ᠦᠪᠦᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠳᠡᠬᠡᠳᠦ ᠵᠡᠷᠬᠡ ᠶᠢᠨ ᠰᠢᠬᠦᠬᠦ ᠬᠤᠷᠢᠶᠠᠨ ᠤ ᠳᠡᠳ᠋ ᠬᠤᠷᠢᠶᠠᠨ ᠳᠠᠷᠤᠭ᠎ᠠ ᠵᠢᠨ ᠵᠦ ᠵᠡᠷᠬᠡ ᠬᠦᠮᠦᠰ ᠮᠠᠨ ᠤ ᠬᠤᠷᠢᠶᠠᠨ ᠳᠤ ᠬᠦᠷᠴᠦ
2017.02.07 ᠲᠣᠰ ᠥᠷᠲᠡᠭᠡᠨ ᠦ ᠨᠠᠢᠷᠠᠭᠤᠯᠤᠭᠴᠢ

ᠦᠪᠦᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠳᠡᠬᠡᠳᠦ ᠵᠡᠷᠬᠡ ᠶᠢᠨ ᠰᠢᠬᠦᠬᠦ ᠬᠤᠷᠢᠶᠠᠨ ᠤ ᠳᠡᠳ᠋ ᠬᠤᠷᠢᠶᠠᠨ ᠳᠠᠷᠤᠭ᠎ᠠ ᠵᠢᠨ ᠵᠦ ᠵᠡᠷᠬᠡ ᠬᠦᠮᠦᠰ ᠮᠠᠨ ᠤ ᠬᠤᠷᠢᠶᠠᠨ ᠳᠤ ᠬᠦᠷᠴᠦ ᠵᠠᠬᠢᠳᠠᠯ ᠰᠤᠷᠪᠤᠯᠵᠢᠯᠠᠭ᠎ᠠ ᠶᠢᠨ ᠠᠵᠢᠯ  ᠢ ᠬᠢᠨᠠᠨ ᠪᠠᠢᠴᠠᠭᠠᠪᠠ

 

 

 

     2017 ᠤᠨ ᠤ 2 ᠰᠠᠷᠠᠢᠨ 7  ᠤ ᠡᠳᠦᠷ ᠂ ᠦᠪᠦᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠳᠡᠬᠡᠳᠦ ᠵᠡᠷᠬᠡ ᠶᠢᠨ ᠰᠢᠬᠦᠬᠦ ᠬᠤᠷᠢᠶᠠᠨ ᠤ ᠳᠡᠳ᠋ ᠬᠤᠷᠢᠶᠠᠨ ᠳᠠᠷᠤᠭ᠎ᠠ ᠵᠢᠨ ᠵᠦ᠂ ᠹᠠᠨ ᠵᠢᠶᠦ᠋ᠨ ᠹᠸᠩ ᠲᠢᠩᠬᠢᠮ ᠦᠨ ᠳᠠᠷᠤᠭ᠎ᠠ ᠵᠡᠷᠬᠡ ᠬᠡᠷᠡᠭ ᠳᠠᠭᠠᠭᠠᠬᠤ ᠳᠤᠭᠤᠢᠯᠠᠩ ᠤᠨ ᠤᠳᠤᠷᠢᠳᠤᠯᠭ᠎ᠠ ᠮᠠᠨ ᠤ ᠬᠤᠷᠢᠶᠠᠨ ᠳᠤ ᠬᠦᠷᠴᠦ᠂ ᠮᠠᠨ ᠤ ᠬᠤᠷᠢᠶᠠᠨ ᠤ ᠵᠠᠷᠭᠤ ᠳᠤ ᠬᠤᠯᠪᠤᠭᠳᠠᠭᠰᠠᠨ ᠵᠠᠬᠢᠳᠠᠯ ᠰᠤᠷᠪᠤᠯᠵᠢᠯᠠᠭ᠎ᠠ  ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ《ᠵᠠᠭᠤᠨ ᠡᠳᠦᠷ ᠦᠨ ᠪᠡᠬᠢᠯᠡᠯᠲᠡ ᠰᠢᠪᠳᠤᠯᠠᠬᠤ》ᠳᠤᠰᠬᠠᠢ ᠰᠡᠳᠦᠪᠲᠦ ᠠᠵᠢᠯᠯᠭᠠᠨ ᠤ ᠠᠵᠢᠯ ᠤᠨ ᠪᠠᠢᠳᠠᠯ ᠢ ᠳᠤᠬᠠᠢ ᠬᠢᠨᠠᠨ ᠪᠠᠢᠴᠠᠭᠠᠯᠲᠠ ᠬᠢᠪᠡ ᠃

     ᠮᠠᠨ ᠤ ᠬᠤᠷᠢᠶᠠᠨ ᠤ ᠳᠤᠰᠬᠠᠢ ᠰᠡᠳᠦᠪᠳᠤ ᠠᠵᠢᠯᠯᠠᠭ᠎ᠠ ᠶᠢᠨ ᠦᠷᠨᠢᠬᠦᠯᠦᠭᠰᠡᠨ ᠡᠴᠡ ᠨᠠᠰᠢᠬᠢ ᠡᠯ᠎ᠠ ᠲᠦᠷᠦᠯ ᠦᠨ ᠠᠵᠢᠯ  ᠢ ᠨᠠᠷᠢᠯᠢᠭ ᠬᠠᠷᠢᠭᠤ ᠮᠡᠳᠡᠭᠦᠯᠦᠯᠲᠡ ᠬᠢᠬᠦ ᠶᠢᠨ ᠲᠦᠯᠦᠬᠡ ᠂ ᠮᠠᠨ ᠤ ᠬᠤᠷᠢᠶ᠎ᠠ ᠵᠠᠷᠭᠤ ᠳᠤ ᠬᠤᠯᠪᠤᠭᠳᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠬᠦ ᠪᠠ ᠳᠤᠭᠳᠠᠪᠤᠷᠢᠵᠢᠭᠤᠯᠤᠨ ᠬᠢᠵᠠᠭᠠᠷᠯᠠᠬᠤ ᠬᠠᠷᠢᠭᠤ ᠮᠡᠳᠡᠭᠦᠯᠦᠯᠲᠡ ᠶᠢᠨ ᠬᠤᠷᠠᠯ ᠶᠠᠪᠤᠭᠳᠠᠭᠤᠯᠪᠠ ᠃ ᠬᠠᠷᠢᠭᠤ ᠮᠡᠳᠡᠬᠦᠯᠦᠯᠲᠡ ᠶᠢᠨ ᠬᠤᠷᠠᠯ ᠢ ᠯᠢ ᠶᠠᠨ ᠾᠦᠩ ᠬᠤᠷᠢᠶᠠᠨ ᠳᠠᠷᠤᠭ᠎ᠠ ᠡᠷᠬᠢᠯᠡᠵᠦ ᠂ ᠹᠠᠨ ᠶᠢᠦ ᠹᠠ ᠳᠡᠳ᠋ ᠬᠤᠷᠢᠶᠠᠨ ᠳᠠᠷᠤᠭ᠎ᠠ ᠪᠤᠯᠤᠨ ᠡᠯ᠎ᠠ ᠬᠤᠰᠢᠭᠤ ᠳᠤᠭᠤᠷᠢᠭ  ᠤᠨ ᠰᠢᠬᠦᠬᠦ ᠬᠤᠷᠢᠶᠠᠨ ᠤ ᠬᠤᠷᠢᠶᠠᠨ ᠳᠠᠷᠤᠭ᠎ᠠ ᠳᠤᠰᠪᠤᠷᠢ ᠳᠤᠰᠬᠠᠢ ᠰᠡᠳᠦᠪᠲᠦ ᠬᠠᠷᠢᠭᠤ ᠮᠡᠳᠡᠬᠦᠯᠦᠯᠲᠡ ᠬᠢᠵᠦ ᠂ ᠮᠠᠨ  ᠤ ᠬᠤᠷᠢᠶᠠᠨ ᠤ ᠡᠯ᠎ᠠ ᠬᠡᠷᠡᠭ ᠳᠠᠭᠠᠭᠠᠬᠤ ᠳᠤᠭᠤᠢᠯᠠᠩ ᠤᠨ ᠤᠳᠤᠷᠢᠳᠤᠯᠭ᠎ᠠ ᠂ ᠬᠡᠷᠡᠭ ᠳᠠᠩᠰᠠᠯᠠᠬᠤ ᠬᠤᠶᠠᠳᠤᠭᠠᠷ ᠲᠢᠩᠬᠢᠮ ᠦᠨ ᠬᠠᠮᠢᠶ᠎ᠠ ᠪᠦᠬᠦᠢ ᠺᠠᠳᠠᠷ ᠴᠠᠭᠳᠠᠭ᠎ᠠ ᠪᠤᠯᠤᠨ ᠡᠯ᠎ᠠ ᠬᠤᠰᠢᠭᠤ ᠳᠤᠭᠤᠷᠢᠭ ᠤᠨ ᠰᠢᠬᠦᠬᠦ ᠬᠤᠷᠢᠶᠠᠨ ᠤ ᠵᠠᠬᠢᠳᠠᠯ ᠰᠤᠷᠪᠤᠯᠵᠢᠯᠠᠭ᠎ᠠ ᠶᠢᠨ ᠬᠠᠷᠢᠭᠤᠴᠠᠬᠤ ᠬᠦᠮᠦᠨ ᠬᠤᠷᠯᠳᠤᠭᠠᠨ ᠳᠤ ᠤᠷᠤᠯᠴᠠᠪᠠ ᠃ ᠵᠢᠨ ᠵᠦ ᠳᠡᠳ᠋ ᠬᠤᠷᠢᠶᠠᠨ ᠳᠠᠷᠤᠭ᠎ᠠ ᠠᠵᠢᠯ ᠤᠨ ᠬᠠᠷᠢᠭᠤ ᠮᠡᠳᠡᠭᠦᠯᠦᠯᠲᠡ ᠶᠢ ᠰᠤᠨᠤᠰᠤᠭᠰᠠᠨ ᠤ ᠳᠠᠷᠠᠭ᠎ᠠ ᠂ ᠮᠠᠨ ᠤ ᠬᠤᠳᠠ ᠶᠢᠨ ᠬᠤᠶᠠᠷ ᠱᠠᠳᠤᠨ ᠤ ᠰᠢᠬᠦᠬᠦ ᠬᠤᠷᠢᠶᠠᠨ ᠤ ᠠᠵᠢᠯ ᠳᠤ ᠦᠨᠳᠦᠷ ᠦᠨᠡᠯᠡᠯᠲᠡ ᠦᠭᠴᠦ ᠂ ᠨᠠᠷᠢᠨ ᠬᠢᠨᠠᠮᠠᠭᠠᠢ ᠰᠢᠢᠳᠪᠦᠷᠢᠯᠡᠬᠦ ᠠᠵᠢᠯ ᠳᠤᠮᠳᠠᠬᠢ ᠬᠦᠴᠢᠷᠳᠡᠯ ᠳᠠᠢ ᠠᠰᠠᠭᠤᠳᠠᠯ ᠢ ᠬᠠᠷᠢᠭᠤᠯᠵᠤ ᠂ ᠡᠭᠦᠨ  ᠦ ᠬᠠᠮᠳᠤ ᠳᠠᠷᠠᠭᠠᠴᠢ ᠶᠢᠨ ᠠᠯᠬᠤᠮ ᠤᠨ ᠠᠵᠢᠯ ᠤᠨ ᠱᠠᠭᠠᠷᠳᠠᠯᠭ᠎ᠠ ᠶᠢ ᠳᠤᠷᠠᠳᠪᠠ ᠃ ᠵᠢᠨ ᠬᠤᠷᠢᠶᠠᠨ ᠳᠠᠷᠤᠭ᠎ᠠ ᠵᠢᠭᠠᠵᠤ ᠭᠠᠷᠭᠠᠭᠰᠠᠨ ᠨᠢ᠂ ᠳᠤᠰ ᠤᠳᠠᠭᠠᠨ ᠤ ᠳᠤᠰᠬᠠᠢ ᠰᠡᠳᠦᠪᠳᠦ ᠠᠵᠢᠯᠯᠠᠭ᠎ᠠ ᠶᠢᠨ ᠴᠠᠭ ᠪᠠᠴᠢᠮ ᠂ ᠡᠬᠦᠷᠭᠡ ᠬᠦᠨᠳᠦ ᠂ ᠬᠡᠪᠡᠴᠦ ᠭᠤᠤᠯ ᠤᠳᠤᠷᠢᠳᠤᠯᠭ᠎ᠠ ᠨᠠᠷ ᠡᠷᠭᠡᠪᠰᠢ ᠳᠡᠭᠡᠳᠦ ᠬᠡᠮᠵᠢᠶ᠎ᠠ ᠪᠠᠷ ᠴᠢᠬᠤᠯᠴᠢᠯᠠᠵᠤ ᠂ ᠣᠨᠴᠠᠭᠠᠢᠯᠠᠨ ᠴᠢᠬᠤᠯᠠ ᠴᠠᠭ ᠬᠤᠭᠤᠴᠠᠭᠠᠨ ᠳᠤ ᠠᠵᠢᠯ ᠤᠨ ᠠᠯᠳᠠᠭ᠎ᠠ ᠠᠴᠠ ᠪᠤᠯᠵᠤ ᠪᠡᠭᠡᠵᠢᠩ ᠳᠦ ᠬᠦᠷᠴᠦ ᠰᠤᠷᠪᠤᠯᠵᠢᠯᠠᠬᠤ ᠪᠠ ᠬᠡᠳᠦ ᠰᠤᠷᠪᠤᠯᠵᠢᠯᠠᠭ᠎ᠠ ᠵᠡᠷᠬᠡ ᠮᠠᠭᠤ ᠬᠡᠷᠡᠭ ᠪᠤᠢ ᠪᠤᠯᠭᠠᠵᠤ ᠪᠤᠯᠬᠤ ᠦᠬᠡᠢ ᠃ ᠵᠢᠨ ᠬᠤᠷᠢᠶᠠᠨ ᠳᠠᠷᠤᠭ᠎ᠠ ᠱᠠᠭᠠᠷᠳᠠᠭᠰᠠᠨ ᠨᠢ ᠂ ᠳᠤᠰᠬᠠᠢ ᠰᠡᠳᠦᠪᠳᠦ ᠠᠵᠢᠯᠯᠭᠠᠨ ᠤ ᠡᠯ᠎ᠠ ᠲᠦᠷᠦᠯ ᠦᠨ ᠠᠵᠢᠯ ᠢ ᠨᠠᠷᠢᠨ ᠬᠢᠨᠠᠮᠠᠭᠠᠢ ᠪᠠᠷᠢᠵᠤ ᠂ ᠬᠡᠷᠡᠭ  ᠦᠨ ᠪᠠᠢᠳᠠᠯ ᠢ ᠦᠷᠬᠦᠯᠵᠢᠯᠡᠨ ᠤᠢᠯᠭᠠᠬᠠᠬᠤ ᠰᠠᠭᠤᠷᠢᠨ ᠳᠡᠭᠡᠷ᠎ᠠ ᠬᠡᠷᠡᠭ ᠢ ᠰᠢᠢᠳᠪᠦᠷᠢᠯᠡᠬᠦ ᠶᠢ ᠪᠡᠶᠡᠯᠡᠬᠦᠯᠵᠦ ᠂ ᠠᠳᠠᠯᠢ ᠳᠡᠰ ᠦᠨ ᠨᠠᠮ ᠤᠨ ᠬᠤᠷᠢᠶᠠᠨ ᠤ ᠵᠠᠰᠠᠭ ᠤᠷᠳᠤᠨ ᠳᠠᠢ ᠠᠵᠢᠯ ᠢᠶᠠᠨ ᠨᠢᠬᠡᠳᠬᠡᠬᠦ ᠶᠢ ᠠᠩᠬᠠᠷᠴᠤ ᠂ ᠳᠠᠩᠰᠠᠨ ᠳᠤ ᠪᠠᠢᠬᠤ ᠪᠦᠬᠦ ᠬᠡᠷᠡᠭ ᠢ ᠵᠠᠬᠢᠳᠠᠯ ᠰᠤᠷᠪᠤᠯᠵᠢᠯᠠᠭ᠎ᠠ ᠶᠢᠨ ᠰᠢᠰᠲ᠋ᠧᠮ ᠳᠦ ᠤᠷᠤᠭᠤᠯᠬᠤ ᠬᠡᠷᠡᠭᠲᠡᠢ ᠃ ᠵᠢᠨ ᠬᠤᠷᠢᠶᠠᠨ ᠳᠠᠷᠤᠭ᠎ᠠ ᠠᠮᠠᠯᠳᠤᠭᠰᠠᠨ ᠨᠢ ᠂ ᠡᠬᠦᠨ ᠡᠴᠡ ᠰᠡᠭᠦᠯᠡᠷ ᠮᠠᠨ ᠤ ᠬᠤᠳᠠ ᠶᠢᠨ ᠬᠤᠶᠠᠷ ᠱᠠᠳᠤᠨ ᠤ ᠰᠢᠬᠦᠬᠦ ᠬᠤᠷᠢᠶ᠎ᠠ ᠶᠢᠨ ᠰᠢᠢᠳᠪᠦᠷᠢᠯᠡᠬᠦ ᠠᠵᠢᠯ ᠳᠤᠮᠳᠠ ᠳᠤᠯᠭᠠᠷᠠᠭᠰᠠᠨ ᠬᠦᠴᠢᠷᠳᠡᠯ  ᠢ ᠬᠡᠷᠡᠭ ᠳᠠᠭᠠᠭᠠᠬᠤ ᠳᠤᠭᠤᠢᠯᠠᠩ ᠢᠳᠡᠪᠬᠢᠳᠠᠢ ᠪᠠᠷ ᠬᠠᠪᠰᠤᠷᠠᠨ ᠰᠢᠢᠳᠪᠦᠷᠢᠯᠡᠨ᠎ᠡ ᠃ ᠹᠠᠨ ᠵᠢᠶᠦ᠋ᠨ ᠹᠸᠩ ᠲᠢᠩᠬᠢᠮ ᠦᠨ ᠳᠠᠷᠤᠭ᠎ᠠ ᠬᠤᠷᠠᠯ ᠳᠡᠭᠡᠷ᠎ᠠ ᠮᠠᠨ ᠤ ᠬᠤᠳᠠ ᠶᠢᠨ ᠬᠤᠶᠠᠷ ᠱᠠᠳᠤᠨ ᠤ ᠰᠢᠬᠦᠬᠦ ᠬᠤᠷᠢᠶᠠᠨ ᠤ ᠳᠤᠰᠬᠠᠢ ᠰᠡᠳᠦᠪᠲᠦ ᠠᠵᠢᠯᠯᠠᠭᠠᠨ ᠤ ᠠᠵᠢᠯ ᠳᠤ ᠵᠢᠭᠠᠨ ᠵᠢᠯᠤᠭᠤᠳᠤᠯᠭ᠎ᠠ ᠪᠠ ᠱᠠᠭᠠᠷᠳᠠᠯᠭ᠎ᠠ ᠳᠤᠷᠠᠳᠪᠠ ᠃

     ᠯᠢ ᠶᠠᠨ ᠾᠦᠩ ᠬᠤᠷᠢᠶᠠᠨ ᠳᠠᠷᠤᠭ᠎ᠠ ᠮᠠᠨ ᠤ ᠬᠤᠷᠢᠶᠠᠨ ᠤ ᠬᠤᠶᠠᠷ ᠱᠠᠳᠤᠨ ᠤ ᠰᠢᠬᠦᠬᠦ ᠬᠤᠷᠢᠶ᠎ᠠ ᠶᠢ ᠲᠦᠯᠦᠭᠡᠯᠡᠨ ᠬᠡᠷᠡᠭ ᠳᠠᠭᠠᠭᠠᠬᠤ ᠳᠤᠭᠤᠢᠯᠠᠩ ᠤᠨ ᠤᠳᠤᠷᠢᠳᠤᠯᠭ᠎ᠠ ᠶᠢ ᠬᠠᠯᠠᠭᠤᠨ ᠢᠶᠠᠷ ᠤᠭᠳᠤᠵᠤ ᠪᠠᠢᠬᠤ ᠪᠠᠨ ᠢᠯᠡᠳᠬᠡᠵᠦ ᠂ ᠬᠡᠷᠡᠭ ᠳᠠᠭᠠᠭᠠᠬᠤ ᠳᠤᠭᠤᠢᠯᠠᠩ ᠤᠨ ᠤᠳᠤᠷᠢᠳᠤᠯᠭ᠎ᠠ ᠶᠢᠨ ᠵᠢᠭᠠᠨ ᠵᠢᠯᠤᠭᠤᠳᠤᠯᠭ᠎ᠠ ᠳᠤ ᠴᠢᠩ ᠰᠡᠳᠬᠢᠯ ᠡᠴᠡ ᠳᠠᠯᠠᠷᠬᠠᠵᠤ ᠂ ᠬᠡᠷᠡᠭ ᠳᠠᠭᠠᠭᠠᠬᠤ ᠳᠤᠭᠤᠢᠯᠠᠩ ᠤᠨ ᠤᠳᠤᠷᠢᠳᠤᠯᠭ᠎ᠠ ᠶᠢᠨ ᠳᠤᠷᠠᠳᠤᠭᠰᠠᠨ ᠱᠠᠭᠠᠷᠳᠠᠯᠭ᠎ᠠ ᠶᠢ ᠯᠠᠪᠳᠠᠢ ᠬᠠᠷᠢᠭᠤᠴᠠᠯᠭ᠎ᠠ ᠡᠬᠦᠷᠬᠡᠯᠡᠬᠦ ᠪᠡᠨ ᠢᠯᠡᠳᠬᠡᠵᠦ ᠂ ᠨᠠᠷᠢᠨ ᠪᠠᠷᠢᠵᠤ ᠪᠤᠳᠠᠳᠠᠢ ᠬᠢᠨ᠎ᠠ ᠃ ᠡᠨᠡ ᠤᠳᠠᠭᠠᠨ ᠤ ᠵᠢᠨ ᠵᠦ ᠳᠡᠳ᠋ ᠬᠤᠷᠢᠶᠠᠨ ᠳᠠᠷᠤᠭ᠎ᠠ ᠂ ᠹᠠᠨ ᠵᠢᠶᠦ᠋ᠨ ᠹᠸᠩ ᠲᠢᠩᠬᠢᠮ ᠦᠨ ᠳᠠᠷᠤᠭ᠎ᠠ ᠶᠢᠨ ᠬᠢᠨᠠᠨ ᠪᠠᠢᠴᠠᠭᠠᠯᠲᠠ ᠪᠠᠷ ᠳᠠᠮᠵᠢᠵᠤ ᠂ ᠮᠠᠨ ᠤ ᠬᠤᠳᠠ ᠶᠢᠨ ᠬᠤᠶᠠᠷ ᠱᠠᠳᠤᠨ ᠤ ᠰᠢᠬᠦᠬᠦ ᠬᠤᠷᠢᠶᠠᠨ ᠤ ᠳᠤᠰᠬᠠᠢ ᠰᠡᠳᠦᠪᠲᠦ ᠠᠵᠢᠯᠯᠠᠭ᠎ᠠ ᠨᠢ ᠤᠯᠠᠮ ᠨᠢᠬᠡ ᠠᠯᠬᠤᠮ ᠳᠠᠪᠰᠢᠬᠤ ᠶᠢ ᠪᠠᠲᠤ ᠢᠳᠡᠬᠡᠵᠦ ᠪᠠᠢᠨ᠎ᠠ ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )