ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶ᠎ᠠ ᠪᠦᠬᠦ ᠬᠤᠳᠠ ᠶᠢᠨ ᠰᠢᠬᠦᠬᠦ ᠬᠤᠷᠢᠶᠠᠨ ᠤ 2016 ᠤᠨ ᠤ ᠠᠵᠢᠯ ᠤᠨ ᠳ᠋ᠦᠩᠨᠡᠯᠲᠡ ᠬᠦᠬᠢᠬᠦᠯᠦᠯ ᠵᠢᠴᠢ ᠨᠠᠮ ᠤᠨ ᠰᠤᠷᠳᠠᠯ ᠪᠠ ᠠᠷᠢᠭᠤᠨ ᠴᠢᠬᠡᠴᠢ ᠪᠡᠷ ᠵᠠᠰᠠᠭ ᠪᠠᠷᠢᠬᠤ ᠳᠤᠬᠠᠢ ᠰᠡᠷᠡᠮᠵᠢᠬᠦᠯᠦᠯ ᠦᠨ ᠬᠦᠮᠦᠵᠢᠯ ᠦᠨ ᠶᠡᠬᠡ ᠬᠤᠷᠠᠯ ᠶᠠᠪᠤᠭᠳᠠᠭᠤᠯᠪᠠ
ᠪᠦᠬᠦ ᠬᠤᠳᠠ ᠶᠢᠨ ᠰᠢᠬᠦᠬᠦ ᠬᠤᠷᠢᠶᠠᠨ ᠤ 2016 ᠤᠨ ᠤ ᠠᠵᠢᠯ ᠢ ᠪᠦᠬᠦ ᠳᠠᠯ᠎ᠠ ᠪᠠᠷ ᠳ᠋ᠦᠩᠨᠡᠵᠦ ᠂ ᠤᠳᠤᠬᠠᠨ ᠤ ᠰᠢᠬᠦᠬᠦ ᠬᠤᠷᠢᠶᠠᠨ ᠤ ᠠᠵᠢᠯ ᠳᠤ ᠳᠤᠯᠭᠠᠷᠠᠵᠤ ᠪᠠᠢᠬᠤ ᠰᠢᠨ᠎ᠠ ᠪᠠᠢᠳᠠᠯ ᠂ ᠰᠢᠨ᠎ᠠ ᠡᠬᠦᠷᠭᠡ ᠳᠦ ᠵᠠᠳᠠᠯᠤᠯᠲᠠ ᠬᠢᠵᠦ ᠂ ᠴᠠᠭ ᠳᠤᠬᠠᠢ ᠳᠤ ᠨᠢ ᠠᠵᠢᠯ ᠤᠨ ᠳᠤᠮᠳᠠ ᠤᠷᠤᠰᠢᠵᠤ ᠪᠠᠢᠬᠤ ᠠᠰᠠᠭᠤᠳᠠᠯ ᠪᠠ ᠬᠦᠴᠢᠷᠳᠡᠯ ᠢ ᠮᠡᠳᠡᠬᠦ ᠶᠢᠨ ᠲᠦᠯᠦᠬᠡ ᠂ ᠡᠭᠦᠨ ᠦ ᠬᠠᠮᠳᠤ ᠂ ᠨᠠᠮ ᠤᠨ ᠰᠤᠷᠳᠠᠯ ᠠᠷᠢᠭᠤᠨ ᠴᠢᠬᠡᠴᠢ ᠪᠡᠷ ᠵᠠᠰᠠᠭ ᠪᠠᠷᠢᠬᠤ ᠪᠦᠲᠦᠬᠡᠨ ᠪᠠᠢᠭᠤᠯᠤᠯᠲᠠ ᠶᠢᠨ ᠭᠤᠤᠯ ᠬᠠᠷᠢᠭᠤᠴᠠᠯᠭ᠎ᠠ ᠂ ᠬᠢᠨᠠᠯᠲᠠ ᠶᠢᠨ ᠬᠠᠷᠢᠭᠤᠴᠠᠯᠭ᠎ᠠ ᠶᠢ ᠤᠯᠠᠮ ᠨᠢᠬᠡ ᠠᠯᠬᠤᠮ ᠪᠤᠳᠠᠳᠠᠢ ᠳᠤᠤᠱᠢᠯᠠᠭᠤᠯᠵᠤ ᠂ ᠪᠦᠬᠦ ᠬᠤᠳᠠ ᠶᠢᠨ ᠰᠢᠬᠦᠬᠦ ᠬᠤᠷᠢᠶᠠᠨ ᠤ ᠨᠠᠮ ᠤᠨ ᠰᠤᠷᠳᠠᠯ ᠠᠷᠢᠭᠤᠨ ᠴᠢᠬᠡᠴᠢ ᠪᠡᠷ ᠵᠠᠰᠠᠭ ᠪᠠᠷᠢᠬᠤ ᠪᠦᠲᠦᠭᠡᠨ ᠪᠠᠢᠭᠤᠯᠤᠯᠲᠠ ᠶᠢᠨ ᠠᠵᠢᠯ ᠳᠠᠰᠤᠷᠠᠯ ᠦᠬᠡᠢ ᠰᠢᠨ᠎ᠠ ᠠᠬᠢᠯᠲᠠ ᠳᠠᠢ ᠪᠤᠯᠬᠤ ᠶᠢ ᠲᠦᠯᠬᠢᠨ ᠠᠬᠢᠭᠤᠯᠬᠤ ᠶᠢᠨ ᠲᠦᠯᠦᠭᠡ ᠂ 1 ᠰᠠᠷᠠᠢᠨ 22 ᠤ ᠡᠳᠦᠷ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶ᠎ᠠ ᠪᠦᠬᠦ ᠬᠤᠳᠠ ᠶᠢᠨ ᠰᠢᠬᠦᠬᠦ ᠬᠤᠷᠢᠶᠠᠨ ᠤ 2016 ᠤᠨ ᠤ ᠠᠵᠢᠯ ᠤᠨ ᠳ᠋ᠦᠩᠨᠡᠯᠲᠡ ᠬᠦᠬᠢᠬᠦᠯᠦᠯ ᠵᠢᠴᠢ ᠨᠠᠮ ᠤᠨ ᠰᠤᠷᠳᠠᠯ ᠪᠠ ᠠᠷᠢᠭᠤᠨ ᠴᠢᠬᠡᠴᠢ ᠪᠡᠷ ᠵᠠᠰᠠᠭ ᠪᠠᠷᠢᠬᠤ ᠳᠤᠬᠠᠢ ᠰᠡᠷᠡᠮᠵᠢᠬᠦᠯᠦᠯ ᠦᠨ ᠬᠦᠮᠦᠵᠢᠯ ᠦᠨ ᠶᠡᠬᠡ ᠬᠤᠷᠠᠯ ᠶᠠᠪᠤᠭᠳᠠᠭᠤᠯᠪᠠ᠃ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠤᠳᠤᠷᠢᠳᠬᠤ ᠪᠠᠭ ᠤᠨ ᠬᠡᠰᠢᠬᠦᠨ ᠂ ᠲᠡᠷᠢᠬᠦᠨ ᠦ ᠠᠵᠢᠯᠳᠠᠨ ᠲᠦᠯᠦᠭᠡᠯᠡᠭᠴᠢ ᠂ ᠬᠤᠳᠠ ᠶᠢᠨ ᠠᠷᠠᠳ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠪᠦᠬᠦ ᠺᠠᠳᠠᠷ ᠴᠠᠭᠳᠠᠭ᠎ᠠ ᠭᠤᠤᠯ ᠬᠤᠷᠠᠯ ᠤᠨ ᠳᠠᠯᠠᠪᠤᠷ ᠲᠤ ᠬᠤᠷᠠᠯ ᠳᠤ ᠤᠷᠤᠯᠴᠠᠵᠤ ᠂ ᠡᠯ᠎ᠠ ᠬᠤᠰᠢᠭᠤ ᠲᠤᠭᠤᠷᠢᠭ ᠤᠨ ᠰᠢᠬᠦᠬᠦ ᠬᠤᠷᠢᠶᠠᠨ ᠤ ᠪᠤᠰᠤᠳ ᠤᠳᠤᠷᠢᠳᠬᠤ ᠪᠠᠭ ᠤᠨ ᠬᠡᠰᠢᠬᠦᠨ ᠪᠤᠯᠤᠨ ᠺᠠᠳᠠᠷ ᠴᠠᠭᠳᠠᠭ᠎ᠠ ᠬᠤᠪᠢᠶᠠᠷᠢ ᠬᠤᠷᠠᠯ ᠤᠨ ᠳᠠᠯᠠᠪᠤᠷ ᠲᠤ ᠬᠤᠷᠠᠯ ᠳᠤ ᠤᠷᠤᠯᠴᠠᠪᠠ᠃ ᠬᠤᠷᠠᠯᠳᠤᠭᠠᠨ ᠢ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠳᠡᠳ᠋ ᠬᠤᠷᠢᠶᠠᠨ ᠳᠠᠷᠤᠭ᠎ᠠ ᠹᠠᠨ ᠶᠢᠦ ᠹᠠ ᠡᠷᠬᠢᠯᠡᠪᠡ ᠃
ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶ᠎ᠠ ᠪᠦᠬᠦ ᠬᠤᠳᠠ ᠶᠢᠨ ᠰᠢᠬᠦᠬᠦ ᠬᠤᠷᠢᠶᠠᠨ ᠤ 2016 ᠤᠨ ᠤ ᠠᠵᠢᠯ ᠤᠨ ᠳ᠋ᠦᠩᠨᠡᠯᠲᠡ ᠬᠦᠬᠢᠬᠦᠯᠦᠯ ᠵᠢᠴᠢ ᠨᠠᠮ ᠤᠨ ᠰᠤᠷᠳᠠᠯ ᠪᠠ ᠠᠷᠢᠭᠤᠨ ᠴᠢᠬᠡᠴᠢ ᠪᠡᠷ ᠵᠠᠰᠠᠭ ᠪᠠᠷᠢᠬᠤ ᠳᠤᠬᠠᠢ ᠰᠡᠷᠡᠮᠵᠢᠬᠦᠯᠦᠯ ᠦᠨ ᠬᠦᠮᠦᠵᠢᠯ ᠦᠨ ᠶᠡᠬᠡ ᠬᠤᠷᠠᠯ ᠶᠠᠪᠤᠭᠳᠠᠭᠤᠯᠪᠠ᠃
ᠬᠤᠷᠠᠯ ᠳᠡᠭᠡᠷ᠎ᠠ ᠂ ᠬᠤᠳᠠ ᠶᠢᠨ ᠠᠷᠠᠳ ᠤᠨ ᠳᠤᠮᠳᠠ ᠵᠡᠷᠬᠡ ᠰᠢᠬᠦᠬᠦ ᠬᠤᠷᠢᠶᠠᠨ ᠤ ᠳᠡᠳ᠋ ᠬᠤᠷᠢᠶᠠᠨ ᠳᠠᠷᠤᠭ᠎ᠠ ᠪᠦᠭᠡᠳ ᠤᠯᠤᠰ ᠲᠦᠷᠦ ᠶᠢᠨ ᠬᠡᠯᠳᠡᠰ ᠦᠨ ᠡᠷᠬᠢᠯᠡᠭᠴᠢ ᠯᠢ ᠵᠢᠩ ᠭᠦᠸᠸ《2016 ᠤᠨ ᠤ ᠬᠤᠰᠢᠭᠤ ᠳᠤᠭᠤᠷᠢᠭ ᠤᠨ ᠠᠷᠠᠳ ᠤᠨ ᠰᠢᠬᠦᠬᠦ ᠬᠤᠷᠢᠶᠠᠨ ᠤ ᠬᠠᠷᠠᠯᠲᠠ ᠶᠢᠨ ᠪᠤᠳᠠᠳᠤ ᠪᠦᠲᠦᠮᠵᠢ ᠶᠢ ᠬᠢᠨᠠᠨ ᠰᠢᠯᠭᠠᠯᠲᠠ ᠶᠢᠨ ᠠᠮᠵᠢᠯᠲᠠ ᠳᠤᠪᠤᠢᠮ᠎ᠠ ᠬᠠᠮᠳᠤ ᠨᠢᠬᠡᠴᠡ ᠶᠢ ᠬᠦᠬᠢᠬᠦᠯᠦᠨ ᠱᠠᠩᠨᠠᠬᠤ ᠳᠤᠬᠠᠢ ᠰᠢᠢᠳᠪᠦᠷᠢ》᠂《2016 ᠤᠨ ᠤ ᠪᠦᠬᠦ ᠬᠤᠳᠠ ᠶᠢᠨ ᠰᠢᠬᠦᠬᠦ ᠬᠤᠷᠢᠶᠠᠨ ᠤ ᠰᠢᠯᠢᠳᠡᠭ ᠰᠢᠬᠦᠭᠴᠢ ᠂ ᠬᠡᠷᠡᠭ ᠰᠢᠢᠳᠪᠦᠷᠢᠯᠡᠬᠦ ᠵᠢᠱᠢᠶᠡᠴᠢ ᠂ ᠰᠢᠯᠢᠳᠡᠭ ᠳᠡᠮᠳᠡᠭᠯᠡᠭᠴᠢ᠂ ᠰᠢᠯᠢᠳᠡᠭ ᠺᠠᠳᠠᠷ ᠴᠠᠭᠳᠠᠭ᠎ᠠ ᠪᠤᠯᠤᠨ ᠲᠡᠷᠢᠬᠦᠨ ᠦ ᠬᠠᠮᠳᠤ ᠨᠢᠬᠡᠴᠡ ᠂ ᠲᠡᠷᠢᠬᠦᠨ ᠦ ᠬᠤᠪᠢ ᠬᠦᠮᠦᠨ ᠢ ᠬᠦᠬᠢᠬᠦᠯᠦᠨ ᠱᠠᠩᠨᠠᠬᠤ ᠳᠤᠬᠠᠢ ᠰᠢᠢᠳᠪᠦᠷᠢ》ᠵᠡᠷᠬᠡ ᠬᠦᠬᠢᠬᠦᠯᠬᠦ ᠰᠢᠢᠳᠪᠦᠷᠢ ᠶᠢ ᠤᠩᠰᠢᠪᠠ᠃ ᠬᠤᠷᠠᠯᠳᠤᠭᠠᠨ ᠳᠤ ᠪᠠᠰᠠ ᠱᠠᠩᠨᠠᠯ ᠤᠯᠤᠭᠰᠠᠨ ᠬᠠᠮᠳᠤ ᠨᠢᠬᠡᠴᠡ ᠪᠤᠯᠤᠨ ᠬᠤᠪᠢ ᠬᠦᠮᠦᠨ ᠳᠦ ᠱᠠᠩᠨᠠᠯ ᠮᠧᠳᠠᠯ᠂ ᠦᠨᠡᠮᠯᠡᠯ ᠤᠯᠭᠤᠪᠠ ᠃
ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠳᠡᠳ᠋ ᠬᠤᠷᠢᠶᠠᠨ ᠳᠠᠷᠤᠭ᠎ᠠ ᠯᠢ ᠵᠢᠩ ᠭᠦᠸᠸ ᠬᠦᠬᠢᠬᠦᠯᠦᠯ ᠦᠨ ᠰᠢᠢᠳᠪᠦᠷᠢ ᠶᠢ ᠤᠩᠰᠢᠪᠠ ᠃
ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠢᠯᠠᠩ ᠤᠨ ᠱᠦᠵᠢ᠂ ᠤᠷᠤᠯᠠᠭᠴᠢ ᠬᠤᠷᠢᠶᠠᠨ ᠳᠠᠷᠤᠭ᠎ᠠ ᠯᠢ ᠾᠦᠩ ᠶᠠᠨ ᠨᠦᠬᠦᠷ ᠬᠤᠷᠠᠯ ᠳᠡᠭᠡᠷ᠎ᠠ ᠴᠢᠬᠤᠯᠠ ᠶᠠᠷᠢᠶ᠎ᠠ ᠳᠠᠯᠪᠢᠪᠠ ᠂ ᠶᠠᠷᠢᠶᠠᠨ ᠳᠤ ᠦᠩᠭᠡᠷᠡᠭᠰᠡᠨ ᠵᠢᠯ ᠦᠨ ᠭᠤᠤᠯ ᠠᠵᠢᠯ ᠢ ᠪᠦᠬᠦ ᠳᠠᠯ᠎ᠠ ᠪᠠᠷ ᠳ᠋ᠦᠩᠨᠡᠨ ᠡᠷᠬᠢᠴᠡᠬᠦᠯᠵᠦ ᠂ ᠤᠳᠤᠬᠠᠨ ᠤ ᠮᠠᠨ ᠤ ᠬᠤᠳᠠ ᠶᠢᠨ ᠰᠢᠬᠦᠬᠦ ᠬᠤᠷᠢᠶᠠᠨ ᠳᠤ ᠳᠤᠯᠭᠠᠷᠠᠵᠤ ᠪᠠᠢᠭ᠎ᠠ ᠪᠠᠢᠳᠠᠯ᠂ ᠡᠬᠦᠷᠭᠡ ᠪᠤᠯᠤᠨ ᠠᠵᠢᠯ ᠳᠤᠮᠳᠠᠬᠢ ᠤᠷᠤᠰᠢᠵᠤ ᠪᠠᠢᠭ᠎ᠠ ᠠᠰᠠᠭᠤᠳᠠᠯ ᠵᠢᠴᠢ ᠬᠦᠴᠢᠷᠳᠡᠯ ᠢ ᠬᠦᠨᠵᠡᠭᠡᠢ ᠵᠠᠳᠠᠯᠤᠭᠰᠠᠨ ᠪᠠᠢᠨ᠎ᠠ ᠃ 2016 ᠤᠨ ᠳᠤ ᠂ ᠪᠦᠬᠦ ᠬᠤᠳᠠ ᠶᠢᠨ ᠰᠢᠬᠦᠬᠦ ᠬᠤᠷᠢᠶ᠎ᠠ ᠡᠯ᠎ᠠ ᠲᠦᠷᠦᠯ ᠦᠨ ᠬᠡᠷᠡᠭ 130632 ᠬᠦᠯᠢᠶᠡᠨ ᠠᠪᠴᠤ ᠂ ᠠᠳᠠᠯᠢ ᠬᠤᠭᠤᠴᠠᠭᠠᠨ ᠠᠴᠠ 43.43% ᠳᠡᠭᠡᠭᠰᠢᠯᠡᠵᠦ᠂ ᠰᠢᠬᠦᠯᠲᠡ(ᠬᠦᠢᠴᠡᠳᠬᠡᠬᠦ)ᠳᠠᠰᠤᠯᠤᠯᠲᠠ 97453 ᠂ ᠠᠳᠠᠯᠢ ᠬᠤᠭᠤᠴᠠᠭᠠᠨ ᠠᠴᠠ 66.99% ᠳᠡᠭᠡᠭᠰᠢᠯᠡᠵᠦ ᠂ ᠬᠡᠷᠡᠭ ᠳᠠᠰᠤᠯᠠᠬᠤ ᠬᠠᠷᠢᠴᠠᠯᠠᠰᠢᠭᠦᠢ ᠳᠤᠭ᠎ᠠ ᠳᠡᠭᠡᠷ᠎ᠠ ᠵᠢᠯ ᠦᠨ ᠠᠳᠠᠯᠢ ᠬᠤᠭᠤᠴᠠᠭᠠᠨ ᠠᠴᠠ ᠴᠡᠪᠡᠷ ᠦᠰᠦᠯᠲᠡ ᠨᠢ 39094 ᠬᠡᠷᠡᠭ ᠪᠠᠢᠵᠤ ᠂ ᠪᠦᠷ ᠲᠡᠤᠬᠡᠨ ᠳᠡᠮᠳᠡᠭᠯᠡᠯ ᠡᠭᠦᠳᠦᠭᠰᠡᠨ ᠪᠠᠢᠨ᠎ᠠ ᠃ ᠬᠡᠷᠡᠭ ᠦᠨ ᠳᠤᠭ᠎ᠠ ᠶᠢᠨ ᠲᠦᠷᠭᠡᠨ ᠦᠰᠦᠯᠲᠡ ᠶᠢᠨ ᠳᠠᠷᠤᠯᠳᠠ ᠳᠤ ᠪᠦᠬᠦ ᠬᠤᠳᠠ ᠶᠢᠨ ᠰᠢᠬᠦᠬᠦ ᠬᠤᠷᠢᠶ᠎ᠠ ᠪᠦᠬᠦ ᠬᠦᠴᠦᠨ ᠢᠶᠡᠷ ᠰᠢᠬᠦᠨ ᠳᠠᠰᠤᠯᠤᠯᠲᠠ ᠶᠢᠨ ᠡᠯ᠎ᠠ ᠲᠦᠷᠦᠯ ᠦᠨ ᠠᠵᠢᠯ ᠢ ᠰᠠᠢᠳᠤᠷ ᠬᠢᠵᠦ ᠂ 《ᠬᠦᠢᠴᠡᠳᠬᠡᠬᠦ ᠵᠢᠯ》᠂ ᠬᠠᠤᠯᠢ ᠴᠠᠭᠠᠵᠠ ᠶᠢᠨ ᠦᠭᠡᠷᠡᠴᠢᠯᠡᠯᠲᠡ ᠪᠤᠯᠤᠨ ᠮᠡᠳᠡᠬᠡ ᠵᠠᠩᠭᠢᠴᠢᠯᠠᠯᠲᠠ ᠶᠢᠨ ᠪᠦᠲᠦᠭᠡᠨ ᠪᠠᠢᠭᠤᠯᠤᠯᠲᠠ ᠵᠡᠷᠬᠡ ᠴᠢᠬᠤᠯᠠ ᠠᠵᠢᠯ ᠢ ᠳᠤᠪᠤᠢᠮ᠎ᠠ ᠦᠷᠨᠢᠬᠦᠯᠵᠦ ᠂ ᠪᠦᠬᠦ ᠬᠤᠳᠠ ᠶᠢᠨ ᠨᠡᠢᠬᠡᠮ ᠪᠠ ᠠᠵᠤ ᠠᠬᠤᠢ ᠶᠢᠨ ᠬᠦᠭᠵᠢᠯᠲᠡ ᠳᠦ ᠪᠠᠳᠤ ᠪᠡᠬᠢ ᠬᠠᠤᠯᠢ ᠴᠠᠭᠠᠵᠠ ᠶᠢᠨ ᠪᠠᠳᠤᠯᠭ᠎ᠠ ᠬᠠᠩᠭᠠᠭᠰᠠᠨ ᠪᠠᠢᠨ᠎ᠠ ᠃ ᠨᠢᠬᠡ ᠳᠦ ᠢᠳᠡᠪᠬᠢᠲᠠᠢ ᠰᠠᠨᠠᠭᠠᠴᠢᠯᠠᠭ᠎ᠠ ᠳᠠᠢ ᠠᠵᠢᠯᠯᠠᠵᠤ ᠂ ᠴᠢᠬᠤᠯᠠ ᠠᠵᠢᠯ ᠪᠤᠯᠤᠨ ᠴᠢᠬᠤᠯᠠ ᠲᠦᠰᠦᠪ ᠲᠦ ᠬᠠᠤᠯᠢ ᠴᠠᠭᠠᠵᠠ ᠶᠢᠨ ᠦᠢᠯᠡᠴᠡᠯᠡᠬᠡ ᠬᠠᠩᠭᠠᠨ᠎ᠠ ᠃ ᠬᠤᠶᠠᠷ ᠲᠤ ᠰᠢᠬᠦᠨ ᠳᠠᠰᠤᠯᠤᠯᠲᠠ ᠬᠦᠢᠴᠡᠳᠬᠡᠬᠦ ᠨᠢᠬᠡᠳᠦᠭᠡᠷ ᠡᠬᠦᠷᠭᠡ ᠶᠢ ᠴᠢᠩᠭ᠎ᠠ ᠪᠠᠷᠢᠵᠤ ᠂ ᠠᠵᠢᠯ ᠤᠨ ᠬᠦᠴᠢᠷᠳᠡᠯ ᠢ ᠰᠢᠢᠳᠪᠦᠷᠢᠯᠡᠬᠦ ᠡᠷᠴᠢᠮ ᠢᠶᠡᠨ ᠴᠢᠩᠭᠠᠳᠬᠠᠨ᠎ᠠ ᠃ ᠭᠤᠷᠪᠠ ᠳᠤ ᠰᠢᠬᠦᠨ ᠳᠠᠰᠤᠯᠤᠯᠲᠠ ᠶᠢᠨ ᠬᠠᠮᠢᠶᠠᠷᠤᠯᠲᠠ ᠶᠢ ᠪᠤᠳᠠᠳᠠᠢ ᠴᠢᠩᠭᠠᠳᠬᠠᠵᠤ ᠂ ᠬᠡᠷᠡᠭ ᠦᠨ ᠴᠢᠨᠠᠷ ᠪᠦᠲᠦᠮᠵᠢ ᠶᠢ ᠳᠠᠰᠤᠷᠠᠯ ᠦᠬᠡᠢ ᠳᠡᠭᠡᠭᠰᠢᠯᠡᠬᠦᠯᠦᠨ᠎ᠠ ᠃ ᠲᠦᠷᠪᠡ ᠳᠦ ᠢᠳᠡᠬᠡᠯ ᠵᠤᠷᠢᠭ ᠢᠶᠠᠨ ᠪᠠᠳᠤ ᠪᠤᠯᠭᠠᠵᠤ ᠂ ᠬᠠᠤᠯᠢ ᠴᠠᠭᠠᠵᠠ ᠶᠢᠨ ᠦᠭᠡᠷᠡᠴᠢᠯᠡᠯᠲᠡ ᠶᠢ ᠯᠠᠪᠳᠠᠭᠤᠨ ᠲᠦᠯᠬᠢᠨ ᠠᠬᠢᠭᠤᠯᠤᠨ᠎ᠠ ᠃ ᠳᠠᠪᠤ ᠳᠤ ᠬᠠᠤᠯᠢ ᠴᠠᠭᠠᠵᠠ ᠶᠢᠨ ᠠᠷᠠᠳ ᠲᠦᠬᠦᠮ ᠠᠷᠭ᠎ᠠ ᠠᠪᠴᠢᠯ ᠢ ᠴᠢᠩᠭᠠᠳᠬᠠᠵᠤ ᠂ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠢᠭᠤᠯᠤᠯᠲᠠ ᠶᠢ ᠯᠠᠪᠳᠠᠭᠤᠨ ᠠᠬᠢᠭᠤᠯᠤᠨ᠎ᠠ ᠃ ᠵᠢᠷᠭᠤᠭ᠎ᠠ ᠳᠤ ᠴᠢᠩᠭ᠎ᠠ ᠬᠠᠮᠢᠶᠠᠷᠤᠯᠲᠠ ᠶᠢ ᠪᠠᠷᠢᠮᠳᠠᠯᠠᠵᠤ ᠂ ᠪᠠᠳᠤ ᠴᠢᠩᠭ᠎ᠠ ᠰᠢᠬᠦᠬᠦ ᠬᠤᠷᠢᠶᠠᠨ ᠤ ᠡᠩᠨᠡᠭᠡ ᠶᠢ ᠴᠢᠷᠮᠠᠢᠨ ᠪᠠᠢᠭᠤᠯᠤᠨ᠎ᠠ ᠃ ᠳᠤᠯᠤᠭ᠎ᠠ ᠳᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ ᠂ ᠰᠢᠬᠦᠬᠦ ᠬᠤᠷᠢᠶᠠᠨ ᠤ ᠠᠵᠢᠯ ᠢ ᠲᠡᠭᠦᠯᠳᠡᠷᠵᠢᠭᠦᠯᠦᠨ ᠰᠠᠢᠵᠢᠷᠠᠭᠤᠯᠤᠨ᠎ᠠ᠃
ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠯᠢ ᠾᠦᠩ ᠶᠠᠨ ᠬᠤᠷᠢᠶᠠᠨ ᠳᠠᠷᠤᠭ᠎ᠠ ᠶᠢᠨ ᠴᠢᠬᠤᠯᠠ ᠶᠠᠷᠢᠶ᠎ᠠ
ᠬᠤᠷᠠᠯ ᠳᠡᠭᠡᠷ᠎ᠠ ᠂ ᠬᠥ᠋ ᠴᠢᠩ ᠴᠢᠶᠤᠸᠠᠨ ᠳᠤᠭᠤᠢᠯᠠᠩ ᠤᠨ ᠳᠠᠷᠤᠭ᠎ᠠ 2013 ᠤᠨ ᠠᠴᠠ ᠨᠠᠰᠢᠬᠢ ᠪᠦᠬᠦ ᠬᠤᠳᠠ ᠶᠢᠨ ᠰᠢᠬᠦᠬᠦ ᠬᠤᠷᠢᠶᠠᠨ ᠤ ᠰᠠᠬᠢᠯᠭ᠎ᠠ ᠪᠠᠳᠤ ᠵᠦᠷᠢᠴᠡᠭᠰᠡᠨ ᠬᠠᠤᠯᠢ ᠵᠦᠷᠢᠴᠡᠭᠰᠡᠨ ᠬᠡᠷᠡᠭ ᠦᠨ ᠪᠠᠢᠳᠠᠯ ᠢ ᠵᠠᠳᠠᠯᠤᠨ ᠮᠡᠳᠡᠬᠦᠯᠲᠡ ᠬᠢᠵᠦ ᠂ ᠬᠡᠳᠦᠨ ᠪᠤᠳᠠᠳᠠᠢ ᠬᠡᠷᠡᠭ ᠦᠨ ᠵᠢᠱᠢᠶ᠎ᠠ ᠳᠤ ᠬᠦᠨ ᠵᠠᠳᠠᠯᠤᠯᠲᠠ ᠬᠢᠵᠦ ᠂ ᠳᠠᠷᠠᠭᠠᠴᠢ ᠶᠢᠨ ᠠᠯᠬᠤᠮ ᠤᠨ ᠨᠠᠮ ᠤᠨ ᠰᠤᠷᠳᠠᠯ ᠠᠷᠢᠭᠤᠨ ᠴᠢᠬᠡᠴᠢ ᠪᠡᠷ ᠵᠠᠰᠠᠭ ᠪᠠᠷᠢᠬᠤ ᠪᠦᠲᠦᠭᠡᠨ ᠪᠠᠢᠭᠤᠯᠤᠯᠲᠠ ᠶᠢᠨ ᠠᠵᠢᠯ ᠳᠤ ᠪᠤᠳᠠᠳᠠᠢ ᠱᠠᠭᠠᠷᠳᠠᠯᠭ᠎ᠠ ᠳᠤᠷᠠᠳᠪᠠ ᠃
ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠰᠠᠬᠢᠯᠭ᠎ᠠ ᠪᠠᠳᠤ ᠪᠠᠢᠴᠠᠭᠠᠬᠤ ᠳᠤᠭᠤᠢᠯᠠᠩ ᠤᠨ ᠳᠠᠷᠤᠭ᠎ᠠ ᠬᠥ᠋ ᠴᠢᠩ ᠴᠢᠶᠤᠸᠠᠨ ᠤ ᠴᠢᠬᠤᠯᠠ ᠶᠠᠷᠢᠶ᠎ᠠ
ᠬᠤᠷᠠᠯ ᠳᠡᠭᠡᠷ᠎ᠠ ᠂ ᠯᠢ ᠾᠦᠩ ᠶᠠᠨ ᠬᠤᠷᠢᠶᠠᠨ ᠳᠠᠷᠤᠭ᠎ᠠ ᠠᠴᠠ ᠬᠤᠳᠠ ᠶᠢᠨ ᠨᠠᠮ ᠤᠨ ᠬᠤᠷᠢᠶᠠᠨ ᠤ ᠨᠢᠦ ᠵᠢᠶᠦ᠋ᠨ ᠶᠠᠨ ᠱᠦᠵᠢ ᠶᠢᠨ ᠬᠤᠳᠠ ᠶᠢᠨ ᠰᠠᠬᠢᠯᠭ᠎ᠠ ᠪᠠᠳᠤ ᠪᠠᠢᠴᠠᠭᠠᠬᠤ ᠬᠤᠷᠢᠶᠠᠨ ᠤ ᠲᠦᠷᠪᠡᠳᠦᠭᠡᠷ ᠬᠤᠭᠤᠴᠠᠭᠠᠨ ᠤ ᠲᠦᠪ ᠬᠤᠷᠢᠶᠠᠨ ᠤ ᠬᠤᠶᠠᠳᠤᠭᠠᠷ ᠪᠦᠬᠦᠳᠡ ᠬᠤᠷᠠᠯ ᠳᠡᠭᠡᠷᠡᠬᠢ ᠶᠠᠷᠢᠶ᠎ᠠ ᠪᠠ ᠹᠸᠩ ᠴᠤᠤ ᠱᠦᠵᠢ ᠶᠢᠨ ᠬᠤᠷᠠᠯ ᠳᠡᠭᠡᠷ᠎ᠠ ᠬᠢᠭᠰᠡᠨ ᠠᠵᠢᠯ ᠤᠨ ᠮᠡᠳᠡᠭᠦᠯᠦᠯᠲᠡ ᠶᠢ ᠤᠤᠯ ᠶᠤᠰᠤᠭᠠᠷ ᠳᠠᠮᠵᠢᠭᠤᠯᠵᠤ ᠂ ᠪᠦᠬᠦ ᠬᠤᠳᠠ ᠶᠢᠨ ᠬᠤᠶᠠᠷ ᠱᠠᠳᠤᠨ ᠤ ᠰᠢᠬᠦᠬᠦ ᠬᠤᠷᠢᠶᠠᠨ ᠤ ᠨᠠᠮ ᠤᠨ ᠰᠤᠷᠳᠠᠯ ᠠᠷᠢᠭᠤᠨ ᠴᠢᠬᠡᠴᠢ ᠪᠡᠷ ᠵᠠᠰᠠᠭ ᠪᠠᠷᠢᠬᠤ ᠪᠦᠲᠦᠭᠡᠨ ᠪᠠᠢᠭᠤᠯᠤᠯᠲᠠ ᠶᠢᠨ ᠠᠵᠢᠯ ᠳᠤ ᠲᠦᠷᠪᠡᠨ ᠱᠠᠭᠠᠷᠳᠠᠯᠭ᠎ᠠ ᠳᠤᠷᠠᠳᠪᠠ ᠃ ᠲᠡᠷᠡ ᠵᠢᠭᠠᠵᠤ ᠭᠠᠷᠭᠠᠭᠰᠠᠨ ᠨᠢ᠂ ᠨᠠᠮ ᠢ ᠴᠢᠩᠭ᠎ᠠ ᠬᠠᠮᠢᠶᠠᠷᠬᠤ ᠰᠢᠨ᠎ᠠ ᠪᠠᠢᠳᠠᠯ ᠂ ᠤᠳᠤᠬᠠᠨ ᠤ ᠨᠡᠢᠬᠡᠮ ᠦᠨ ᠬᠤᠪᠢᠷᠠᠯᠲᠠ ᠂ ᠭᠠᠳᠠᠷ ᠤᠷᠴᠢᠨ ᠳᠤᠭᠤᠷᠢᠨ ᠪᠤᠳᠤᠯᠢᠶᠠᠨᠳᠠᠢ᠂ ᠦᠳᠦᠭᠡᠯᠬᠡ ᠰᠢᠯᠭᠠᠯᠲᠠ ᠤᠯᠠᠨ ᠪᠤᠯᠤᠭᠰᠠᠨ ᠰᠢᠨ᠎ᠠ ᠪᠠᠢᠳᠠᠯ ᠳᠤ ᠬᠠᠨᠳᠤᠭᠤᠯᠤᠨ ᠂ ᠪᠦᠬᠦ ᠬᠤᠳᠠ ᠶᠢᠨ ᠰᠢᠬᠦᠬᠦ ᠬᠤᠷᠢᠶ᠎ᠠ ᠡᠷᠭᠡᠪᠰᠢ ᠨᠠᠮ ᠤᠨ ᠰᠤᠷᠳᠠᠯ ᠠᠷᠢᠭᠤᠨ ᠴᠢᠭᠡᠴᠢ ᠪᠡᠷ ᠵᠠᠰᠠᠭ ᠪᠠᠷᠢᠬᠤ ᠪᠦᠲᠦᠭᠡᠨ ᠪᠠᠢᠭᠤᠯᠤᠯᠲᠠ ᠪᠠ ᠢᠯᠵᠠᠷᠠᠮᠠᠯ ᠡᠰᠡᠷᠭᠦᠴᠡᠬᠦ ᠳᠡᠮᠡᠴᠡᠯ ᠢ ᠡᠷᠡᠰ ᠰᠢᠭᠤᠷᠬᠠᠢ ᠶᠠᠪᠤᠭᠳᠠᠭᠤᠯᠤᠨ᠎ᠠ ᠃ ᠨᠢᠬᠡ ᠳᠦ ᠨᠠᠮ ᠤᠨ ᠰᠤᠷᠳᠠᠯ ᠠᠷᠢᠭᠤᠨ ᠴᠢᠬᠡᠴᠢ ᠪᠡᠷ ᠵᠠᠰᠠᠭ ᠪᠠᠷᠢᠬᠤ ᠪᠦᠲᠦᠭᠡᠨ ᠪᠠᠢᠭᠤᠯᠤᠯᠲᠠ ᠶᠢᠨ ᠬᠠᠷᠢᠭᠤᠴᠠᠯᠭ᠎ᠠ ᠶᠢᠨ ᠭᠤᠤᠯ ᠴᠤᠭᠴᠠ ᠂ ᠬᠢᠨᠠᠨᠯᠲᠠ ᠶᠢᠨ ᠬᠠᠷᠢᠭᠤᠴᠠᠯᠭ᠎ᠠ ᠵᠢᠴᠢ《ᠨᠢᠬᠡ ᠪᠠᠢᠷᠢ ᠬᠤᠶᠠᠷ ᠬᠠᠷᠢᠭᠤᠴᠠᠯᠭ᠎ᠠ》ᠬᠠᠷᠢᠭᠤᠴᠠᠯᠭ᠎ᠠ ᠶᠢ ᠡᠷᠡᠰ ᠳᠤᠤᠱᠢᠯᠠᠭᠤᠯᠤᠨᠠ ᠃ ᠬᠤᠶᠠᠷ ᠲᠤ ᠥᠭᠡᠷᠡᠴᠢᠯᠡᠯᠲᠡ ᠶᠢᠨ ᠰᠡᠳᠬᠢᠬᠦᠢ ᠪᠠ ᠠᠷᠭ᠎ᠠ ᠪᠠᠷ ᠡᠩᠨᠡᠭᠡᠨ ᠦ ᠬᠠᠮᠢᠶᠠᠷᠤᠯᠲᠠ ᠶᠢ ᠴᠢᠩᠭᠠᠳᠬᠠᠵᠤ ᠂ ᠬᠠᠤᠯᠢ ᠴᠠᠭᠠᠵᠠ ᠶᠢᠨ ᠢᠯᠵᠠᠷᠠᠮᠠᠯ ᠤᠨ ᠬᠦᠷᠦᠰᠦ ᠰᠢᠷᠦᠢ ᠶᠢ ᠠᠷᠢᠯᠭᠠᠨ᠎ᠠ ᠃ ᠭᠤᠷᠪᠠ ᠳᠤ ᠨᠠᠮ ᠤᠨ ᠴᠢᠨᠠᠷ ᠤᠨ ᠪᠤᠯᠪᠠᠰᠤᠷᠠᠯ ᠪᠠ ᠦᠪᠡᠷ ᠦᠨ ᠪᠤᠯᠪᠠᠰᠤᠷᠠᠯ ᠢ ᠳᠠᠰᠤᠷᠠᠯ ᠦᠬᠡᠢ ᠴᠢᠩᠭᠠᠳᠭᠠᠵᠤ ᠂ ᠠᠷᠢᠭᠤᠨ ᠴᠢᠬᠡᠴᠢ ᠬᠠᠤᠯᠢ ᠴᠠᠭᠠᠵᠠ ᠶᠢᠨ ᠦᠵᠡᠯ ᠰᠠᠨᠠᠭ᠎ᠠ ᠶᠢ ᠪᠠᠳᠤᠳᠬᠠᠨ᠎ᠠ᠃ ᠲᠦᠷᠪᠡ ᠳᠦ ᠴᠢᠩᠭ᠎ᠠ ᠬᠠᠮᠢᠶᠠᠷᠤᠯᠲᠠ ᠶᠢ ᠪᠠᠷᠢᠮᠳᠠᠯᠠᠵᠤ ᠂ ᠦᠯᠦ ᠬᠦᠯᠢᠴᠡᠬᠦ ᠤᠪᠤᠷ ᠢᠶᠠᠷ ᠬᠠᠤᠯᠢ ᠴᠠᠭᠠᠵᠠ ᠶᠢᠨ ᠢᠯᠵᠠᠷᠠᠮᠠᠯ ᠬᠡᠷᠡᠭ ᠢ ᠡᠷᠡᠰ ᠪᠠᠢᠴᠠᠭᠠᠨ ᠰᠢᠢᠳᠪᠦᠷᠢᠯᠡᠨ᠎ᠠ ᠃
ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠹᠠᠨ ᠶᠢᠦ ᠹᠠ ᠳᠡᠳ᠋ ᠬᠤᠷᠢᠶᠠᠨ ᠳᠠᠷᠤᠭ᠎ᠠ ᠳ᠋ᠦᠩᠨᠡᠯᠲᠡ ᠶᠢᠨ ᠶᠠᠷᠢᠶ᠎ᠠ ᠳᠠᠯᠪᠢᠪᠠ
ᠬᠤᠷᠠᠯ ᠳᠡᠭᠡᠷ᠎ᠠ ᠂ ᠹᠠᠨ ᠶᠢᠦ ᠹᠠ ᠳᠡᠳ᠋ ᠬᠤᠷᠢᠶᠠᠨ ᠳᠠᠷᠤᠭ᠎ᠠ ᠦᠪᠡᠷᠲᠡᠭᠡᠨ ᠵᠠᠰᠠᠬᠤ ᠤᠷᠤᠨ ᠤ ᠠᠷᠠᠳ ᠤᠨ ᠳᠡᠬᠡᠳᠦ ᠵᠡᠷᠬᠡ ᠶᠢᠨ ᠰᠢᠬᠦᠬᠦ ᠬᠤᠷᠢᠶᠠᠨ ᠤ ᠵᠠᠬᠢᠳᠠᠯ ᠰᠤᠷᠪᠤᠯᠵᠢᠯᠠᠭ᠎ᠠ ᠳᠤ ᠬᠤᠯᠪᠤᠭᠳᠠᠭᠰᠠᠨ ᠬᠡᠷᠡᠭ ᠢ ᠰᠠᠢᠨ ᠬᠢᠬᠦ ᠳᠤᠬᠠᠢ ᠬᠠᠮᠢᠶ᠎ᠠ ᠪᠦᠬᠦᠢ ᠬᠤᠷᠠᠯᠳᠤᠭᠠᠨ ᠵᠢᠴᠢ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠳᠠᠮᠵᠢᠭᠤᠯᠵᠤ ᠂ ᠳᠤᠰ ᠤᠳᠠᠭᠠᠨ ᠤ ᠬᠤᠷᠠᠯᠳᠤᠭᠠᠨ ᠤ ᠳ᠋ᠦᠩᠨᠡᠯᠲᠡ ᠶᠢᠨ ᠶᠠᠷᠢᠶ᠎ᠠ ᠳᠠᠯᠪᠢᠵᠤ ᠂ ᠪᠦᠬᠦ ᠬᠤᠳᠠ ᠶᠢᠨ ᠰᠢᠬᠦᠬᠦ ᠬᠤᠷᠢᠶ᠎ᠠ ᠳᠤᠰ ᠤᠳᠠᠭᠠᠨ ᠤ ᠬᠤᠷᠠᠯᠳᠤᠭᠠᠨ ᠤ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠢᠯᠠᠭᠤᠯᠬᠤ ᠶᠢ ᠱᠠᠭᠠᠷᠳᠠᠵᠤ ᠂ ᠡᠨᠡ ᠵᠢᠯ ᠦᠨ ᠡᠯ᠎ᠠ ᠲᠦᠷᠦᠯ ᠦᠨ ᠠᠵᠢᠯ ᠢ ᠢᠳᠡᠪᠬᠢᠲᠠᠢ ᠲᠦᠯᠦᠪᠯᠡᠵᠦ ᠂ ᠳᠡᠭᠡᠷ᠎ᠡ ᠱᠠᠳᠤᠨ ᠤ ᠳᠤᠰᠢᠶᠠᠭᠰᠠᠨ ᠡᠯ᠎ᠠ ᠲᠦᠷᠦᠯ ᠦᠨ ᠠᠵᠢᠯ ᠤᠨ ᠱᠠᠭᠠᠷᠳᠠᠯᠭ᠎ᠠ ᠪᠠ ᠠᠵᠢᠯ ᠤᠨ ᠲᠦᠰᠦᠪᠯᠡᠬᠡ ᠶᠢ ᠰᠠᠢᠳᠤᠷ ᠳᠤᠬᠢᠷᠠᠭᠤᠯᠬᠤ ᠲᠤᠤᠱᠯᠠᠭᠤᠯᠬᠤ ᠬᠡᠷᠡᠭᠲᠡᠢ ᠃ ᠣᠨᠴᠠᠭᠠᠢᠯᠠᠨ ᠨᠠᠮ ᠤᠨ ᠰᠤᠷᠳᠠᠯ ᠠᠷᠢᠭᠤᠨ ᠴᠢᠬᠡᠴᠢ ᠪᠡᠷ ᠵᠠᠰᠠᠭ ᠪᠠᠷᠢᠬᠤ ᠪᠦᠲᠦᠭᠡᠨ ᠪᠠᠢᠭᠤᠯᠤᠯᠲᠠ ᠶᠢᠨ ᠠᠵᠢᠯ ᠂ ᠡᠷᠭᠡᠪᠰᠢ ᠳᠤᠰ ᠤᠳᠠᠭᠠᠨ ᠤ ᠰᠡᠷᠡᠮᠵᠢᠯᠡᠭᠦᠯᠬᠦ ᠬᠦᠮᠦᠵᠢᠯ ᠦᠨ ᠶᠡᠬᠡ ᠬᠤᠷᠠᠯ ᠤᠨ ᠮᠡᠳᠡᠭᠳᠡᠭᠰᠡᠨ ᠨᠡᠢᠲᠡᠯᠢᠭ ᠬᠡᠷᠡᠭ ᠦᠨ ᠵᠢᠱᠢᠶ᠎ᠠ ᠪᠠᠷ ᠴᠡᠭᠡᠷ ᠪᠤᠯᠭᠠᠵᠤ ᠂ ᠳᠤᠰ ᠨᠢᠬᠡᠴᠡ ᠂ ᠳᠤᠰ ᠰᠠᠯᠠᠭ᠎ᠠ ᠮᠦᠴᠢᠷ ᠪᠤᠯᠤᠨ ᠬᠤᠪᠢ ᠬᠦᠮᠦᠨ ᠦ ᠪᠤᠳᠠᠳᠠᠢ ᠪᠠᠢᠳᠠᠯ ᠳᠠᠢ ᠨᠢᠭᠳᠠ ᠤᠶᠠᠯᠳᠤᠭᠤᠯᠵᠤ ᠂ ᠠᠰᠠᠭᠤᠳᠠᠯ ᠢ ᠬᠦᠨᠵᠡᠬᠡᠢ ᠪᠠᠢᠴᠠᠭᠠᠵᠤ ᠂ ᠬᠦᠨᠵᠡᠭᠡᠢ ᠬᠠᠷᠢᠴᠠᠭᠤᠯᠤᠨ ᠪᠠᠢᠴᠠᠭᠠᠵᠤ ᠂ ᠳᠠᠰᠤᠷᠠᠯ ᠦᠬᠡᠢ ᠠᠵᠢᠯ ᠤᠨ ᠰᠤᠷᠳᠠᠯ ᠢᠶᠠᠨ ᠳᠡᠭᠡᠭᠰᠢᠯᠡᠬᠦᠯᠵᠦ ᠂ ᠨᠢᠬᠡᠨ ᠢᠳᠡᠬᠡᠯ ᠪᠢᠰᠢᠷᠡᠯ ᠡᠷᠡᠰ ᠪᠠᠳᠤ ᠂ ᠳᠤᠬᠠᠢᠯᠠᠭᠰᠠᠨ ᠠᠵᠢᠯ ᠳᠤ ᠴᠠᠭᠠᠷᠠᠭᠰᠠᠨ ᠂ ᠰᠤᠷᠳᠠᠯ ᠰᠢᠯᠢᠳᠡᠭ ᠰᠢᠬᠦᠬᠦ ᠬᠤᠷᠢᠶᠠᠨ ᠤ ᠡᠩᠨᠡᠭᠡ ᠶᠢ ᠴᠢᠷᠮᠠᠢᠨ ᠪᠠᠢᠭᠤᠯᠵᠤ ᠂ ᠪᠦᠬᠦ ᠬᠤᠳᠠ ᠶᠢᠨ ᠠᠵᠤ ᠠᠬᠤᠢ ᠨᠡᠢᠭᠡᠮ ᠦᠨ ᠬᠦᠭᠵᠢᠯᠲᠡ ᠪᠠ ᠨᠡᠢᠭᠡᠮ ᠦᠨ ᠡᠶ᠎ᠠ ᠵᠤᠬᠢᠴᠠᠯ ᠳᠠᠢ ᠯᠠᠪᠳᠠᠭᠤᠨ ᠳᠤᠭᠳᠠᠭᠤᠨ ᠳᠤ ᠨᠡᠩ ᠬᠦᠴᠦᠲᠠᠢ ᠬᠠᠤᠯᠢ ᠴᠠᠭᠠᠵᠠ ᠶᠢᠨ ᠪᠠᠳᠤᠯᠭ᠎ᠠ ᠬᠠᠩᠭᠠᠨ᠎ᠠ ᠃
ᠦᠨᠡᠯᠡᠬᠦ 0ᠦᠨᠡᠯᠡᠯᠲᠡ᠎ᠲᠠᠢ