ᠤᠷᠳᠤᠰ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶ᠎ᠠ ᠮᠡᠳᠡᠭᠡ ᠵᠠᠩᠭᠢᠴᠢᠯᠠᠯᠲᠠ ᠶᠢᠨ ᠪᠦᠲᠦᠭᠡᠨ ᠪᠠᠢᠭᠤᠯᠤᠯᠳᠠ ᠪᠠ ᠬᠡᠷᠡᠭᠯᠡᠭᠡᠨ ᠦ ᠦᠵᠡᠬᠦᠯᠦᠨ ᠳᠠᠨᠢᠭᠤᠯᠬᠤ ᠰᠤᠷᠤᠯᠴᠠᠯᠭ᠎ᠠ ᠶᠢᠨ ᠬᠦᠳᠡᠯᠭᠡᠭᠡᠨ ᠦᠷᠨᠢᠬᠦᠯᠪᠡ
《ᠤᠶᠤᠨᠳᠤ ᠰᠢᠬᠦᠬᠦ ᠬᠤᠷᠢᠶ᠎ᠠ ᠶᠢ ᠪᠠᠢᠭᠤᠯᠬᠤ ᠂ ᠬᠠᠤᠯᠢ ᠴᠠᠭᠠᠵᠠ ᠶᠢᠨ ᠠᠵᠢᠯ ᠳᠤ ᠵᠢᠬᠦᠷ ᠤᠷᠭᠤᠯᠬᠤ》ᠠᠵᠢᠯ ᠤᠨ ᠬᠠᠷᠠᠯᠲᠠ ᠶᠢ ᠴᠢᠷᠮᠠᠢᠨ ᠪᠡᠶᠡᠯᠡᠬᠦᠯᠵᠦ ᠂ ᠮᠠᠨ ᠤ ᠬᠤᠷᠢᠶᠠᠨ ᠤ ᠮᠡᠳᠡᠬᠡ ᠵᠠᠩᠭᠢᠴᠢᠯᠠᠯᠲᠠ ᠶᠢᠨ ᠬᠡᠷᠡᠭᠯᠡᠭᠡᠨ ᠦ ᠬᠢᠷᠢ ᠲᠦᠪᠰᠢᠨ ᠢ ᠤᠯᠠᠮ ᠨᠢᠬᠡ ᠠᠯᠬᠤᠮ ᠳᠡᠭᠡᠭᠰᠢᠯᠡᠬᠦᠯᠬᠦ ᠶᠢᠨ ᠲᠦᠯᠦᠭᠡ ᠂ ᠤᠢᠷ᠎ᠠ ᠶᠢᠨ ᠡᠳᠦᠷ ᠂ ᠮᠠᠨ ᠤ ᠬᠤᠷᠢᠶ᠎ᠠ ᠮᠡᠳᠡᠬᠡ ᠵᠠᠩᠭᠢᠴᠢᠯᠠᠯᠲᠠ ᠶᠢᠨ ᠪᠦᠲᠦᠭᠡᠨ ᠪᠠᠢᠭᠤᠯᠤᠯᠲᠠ ᠪᠤᠯᠤᠨ ᠬᠡᠷᠡᠭᠯᠡᠭᠡᠨ ᠦ ᠦᠵᠡᠬᠦᠯᠦᠨ ᠳᠠᠨᠢᠭᠤᠯᠬᠤ ᠰᠤᠷᠤᠯᠴᠠᠯᠭ᠎ᠠ ᠶᠢᠨ ᠬᠦᠳᠡᠯᠭᠡᠭᠡᠨ ᠢ ᠦᠷᠨᠢᠬᠦᠯᠪᠡ ᠃
ᠤᠢᠷ᠎ᠠ ᠶᠢᠨ ᠵᠢᠯ ᠳᠦ ᠂ ᠤᠷᠳᠤᠰ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶ᠎ᠠ ᠨᠢ ᠳᠡᠬᠡᠳᠦ ᠵᠡᠷᠬᠡ ᠶᠢᠨ ᠰᠢᠬᠦᠬᠦ ᠬᠤᠷᠢᠶ᠎ᠠ᠂ ᠥᠪᠡᠷᠲᠡᠭᠡᠨ ᠵᠠᠰᠠᠬᠤ ᠤᠷᠤᠨ ᠤ ᠳᠡᠭᠡᠳᠦ ᠵᠡᠷᠬᠡ ᠶᠢᠨ ᠰᠢᠬᠦᠬᠦ ᠬᠤᠷᠢᠶᠠᠨ ᠤ ᠵᠢᠭᠠᠨ ᠵᠢᠯᠤᠭᠤᠳᠤᠯᠭ᠎ᠠ ᠳᠤᠤᠷ᠎ᠠ《ᠰᠢᠨᠵᠢᠯᠡᠬᠦ ᠮᠡᠷᠬᠡᠵᠢᠯ ᠦᠨ ᠬᠦᠴᠦᠷᠭᠡᠭ ᠰᠢᠬᠦᠬᠦ ᠬᠤᠷᠢᠶ᠎ᠠ》ᠠᠵᠢᠯ ᠤᠨ ᠴᠢᠭᠯᠡᠯ ᠢ ᠪᠠᠷᠢᠮᠳᠠᠯᠠᠵᠤ᠂ ᠨᠢᠭᠡᠨᠲᠡ ᠠᠩᠬ᠎ᠠ ᠠᠯᠬᠤᠮ ᠨᠡᠢᠯᠢᠶᠡᠳ ᠲᠡᠷᠢᠬᠦᠨ ᠦ ᠮᠡᠳᠡᠭᠡ ᠵᠠᠩᠭᠢᠴᠢᠯᠠᠯᠲᠠ ᠶᠢᠨ ᠳᠤᠨᠤᠭ ᠲᠦᠬᠦᠭᠡᠷᠦᠮᠵᠢ ᠶᠢᠨ ᠳᠤᠯᠭᠠᠭᠤᠷᠢ ᠳᠠᠪᠴᠠᠩ ᠢ ᠪᠠᠢᠭᠤᠯᠵᠤ ᠂ ᠬᠡᠪᠡᠴᠦ ᠤᠳᠤᠬᠠᠨ ᠳᠤ ᠮᠠᠨ ᠤ ᠬᠤᠷᠢᠶᠠᠨ ᠤ ᠮᠡᠳᠡᠭᠡ ᠵᠠᠩᠭᠢᠴᠢᠯᠠᠯᠲᠠ ᠶᠢᠨ ᠪᠦᠲᠦᠭᠡᠨ ᠪᠠᠢᠭᠤᠯᠤᠯᠲᠠ ᠶᠢᠨ ᠬᠡᠷᠡᠭᠯᠡᠯᠲᠡ ᠶᠢᠨ ᠳᠠᠯ᠎ᠠ ᠪᠠᠷ ᠮᠦᠨᠴᠦ ᠠᠰᠠᠭᠤᠳᠠᠯ ᠤᠷᠤᠰᠢᠵᠤ ᠂ ᠵᠢᠱᠢᠶᠡᠯᠡᠪᠡᠯ ᠵᠦᠬᠡᠯᠡᠨ ᠳᠤᠨᠤᠭ ᠤᠨ ᠬᠡᠷᠡᠭᠯᠡᠯᠲᠡ ᠶᠢᠨ ᠬᠢᠷᠢ ᠲᠦᠪᠰᠢᠨ ᠳᠤᠤᠷ᠎ᠠ ᠂ ᠬᠡᠰᠡᠭ ᠺᠠᠳᠠᠷ ᠴᠠᠭᠳᠠᠭ᠎ᠠ ᠵᠦᠭᠡᠯᠡᠨ ᠳᠤᠨᠤᠭ ᠢ ᠵᠠᠷᠤᠵᠤ ᠴᠢᠳᠠᠬᠤ ᠦᠬᠡᠢ ᠂ ᠳᠡᠭᠡᠷ᠎ᠠ ᠳᠠᠯ᠎ᠠ ᠶᠢᠨ ᠳᠤᠭ᠎ᠠ ᠪᠠᠷᠢᠮᠳᠠ ᠪᠦᠷᠢᠮ ᠪᠤᠰᠤ ᠪᠠ ᠵᠦᠪ ᠤᠨᠤᠪᠴᠢᠳᠠᠢ ᠪᠢᠰᠢ ᠪᠤᠯᠤᠭᠰᠠᠨ ᠠᠴᠠ ᠳᠤᠤᠷ᠎ᠠ ᠳᠠᠯ᠎ᠠ ᠶᠢᠨ ᠳᠤᠭ᠎ᠠ ᠪᠠᠷᠢᠮᠳᠠ ᠬᠡᠪ ᠪᠤᠰᠤ ᠪᠠᠢᠵᠤ ᠠᠵᠢᠯᠯᠠᠵᠤ ᠳᠡᠢᠯᠬᠦ ᠦᠭᠡᠢ ᠂ ᠳᠤᠭ᠎ᠠ ᠪᠠᠷᠢᠮᠳᠠ ᠶᠢᠨ ᠡᠮᠬᠢᠳᠬᠡᠯ ᠪᠤᠷᠤᠭᠤ ᠂ ᠡᠮᠬᠢᠳᠬᠡᠯ ᠦᠨ ᠴᠢᠳᠠᠮᠵᠢ ᠶᠢ ᠬᠡᠷᠡᠭᠯᠡᠵᠦ ᠳᠡᠢᠯᠬᠦ ᠦᠭᠡᠢ ᠂ ᠬᠡᠷᠡᠭᠯᠡᠯᠲᠡ ᠲᠦᠷᠢᠮᠵᠢᠯ ᠦᠬᠡᠢ ᠪᠠᠢᠬᠤ ᠵᠡᠷᠬᠡ ᠠᠰᠠᠭᠤᠳᠠᠯ ᠤᠷᠤᠰᠢᠵᠤ ᠪᠠᠢᠨ᠎ᠠ ᠃ ᠳᠤᠰ ᠤᠳᠠᠭᠠᠨ ᠤ ᠦᠵᠡᠬᠦᠯᠦᠨ ᠳᠠᠨᠢᠭᠤᠯᠬᠤ ᠰᠤᠷᠤᠯᠴᠠᠯᠭ᠎ᠠ ᠨᠢ ᠡᠳᠡᠭᠡᠷ ᠠᠰᠠᠭᠤᠳᠠᠯ ᠪᠤᠯᠤᠨ ᠬᠦᠢᠴᠡᠳ ᠪᠤᠰᠤ ᠳᠤ ᠬᠠᠨᠳᠤᠭᠤᠯᠵᠤ ᠂ ᠪᠦᠯᠦᠭ ᠬᠤᠪᠢᠶᠠᠨ ᠳᠤᠬᠠᠢ ᠶᠢᠨ ᠳᠠᠯᠠᠪᠤᠷ ᠲᠤ ᠳᠤᠭᠤᠷᠢᠨ ᠦᠵᠡᠬᠦ ᠬᠡᠯᠪᠡᠷᠢ ᠪᠡᠷ ᠨᠡᠢᠲᠡ 11 ᠪᠦᠯᠦᠭ ᠬᠤᠪᠢᠶᠠᠵᠤ ᠪᠦᠬᠦ ᠬᠤᠷᠢᠶᠠᠨ ᠤ ᠺᠠᠳᠠᠷ ᠴᠠᠭᠳᠠᠭ᠎ᠠ ᠳᠤ ᠦᠵᠡᠬᠦᠯᠦᠨ ᠳᠠᠨᠢᠴᠠᠭᠤᠯᠭᠠ ᠬᠢᠪᠡ ᠃ ᠦᠵᠡᠬᠦᠯᠦᠨ ᠳᠠᠨᠢᠭᠤᠯᠬᠤ ᠶᠠᠪᠤᠴᠠ ᠶᠢ ᠵᠠᠷᠭᠤ ᠶᠢᠨ ᠦᠢᠯᠡᠴᠢᠯᠡᠭᠡᠨ ᠦ ᠲᠦᠪ ᠂ ᠰᠢᠨᠵᠢᠯᠡᠬᠦ ᠮᠡᠷᠬᠡᠵᠢᠯ ᠶᠢᠨ ᠰᠢᠬᠦᠬᠦ ᠲᠢᠩᠬᠢᠮ ᠂ ᠬᠦᠢᠴᠡᠳᠬᠡᠬᠦ ᠶᠢ ᠵᠢᠭᠠᠨ ᠵᠢᠯᠤᠭᠤᠳᠬᠤ ᠲᠦᠪ ᠂ ᠮᠡᠳᠡᠬᠡ ᠵᠠᠩᠬᠢ ᠶᠢᠨ ᠬᠠᠮᠢᠶᠠᠷᠤᠯᠲᠠ ᠶᠢᠨ ᠲᠦᠪ ᠲᠦᠷᠪᠡᠨ ᠬᠡᠰᠡᠭ ᠬᠤᠪᠢᠶᠠᠵᠤ ᠂ ᠠᠭᠤᠯᠭ᠎ᠠ ᠨᠢ ᠵᠠᠷᠭᠤ ᠤᠳᠤᠷᠢᠳᠬᠤ ᠰᠢᠰᠲ᠋ᠧᠮ ᠂ 3D ᠵᠢᠯᠤᠭᠤᠳᠬᠤ ᠰᠢᠰᠲ᠋ᠧᠮ ᠂ ᠶᠠᠷᠢᠯᠴᠠᠭᠠᠨ1 ᠬᠡᠷᠡᠭᠯᠡᠭᠡᠨ ᠦ ᠰᠢᠰᠲ᠋ᠧᠮ ᠂ ᠵᠠᠷᠭᠤ ᠶᠢᠨ ᠦᠢᠯᠡᠴᠢᠯᠡᠭᠡᠨ ᠦ ᠴᠤᠩᠬᠤ ᠬᠦᠯᠢᠶᠡᠨ ᠠᠪᠬᠤ ᠰᠢᠰᠲ᠋ᠧᠮ ᠂ ᠰᠢᠬᠦᠬᠦ ᠲᠢᠩᠬᠢᠮ ᠦᠨ ᠠᠪᠢᠶ᠎ᠠ ᠢᠯᠭᠠᠨ ᠳᠠᠨᠢᠬᠤ ᠰᠢᠰᠲ᠋ᠧᠮ ᠂ ᠬᠦᠢᠴᠡᠳᠬᠡᠬᠦ ᠶᠢ ᠵᠢᠭᠠᠨ ᠵᠢᠯᠤᠭᠤᠳᠬᠤ ᠰᠢᠰᠲ᠋ᠧᠮ ᠂ ᠰᠢᠬᠦᠨ ᠳᠠᠰᠤᠯᠤᠯᠲᠠ ᠶᠢᠨ ᠰᠢᠢᠳᠪᠦᠷᠢ ᠶᠢ ᠳᠡᠮᠵᠢᠬᠦ ᠰᠢᠰᠲ᠋ᠧᠮ ᠂ ᠪᠢᠴᠢᠭ᠌ ᠬᠠᠷ᠎ᠠ ᠶᠢ ᠤᠶᠤᠨᠳᠤ ᠳᠠᠭᠯᠠᠬᠤ ᠰᠢᠰᠲ᠋ᠧᠮ ᠂ 12368 ᠠᠪᠢᠶᠠᠨ ᠤ ᠰᠢᠰᠲ᠋ᠧᠮ ᠂ ᠠᠵᠢᠯᠯᠠᠬᠤ ᠬᠠᠮᠠᠭᠠᠯᠠᠯᠲᠠ ᠦᠵᠡᠵᠦ ᠳᠡᠢᠯᠬᠦ ᠂ ᠰᠢᠬᠦᠨ ᠳᠠᠰᠤᠯᠤᠯᠲᠠ ᠶᠢᠨ ᠵᠠᠩᠬᠢᠯᠭ᠎ᠠ ᠶᠢᠨ ᠬᠠᠮᠢᠶᠠᠷᠤᠯᠲᠠ ᠂ ᠬᠡᠷᠡᠭ ᠦᠨᠡᠯᠡᠨ ᠪᠠᠢᠴᠠᠭᠠᠬᠤ ᠰᠢᠰᠲ᠋ᠧᠮ ᠂ ᠠᠯᠤᠰ ᠠᠴᠠ ᠰᠢᠭᠦᠬᠦ ᠰᠤᠷᠪᠤᠯᠵᠢᠯᠭ᠎ᠠ ᠳᠤᠰᠬᠤ ᠂ e ᠡᠶᠡᠳᠡᠬᠦᠯᠬᠦ ᠳᠠᠪᠴᠠᠩ ᠵᠡᠷᠬᠡ ᠵᠢᠷᠭᠤᠭᠠᠨ ᠶᠡᠬᠡ ᠬᠡᠷᠡᠭᠯᠡᠭᠡᠨ ᠦ ᠰᠢᠰᠲ᠋ᠧᠮ 50 ᠭᠠᠷᠤᠢ ᠬᠡᠷᠡᠭᠯᠡᠭᠡᠨ ᠦ ᠵᠦᠭᠡᠯᠡᠨ ᠳᠤᠨᠤᠭ ᠢ ᠪᠠᠭᠳᠠᠭᠠᠭᠰᠠᠨ ᠪᠠᠢᠨ᠎ᠠ ᠃
ᠦᠵᠡᠬᠦᠯᠦᠨ ᠳᠠᠨᠢᠭᠤᠯᠬᠤ ᠶᠠᠪᠤᠴᠠ ᠳᠤ ᠠᠵᠢᠯᠳᠠᠨ ᠺᠠᠳᠠᠷ ᠴᠠᠭᠳᠠᠭ᠎ᠠ ᠳᠤ ᠮᠠᠨ ᠤ ᠬᠤᠷᠢᠶᠠᠨ ᠤ ᠮᠡᠳᠡᠬᠡ ᠵᠠᠩᠭᠢᠴᠢᠯᠠᠯᠲᠠ ᠶᠢᠨ ᠪᠦᠲᠦᠭᠡᠨ ᠪᠠᠢᠭᠤᠯᠤᠯᠲᠠ ᠶᠢᠨ ᠦᠷ᠎ᠠ ᠪᠦᠲᠦᠮᠵᠢ ᠶᠢ ᠦᠵᠡᠬᠦᠯᠵᠦ ᠂ ᠲᠦᠯᠦᠭᠡᠯᠡᠭᠴᠢ ᠴᠢᠨᠠᠷ ᠲᠠᠢ ᠵᠦᠭᠡᠯᠡᠨ ᠲᠤᠨᠤᠭ ᠢ ᠳᠤᠬᠠᠢ ᠶᠢᠨ ᠳᠠᠯᠠᠪᠤᠷ ᠲᠤ ᠬᠡᠷᠡᠭᠯᠡᠵᠦ ᠦᠵᠡᠬᠦᠯᠵᠦ ᠂ ᠺᠠᠳᠠᠷ ᠴᠠᠭᠳᠠᠭᠠᠨ ᠤ ᠳᠤᠷᠠᠳᠤᠭᠰᠠᠨ ᠬᠡᠰᠡᠭ ᠵᠦᠬᠡᠯᠡᠨ ᠳᠤᠨᠤᠭ ᠤᠨ ᠬᠡᠷᠡᠭᠯᠡᠬᠦ ᠳᠠᠯ᠎ᠠ ᠶᠢᠨ ᠠᠰᠠᠭᠤᠯᠳᠠ ᠳᠤ ᠬᠠᠷᠢᠭᠤᠯᠳᠠ ᠬᠢᠪᠡ ᠃ ᠳᠤᠰ ᠤᠳᠠᠭᠠᠨ ᠤ ᠬᠦᠳᠡᠯᠭᠡᠭᠡᠨ ᠮᠠᠨ ᠤ ᠬᠤᠷᠢᠶᠠᠨ ᠤ ᠮᠡᠳᠡᠬᠡ ᠵᠠᠩᠭᠢᠴᠢᠯᠠᠯᠲᠠ ᠶᠢᠨ ᠪᠦᠲᠦᠭᠡᠨ ᠪᠠᠢᠭᠤᠯᠤᠯᠲᠠ ᠪᠤᠯᠤᠨ ᠬᠡᠷᠡᠭᠯᠡᠭᠡᠨ ᠦ ᠶᠡᠷᠦᠩᠬᠡᠢ ᠪᠠᠢᠳᠠᠯ ᠢ ᠪᠦᠬᠦ ᠳᠠᠯ᠎ᠠ ᠪᠠᠷ ᠰᠢᠭᠤᠳ ᠳᠡᠯᠭᠡᠨ ᠦᠵᠡᠬᠦᠯᠦᠭᠰᠡᠨ ᠢᠶᠡᠷ ᠪᠠᠷᠠᠬᠤ ᠦᠬᠡᠢ ᠪᠠᠰᠠ ᠠᠵᠢᠯ ᠤᠨ ᠡᠬᠦᠷᠭᠡ ᠳᠤᠰᠢᠶᠠᠯ ᠢᠶᠠᠷ ᠬᠤᠪᠢᠶᠠᠵᠤ ᠂ ᠰᠤᠷᠤᠯᠴᠠᠯᠭ᠎ᠠ ᠶᠢᠨ ᠠᠭᠤᠯᠭ᠎ᠠ ᠶᠢ ᠳᠤᠰᠬᠠᠢᠯᠠᠨ ᠳᠤᠬᠢᠷᠠᠭᠤᠯᠤᠭᠰᠠᠨ ᠪᠠᠢᠨ᠎ᠠ ᠃ ᠰᠢᠬᠦᠬᠦ ᠬᠤᠷᠢᠶᠠᠨ ᠤ ᠤᠳᠤᠷᠢᠳᠤᠯᠭ᠎ᠠ ᠂ ᠰᠢᠬᠦᠨ ᠳᠠᠰᠤᠯᠤᠯᠲᠠ ᠶᠢᠨ ᠬᠠᠮᠢᠶᠠᠷᠤᠯᠲᠠ ᠶᠢᠨ ᠠᠯᠪᠠᠨ ᠬᠡᠷ ᠵᠢᠴᠢ ᠬᠡᠷᠡᠭ ᠦᠨᠡᠯᠡᠨ ᠪᠠᠢᠴᠠᠭᠠᠬᠤ ᠠᠯᠪᠠᠨ ᠬᠡᠷ ᠤᠳᠤᠷᠢᠳᠤᠯᠭ᠎ᠠ ᠠᠴᠠ ᠠᠰᠠᠭᠤᠬᠤ ᠰᠢᠰᠲ᠋ᠧᠮ ᠂ ᠴᠢᠨᠠᠷ ᠪᠦᠲᠦᠮᠵᠢ ᠶᠢ ᠦᠨᠡᠯᠡᠬᠦ ᠰᠢᠰᠲ᠋ᠧᠮ ᠂ ᠰᠢᠬᠦᠨ ᠳᠠᠰᠤᠯᠤᠯᠲᠠ ᠶᠢᠨ ᠰᠢᠢᠳᠪᠦᠷᠢ ᠶᠢ ᠳᠡᠮᠵᠢᠬᠦ ᠰᠢᠰᠲ᠋ᠧᠮ ᠦᠵᠡᠬᠦᠯᠦᠨ ᠳᠠᠨᠢᠴᠠᠭᠤᠯᠭᠠ ᠶᠢ ᠨᠡᠮᠡᠭᠳᠡᠬᠦᠯᠵᠦ ᠂ ᠲᠤᠬᠠᠢᠯᠠᠭᠰᠠᠨ ᠠᠵᠢᠯ ᠤᠨ ᠲᠢᠩᠬᠢᠮ ᠦᠨ ᠰᠢᠬᠦᠭᠴᠢ ᠵᠢᠴᠢ ᠳᠡᠮᠳᠡᠭᠯᠡᠭᠴᠢ ᠳᠦ ᠰᠢᠬᠦᠨ ᠳᠠᠰᠤᠯᠤᠯᠲᠠ ᠶᠢᠨ ᠵᠠᠩᠬᠢᠯᠭ᠎ᠠ ᠶᠢᠨ ᠬᠠᠮᠢᠶᠠᠷᠤᠯᠲᠠ ᠂ ᠡᠯᠧᠺᠲ᠋ᠷᠣᠨ ᠳᠠᠩᠰᠠ ᠡᠪᠬᠡᠮᠡᠯ ᠦᠨ ᠰᠢᠰᠲ᠋ᠧᠮ ᠵᠡᠷᠬᠡ ᠶᠡᠷᠦᠳᠡ ᠶᠢᠨ ᠵᠠᠷᠤᠳᠠᠭ ᠵᠦᠭᠡᠯᠡᠨ ᠳᠤᠨᠤᠭ ᠤᠨ ᠦᠵᠡᠬᠦᠯᠦᠨ ᠳᠠᠨᠢᠴᠠᠭᠤᠯᠭᠠ ᠨᠡᠮᠡᠪᠡ ᠃
ᠳᠤᠰ ᠤᠳᠠᠭᠠᠨ ᠤ ᠦᠵᠡᠬᠦᠯᠦᠨ ᠳᠠᠨᠢᠴᠠᠭᠤᠯᠬᠤ ᠰᠤᠷᠤᠯᠴᠠᠯᠭ᠎ᠠ ᠶᠢᠨ ᠬᠦᠳᠡᠯᠭᠡᠭᠡᠨ ᠢᠶᠡᠷ ᠳᠠᠮᠵᠢᠵᠤ ᠂ ᠮᠠᠨ ᠤ ᠬᠤᠷᠢᠶᠠᠨ ᠤ ᠺᠠᠳᠠᠷ ᠴᠠᠭᠳᠠᠭ᠎ᠠ ᠮᠡᠳᠡᠬᠡ ᠵᠠᠩᠭᠢᠴᠢᠯᠠᠯᠲᠠ ᠶᠢᠨ ᠪᠦᠲᠦᠬᠡᠨ ᠪᠠᠢᠭᠤᠯᠤᠯᠲᠠ ᠪᠠ ᠬᠡᠷᠡᠭᠯᠡᠭᠡᠨ ᠳᠦ ᠨᠡᠩ ᠪᠤᠳᠠᠳᠠᠢ ᠤᠢᠯᠭᠠᠯᠲᠠ ᠳᠠᠢ ᠪᠤᠯᠵᠤ ᠂ ᠵᠤᠬᠢᠬᠤ ᠬᠡᠮᠵᠢᠶᠡᠨ ᠳᠦ ᠺᠠᠳᠠᠷ ᠴᠠᠭᠳᠠᠭᠠᠨ ᠤ ᠮᠡᠳᠡᠬᠡ ᠵᠠᠩᠭᠢᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠬᠦᠯᠵᠦ ᠂ ᠮᠠᠨ ᠤ ᠬᠤᠷᠢᠶᠠᠨ ᠤ ᠬᠡᠷᠡᠭᠯᠡᠭᠡᠨ ᠦ ᠵᠦᠬᠡᠯᠡᠨ ᠳᠤᠨᠤᠭ ᠢ ᠪᠦᠬᠦ ᠳᠠᠯ᠎ᠠ ᠬᠡᠷᠡᠭᠵᠢᠭᠦᠯᠬᠦ ᠳᠠᠷᠠᠭᠠᠴᠢ ᠶᠢᠨ ᠠᠯᠬᠤᠮ ᠳᠤ ᠰᠠᠭᠤᠷᠢ ᠳᠠᠯᠪᠢᠵᠤ ᠦᠭᠭᠦᠭᠰᠡᠨ ᠪᠠᠢᠨ᠎ᠠ ᠃
ᠦᠨᠡᠯᠡᠬᠦ 0ᠦᠨᠡᠯᠡᠯᠲᠡ ᠲᠠᠢ