ᠤᠷᠳᠤᠰ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶ᠎ᠠ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠂ ᠥᠪᠡᠷᠲᠡᠭᠡᠨ ᠵᠠᠰᠬᠤ ᠤᠷᠤᠨ ᠤ ᠠᠷᠪᠠᠳᠤᠭᠠᠷ ᠤᠳᠠᠭᠠᠨ ᠤ ᠨᠠᠮ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠡᠬᠡ ᠬᠤᠷᠠᠯ ᠬᠤᠷᠠᠯᠳᠤᠪᠠ
1 ᠰᠠᠷᠠᠢᠨ 9 ᠤ ᠡᠳᠦᠷ ᠂ ᠤᠷᠳᠤᠰ ᠬᠤᠳᠠ ᠶᠢᠨ ᠤᠷᠳᠤᠰ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶ᠎ᠠ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠂ ᠥᠪᠡᠷᠲᠡᠭᠡᠨ ᠵᠠᠰᠬᠤ ᠤᠷᠤᠨ ᠤ ᠠᠷᠪᠠᠳᠤᠭᠠᠷ ᠤᠳᠠᠭᠠᠨ ᠤ ᠨᠠᠮ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠳᠤᠤᠱᠢᠯᠠᠭᠤᠯᠬᠤ ᠶᠡᠬᠡ ᠬᠤᠷᠠᠯ ᠬᠤᠷᠠᠯᠳᠤᠪᠠ᠃ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ᠂ ᠥᠪᠡᠷᠲᠡᠭᠡᠨ ᠵᠠᠰᠬᠤ ᠤᠷᠤᠨ ᠤ ᠠᠷᠪᠠᠳᠤᠭᠠᠷ ᠤᠳᠠᠭᠠᠨ ᠤ ᠨᠠᠮ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠵᠤᠷᠢᠭ ᠰᠠᠨᠠᠭ᠎ᠠ ᠂ ᠳᠡᠬᠡᠷ᠎ᠠ ᠱᠠᠳᠤᠨ ᠤ ᠬᠤᠯᠪᠤᠭᠳᠠᠯ ᠪᠦᠬᠦᠢ ᠮᠠᠲ᠋ᠧᠷᠢᠶᠠᠯ ᠢ ᠳᠠᠮᠵᠢᠭᠤᠯᠤᠨ ᠰᠤᠷᠤᠯᠴᠠᠪᠠ ᠃ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠢᠯᠠᠩ ᠤᠨ ᠱᠦᠵᠢ ᠂ ᠤᠷᠤᠯᠠᠭᠴᠢ ᠬᠤᠷᠢᠶᠠᠨ ᠳᠠᠷᠤᠭ᠎ᠠ ᠯᠢ ᠾᠦᠩ ᠶᠠᠨ ᠨᠦᠬᠦᠷ ᠪᠦᠬᠦ ᠰᠢᠬᠦᠬᠦ ᠬᠤᠷᠢᠶᠠᠨ ᠤ ᠺᠠᠳᠠᠷ ᠴᠠᠭᠳᠠᠭ᠎ᠠ ᠳᠤ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠳᠤᠰᠬᠠᠢ ᠰᠡᠳᠦᠪᠳᠦ ᠨᠠᠮ ᠤᠨ ᠬᠢᠴᠢᠶᠡᠯ ᠤᠷᠤᠪᠠ ᠃ ᠬᠤᠷᠠᠯᠳᠤᠭᠠᠨ ᠳᠤ ᠹᠠᠨ ᠶᠢᠦ ᠹᠠ ᠳᠡᠳ᠋ ᠬᠤᠷᠢᠶᠠᠨ ᠳᠠᠷᠤᠭ᠎ᠠ ᠡᠷᠬᠢᠯᠡᠵᠦ ᠂ ᠬᠤᠷᠠᠯᠳᠤᠭᠠᠨ ᠳᠤ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠤᠳᠤᠷᠢᠳᠬᠤ ᠪᠠᠭ ᠪᠤᠯᠤᠨ ᠪᠦᠬᠦ ᠺᠠᠳᠠᠷ ᠴᠠᠭᠳᠠᠭ᠎ᠠ ᠤᠷᠤᠯᠴᠠᠪᠠ ᠃
ᠬᠤᠷᠠᠯ ᠳᠡᠭᠡᠷ᠎ᠠ ᠂ ᠹᠠᠨ ᠶᠢᠦ ᠹᠠ ᠳᠡᠳ᠋ ᠬᠤᠷᠢᠶᠠᠨ ᠳᠠᠷᠤᠭ᠎ᠠ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠂ ᠥᠪᠡᠷᠲᠡᠭᠡᠨ ᠵᠠᠰᠬᠤ ᠤᠷᠤᠨ ᠤ ᠠᠷᠪᠠᠳᠤᠭᠠᠷ ᠤᠳᠠᠭᠠᠨ ᠤ ᠨᠠᠮ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠵᠤᠷᠢᠭ ᠰᠠᠨᠠᠭ᠎ᠠ ᠶᠢ ᠳᠠᠮᠵᠢᠭᠤᠯᠤᠨ ᠰᠤᠷᠤᠯᠴᠠᠪᠠ ᠃ ᠹᠠᠨ ᠬᠤᠷᠢᠶᠠᠨ ᠳᠠᠷᠤᠭ᠎ᠠ ᠵᠢᠭᠠᠵᠤ ᠭᠠᠷᠭᠠᠭᠰᠠᠨ ᠨᠢ ᠂ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠪᠠ ᠥᠪᠡᠷᠲᠡᠭᠡᠨ ᠵᠠᠰᠬᠤ ᠤᠷᠤᠨ ᠤ ᠠᠷᠪᠠᠳᠤᠭᠠᠷ ᠤᠳᠠᠭᠠᠨ ᠤ ᠨᠠᠮ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠳᠤᠤᠱᠢᠯᠠᠭᠤᠯᠬᠤ ᠪᠤᠯ ᠮᠠᠨ ᠤ ᠬᠤᠷᠢᠶᠠᠨ ᠤ ᠤᠳᠤᠬᠠᠨ ᠪᠠ ᠬᠤᠵᠢᠮ ᠤᠨ ᠨᠢᠬᠡ ᠬᠤᠭᠤᠴᠠᠭᠠᠨ ᠤ ᠴᠢᠬᠤᠯᠠ ᠤᠯᠤᠰ ᠲᠦᠷᠦ ᠶᠢᠨ ᠡᠬᠦᠷᠭᠡ ᠮᠦᠨ ᠂ ᠪᠦᠬᠦ ᠬᠤᠷᠢᠶᠠᠨ ᠤ ᠺᠠᠳᠠᠷ ᠴᠠᠭᠳᠠᠭ᠎ᠠ ᠡᠨᠡ ᠬᠤᠶᠠᠷ ᠬᠤᠷᠠᠯᠳᠤᠭᠠᠨ ᠤ ᠴᠢᠬᠤᠯᠠ ᠤᠳᠬ᠎ᠠ ᠠᠭᠤᠯᠭ᠎ᠠ ᠶᠢ ᠬᠦᠢᠴᠡᠳ ᠳᠠᠨᠢᠵᠤ ᠂ ᠶᠡᠬᠡ ᠬᠤᠷᠠᠯ ᠤᠨ ᠵᠤᠷᠢᠭ ᠰᠠᠨᠠᠨᠭᠠ ᠶᠢ ᠰᠤᠷᠤᠯᠴᠠᠨ ᠳᠤᠤᠱᠢᠯᠠᠭᠤᠯᠬᠤ ᠬᠠᠷᠢᠭᠤᠴᠠᠯᠭᠠᠲᠤ ᠰᠡᠳᠬᠢᠯᠬᠡ ᠪᠠ ᠡᠬᠦᠷᠭᠡᠳᠦ ᠰᠡᠳᠬᠢᠯᠬᠡ ᠶᠢ ᠪᠤᠳᠠᠳᠠᠢ ᠪᠠᠷ ᠳᠡᠭᠡᠭᠰᠢᠯᠡᠬᠦᠯᠬᠦ ᠬᠡᠷᠡᠭᠲᠡᠢ ᠃
ᠬᠤᠷᠠᠯ ᠳᠡᠭᠡᠷ᠎ᠠ ᠂ ᠬᠥ᠋ ᠴᠢᠩ ᠴᠢᠦᠸᠠᠨ ᠳᠤᠭᠤᠢᠯᠠᠩ ᠤᠨ ᠳᠠᠷᠤᠭ᠎ᠠ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠢᠴᠠᠭᠠᠬᠤ ᠬᠢᠨᠠᠨ ᠪᠠᠢᠴᠠᠭᠠᠬᠤ ᠲᠢᠩᠬᠢᠮ ᠦᠨ《ᠰᠠᠬᠢᠯᠭ᠎ᠠ ᠪᠠᠳᠤ ᠶᠢ ᠬᠡᠷᠡᠭᠵᠢᠬᠦᠯᠵᠦ ᠬᠢᠨᠠᠯᠲᠠ ᠳᠠᠯᠪᠢᠵᠤ ᠬᠠᠷᠢᠭᠤᠴᠠᠯᠭ᠎ᠠ ᠨᠡᠬᠡᠮᠵᠢᠯᠡᠬᠦ 2017 ᠤᠨ ᠤ ᠰᠢᠨ᠎ᠠ ᠵᠢᠯ ᠴᠠᠭᠠᠨ ᠰᠠᠷ᠎ᠠ ᠶᠢᠨ <ᠲᠦᠷᠪᠡᠨ ᠰᠤᠷᠳᠠᠯ>ᠳᠠᠬᠢᠨ ᠦᠰᠬᠦ ᠶᠢ ᠴᠢᠩᠭ᠎ᠠ ᠰᠡᠷᠬᠡᠢᠯᠡᠬᠦ ᠮᠡᠳᠡᠭᠳᠡᠯ》 ᠢ ᠳᠠᠮᠵᠢᠭᠤᠯᠵᠤ ᠂ ᠽᠠᠩ ᠵᠢᠶᠠᠨ ᠫᠢᠩ ᠪᠠᠢᠴᠠᠭᠠᠨ ᠰᠤᠳᠤᠯᠤᠭᠴᠢ ᠠᠷᠠᠳ ᠤᠨ ᠳᠡᠭᠡᠳᠦ ᠵᠡᠷᠬᠡ ᠶᠢᠨ ᠰᠢᠬᠦᠬᠦ ᠬᠤᠷᠢᠶᠠᠨ ᠤ ᠮᠡᠳᠡᠭᠳᠡᠯ ᠪᠢᠴᠢᠭ᠌ ᠢ ᠳᠠᠮᠵᠢᠭᠤᠯᠵᠤ ᠂ ᠯᠢ ᠵᠢᠩ ᠭᠦᠸᠸ ᠳᠡᠳ᠋ ᠬᠤᠷᠢᠶᠠᠨ ᠳᠠᠷᠤᠭ᠎ᠠ ᠳᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶᠠᠨ ᠤ《ᠰᠢᠨ᠎ᠠ ᠪᠠᠢᠳᠠᠯ ᠳᠤᠤᠷ᠎ᠠ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠪᠦᠲᠦᠬᠡᠨ ᠪᠠᠢᠭᠤᠯᠤᠯᠲᠠ ᠶᠢ ᠴᠢᠩᠭᠠᠳᠬᠠᠬᠤ ᠶᠢᠨ ᠳᠤᠬᠠᠢ ᠰᠠᠨᠠᠨᠭᠤᠯᠭᠠ 》 ᠶᠢᠨ ᠵᠤᠷᠢᠭ ᠰᠠᠨᠠᠭ᠎ᠠ ᠶᠢ ᠳᠠᠮᠵᠢᠭᠤᠯᠪᠠ ᠃
ᠬᠤᠷᠠᠯ ᠳᠡᠭᠡᠷ᠎ᠠ ᠂ ᠨᠠᠮ ᠤᠨ ᠤᠳᠤᠷᠢᠳᠬᠤ ᠳᠤᠭᠤᠢᠯᠠᠩ ᠤᠨ ᠱᠦᠵᠢ ᠂ ᠤᠷᠤᠯᠠᠭᠴᠢ ᠬᠤᠷᠢᠶᠠᠨ ᠳᠠᠷᠤᠭ᠎ᠠ ᠯᠢ ᠾᠦᠩ ᠶᠠᠨ ᠨᠦᠬᠦᠷ ᠪᠦᠬᠦ ᠬᠤᠷᠢᠶᠠᠨ ᠤ ᠺᠠᠳᠠᠷ ᠴᠠᠭᠳᠠᠭ᠎ᠠ ᠳᠤ ᠠᠷᠪᠠᠨ ᠨᠠᠢᠮᠠᠳᠤᠭᠠᠷ ᠬᠤᠭᠤᠴᠠᠭᠠᠨ ᠤ ᠵᠢᠷᠭᠤᠳᠤᠭᠠᠷ ᠪᠦᠬᠦᠳᠡ ᠬᠤᠷᠠᠯ ᠤᠨ ᠳᠤᠰᠬᠠᠢ ᠰᠡᠳᠦᠪᠲᠦ ᠨᠠᠮ ᠤᠨ ᠬᠢᠴᠢᠶᠡᠯ ᠤᠷᠤᠪᠠ ᠃ ᠯᠢ ᠾᠦᠩ ᠶᠠᠨ ᠨᠠᠮ ᠤᠨ ᠤᠳᠤᠷᠢᠳᠬᠤ ᠳᠤᠭᠤᠢᠯᠠᠩ ᠤᠨ ᠱᠦᠵᠢ ᠶᠢᠨ ᠵᠤᠭᠰᠤᠴᠠ ᠠᠴᠠ ᠡᠨᠡᠬᠦ ᠬᠢᠴᠢᠶᠡᠯ ᠢ ᠤᠷᠤᠭᠰᠠᠨ ᠪᠢᠰᠢ ᠂ ᠬᠠᠷᠢᠨ ᠨᠢᠬᠡ ᠬᠠᠭᠤᠴᠢᠨ ᠨᠠᠮ ᠤᠨ ᠬᠡᠰᠢᠬᠦᠨ ᠂ ᠬᠠᠭᠤᠴᠢᠨ ᠰᠢᠭᠦᠭᠴᠢ ᠶᠢᠨ ᠵᠤᠭᠰᠤᠴᠠ ᠠᠴᠠ ᠪᠦᠬᠦ ᠬᠤᠷᠢᠶᠠᠨ ᠤ ᠺᠠᠳᠠᠷ ᠴᠠᠭᠳᠠᠭ᠎ᠠ ᠳᠤ《ᠤᠤᠯ ᠰᠠᠨᠨᠠᠭᠠ ᠪᠠᠨ ᠮᠠᠷᠳᠠᠬᠤ ᠦᠬᠡᠢ ᠂ ᠬᠦᠰᠡᠯ ᠢᠳᠡᠭᠡᠯ ᠵᠤᠷᠢᠭ ᠢᠶᠠᠨ ᠪᠠᠳᠤᠳᠬᠠᠵᠤ ᠂ ᠦᠷᠬᠦᠯᠵᠢᠯᠡᠨ ᠤᠷᠤᠭᠰᠢᠯᠠᠬᠤ ᠬᠦᠴᠦᠷᠭᠡᠭ ᠬᠦᠴᠦᠨ ᠢ ᠨᠢᠭᠳᠠᠷᠠᠭᠤᠯᠬᠤ》 ᠪᠠᠷ ᠰᠡᠳᠦᠪ ᠪᠤᠯᠭᠠᠭᠰᠠᠨ ᠨᠠᠮ ᠤᠨ ᠬᠢᠴᠢᠶᠡᠯ ᠤᠷᠤᠪᠠ ᠃ ᠯᠢ ᠾᠦᠩ ᠶᠠᠨ ᠬᠤᠷᠢᠶᠠᠨ ᠳᠠᠷᠤᠭ᠎ᠠ 36 ᠵᠢᠯ ᠦᠨ ᠰᠢᠬᠦᠬᠦ ᠬᠤᠷᠢᠶᠠᠨ ᠤ ᠠᠵᠢᠯ ᠳᠤᠷᠰᠢᠯᠭ᠎ᠠ ᠪᠠᠷ ᠂ 36 ᠵᠢᠯ ᠦᠨ ᠬᠠᠤᠯᠢ ᠴᠠᠭᠠᠵᠠ ᠶᠢ ᠡᠷᠬᠢᠮᠯᠡᠬᠦ ᠪᠡᠷ ᠨᠢᠬᠡᠨ ᠬᠠᠭᠤᠴᠢᠨ ᠨᠠᠮ ᠤᠨ ᠬᠡᠰᠢᠬᠦᠨ ᠂ ᠬᠠᠭᠤᠴᠢᠨ ᠰᠢᠬᠦᠭᠴᠢ ᠶᠢᠨ ᠤᠢᠯᠭᠠᠭᠰᠠᠨ ᠬᠦᠰᠡᠯ ᠢᠳᠡᠭᠡᠯ ᠵᠤᠷᠢᠭ ᠢ ᠳᠠᠢᠯᠪᠤᠷᠢᠯᠭᠰᠠᠨ ᠪᠠᠢᠨ᠎ᠠ ᠃ ᠲᠡᠷᠡ ᠵᠢᠭᠠᠵᠤ ᠭᠠᠷᠭᠠᠭᠰᠠᠨ ᠨᠢ ᠂ ᠰᠢᠬᠦᠬᠦ ᠬᠤᠷᠢᠶᠠᠨ ᠤ ᠬᠦᠮᠦᠨ ᠪᠤᠯᠤᠭᠰᠠᠨ ᠤ ᠬᠤᠪᠢ ᠳᠤ ᠂ ᠪᠠᠳᠤ ᠴᠢᠩᠭ᠎ᠠ ᠬᠦᠰᠡᠯ ᠢᠳᠡᠬᠡᠯ ᠵᠤᠷᠢᠭ ᠪᠤᠯ ᠳᠠᠷᠤᠢ ᠰᠢᠬᠦᠨ ᠳᠠᠰᠤᠯᠤᠯᠲᠠ ᠶᠢᠨ ᠠᠵᠢᠯ ᠦᠢᠯᠡᠰ ᠲᠦ ᠦᠨᠡᠨᠴᠢ ᠰᠢᠳᠤᠷᠭᠤ ᠪᠠᠢᠵᠤ ᠂ ᠬᠦᠮᠦᠨ ᠪᠦᠷᠢ ᠳᠦ ᠦᠨᠡᠨ ᠰᠡᠳᠬᠢᠯ ᠢᠶᠡᠷ ᠬᠠᠨᠳᠤᠵᠤ ᠂ ᠶᠠᠪᠤᠳᠠᠯ ᠪᠤᠯᠭᠠᠨ ᠢ ᠨᠠᠷᠢᠨ ᠨᠢᠮᠪᠠᠢ ᠬᠢᠨ᠎ᠠ ᠃ ᠪᠠᠳᠤ ᠴᠢᠩᠭ᠎ᠠ ᠬᠦᠰᠡᠯ ᠢᠳᠡᠬᠡᠯ ᠵᠤᠷᠢᠭ ᠪᠤᠯ ᠳᠠᠷᠤᠢ ᠬᠠᠤᠯᠢ ᠴᠠᠭᠠᠵᠠ ᠶᠢᠨ ᠨᠢᠩᠵᠢᠨ ᠰᠡᠳᠬᠢᠯ ᠢ ᠪᠠᠳᠤ ᠰᠠᠬᠢᠵᠤ ᠂ ᠰᠢᠬᠦᠭᠴᠢ ᠪᠤᠯᠤᠭᠰᠠᠨ ᠬᠠᠷᠢᠭᠤᠴᠠᠯᠭ᠎ᠠ ᠶᠢ ᠡᠬᠦᠷᠭᠡᠯᠡᠨ᠎ᠠ ᠃ ᠪᠠᠳᠤ ᠴᠢᠩᠭ᠎ᠠ ᠬᠦᠰᠡᠯ ᠢᠳᠡᠬᠡᠯ ᠵᠤᠷᠢᠭ ᠪᠤᠯ ᠳᠠᠷᠤᠢ ᠠᠵᠢᠯ ᠤᠨ ᠳᠤᠮᠳᠠ ᠰᠢᠷᠭᠠᠭᠤ ᠴᠢᠷᠮᠠᠢᠵᠤ ᠂ ᠨᠠᠷᠢᠯᠢᠭ ᠬᠠᠨᠳᠤᠵᠤ ᠂ ᠠᠯᠳᠠᠭ᠎ᠠ ᠭᠠᠷᠭᠠᠬᠤ ᠦᠬᠡᠢ ᠪᠡᠷ ᠴᠢᠷᠮᠠᠢᠨ᠎ᠠ ᠃ ᠪᠠᠳᠤ ᠴᠢᠩᠭ᠎ᠠ ᠬᠦᠰᠡᠯ ᠢᠳᠡᠬᠡᠯ ᠵᠤᠷᠢᠭ ᠪᠤᠯ ᠳᠠᠷᠤᠢ ᠵᠤᠷᠢᠭᠳᠠᠢ ᠬᠠᠷᠢᠭᠤᠴᠠᠯᠭ᠎ᠠ ᠡᠬᠦᠷᠭᠡᠯᠡᠵᠦ ᠂ ᠬᠦᠨᠳᠦ ᠡᠬᠦᠷᠭᠡ ᠶᠢ ᠵᠤᠷᠢᠭᠳᠠᠢ ᠡᠬᠦᠷᠭᠡᠯᠡᠨ᠎ᠠ ᠃ ᠪᠠᠳᠤ ᠴᠢᠩᠭ᠎ᠠ ᠬᠦᠰᠡᠯ ᠢᠳᠡᠬᠡᠯ ᠵᠤᠷᠢᠭ ᠪᠤᠯ ᠳᠠᠷᠤᠢ ᠠᠷᠢᠭᠤᠨ ᠴᠢᠬᠡᠴᠢ ᠶᠢᠨ ᠨᠠᠭᠠᠳᠤ ᠵᠠᠬ᠎ᠠ ᠶᠢᠨ ᠱᠤᠭᠤᠮ ᠢ ᠪᠠᠳᠤ ᠰᠠᠬᠢᠵᠤ ᠂ ᠪᠤᠳᠠᠳᠤ ᠠᠵᠢᠯᠯᠭ᠎ᠠ ᠪᠠᠷ ᠠᠷᠠᠳ ᠲᠦᠮᠡᠨ ᠦ ᠰᠢᠬᠦᠭᠴᠢ ᠶᠢᠨ ᠰᠠᠢᠨ ᠲᠦᠷᠢ ᠲᠦᠷᠬᠦ ᠶᠢ ᠬᠠᠮᠠᠭᠠᠯᠠᠨ᠎ᠠ ᠃ ᠯᠢ ᠾᠦᠩ ᠶᠠᠨ ᠬᠤᠷᠢᠶᠠᠨ ᠳᠠᠷᠤᠭ᠎ᠠ ᠪᠦᠬᠦ ᠬᠤᠷᠢᠶᠠᠨ ᠤ ᠺᠠᠳᠠᠷ ᠴᠠᠭᠳᠠᠭ᠎ᠠ ᠳᠤ ᠬᠦᠰᠡᠯ ᠳᠤᠷᠠᠳᠴᠤ ᠂ ᠬᠦᠰᠡᠬᠦ ᠨᠢ ᠪᠦᠬᠦ ᠬᠤᠷᠢᠶᠠᠨ ᠤ ᠺᠠᠳᠠᠷ ᠴᠠᠭᠳᠠᠭ᠎ᠠ ᠰᠢᠬᠦᠨ ᠳᠠᠰᠤᠯᠤᠯᠲᠠ ᠶᠢᠨ ᠠᠵᠢᠯ ᠦᠢᠯᠡᠰ ᠢ ᠬᠠᠢᠷᠠᠯᠠᠬᠤ ᠤᠤᠯ ᠰᠠᠨᠠᠭ᠎ᠠ ᠪᠠᠨ ᠦᠷᠬᠦᠯᠵᠢᠯᠡᠨ ᠪᠠᠢᠷᠮᠳᠠᠯᠠᠵᠤ ᠂ ᠦᠪᠡᠷ ᠦᠨ ᠬᠦᠰᠡᠯ ᠢᠳᠡᠬᠡᠯ ᠵᠤᠷᠢᠭ ᠢᠶᠠᠨ ᠦᠷᠬᠦᠯᠵᠢᠯᠡᠨ ᠪᠠᠳᠤᠳᠬᠠᠵᠤ ᠂ ᠡᠬᠦᠯᠡ ᠪᠤᠰᠴᠤ ᠬᠠᠤᠯᠢ ᠮᠤᠨᠠ ᠪᠠᠭᠤᠬᠤ ᠶᠢ ᠲᠦᠪᠯᠡᠬᠦᠨ ᠬᠠᠷᠠᠵᠤ ᠂ ᠰᠡᠳᠬᠢᠯ ᠰᠠᠨᠠᠭ᠎ᠠ ᠠᠯᠳᠠᠷ ᠭᠤᠳᠤᠮᠰᠢᠭ ᠠᠴᠠ ᠠᠶᠤᠬᠤ ᠦᠬᠡᠢ ᠪᠠᠢᠬᠤ ᠬᠡᠷᠡᠭᠲᠡᠢ ᠃ ᠬᠦᠰᠡᠬᠦ ᠨᠢ ᠂ ᠪᠦᠬᠦᠳᠡᠭᠡᠷ ᠬᠤᠵᠢᠮ ᠬᠦᠰᠡᠯ ᠢᠳᠡᠬᠡᠯ ᠵᠤᠷᠢᠭ ᠢᠶᠠᠷ ᠳᠤᠯᠭᠠᠭᠤᠷᠢ ᠪᠤᠯᠭᠠᠵᠤ ᠂ ᠬᠠᠮᠳᠤᠪᠡᠷ ᠤᠷᠳᠤᠰ ᠤᠨ ᠰᠢᠬᠦᠬᠦ ᠬᠤᠷᠢᠶᠠᠨ ᠤ ᠨᠡᠩ ᠰᠠᠢᠨ ᠢᠷᠡᠭᠡᠳᠦᠢ ᠶᠢ ᠡᠭᠦᠳᠦᠨ ᠪᠦᠲᠦᠬᠡᠨᠠ ᠃ ᠬᠠᠮᠤᠭ ᠰᠡᠭᠦᠯ ᠳᠦ ᠂ ᠯᠢ ᠾᠦᠩ ᠶᠠᠨ ᠬᠤᠷᠢᠶᠠᠨ ᠳᠠᠷᠤᠭ᠎ᠠ《ᠰᠢᠬᠦᠭᠴᠢ ᠶᠢᠨ ᠠᠵᠢᠯ ᠢ ᠰᠤᠩᠭᠤᠭᠰᠠᠨ ᠂ ᠪᠢ ᠡᠨᠡ ᠨᠠᠰᠤᠨ ᠳᠤ ᠪᠠᠨ ᠬᠠᠷᠠᠮᠰᠠᠬᠤ ᠦᠬᠡᠢ》ᠬᠡᠰᠡᠨ ᠢᠳᠡᠷᠬᠦᠨ ᠂ ᠰᠡᠳᠬᠢᠯ ᠤᠷᠠᠮᠰᠢᠭᠤᠯᠮᠠ ᠦᠬᠡ ᠪᠡᠷ ᠡᠨᠡ ᠬᠦ ᠠᠮᠢᠳᠤᠯᠢᠭ ᠬᠢᠴᠢᠶᠡᠯ ᠢᠶᠡᠨ ᠳᠠᠭᠤᠰᠠᠬᠠᠪᠠ ᠃
ᠹᠠᠨ ᠶᠢᠦ ᠹᠠ ᠳᠡᠳ᠋ ᠬᠤᠷᠢᠶᠠᠨ ᠳᠠᠷᠤᠭ᠎ᠠ ᠳ᠋ᠦᠩᠨᠡᠯᠲᠡ ᠶᠢᠨ ᠶᠠᠷᠢᠶ᠎ᠠ ᠳᠠᠯᠪᠢᠵᠤ ᠂ ᠲᠡᠷᠡ ᠱᠠᠭᠠᠷᠳᠠᠭᠰᠠᠨ ᠨᠢ ᠂ ᠪᠦᠬᠦ ᠬᠤᠷᠢᠶᠠᠨ ᠤ ᠺᠠᠳᠠᠷ ᠴᠠᠭᠳᠠᠭ᠎ᠠ ᠬᠤᠷᠠᠯ ᠳᠠᠭᠤᠰᠤᠭᠰᠠᠨ ᠤ ᠳᠠᠷᠠᠭ᠎ᠠ ᠂ ᠰᠢᠬᠦᠨ ᠳᠠᠰᠤᠯᠤᠯᠲᠠ ᠶᠢᠨ ᠠᠵᠢᠯ ᠤᠨ ᠪᠤᠳᠠᠳᠠᠢ ᠳᠠᠢ ᠤᠶᠠᠯᠳᠤᠭᠤᠯᠤᠨ ᠂ ᠨᠡᠩ ᠰᠢᠰᠲ᠋ᠧᠮ ᠲᠠᠢ ᠪᠠᠷ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠪᠠ ᠥᠪᠡᠷᠲᠡᠭᠡᠨ ᠵᠠᠰᠬᠤ ᠤᠷᠤᠨ ᠤ ᠠᠷᠪᠠᠳᠤᠭᠠᠷ ᠤᠳᠠᠭᠠᠨ ᠤ ᠨᠠᠮ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠵᠤ ᠂ ᠨᠦᠰᠡᠷ ᠬᠦᠨᠳᠦ ᠬᠦᠴᠢᠷᠳᠡᠯ ᠳᠠᠢ ᠬᠡᠷᠡᠭ ᠪᠠ ᠬᠠᠤᠯᠢ ᠴᠠᠭᠠᠵᠠ ᠶᠢᠨ ᠥᠭᠡᠷᠡᠴᠢᠯᠡᠯᠲᠡ ᠶᠢᠨ ᠡᠬᠦᠷᠭᠡ ᠳᠤᠯᠭᠠᠷᠠᠬᠤ ᠦᠶᠡᠰ ᠂ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠪᠠ ᠥᠪᠡᠷᠲᠡᠭᠡᠨ ᠵᠠᠰᠬᠤ ᠤᠷᠤᠨ ᠤ ᠠᠷᠪᠠᠳᠤᠭᠠᠷ ᠤᠳᠠᠭᠠᠨ ᠤ ᠨᠠᠮ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠵᠤᠷᠢᠭ ᠰᠠᠨᠠᠭ᠎ᠠ ᠪᠠᠷ ᠳᠠᠷᠢᠬᠢ ᠳᠤᠯᠤᠭᠠᠢ ᠪᠠᠨ ᠵᠡᠪᠰᠡᠭᠯᠡᠵᠦ ᠂ ᠦᠢᠯᠡᠳᠦᠯᠭᠡ ᠶᠢ ᠵᠢᠯᠤᠭᠤᠳᠴᠤ ᠂ ᠠᠵᠢᠯ ᠢ ᠲᠦᠯᠬᠢᠨ ᠠᠬᠢᠭᠤᠯᠵᠤ ᠂ ᠰᠤᠷᠤᠭᠰᠠᠨ ᠢᠶᠠᠨ ᠬᠡᠷᠡᠭᠯᠡᠵᠦ ᠂ ᠬᠡᠷᠡᠭᠯᠡᠬᠦ ᠡᠴᠡ ᠰᠤᠷᠤᠯᠴᠠᠬᠤ ᠶᠢ ᠪᠠᠷᠢᠮᠳᠠᠯᠠᠨ᠎ᠠ ᠃ ᠹᠠᠨ ᠶᠢᠥ ᠹᠠ ᠳᠡᠳ᠋ ᠬᠤᠷᠢᠶᠠᠨ ᠳᠠᠷᠤᠭ᠎ᠠ ᠪᠠᠰᠠ ᠴᠢᠩᠭᠠᠳᠬᠠᠭᠰᠠᠨ ᠨᠢ ᠂ ᠪᠦᠬᠦ ᠬᠤᠷᠢᠶᠠᠨ ᠤ ᠺᠠᠳᠠᠷ ᠴᠠᠭᠳᠠᠭ᠎ᠠ ᠯᠢ ᠾᠦᠩ ᠶᠠᠨ ᠬᠤᠷᠢᠶᠠᠨ ᠳᠠᠷᠤᠭ᠎ᠠ ᠶᠢᠨ ᠨᠠᠮ ᠬᠢᠴᠢᠶᠡᠯ ᠢ ᠰᠤᠨᠤᠰᠤᠭᠰᠠᠨ ᠤ ᠳᠠᠷᠠᠭ᠎ᠠ ᠂ ᠡᠨᠡᠨᠬᠦ ᠬᠠᠭᠤᠴᠢᠨ ᠨᠠᠮ ᠤᠨ ᠬᠡᠰᠢᠬᠦᠨ ᠂ ᠬᠠᠭᠤᠴᠢᠨ ᠰᠢᠬᠦᠭᠴᠢ ᠪᠡᠷ ᠳᠠᠭᠤᠷᠢᠶᠠᠯ ᠪᠤᠯᠭᠠᠵᠤ ᠂ ᠬᠦᠰᠡᠯ ᠢᠳᠡᠬᠡᠯ ᠵᠤᠷᠢᠭ ᠢᠶᠠᠨ ᠪᠠᠳᠤᠳᠬᠠᠵᠤ ᠂ ᠵᠤᠭᠰᠤᠴᠠ ᠪᠠᠳᠤ ᠪᠡᠬᠢ ᠂ ᠵᠠᠭᠠᠭ ᠱᠤᠭᠤᠮ ᠳᠤᠳᠤᠷᠬᠠᠢ ᠂ ᠵᠦᠪ ᠪᠤᠷᠤᠭᠤ ᠶᠢᠨ ᠠᠰᠠᠭᠤᠳᠠᠯ ᠳᠤ ᠵᠠᠷᠴᠢᠮ ᠢᠶᠠᠨ ᠠᠯᠳᠠᠬᠤ ᠦᠬᠡᠢ ᠂ ᠬᠡᠵᠢᠶᠡᠳᠡ ᠨᠠᠮ ᠪᠠ ᠠᠷᠠᠳ ᠲᠦᠮᠡᠨ ᠦ ᠠᠰᠢᠭ ᠳᠤᠰᠠ ᠶᠢ ᠨᠢᠬᠡᠳᠦᠬᠡᠷ ᠲᠦ ᠳᠠᠯᠪᠢᠨ᠎ᠠ ᠃ ᠬᠦᠰᠡᠯ ᠢᠳᠡᠬᠡᠯ ᠵᠤᠷᠢᠭ ᠢᠶᠠᠨ ᠪᠠᠳᠤᠳᠬᠠᠵᠤ᠂ ᠰᠤᠷᠳᠠᠯ ᠢ ᠡᠷᠬᠢᠮᠯᠡᠵᠦ ᠂ ᠪᠡᠶ᠎ᠠ ᠪᠠᠨ ᠪᠠᠷᠢᠵᠤ ᠂ ᠰᠢᠬᠦᠭᠴᠢ ᠶᠢᠨ ᠳᠤᠬᠠᠢᠯᠠᠭᠰᠠᠨ ᠠᠵᠢᠯ ᠤᠨ ᠶᠤᠰᠤ ᠮᠤᠷᠠᠯ ᠢ ᠪᠠᠳᠤ ᠰᠠᠬᠢᠵᠤ ᠂ ᠦᠳᠦᠭᠡᠯᠬᠡ ᠳᠦ ᠤᠷᠤᠬᠤ ᠦᠬᠡᠢ ᠂ ᠴᠢᠬᠡᠴᠢ ᠵᠢᠷᠦᠮ ᠢ ᠪᠠᠷᠢᠮᠳᠠᠯᠠᠵᠤ ᠂ ᠴᠠᠭ ᠢᠮᠠᠭᠳᠠ ᠬᠠᠤᠯᠢ ᠴᠠᠭᠠᠵᠠ ᠶᠢᠨ ᠡᠷᠬᠡ ᠰᠦᠷ ᠪᠠ ᠰᠢᠬᠦᠭᠴᠢ ᠶᠢᠨ ᠲᠦᠷᠢ ᠲᠦᠷᠬᠦ ᠶᠢ ᠬᠠᠮᠠᠭᠠᠯᠠᠨ᠎ᠠ ᠃ ᠬᠦᠰᠡᠯ ᠢᠳᠡᠬᠡᠯ ᠵᠤᠷᠢᠭ ᠢᠶᠠᠨ ᠪᠠᠳᠤᠳᠬᠠᠵᠤ᠂ ᠠᠵᠢᠯ ᠳᠤ ᠪᠠᠨ ᠰᠢᠷᠭᠠᠭᠤ ᠂ ᠬᠤᠪᠢ ᠨᠡᠮᠡᠷᠢ ᠡᠷᠬᠦᠵᠦ ᠂ ᠬᠦᠴᠢᠷᠳᠡᠯ ᠡᠴᠡ ᠠᠶᠤᠬᠤ ᠦᠬᠡᠢ ᠂ ᠲᠠᠰᠤᠷᠠᠯᠲᠠ ᠦᠬᠡᠢ ᠦᠢᠯᠡᠰ ᠪᠦᠲᠦᠭᠡᠬᠦ ᠤᠮᠤᠭ ᠰᠦᠷ ᠢ ᠡᠬᠦᠷᠢᠳᠡ ᠪᠠᠷᠢᠮᠳᠠᠯᠠᠵᠤ ᠂ ᠡᠬᠡ ᠤᠯᠤᠰ ᠤᠨ ᠠᠷᠤ ᠵᠠᠬ᠎ᠠ ᠶᠢᠨ ᠰᠠᠢᠬᠠᠨ ᠦᠵᠡᠮᠵᠢ ᠶᠢᠨ ᠬᠢᠷᠢ ᠳᠡᠩᠴᠡᠭᠰᠡᠨ ᠪᠦᠲᠦᠬᠡᠨ ᠪᠠᠢᠭᠤᠯᠤᠭᠴᠢ ᠪᠠ ᠬᠠᠮᠠᠭᠠᠯᠠᠭᠴᠢ ᠪᠤᠯᠬᠤ ᠪᠠᠷ ᠴᠢᠷᠮᠠᠢᠬᠤ ᠬᠡᠷᠡᠭᠲᠡᠢ ᠃
ᠦᠨᠡᠯᠡᠬᠦ 0ᠦᠨᠡᠯᠡᠯᠲᠡ ᠲᠠᠢ