠨᠡᠢᠲᠡ ᠳᠦ ᠵᠢᠳᠬᠦᠵᠦ᠂ ᠠᠷᠠᠳ ᠲᠦᠮᠡᠨ ᠦ ᠬᠢᠨᠠᠯᠲᠠ ᠶᠢ ᠬᠦᠢᠯᠢᠶᠡᠵᠦ ᠂ ᠪᠠᠶᠠᠨ ᠬᠦᠴᠦᠷᠭᠡᠭ ᠂ ᠠᠷᠠᠳᠴᠢᠯᠠᠯ ᠲᠠᠢ ᠂ ᠪᠤᠯᠪᠠᠰᠤᠨ ᠂ ᠡᠶ᠎ᠠ ᠵᠣᠬᠢᠴᠠᠯᠲᠤ ᠨᠡᠢᠬᠡᠮ ᠵᠢᠷᠦᠮ ᠦᠨ ᠤᠯᠤᠰ ᠢ ᠪᠦᠲᠦᠬᠡᠨ ᠪᠠᠢᠭᠤᠯᠬᠤ ᠶᠢᠨ ᠲᠦᠯᠦᠬᠡ ᠴᠢᠷᠮᠠᠢᠨ ᠳᠡᠮᠡᠴᠡᠨᠠ ︕》ᠢᠳᠡᠷᠬᠦᠨ ᠲᠠᠩᠭᠠᠷᠢᠭ ᠨᠢ ᠳᠤᠭᠠᠨ ᠳᠤ ᠤᠷᠤᠭᠰᠠᠨ ᠰᠢᠬᠦᠭᠴᠢ ᠶᠢᠨ ᠳᠤᠬᠠᠢᠯᠠᠭᠰᠠᠨ ᠠᠵᠢᠯ ᠤᠨ ᠢᠷᠠᠭᠤ ᠠᠯᠳᠠᠷ ᠤᠨ ᠰᠡᠳᠬᠢᠯᠬᠡ ᠂ ᠬᠠᠷᠢᠭᠤᠴᠠᠯᠭᠠᠳᠤ ᠰᠡᠳᠬᠢᠯᠬᠡ ᠪᠠ ᠡᠬᠦᠷᠭᠡᠲᠦ ᠰᠡᠳᠬᠢᠯᠬᠡ ᠶᠢ ᠶᠡᠬᠡᠪᠡᠷ ᠨᠡᠮᠡᠭᠳᠡᠭᠦᠯᠦᠭᠰᠡᠨ ᠪᠠᠢᠨ᠎ᠠ ᠃
ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠢᠯᠠᠩ ᠤᠨ ᠱᠦᠵᠢ ᠂ ᠤᠷᠤᠯᠠᠭᠴᠢ ᠬᠤᠷᠢᠶᠠᠨ ᠳᠠᠷᠤᠭ᠎ᠠ ᠯᠢ ᠾᠦᠩ ᠶᠠᠨ ᠠᠩᠬᠠᠨ ᠤ ᠪᠦᠯᠦᠭ ᠳᠤᠭᠠᠨ ᠳᠤ ᠤᠷᠤᠭᠰᠠᠨ ᠰᠢᠬᠦᠭᠴᠢ ᠶᠢᠨ ᠡᠬᠦᠷᠭᠡᠯᠡᠬᠦ ᠴᠢᠬᠤᠯᠠ ᠬᠠᠷᠢᠭᠤᠴᠠᠯᠭ᠎ᠠ ᠪᠤᠯᠤᠨ ᠢᠷᠠᠭᠤ ᠠᠯᠳᠠᠷᠲᠤ ᠡᠬᠦᠷᠭᠡ ᠳᠦ ᠡᠷᠡᠮᠡᠯᠵᠡᠯ ᠳᠠᠯᠪᠢᠭᠰᠨ ᠮᠦᠷᠲᠡᠭᠡᠨ ᠪᠦᠬᠦ ᠳᠤᠭᠠᠨ ᠳᠤ ᠤᠷᠤᠭᠰᠠᠨ ᠰᠢᠬᠦᠭᠴᠢ ᠲᠠᠢ ᠬᠠᠷᠢᠯᠴᠠᠨ ᠵᠤᠷᠢᠭᠵᠢᠭᠤᠯᠪᠠ ᠃ ᠯᠢ ᠾᠦᠩ ᠶᠠᠨ ᠬᠤᠷᠢᠶᠠᠨ ᠳᠠᠷᠤᠭ᠎ᠠ ᠬᠡᠯᠡᠭᠰᠡᠨ ᠨᠢ᠂ ᠡᠨᠡ ᠨᠢ ᠵᠦᠪᠬᠡᠨ ᠨᠢᠬᠡ ᠲᠦᠪ ᠴᠢᠩᠭ᠎ᠠ ᠬᠠᠤᠯᠢ ᠴᠠᠭᠠᠵᠠ ᠶᠢᠨ ᠶᠤᠰᠤᠯᠠᠯ ᠳᠡᠳᠦᠢ ᠪᠢᠰᠢ ᠂ ᠬᠠᠷᠢᠨ ᠨᠢᠬᠡ ᠤᠳᠠᠭᠠᠨ ᠤ ᠬᠦᠨᠳᠦ ᠬᠠᠤᠯᠢ ᠴᠠᠭᠠᠵᠠ ᠶᠢᠨ ᠬᠠᠷᠢᠭᠤᠴᠠᠯᠭ᠎ᠠ ᠡᠬᠦᠷᠭᠡᠯᠡᠯ ᠪᠠᠢᠵᠤ ᠂ ᠨᠡᠩ ᠴᠤ ᠨᠢᠬᠡᠨ ᠤᠳᠠᠭᠠᠨ ᠤ ᠨᠠᠮ ᠂ ᠠᠷᠠᠳ ᠲᠦᠮᠡᠨ ᠂ ᠨᠡᠢᠬᠡᠮ ᠳᠦ ᠬᠢᠭᠰᠡᠨ ᠲᠦᠪ ᠴᠢᠩᠭ᠎ᠠ ᠠᠮᠠᠯᠠᠯᠲᠠ ᠮᠦᠨ ᠃ ᠪᠢᠳᠡ ᠬᠢᠵᠦ ᠳᠡᠢᠯᠬᠦ ᠮᠦᠷᠲᠡᠭᠡᠨ ᠡᠷᠭᠡᠪᠰᠢ ᠨᠠᠮ ᠳᠤ ᠣᠰᠤᠯᠳᠠᠬᠤ ᠦᠭᠡᠢ ᠂ ᠤᠯᠤᠰ ᠲᠤ ᠤᠰᠤᠯᠳᠠᠬᠤ ᠦᠬᠡᠢ ᠂ ᠠᠷᠠᠳ ᠲᠦᠮᠡᠨ ᠳᠦ ᠤᠰᠤᠯᠳᠠᠬᠤ ᠦᠬᠡᠢ ᠂ ᠬᠠᠤᠯᠢ ᠴᠠᠭᠠᠵᠠ ᠳᠤ ᠤᠰᠤᠯᠳᠠᠬᠤ ᠦᠭᠡᠢ ᠥᠭᠡᠷᠡᠴᠢᠯᠡᠯᠲᠡ ᠬᠢᠵᠦ ᠰᠢᠨ᠎ᠠ ᠶᠢ ᠡᠭᠦᠳᠬᠦ ᠴᠠᠭ ᠦᠶ᠎ᠠ ᠳᠠᠬᠢ ᠪᠦᠬᠦᠳᠡ ᠨᠠᠷᠠᠮᠳᠠᠬᠤ ᠤᠯᠤᠰ ᠤᠨ ᠰᠢᠬᠦᠭᠴᠢ ᠪᠤᠯᠬᠤ ᠪᠠᠷ ᠴᠢᠷᠮᠠᠢᠬᠤ ᠬᠡᠷᠡᠭᠲᠡᠢ ᠃
ᠯᠢ ᠾᠦᠩ ᠶᠠᠨ ᠤᠷᠤᠯᠠᠭᠴᠢ ᠬᠤᠷᠢᠶᠠᠨ ᠳᠠᠷᠤᠭ᠎ᠠ ᠠᠩᠬᠠᠨ ᠤ ᠪᠦᠯᠦᠭ ᠳᠤᠭᠠᠨ ᠳᠤ ᠤᠷᠤᠭᠰᠠᠨ ᠰᠢᠬᠦᠭᠴᠢ ᠳᠦ ᠬᠡᠳᠦᠨ ᠪᠤᠳᠠᠳᠠᠢ ᠱᠠᠭᠠᠷᠳᠠᠯᠭ᠎ᠠ ᠪᠠ ᠬᠦᠰᠡᠯ ᠳᠤᠷᠠᠳᠤᠪᠠ ᠃ ᠨᠢᠬᠡ ᠪᠤᠯ ᠦᠨᠢ ᠡᠭᠦᠷᠢᠳᠡ ᠨᠠᠮ ᠤᠨ ᠠᠵᠢᠯ ᠦᠢᠯᠡᠰ ᠲᠦ ᠦᠨᠡᠨᠴᠢ ᠰᠢᠳᠤᠷᠭᠤ ᠰᠢᠭᠦᠭᠴᠢ ᠪᠤᠯᠬᠤ ᠬᠡᠷᠡᠭᠲᠡᠢ ᠃ ᠡᠯ᠎ᠠ ᠰᠢᠬᠦᠭᠴᠢ ᠪᠤᠯᠤᠨ ᠺᠠᠳᠠᠷ ᠴᠠᠭᠳᠠᠭ᠎ᠠ ᠡᠷᠭᠡᠪᠰᠢ《ᠦᠨᠡᠨᠴᠢ ᠰᠢᠳᠤᠷᠭᠤ》 ᠶᠢ ᠤᠷᠤᠰᠢᠨ ᠳᠤᠭᠳᠠᠬᠤ ᠦᠨᠳᠦᠰᠦ ᠪᠤᠯᠭᠠᠵᠤ ᠂ ᠦᠪᠡᠷ ᠦᠨ ᠤᠬᠠᠮᠰᠠᠷ ᠠᠴᠠ ᠪᠠᠨ ᠨᠠᠮ ᠤᠨ ᠴᠢᠨᠠᠷ ᠤᠨ ᠬᠡᠪ ᠰᠤᠷᠳᠠᠯ ᠂ ᠬᠦᠰᠡᠯ ᠢᠳᠡᠬᠡᠯ ᠢᠶᠡᠨ ᠪᠠᠳᠤᠵᠢᠭᠤᠯᠬᠤ ᠶᠢ ᠴᠢᠩᠭᠠᠳᠬᠠᠵᠤ ᠂ ᠨᠠᠮ ᠤᠨ ᠵᠤᠷᠢᠯᠲᠠ ᠶᠢ ᠪᠠᠳᠤ ᠴᠡᠬᠡᠵᠢᠯᠡᠵᠦ ᠂ ᠨᠠᠮ ᠳᠤ ᠦᠨᠡᠨᠴᠢ ᠰᠢᠳᠤᠷᠭᠤ ᠂ ᠠᠷᠠᠳ ᠲᠦᠮᠡᠨ ᠳᠦ ᠦᠨᠡᠨᠴᠢ ᠰᠢᠳᠤᠷᠭᠤ ᠂ ᠰᠢᠬᠦᠨ ᠳᠠᠰᠤᠯᠤᠯᠲᠠ ᠶᠢᠨ ᠠᠵᠢᠯ ᠦᠢᠯᠡᠰ ᠲᠦ ᠦᠨᠡᠨᠴᠢ ᠰᠢᠳᠤᠷᠭᠤ ᠪᠠᠢᠬᠤ ᠬᠡᠷᠡᠭᠲᠡᠢ᠂ ᠶᠠᠮᠠᠷ ᠬᠦᠴᠢᠷᠳᠡᠯ ᠳᠦ ᠳᠤᠯᠭᠠᠷᠠᠭᠰᠠᠨ ᠴᠤ ᠬᠡᠵᠢᠶᠡᠳᠡ ᠡᠷᠡᠰ ᠴᠢᠩᠭ᠎ᠠ ᠮᠠᠷᠺᠰ ᠤᠨ ᠦᠵᠡᠯ ᠦᠨ ᠢᠳᠡᠬᠡᠯ ᠪᠢᠰᠢᠷᠠᠯ ᠢ ᠪᠠᠷᠢᠮᠳᠠᠯᠠᠵᠤ ᠂ ᠬᠡᠵᠢᠶᠡᠳᠡ ᠪᠠᠳᠤ ᠪᠡᠬᠢ ᠡᠪ ᠬᠠᠮᠳᠤ ᠶᠤᠰᠤᠨ ᠤ ᠬᠦᠰᠡᠯ ᠪᠠ ᠳᠤᠮᠳᠠᠳᠤ ᠤᠯᠤᠰ ᠤᠨ ᠤᠨᠴᠠᠯᠢᠭ ᠪᠦᠬᠦᠢ ᠨᠡᠢᠬᠡᠮ ᠵᠢᠷᠦᠮ ᠦᠨ ᠢᠳᠡᠬᠡᠯ ᠪᠢᠰᠢᠷᠡᠯ ᠲᠠᠢ ᠪᠠᠢᠬᠤ ᠬᠡᠷᠡᠭᠲᠡᠢ ᠃ ᠬᠤᠶᠠᠷ ᠪᠤᠯ ᠡᠬᠦᠷᠢᠳᠡ ᠠᠷᠢᠭᠤᠨ ᠴᠢᠬᠡᠴᠢ ᠰᠢᠬᠦᠭᠴᠢ ᠪᠤᠯᠬᠤ ᠬᠡᠷᠡᠭᠲᠡᠢ ᠃ ᠡᠯ᠎ᠠ ᠵᠦᠢᠯ ᠦᠨ ᠥᠳᠦᠭᠡᠯᠭᠡ ᠶᠢᠨ ᠡᠮᠦᠨ᠎ᠠ ᠦᠪᠡᠷ ᠦᠨ ᠪᠡᠶ᠎ᠠ ᠪᠠᠨ ᠴᠢᠩᠭ᠎ᠠ ᠠᠳᠬᠤᠵᠤ ᠂ ᠦᠬᠡᠢᠬᠦᠦ ᠶᠠᠳᠠᠭᠤ ᠶᠢ ᠬᠦᠯᠢᠶᠡᠵᠦ ᠂ ᠤᠢᠳᠬᠠᠷ ᠢ ᠳᠡᠰᠪᠦᠷᠢᠯᠡᠵᠦ ᠂ ᠰᠡᠳᠬᠢᠯ ᠰᠠᠨᠠᠭ᠎ᠠ ᠪᠠᠨ ᠯᠠᠪᠳᠠᠭᠤᠨ ᠪᠠᠢᠯᠭᠠᠵᠤ ᠂ ᠰᠢᠯᠭᠠᠯᠲᠠ ᠶᠢ ᠳᠠᠭᠠᠭᠠᠵᠤ ᠳᠡᠢᠯᠬᠦ ᠬᠡᠷᠡᠭᠲᠡᠢ ᠃ ᠡᠭᠦᠷᠢᠲᠡ ᠰᠢᠬᠦᠭᠴᠢ ᠶᠢᠨ ᠦᠢᠯᠡ ᠠᠵᠢᠯᠯᠠᠭ᠎ᠠ ᠶᠢᠨ ᠲᠦᠷᠢᠮᠵᠢᠯ ᠢ ᠵᠢᠷᠦᠮᠯᠡᠵᠦ ᠂ ᠴᠠᠭ ᠢᠮᠠᠭᠳᠠ ᠪᠡᠶ᠎ᠠ ᠪᠠᠨ ᠴᠢᠩᠭ᠎ᠠ ᠪᠠᠷᠢᠵᠤ ᠂ ᠴᠠᠭ ᠢᠮᠠᠭᠳᠠ ᠠᠷᠢᠭᠤᠨ ᠴᠢᠬᠡᠴᠢ ᠦᠬᠡᠢ ᠶᠢᠨ ᠦᠷ᠎ᠠ ᠳ᠋ᠦᠩ ᠢ ᠴᠡᠬᠡᠵᠢᠯᠡᠵᠦ ᠶᠠᠪᠤᠬᠤ ᠬᠡᠷᠡᠭᠲᠡᠢ ᠃ ᠬᠠᠷᠢᠴᠠᠭ᠎ᠠ ᠲᠠᠢ ᠬᠡᠷᠡᠭ ᠂ ᠨᠠᠢᠷ ᠳᠠᠯ᠎ᠠ ᠶᠢᠨ ᠬᠡᠷᠡᠭ ᠂ ᠵᠤᠭᠤᠰ ᠮᠦᠩᠬᠦ ᠶᠢᠨ ᠬᠡᠷᠡᠭ ᠢ ᠶᠠᠭᠠᠬᠢᠭᠰᠠᠨ ᠴᠤ ᠰᠢᠢᠳᠪᠦᠷᠢᠯᠡᠬᠦ ᠦᠬᠡᠢ ᠂ ᠲᠦᠪ ᠴᠢᠬᠡᠴᠢ ᠬᠦᠮᠦᠨ ᠪᠤᠯᠵᠤ ᠂ ᠠᠷᠢᠭᠤᠨ ᠴᠢᠬᠡᠴᠢ ᠪᠡᠷ ᠶᠠᠪᠤᠳᠠᠯ ᠬᠢᠨ᠎ᠠ ᠃ ᠭᠤᠷᠪᠠ ᠪᠤᠯ ᠡᠬᠦᠷᠢᠳᠡ ᠵᠤᠷᠢᠭᠲᠠᠢ ᠪᠠᠷ ᠬᠠᠷᠢᠭᠤᠴᠠᠯᠭ᠎ᠠ ᠡᠬᠦᠷᠭᠡᠯᠡᠬᠦ ᠰᠢᠬᠦᠭᠴᠢ ᠪᠤᠯᠬᠤ ᠬᠡᠷᠡᠭᠲᠡᠢ ᠃ ᠠᠵᠢᠯᠲᠠᠨ ᠤ ᠤᠷᠤᠨ ᠳᠤᠭᠠᠨ ᠤ ᠲᠦᠷᠢᠮ ᠨᠢ ᠰᠢᠬᠦᠭᠴᠢ ᠳᠦ ᠨᠡᠩ ᠰᠠᠢᠨ ᠰᠢᠬᠦᠨ ᠳᠠᠰᠤᠯᠤᠯᠲᠠ ᠶᠢᠨ ᠨᠦᠬᠦᠴᠡᠯ ᠬᠠᠩᠭᠠᠵᠤ ᠂ ᠡᠭᠦᠨ ᠦ ᠬᠠᠮᠳᠤ ᠪᠠᠰᠠ ᠰᠢᠬᠦᠭᠴᠢ ᠶᠢᠨ ᠳᠤᠬᠠᠢᠯᠠᠭᠰᠠᠨ ᠠᠵᠢᠯ ᠤᠨ ᠬᠠᠷᠢᠭᠤᠴᠠᠯᠭ᠎ᠠ ᠡᠬᠦᠷᠭᠡᠯᠡᠬᠦ ᠶᠢ ᠴᠢᠩᠭᠠᠳᠬᠠᠪᠠ ᠃ ᠪᠦᠬᠦ ᠳᠤᠭᠠᠨ ᠳᠤ ᠤᠷᠤᠭᠰᠠᠨ ᠰᠢᠬᠦᠭᠴᠢ ᠡᠨᠡᠬᠦ ᠬᠠᠷᠢᠭᠤᠴᠠᠯᠭ᠎ᠠ ᠶᠢ ᠡᠬᠦᠷᠬᠡᠯᠡᠵᠢ ᠵᠤᠷᠢᠭᠲᠠᠢ ᠪᠠᠢᠵᠤ ᠂ ᠨᠡᠩ ᠴᠤ ᠡᠨᠡᠬᠦ ᠬᠠᠷᠢᠭᠤᠴᠠᠯᠭ᠎ᠠ ᠶᠢ ᠡᠬᠦᠷᠭᠡᠯᠡᠵᠦ ᠳᠡᠢᠯᠬᠦ ᠴᠢᠳᠠᠪᠤᠷᠢ ᠪᠠᠢᠬᠤ ᠶᠢ ᠱᠠᠭᠠᠷᠳᠠᠨ᠎ᠠ ᠃ ᠨᠢᠬᠡᠨᠲᠡ ᠳᠤᠭᠠᠨ ᠳᠤ ᠤᠷᠤᠭᠰᠠᠨ ᠰᠢᠬᠦᠭᠴᠢ ᠬᠡᠰᠡᠨ ᠦᠬᠡᠢ ᠬᠤᠵᠢᠮ ᠳᠤᠭᠠᠨ ᠳᠤ ᠤᠷᠤᠬᠤ ᠰᠢᠬᠦᠭᠴᠢ ᠭᠡᠰᠡᠨ ᠦᠬᠡᠢ ᠂ ᠤᠳᠤᠬᠠᠨ ᠳᠤ ᠪᠠᠢᠬᠤ ᠴᠢᠳᠠᠪᠤᠷᠢ ᠪᠠ ᠬᠢᠷᠢ ᠲᠦᠪᠰᠢᠨ ᠦ ᠰᠠᠭᠤᠷᠢᠨ ᠳᠡᠭᠡᠷ᠎ᠠ ᠂ ᠬᠠᠤᠯᠢ ᠴᠠᠭᠠᠵᠠ ᠶᠢᠨ ᠮᠡᠳᠡᠯᠬᠡ ᠤᠯᠠᠮ ᠴᠠᠭᠠᠷᠠᠵᠤ ᠂ ᠰᠢᠬᠦᠨ ᠲᠠᠰᠤᠯᠬᠤ ᠲᠦᠷᠢᠮ ᠳᠤᠭᠳᠠᠭᠠᠯ ᠢ ᠤᠯᠠᠮ ᠤᠢᠯᠭᠠᠵᠤ ᠂ ᠬᠡᠷᠡᠭ ᠰᠢᠢᠳᠪᠦᠷᠢᠯᠡᠬᠦ ᠠᠯᠬᠤᠮ ᠳᠠᠷᠠᠭ᠎ᠠ ᠶᠢ ᠡᠵᠡᠮᠰᠢᠵᠤ ᠂ ᠲᠢᠩᠬᠢᠮ ᠦᠨ ᠰᠢᠬᠦᠯᠲᠡ ᠶᠢ ᠡᠵᠡᠮᠳᠡᠬᠦ ᠴᠢᠳᠠᠪᠤᠷᠢ ᠶᠢ ᠴᠢᠷᠮᠠᠢᠨ ᠬᠦᠮᠦᠵᠢᠬᠦᠯᠵᠦ ᠂ ᠬᠠᠤᠯᠢ ᠶᠤᠰᠤ ᠶᠢ ᠳᠠᠢᠯᠪᠤᠷᠢᠯᠠᠵᠤ ᠳᠡᠢᠯᠬᠦ ᠴᠢᠳᠠᠪᠤᠷᠢ ᠶᠢ ᠯᠠᠪᠳᠠᠭᠤᠨ ᠪᠤᠯᠪᠠᠰᠤᠷᠠᠭᠤᠯᠵᠤ ᠂ ᠵᠢᠩᠬᠢᠨᠢ ᠪᠡᠷ ᠰᠢᠬᠦᠨ ᠳᠠᠰᠤᠯᠤᠯᠲᠠ ᠬᠦᠢᠴᠡᠳᠬᠡᠬᠦ ᠠᠵᠢᠯ ᠤᠨ ᠬᠠᠰᠢᠷ ᠭᠠᠷ ᠪᠤᠯᠵᠤ᠂ ᠦᠢᠯᠡᠳᠦᠯᠭᠡ ᠂ ᠠᠷᠠᠳ ᠲᠦᠮᠡᠨ ᠂ ᠲᠡᠤᠬᠡ ᠶᠢᠨ ᠰᠢᠯᠭᠠᠯᠲᠠ ᠶᠢ ᠳᠠᠭᠠᠭᠠᠵᠤ ᠳᠡᠢᠯᠬᠦ ᠰᠢᠯᠢᠳᠡᠭ ᠬᠡᠷᠡᠭ ᠢ ᠰᠢᠬᠦᠨ ᠳᠠᠰᠤᠯᠠᠬᠤ ᠬᠡᠷᠡᠭᠲᠡᠢ ᠃
ᠲᠠᠩᠭᠠᠷᠢᠭᠯᠠᠬᠤ ᠶᠤᠰᠤᠯᠠᠯ ᠳᠡᠭᠡᠷ᠎ᠡ᠂ ᠤᠷᠳᠤᠰ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠢᠷᠭᠡᠨ ᠦ ᠬᠡᠷᠡᠭ ᠦᠨ ᠲᠦᠷᠪᠡᠳᠦᠭᠡᠷ ᠲᠢᠩᠬᠢᠮ ᠦᠨ ᠳᠡᠳ᠋ ᠳᠠᠷᠤᠭ᠎ᠠ ᠾᠸ ᠶᠠᠨ ᠴᠦᠨ ᠠᠩᠬᠠᠨ ᠤ ᠪᠦᠯᠦᠭ ᠳᠤᠭᠠᠨ ᠳᠤ ᠤᠷᠤᠭᠰᠠᠨ ᠰᠢᠬᠦᠭᠴᠢ ᠶᠢ ᠲᠦᠯᠦᠭᠡᠯᠡᠨ ᠶᠠᠷᠢᠶ᠎ᠠ ᠳᠠᠯᠪᠢᠪᠠ ᠄ 《ᠬᠢᠵᠠᠭᠠᠷᠯᠠᠰᠢ ᠦᠬᠡᠢ ᠤᠮᠤᠭᠰᠢᠬᠤ ᠢᠷᠡᠭᠤ ᠠᠯᠳᠠᠷ ᠤᠨ ᠰᠡᠳᠬᠢᠯᠭᠡ ᠳᠠᠢ ᠪᠠᠢᠬᠤ ᠬᠠᠮᠳᠤ ᠂ ᠪᠠᠰᠠ ᠨᠡᠩ ᠶᠡᠬᠡ ᠬᠠᠷᠢᠭᠤᠴᠠᠯᠭ᠎ᠠ ᠂ ᠨᠡᠩ ᠶᠡᠬᠡ ᠳᠠᠷᠤᠭᠠᠰᠤ ᠪᠠ ᠰᠢᠯᠭᠠᠯᠲᠠ ᠳᠠᠢ ᠪᠤᠯᠤᠭᠰᠠᠨ ᠪᠠᠢᠵᠤ ᠂ ᠨᠢᠭᠡᠨ ᠳᠤᠭᠠᠨ ᠳᠤ ᠤᠷᠤᠭᠰᠠᠨ ᠰᠢᠬᠦᠭᠴᠢ ᠪᠤᠯᠤᠭᠰᠠᠨ ᠤ ᠬᠤᠪᠢ ᠳᠤ ᠂ ᠪᠢ ᠤᠤᠯ ᠰᠠᠨᠠᠭ᠎ᠠ ᠪᠠᠨ ᠮᠠᠷᠳᠠᠬᠤ ᠦᠬᠡᠢ ᠂ ᠬᠦᠰᠡᠯ ᠢᠳᠡᠬᠡᠯ ᠵᠤᠷᠢᠭ ᠬᠡᠵᠢᠶᠡᠳᠡ ᠪᠠᠷᠢᠮᠳᠠᠯᠠᠨ᠎ᠠ ᠃ ᠰᠤᠷᠤᠯᠴᠠᠯᠭ᠎ᠠ ᠪᠠᠨ ᠴᠢᠩᠭᠠᠳᠬᠠᠵᠤ ᠂ ᠲᠠᠰᠤᠷᠠᠯᠲᠠ ᠦᠬᠡᠢ ᠬᠠᠤᠯᠢ ᠴᠠᠭᠠᠵᠠ ᠶᠢᠨ ᠬᠢᠷᠢ ᠲᠦᠪᠰᠢᠨ ᠢ ᠳᠡᠭᠡᠭᠰᠢᠯᠡᠬᠦᠯᠦᠨ᠎ᠠ ᠃ ᠵᠤᠷᠢᠭᠳᠠᠢ ᠬᠠᠷᠢᠭᠤᠴᠠᠯᠭ᠎ᠠ ᠡᠬᠦᠷᠭᠡᠯᠡᠵᠦ ᠂ ᠬᠡᠷᠡᠭ ᠦᠨ ᠴᠢᠨᠠᠷ ᠪᠦᠲᠦᠮᠵᠢ ᠶᠢ ᠴᠢᠷᠮᠠᠢᠨ ᠪᠠᠳᠤᠯᠠᠨ᠎ᠠ ᠃ ᠠᠷᠢᠭᠤᠨ ᠴᠢᠬᠡᠴᠢ ᠪᠡᠶ᠎ᠠ ᠪᠠᠨ ᠪᠠᠷᠢᠵᠤ ᠂ ᠤᠬᠠᠮᠰᠠᠷ ᠠᠴᠠ ᠪᠠᠨ ᠰᠢᠬᠦᠭᠴᠢ ᠶᠢᠨ ᠰᠠᠬᠢᠯᠭ᠎ᠠ ᠶᠢ ᠪᠠᠳᠤ ᠰᠠᠬᠢᠵᠤ ᠂ ᠬᠠᠤᠯᠢ ᠴᠠᠭᠠᠵᠠ ᠶᠢᠨ ᠬᠡᠷᠡᠭ ᠪᠤᠯᠭᠠᠨ ᠳᠤ ᠠᠷᠠᠳ ᠲᠦᠮᠡᠨ ᠡᠷᠭᠡ ᠳᠡᠭᠰᠢ ᠲᠦᠪ ᠭᠤᠤᠯᠴᠢ ᠪᠠᠢᠬᠤ ᠮᠡᠳᠡᠭᠳᠡᠬᠦᠯᠦᠨᠠ ᠃》
ᠢᠷᠭᠡᠨ ᠦ ᠬᠡᠷᠡᠭ ᠦᠨ ᠭᠤᠷᠪᠠᠳᠤᠭᠠᠷ ᠲᠢᠩᠬᠢᠮ ᠦᠨ ᠺᠠᠳᠠᠷ ᠴᠠᠭᠳᠠᠭ᠎ᠠ ᠵᠠᠩ ᠸᠸᠨ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠪᠦᠬᠦ ᠰᠢᠬᠦᠭᠴᠢ ᠶᠢᠨ ᠳᠤᠰᠠᠯᠠᠭᠴᠢ ᠶᠢ ᠲᠦᠯᠦᠭᠡᠯᠡᠨ ᠤᠪᠤᠷ ᠢᠶᠠᠨ ᠢᠯᠡᠳᠬᠡᠬᠦ ᠶᠠᠷᠢᠶ᠎ᠠ ᠳᠠᠯᠪᠢᠪᠠ ᠄《ᠰᠢᠬᠦᠭᠴᠢ ᠶᠢᠨ ᠳᠤᠰᠠᠯᠠᠭᠴᠢ ᠪᠤᠯ ᠢᠷᠡᠭᠡᠳᠦᠢ ᠶᠢᠨ ᠰᠢᠬᠦᠭᠴᠢ ᠶᠢᠨ ᠡᠩᠨᠡᠭᠡᠨ ᠦ ᠴᠦᠬᠦᠷᠦᠮ ᠪᠠᠢᠵᠤ ᠂ ᠨᠢᠬᠡ ᠳᠠᠯ᠎ᠠ ᠪᠠᠷ ᠂ ᠰᠢᠬᠦᠭᠴᠢ ᠶᠢᠨ ᠳᠤᠰᠠᠯᠠᠭᠴᠢ ᠨᠢ ᠰᠢᠬᠦᠭᠴᠢ ᠶᠢ ᠬᠠᠪᠰᠤᠷᠠᠬᠤ ᠪᠠᠨ ᠰᠠᠢᠳᠤᠷ ᠬᠢᠵᠦ ᠂ ᠨᠦᠬᠦᠭᠡ ᠳᠠᠯ᠎ᠠ ᠪᠠᠷ ᠲᠠᠰᠤᠷᠠᠯᠲᠠ ᠦᠬᠡᠢ ᠬᠡᠷᠡᠭ ᠢ ᠰᠤᠳᠤᠯᠵᠤ ᠂ ᠰᠢᠬᠦᠨ ᠳᠠᠰᠤᠯᠤᠯᠳᠠ ᠶᠢᠨ ᠳᠤᠷᠰᠢᠯᠭ᠎ᠠ ᠬᠤᠷᠠᠮᠳᠠᠭᠤᠯᠵᠤ ᠂ ᠢᠷᠡᠭᠡᠳᠦᠢ ᠳᠦ ᠨᠢᠬᠡᠨ ᠰᠢᠯᠢᠳᠡᠭ ᠰᠢᠬᠦᠭᠴᠢ ᠪᠤᠯᠬᠤ ᠪᠠᠷ ᠪᠡᠯᠡᠳᠬᠡᠨ᠎ᠠ ᠃ ᠡᠭᠦᠨ ᠦ ᠬᠠᠮᠳᠤ ᠪᠡᠶᠡᠴᠢ ᠴᠢᠳᠠᠮᠠᠭᠠᠢ ᠴᠢᠨᠠᠷ ᠢ ᠪᠠᠳᠠᠷᠠᠭᠤᠯᠵᠤ ᠂ ᠨᠠᠷᠢᠨ ᠨᠢᠮᠪᠠᠢ ᠶᠢ ᠪᠠᠷᠢᠮᠳᠠᠯᠠᠵᠤ ᠂ ᠨᠠᠰᠤᠨ ᠳᠤᠷᠰᠢ ᠰᠤᠷᠤᠯᠴᠠᠬᠤ ᠪᠤᠳᠤᠯ ᠳᠠᠢ ᠬᠦᠮᠦᠨ ᠪᠤᠯᠵᠤ ᠂ ᠲᠠᠰᠤᠷᠠᠯᠲᠠ ᠦᠬᠡᠢ ᠳᠤᠰᠬᠠᠢ ᠠᠵᠢᠯ ᠤᠨ ᠬᠢᠷᠢ ᠲᠦᠪᠰᠢᠨ ᠢᠶᠡᠨ ᠳᠡᠭᠡᠭᠰᠢᠯᠡᠬᠦᠯᠵᠦ ᠂ ᠳᠤᠬᠠᠢᠯᠠᠭᠰᠠᠨ ᠠᠵᠢᠯ ᠤᠨ ᠳᠡᠮᠳᠡᠭᠳᠦ ᠮᠤᠳᠤ ᠶᠢ ᠴᠢᠷᠮᠠᠢᠨ ᠪᠦᠲᠦᠭᠡᠵᠦ ᠂ ᠳᠤᠮᠳᠠᠳᠤ ᠤᠯᠤᠰ ᠤᠨ ᠬᠠᠤᠯᠢ ᠴᠠᠭᠠᠵᠠ ᠶᠢᠨ ᠥᠭᠡᠷᠡᠴᠢᠯᠡᠯᠲᠡ ᠳᠦ ᠦᠪᠡᠷ ᠦᠨ ᠬᠦᠴᠦᠨ ᠢᠶᠡᠨ ᠡᠷᠬᠦᠨ᠎ᠠ ᠃ 》
ᠤᠷᠳᠤᠰ ᠬᠤᠳᠠ ᠶᠢᠨ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠳᠡᠳ᠋ ᠡᠷᠬᠢᠯᠡᠭᠴᠢ ᠯᠢᠦ ᠾᠸᠩ ᠹᠠ ᠬᠤᠳᠠ ᠶᠢᠨ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠢ ᠲᠦᠯᠦᠭᠡᠯᠡᠨ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠠᠩᠬᠠᠨ ᠤ ᠪᠦᠯᠦᠭ ᠳᠤᠭᠠᠨ ᠳᠤ ᠤᠷᠤᠭᠰᠠᠨ ᠰᠢᠬᠦᠭᠴᠢ ᠳᠦ ᠬᠠᠯᠠᠭᠤᠨ ᠪᠠᠶᠠᠷ ᠬᠦᠷᠭᠡᠵᠦ ᠂ ᠬᠦᠰᠡᠬᠦ ᠨᠢ ᠂ ᠳᠤᠭᠠᠨ ᠳᠤ ᠤᠷᠤᠭᠰᠠᠨ ᠰᠢᠬᠦᠭᠴᠢ ᠬᠠᠤᠯᠢ ᠶᠤᠰᠤᠭᠠᠷ ᠪᠡᠶ᠎ᠠ ᠪᠠᠨ ᠳᠠᠭᠠᠭᠠᠨ ᠰᠢᠬᠦᠨ ᠳᠠᠰᠤᠯᠠᠬᠤ ᠡᠷᠬᠡ ᠪᠡᠨ ᠬᠡᠷᠡᠭᠵᠢᠬᠦᠯᠬᠦ ᠶᠢ ᠪᠠᠷᠢᠮᠳᠠᠯᠠᠵᠤ ᠂ ᠬᠠᠤᠯᠢ ᠪᠠᠷᠢᠬᠤ ᠨᠢ ᠠᠷᠠᠳ ᠤᠨ ᠲᠦᠯᠦᠬᠡ ᠪᠠᠢᠬᠤ ᠶᠢ ᠪᠠᠷᠢᠮᠳᠠᠯᠠᠵᠤ ᠂ ᠠᠷᠢᠭᠤᠨ ᠴᠢᠬᠡᠴᠢ ᠪᠠᠢᠬᠤ ᠶᠢ ᠪᠠᠷᠢᠮᠳᠠᠯᠠᠵᠤ ᠂ ᠬᠠᠤᠯᠢ ᠶᠤᠰᠤᠭᠠᠷ ᠬᠢᠨᠠᠯᠲᠠ ᠬᠦᠯᠢᠶᠡᠬᠦ ᠶᠢ ᠪᠠᠷᠢᠮᠳᠠᠯᠠᠵᠤ ᠂ ᠵᠤᠷᠢᠭᠲᠠᠢ ᠬᠠᠷᠢᠭᠤᠴᠠᠯᠭ᠎ᠠ ᠡᠬᠦᠷᠭᠡᠯᠡᠵᠦ ᠂ ᠳᠤᠰᠢᠶᠠᠯ ᠢᠶᠠᠨ ᠰᠠᠢᠳᠤᠷ ᠪᠡᠶᠡᠯᠡᠬᠦᠯᠵᠦ ᠂ ᠦᠨᠳᠦᠰᠦᠨ ᠬᠠᠤᠯᠢ ᠪᠠ ᠬᠠᠤᠯᠢ ᠴᠠᠭᠠᠵᠠ ᠶᠢᠨ ᠡᠷᠬᠡ ᠰᠦᠷ ᠢ ᠬᠠᠮᠠᠭᠠᠯᠠᠵᠤ ᠂ ᠤᠷᠳᠤᠰ ᠢ ᠬᠠᠤᠯᠢ ᠪᠠᠷ ᠵᠠᠰᠠᠬᠤ ᠶᠢ ᠲᠦᠯᠬᠢᠨ ᠠᠬᠢᠭᠤᠯᠬᠤ ᠳᠤ ᠬᠤᠪᠢ ᠨᠡᠮᠡᠷᠢ ᠦᠡᠵᠡᠬᠦᠯᠦᠨᠠ ᠃
ᠲᠠᠩᠭᠠᠷᠢᠭᠯᠠᠬᠤ ᠶᠤᠰᠤᠯᠠᠯ ᠳᠡᠭᠡᠷ᠎ᠠ ᠂ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ 60 ᠨᠡᠷᠡᠰ ᠳᠤᠭᠠᠨ ᠳᠤ ᠤᠷᠤᠭᠰᠠᠨ ᠰᠢᠬᠦᠭᠴᠢ ᠵᠢᠴᠢ 2 ᠨᠡᠷᠡᠰ ᠳᠤᠭᠠᠨ ᠳᠤ ᠤᠷᠤᠭᠰᠠᠨ ᠰᠢᠬᠦᠭᠴᠢ ᠳᠠᠢ ᠠᠳᠠᠯᠢ ᠬᠠᠷᠭᠠᠯᠵᠠᠯ ᠳᠠᠢ ᠠᠯᠪᠠᠳᠠᠨ ᠪᠤᠰᠤ ᠰᠢᠬᠦᠨ ᠳᠠᠰᠤᠯᠤᠭᠴᠢ ᠠᠮᠠᠯᠠᠯᠲᠠ ᠶᠢᠨ ᠪᠢᠴᠢᠭ᠌ ᠲᠦ ᠭᠠᠷ ᠤᠨ ᠦᠰᠦᠭ ᠵᠢᠷᠤᠪᠠ ᠃
ᠳᠤᠰ ᠤᠳᠠᠭᠠᠨ ᠤ ᠠᠩᠬᠠᠨ ᠤ ᠪᠦᠯᠦᠭ ᠳᠤᠭᠠᠨ ᠳᠤ ᠤᠷᠤᠭᠰᠠᠨ ᠰᠢᠬᠦᠭᠴᠢ ᠶᠢᠨ ᠲᠠᠩᠭᠠᠷᠢᠭᠯᠠᠬᠤ ᠶᠤᠰᠤᠯᠠᠯ ᠨᠢ ᠪᠦᠬᠦ ᠤᠷᠤᠨ ᠤ ᠭᠤᠷᠪᠠᠨ ᠳᠡᠰ ᠦᠨ ᠰᠢᠬᠦᠬᠦ ᠬᠤᠷᠢᠶ᠎ᠠ ᠵᠡᠷᠭᠡᠪᠡᠷ ᠶᠠᠪᠤᠭᠳᠠᠪᠠ ᠃ ᠤᠷᠳᠤᠰ ᠬᠤᠳᠠ ᠶᠢᠨ ᠬᠤᠶᠠᠷ ᠱᠠᠳᠤᠨ ᠤ ᠰᠢᠬᠦᠬᠦ ᠬᠤᠷᠢᠶᠠᠨ ᠤ ᠠᠩᠬᠠᠨ ᠤ ᠪᠦᠯᠦᠭ ᠳᠤᠭᠠᠨ ᠤ ᠤᠷᠤᠭᠰᠠᠨ ᠰᠢᠬᠦᠭᠴᠢ 322 ᠨᠡᠷᠡᠰ ᠂ ᠪᠦᠬᠦᠳᠡ ᠰᠢᠯᠭᠠᠯᠲᠠ ᠂ ᠬᠢᠨᠠᠨ ᠪᠠᠢᠴᠠᠭᠠᠯᠲᠠ ᠵᠢᠴᠢ ᠦᠪᠡᠷᠲᠡᠭᠡᠨ ᠵᠠᠰᠠᠬᠤ ᠤᠷᠤᠨ ᠤ ᠠᠷᠠᠳ ᠤᠨ ᠳᠡᠭᠡᠳᠦ ᠵᠡᠷᠬᠡ ᠶᠢᠨ ᠰᠢᠬᠦᠬᠦ ᠬᠤᠷᠢᠶᠠᠨ ᠤ ᠰᠢᠬᠦᠭᠴᠢ ᠰᠢᠯᠢᠨ ᠰᠤᠩᠭᠤᠬᠤ ᠺᠤᠮᠢᠰ ᠤᠨ ᠳᠤᠰᠬᠠᠢ ᠬᠢᠨᠠᠨ ᠰᠢᠯᠭᠠᠯᠲᠠ ᠵᠡᠷᠬᠡ ᠲᠦᠪ ᠴᠢᠩᠭ᠎ᠠ ᠠᠯᠬᠤᠮ ᠳᠠᠷᠠᠭ᠎ᠠ ᠪᠠᠷ ᠳᠠᠮᠵᠢᠵᠤ ᠰᠤᠩᠭᠤᠭᠳᠠᠭᠰᠠᠨ ᠪᠠᠢᠵᠤ ᠂ ᠪᠦᠬᠦᠳᠡ ᠨᠡᠢᠯᠢᠶᠡᠳ ᠦᠨᠳᠦᠷ ᠬᠠᠤᠯᠢ ᠴᠠᠭᠠᠵᠠ ᠶᠢᠨ ᠬᠡᠪ ᠴᠢᠨᠠᠷ ᠂ ᠡᠯᠪᠡᠭ ᠰᠢᠬᠦᠨ ᠳᠠᠰᠤᠯᠤᠯᠲᠠ ᠶᠢᠨ ᠠᠵᠢᠯ ᠤᠨ ᠳᠤᠷᠰᠢᠯᠭ᠎ᠠ ᠪᠠ ᠨᠡᠢᠯᠢᠶᠡᠳ ᠴᠢᠩᠭ᠎ᠠ ᠠᠵᠢᠯ ᠳᠤᠰᠢᠶᠠᠯ ᠢᠶᠠᠨ ᠬᠦᠢᠴᠡᠳᠬᠡᠬᠦ ᠴᠢᠳᠠᠪᠤᠷᠢ ᠲᠠᠢ ᠶᠤᠮ ᠃ ᠤᠳᠤᠬᠠᠨ ᠳᠤ ᠪᠠᠢᠬᠤ ᠰᠢᠬᠦᠭᠴᠢ ᠶᠢᠨ ᠡᠩᠨᠡᠭᠡᠨ ᠳᠤᠮᠳᠠ ᠠᠴᠠ ᠰᠢᠯᠢᠳᠡᠭ ᠦᠨ ᠳᠤᠮᠳᠠᠬᠢ ᠰᠢᠯᠢᠳᠡᠭ ᠢ ᠰᠤᠩᠭᠤᠵᠤ ᠂ ᠦᠨᠳᠦᠷ ᠬᠡᠪ ᠴᠢᠨᠠᠷ ᠲᠠᠢ ᠂ ᠳᠤᠬᠠᠢᠯᠠᠭᠰᠠᠨ ᠰᠢᠬᠦᠭᠴᠢ ᠶᠢᠨ ᠡᠩᠨᠡᠬᠡ ᠶᠢ ᠪᠠᠢᠭᠤᠯᠵᠤ ᠂ ᠲᠦᠪ ᠬᠤᠷᠢᠶᠠᠨ ᠤ ᠳᠤᠷᠠᠳᠤᠭᠰᠠᠨ《ᠰᠢᠬᠦᠨ ᠳᠠᠰᠤᠯᠤᠭᠴᠢ ᠪᠠᠷ ᠰᠢᠬᠦᠨ ᠳᠠᠰᠤᠯᠠᠭᠤᠯᠵᠤ ᠂ ᠰᠢᠬᠦᠨ ᠳᠠᠰᠤᠯᠤᠭᠴᠢ ᠪᠠᠷ ᠬᠠᠷᠢᠭᠤᠴᠠᠯᠭ᠎ᠠ ᠶᠢ ᠡᠬᠦᠷᠭᠡᠯᠡᠬᠦᠯᠦᠨᠠ》ᠬᠡᠬᠦ ᠱᠠᠭᠠᠷᠳᠠᠯᠭ᠎ᠠ ᠶᠢ ᠨᠠᠢᠳᠠᠪᠤᠷᠢᠵᠢᠭᠤᠯᠬᠤ ᠳᠤ ᠠᠰᠢᠭᠳᠠᠢ ᠪᠠᠢᠵᠤ ᠂ ᠬᠠᠤᠯᠢ ᠴᠠᠭᠠᠵᠠ ᠶᠢᠨ ᠴᠢᠨᠠᠷ ᠴᠢᠨᠰᠠᠭ᠎ᠠ ᠂ ᠦᠷ᠎ᠠ ᠪᠦᠲᠦᠮᠵᠢ ᠪᠠ ᠨᠡᠢᠳᠡ ᠶᠢᠨ ᠢᠳᠡᠬᠡᠬᠦᠯᠬᠦ ᠬᠦᠴᠦᠨ ᠢ ᠳᠡᠭᠡᠭᠰᠢᠯᠡᠬᠦᠯᠬᠦ ᠳᠦ ᠠᠰᠢᠭᠳᠠᠢ ᠃ ᠠᠩᠬᠠᠨ ᠤ ᠪᠦᠯᠦᠭ ᠳᠤᠭᠠᠨ ᠳᠤ ᠤᠷᠤᠭᠰᠠᠨ ᠰᠢᠬᠦᠭᠴᠢ ᠲᠠᠩᠭᠠᠷᠢᠭᠯᠠᠵᠤ ᠠᠵᠢᠯ ᠤᠨ ᠪᠠᠢᠷᠢ ᠳᠤ ᠭᠠᠷᠤᠭᠰᠠᠨ ᠤ ᠳᠠᠷᠠᠭ᠎ᠠ ᠂ ᠵᠢᠩᠬᠢᠨᠢ ᠪᠡᠷ ᠲᠦᠪ ᠬᠤᠷᠢᠶᠠᠨ ᠤ ᠠᠵᠢᠯᠳᠠᠨ ᠤ ᠳᠤᠭᠠᠨ ᠤ ᠲᠦᠷᠢᠮ ᠦᠨ ᠰᠢᠬᠦᠭᠴᠢ ᠶᠢᠨ ᠡᠩᠨᠡᠭᠡᠨ ᠳᠦ ᠤᠷᠤᠵᠤ ᠂ ᠴᠣ᠋ ᠰᠢᠨ᠎ᠠ ᠬᠢᠷᠢ ᠬᠡᠮ ᠢᠶᠡᠷ ᠰᠢᠬᠦᠨ ᠲᠠᠰᠤᠯᠤᠯᠲᠠ ᠶᠢᠨ ᠡᠬᠦᠷᠭᠡ ᠳᠤᠰᠢᠶᠠᠯ ᠢᠶᠠᠨ ᠬᠦᠢᠴᠡᠳᠬᠡᠨ᠎ᠠ ᠃ ᠡᠨᠡ ᠨᠢ ᠮᠠᠨ ᠤ ᠬᠤᠳᠠ ᠶᠢᠨ ᠰᠢᠬᠦᠬᠦ ᠬᠤᠷᠢᠶᠠᠨ ᠤ ᠰᠢᠬᠦᠭᠴᠢ ᠶᠢᠨ ᠤᠷᠤᠨ ᠳᠤᠭᠠᠨ ᠤ ᠲᠦᠷᠢᠮ ᠦᠨ ᠦᠬᠡᠷᠡᠴᠢᠯᠡᠯᠲᠡ ᠱᠠᠳᠤ ᠦᠶ᠎ᠠ ᠶᠢᠨ ᠴᠢᠨᠠᠷᠲᠠᠢ ᠦᠷ᠎ᠠ ᠪᠦᠲᠦᠮᠵᠢ ᠤᠯᠤᠭᠰᠠᠨ ᠢ ᠬᠠᠷᠠᠭᠤᠯᠵᠤ ᠪᠠᠢᠬᠤ ᠶᠤᠮ ᠃
ᠦᠨᠡᠯᠡᠬᠦ 0ᠦᠨᠡᠯᠡᠯᠲᠡ᠎ᠲᠠᠢ