ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶ᠎ᠠ ᠠᠴᠠ ᠪᠦᠬᠦ ᠬᠤᠳᠠ ᠶᠢᠨ ᠰᠢᠬᠦᠬᠦ ᠬᠤᠷᠢᠶᠠᠨ ᠤ ᠤᠳᠤᠷᠢᠳᠤᠯᠭ᠎ᠠ ᠺᠠᠳᠠᠷ ᠬᠠᠷᠢᠭᠤᠴᠠᠯᠭ᠎ᠠ ᠳᠤᠭᠠᠴᠢᠬᠤ ᠴᠢᠬᠡᠴᠢ ᠳᠤᠭᠠᠴᠢᠬᠤ ᠶᠡᠬᠡ ᠬᠤᠷᠠᠯ ᠬᠤᠷᠠᠯᠳᠤᠭᠤᠯᠪᠠ
ᠤᠳᠤᠷᠢᠳᠤᠯᠭ᠎ᠠ ᠺᠠᠳᠠᠷ ᠤᠨ ᠬᠠᠷᠢᠭᠤᠴᠠᠯᠭ᠎ᠠ ᠡᠬᠦᠷᠭᠡᠯᠡᠬᠦ ᠤᠬᠠᠮᠰᠠᠷ ᠂ ᠠᠷᠢᠭᠤᠨ ᠴᠢᠬᠡᠴᠢ ᠪᠡᠶ᠎ᠠ ᠪᠠᠨ ᠪᠠᠷᠢᠬᠤ ᠤᠬᠠᠮᠰᠠᠷ ᠢ ᠤᠯᠠᠮ ᠨᠢᠬᠡ ᠠᠯᠬᠤᠮ ᠴᠢᠩᠭᠠᠳᠭᠠᠵᠤ᠂ ᠪᠦᠬᠦ ᠬᠤᠳᠠ ᠶᠢᠨ ᠰᠢᠬᠦᠬᠦ ᠬᠤᠷᠢᠶᠠᠨ ᠤ ᠠᠵᠢᠯ ᠢ ᠪᠤᠳᠠᠳᠠᠢ ᠲᠦᠯᠬᠢᠨ ᠠᠬᠢᠭᠤᠯᠵᠤ ᠰᠢᠨ᠎ᠠ ᠨᠢᠬᠡᠨ ᠳᠡᠭᠳᠡᠷ ᠲᠦ ᠭᠠᠷᠭᠠᠬᠤ ᠶᠢᠨ ᠲᠦᠯᠦᠬᠡ ᠂ 1 ᠰᠠᠷᠠᠢᠨ 22 ᠤ ᠡᠳᠦᠷ ᠦᠨ ᠦᠳᠡ ᠶᠢᠨ ᠡᠮᠦᠨ᠎ᠠ ᠂ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶ᠎ᠠ ᠤᠳᠤᠷᠢᠳᠤᠯᠭ᠎ᠠ ᠺᠠᠳᠠᠷ ᠤᠨ ᠬᠠᠷᠢᠭᠤᠴᠠᠯᠭ᠎ᠠ ᠳᠤᠭᠠᠴᠢᠬᠤ ᠴᠢᠬᠡᠴᠢ ᠳᠤᠭᠠᠴᠢᠬᠤ ᠶᠡᠬᠡ ᠬᠤᠷᠠᠯ ᠬᠤᠷᠠᠯᠳᠤᠭᠤᠯᠪᠠ ᠃ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠤᠳᠤᠷᠢᠳᠬᠤ ᠪᠠᠭ ᠤᠨ ᠬᠡᠰᠢᠬᠦᠨ ᠂ ᠡᠯ᠎ᠠ ᠬᠤᠰᠢᠭᠤ ᠳᠤᠭᠤᠷᠢᠭ ᠤᠨ ᠰᠢᠬᠦᠬᠦ ᠬᠤᠷᠢᠶᠠᠨ ᠤ ᠬᠤᠷᠢᠶᠠᠨ ᠳᠠᠷᠤᠭ᠎ᠠ ᠂ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠪᠦᠬᠦ ᠺᠠᠳᠠᠷ ᠴᠠᠭᠳᠠᠭ᠎ᠠ ᠭᠤᠤᠯ ᠬᠤᠷᠠᠯ ᠤᠨ ᠳᠠᠯᠠᠪᠤᠷ ᠲᠤ ᠬᠤᠷᠠᠯ ᠳᠤ ᠤᠷᠤᠯᠴᠠᠵᠤ ᠂ ᠡᠯ᠎ᠡ ᠬᠤᠰᠢᠭᠤ ᠳᠤᠭᠤᠷᠢᠭ ᠤᠨ ᠰᠢᠬᠦᠬᠦ ᠬᠤᠷᠢᠶᠠᠨ ᠤ ᠪᠤᠰᠤᠳ ᠤᠳᠤᠷᠢᠳᠬᠤ ᠪᠠᠭ ᠤᠨ ᠬᠡᠰᠢᠬᠦᠨ ᠪᠤᠯᠤᠨ ᠺᠠᠳᠠᠷ ᠴᠠᠭᠳᠠᠭ᠎ᠠ ᠬᠤᠪᠢᠶᠠᠷᠢ ᠬᠤᠷᠠᠯ ᠤᠨ ᠳᠠᠯᠠᠪᠤᠷ ᠲᠤ ᠬᠤᠷᠠᠯ ᠢ ᠰᠣᠨᠤᠰᠪᠠ ᠃
ᠬᠤᠳᠠ ᠶᠢᠨ ᠠᠷᠠᠳ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠹᠠᠨ ᠶᠢᠦ ᠹᠠ ᠳᠡᠳ᠋ ᠬᠤᠷᠢᠶᠠᠨ ᠳᠠᠷᠤᠭ᠎ᠠ ᠬᠤᠷᠠᠯ ᠡᠷᠬᠢᠯᠡᠪᠡ ᠂ ᠲᠡᠷᠡ ᠵᠢᠭᠠᠵᠤ ᠭᠠᠷᠭᠠᠭᠰᠠᠨ ᠨᠢ᠂ ᠤᠳᠤᠷᠢᠳᠤᠯᠭ᠎ᠠ ᠺᠠᠳᠠᠷ ᠨᠠᠮ ᠤᠨ ᠵᠤᠬᠢᠶᠠᠨ ᠪᠠᠢᠭᠤᠯᠤᠯᠲᠠ ᠳᠤ ᠬᠠᠷᠢᠭᠤᠴᠠᠯᠭ᠎ᠠ ᠳᠤᠭᠠᠴᠢᠬᠤ ᠴᠢᠬᠡᠴᠢ ᠳᠤᠭᠠᠴᠢᠬᠤ ᠮᠡᠳᠡᠭᠦᠯᠦᠯᠲᠡ ᠬᠢᠬᠦ ᠨᠢ《ᠳᠤᠮᠳᠠᠳᠤ ᠤᠯᠤᠰ ᠤᠨ ᠡᠪ ᠬᠠᠮᠳᠤ ᠨᠠᠮ ᠤᠨ ᠨᠠᠮ ᠤᠨ ᠳᠤᠳᠤᠭᠠᠳᠤ ᠶᠢᠨ ᠬᠢᠨᠠᠨᠯᠲᠠ ᠳᠠᠯᠪᠢᠬᠤ ᠲᠦᠷᠢᠮ》《ᠰᠢᠨ᠎ᠠ ᠴᠠᠭ ᠦᠶ᠎ᠠ ᠶᠢᠨ ᠨᠠᠮ ᠤᠨ ᠳᠤᠳᠤᠷᠠᠬᠢ ᠤᠯᠤᠰ ᠲᠦᠷᠦ ᠶᠢᠨ ᠠᠮᠢᠳᠤᠷᠠᠯ ᠤᠨ ᠳᠤᠬᠠᠢ ᠪᠠᠷᠢᠮᠵᠢᠶ᠎ᠠ ᠨᠤᠭᠤᠳ》 ᠢ ᠨᠠᠢᠳᠠᠪᠤᠷᠢᠵᠢᠭᠤᠯᠵᠤ ᠨᠢᠬᠡᠨ ᠴᠢᠬᠤᠯᠠ ᠠᠷᠭ᠎ᠠ ᠠᠪᠴᠢᠯ ᠪᠠᠢᠵᠤ ᠂ ᠨᠠᠮ ᠤᠨ ᠳᠤᠳᠤᠭᠠᠳᠤ ᠳᠤ ᠬᠢᠨᠠᠯᠲᠠ ᠳᠠᠯᠪᠢᠬᠤ ᠨᠢᠬᠡᠨ ᠵᠦᠢᠯ ᠦᠨ ᠪᠡᠶ᠎ᠠ ᠪᠠᠷ ᠪᠠᠷᠢᠬᠤ ᠪᠠᠢᠭᠤᠯᠤᠮᠵᠢ ᠂ ᠮᠦᠨᠴᠦ ᠨᠠᠮ ᠤᠨ ᠵᠤᠬᠢᠶᠠᠨ ᠪᠠᠢᠭᠤᠯᠤᠯᠲᠠ ᠴᠢᠩᠭ᠎ᠠ ᠬᠢᠨᠠᠯᠲᠠ ᠪᠤᠯᠤᠨ ᠨᠠᠮ ᠤᠨ ᠬᠡᠰᠢᠬᠦᠨ ᠺᠠᠳᠠᠷ ᠨᠠᠷᠢᠨ ᠬᠢᠨᠠᠮᠠᠭᠠᠢ ᠪᠡᠶ᠎ᠠ ᠪᠠᠨ ᠪᠠᠷᠢᠬᠤ ᠳᠠᠢ ᠤᠶᠠᠯᠳᠤᠭᠤᠯᠭᠰᠠᠨ ᠪᠦᠲᠦᠮᠵᠢᠲᠠᠢ ᠬᠡᠯᠪᠡᠷᠢ ᠮᠦᠨ ᠃ ᠤᠳᠤᠷᠢᠳᠤᠯᠭ᠎ᠠ ᠺᠠᠳᠠᠷ ᠤᠨ ᠬᠠᠷᠢᠭᠤᠴᠠᠯᠭ᠎ᠠ ᠳᠤᠭᠠᠴᠢᠬᠤ ᠴᠢᠬᠡᠴᠢ ᠳᠤᠭᠠᠴᠢᠬᠤ ᠪᠠᠷ ᠳᠠᠮᠵᠢᠵᠤ ᠂ ᠨᠠᠮ ᠤᠨ ᠵᠤᠬᠢᠶᠠᠨ ᠪᠠᠢᠭᠤᠯᠤᠯᠲᠠ ᠳᠤ ᠤᠳᠤᠷᠢᠳᠤᠯᠭ᠎ᠠ ᠺᠠᠳᠠᠷ ᠠᠵᠢᠯ ᠤᠨ ᠬᠠᠷᠢᠭᠤᠴᠠᠯᠭ᠎ᠠ ᠡᠬᠦᠷᠭᠡ ᠪᠠ ᠴᠢᠬᠡᠴᠢ ᠵᠠᠰᠠᠭ ᠤᠨ ᠪᠦᠲᠦᠭᠡᠨ ᠪᠠᠢᠭᠤᠯᠤᠯᠲᠠ ᠶᠢ ᠪᠠᠷᠢᠮᠲᠠᠯᠠᠵᠤ ᠪᠠᠢᠬᠤ ᠪᠠᠢᠳᠠᠯ ᠢ ᠣᠢᠯᠠᠭᠠᠭᠤᠯᠵᠤ ᠂ ᠡᠭᠦᠨ ᠦ ᠤᠯᠠᠮ ᠠᠴᠠ ᠲᠡᠭᠦᠨ ᠦ ᠳᠤᠰᠢᠶᠠᠯ ᠳᠤ ᠪᠠᠨ ᠳᠤᠬᠢᠷᠠᠵᠤ ᠪᠠᠢᠬᠤ ᠡᠰᠡᠬᠦ ᠳᠦ ᠪᠤᠰᠤᠳᠴᠢ ᠦᠨᠡᠯᠡᠯᠲᠡ ᠦᠭᠴᠦ ᠳᠡᠢᠯᠦᠨ᠎ᠠ ᠃ ᠡᠭᠦᠨ ᠦ ᠬᠠᠮᠳᠤ ᠬᠠᠷᠢᠭᠤᠴᠠᠯᠭ᠎ᠠ ᠳᠤᠭᠠᠴᠢᠬᠤ ᠴᠢᠬᠡᠴᠢ ᠳᠤᠭᠠᠴᠢᠬᠤ ᠤᠳᠤᠷᠢᠳᠤᠯᠭ᠎ᠠ ᠺᠠᠳᠠᠷ ᠦᠨ ᠰᠡᠳᠬᠢᠯ ᠢ ᠲᠠᠢᠪᠤᠰᠢᠷᠠᠭᠤᠯᠬᠤ ᠂ ᠦᠪᠡᠷ ᠦᠨ ᠥᠩᠭᠡᠷᠡᠭᠰᠡᠨ ᠨᠢᠬᠡ ᠵᠢᠯ ᠦᠨ ᠠᠵᠢᠯ ᠢᠶᠠᠨ ᠨᠠᠷᠢᠨ ᠬᠢᠨᠠᠮᠠᠭᠠᠢ ᠡᠷᠬᠢᠴᠡᠬᠦᠯᠬᠦ ᠪᠠ ᠪᠤᠳᠤᠯᠬᠢᠯᠠᠵᠤ ᠂ ᠬᠤᠵᠢᠮ ᠤᠨ ᠠᠵᠢᠯ ᠳᠤ ᠲᠦᠯᠦᠪᠯᠡᠬᠡ ᠭᠠᠷᠭᠠᠬᠤ ᠪᠠ ᠲᠦᠰᠦᠪᠯᠡᠨ ᠪᠤᠳᠤᠵᠤ ᠂ ᠡᠭᠦᠨ ᠦ ᠤᠯᠠᠮ ᠠᠴᠠ ᠳᠠᠪᠠᠭᠤᠯᠢᠭ ᠳᠠᠯ᠎ᠠ ᠪᠠᠨ ᠪᠠᠳᠠᠷᠠᠭᠤᠯᠵᠤ ᠂ ᠬᠦᠷᠦᠯᠴᠡᠬᠦ ᠦᠬᠡᠢ ᠳᠠᠯ᠎ᠠ ᠪᠠᠨ ᠰᠠᠢᠵᠢᠷᠠᠭᠤᠯᠵᠤ ᠂ ᠬᠠᠷᠢᠭᠤᠴᠠᠯᠭᠠᠲᠤ ᠰᠡᠳᠬᠢᠯᠬᠡ ᠪᠠ ᠳᠠᠷᠤᠯᠳᠠ ᠰᠡᠳᠬᠢᠯᠬᠡ ᠪᠡᠨ ᠴᠢᠩᠭᠠᠳᠬᠠᠵᠤ ᠂ ᠠᠵᠢᠯ ᠤᠨ ᠢᠳᠡᠪᠬᠢ ᠴᠢᠨᠠᠷ ᠂ ᠰᠠᠨᠠᠭᠠᠴᠢᠯᠠᠭᠠᠲᠤ ᠴᠢᠨᠠᠷ ᠢ ᠪᠠᠳᠠᠷᠠᠭᠤᠯᠤᠨ᠎ᠠ ᠃
ᠬᠤᠷᠠᠯ ᠳᠡᠭᠡᠷ᠎ᠠ ᠂ ᠡᠯ᠎ᠠ ᠬᠤᠰᠢᠭᠤ ᠳᠤᠭᠤᠷᠢᠭ ᠤᠨ ᠰᠢᠬᠦᠬᠦ ᠬᠤᠷᠢᠶᠠᠨ ᠤ ᠬᠤᠷᠢᠶᠠᠨ ᠳᠠᠷᠤᠭ᠎ᠠ ᠳᠤᠰᠪᠤᠷᠢ ᠬᠠᠷᠢᠭᠤᠴᠠᠯᠭ᠎ᠠ ᠳᠤᠭᠠᠴᠢᠬᠤ ᠴᠢᠬᠡᠴᠢ ᠳᠤᠭᠠᠴᠢᠬᠤ ᠮᠡᠳᠡᠭᠦᠯᠦᠯᠲᠡ ᠬᠢᠪᠡ ᠃ ᠬᠤᠳᠠ ᠶᠢᠨ ᠠᠷᠠᠳ ᠳᠤᠮᠳᠠ ᠵᠡᠷᠬᠡ ᠰᠢᠬᠦᠬᠦ ᠬᠤᠷᠢᠶᠠᠨ ᠤ ᠡᠯ᠎ᠠ ᠬᠠᠮᠢᠶᠠᠷᠤᠯᠲᠠ ᠶᠢᠨ ᠳᠡᠳ᠋ ᠬᠤᠷᠢᠶᠠᠨ ᠳᠠᠷᠤᠭ᠎ᠠ ᠶᠡᠬᠡ ᠬᠤᠷᠠᠯ ᠳᠤ ᠬᠠᠷᠢᠭᠤᠴᠠᠯᠭ᠎ᠠ ᠳᠤᠭᠠᠴᠢᠬᠤ ᠴᠢᠬᠡᠴᠢ ᠳᠤᠭᠠᠴᠢᠬᠤ ᠮᠡᠳᠡᠭᠦᠯᠦᠯᠲᠡ ᠶᠢᠨ ᠪᠢᠴᠢᠭ᠌ ᠳᠤᠰᠢᠶᠠᠪᠠ ᠃
ᠦᠨᠡᠯᠡᠬᠦ 0ᠦᠨᠡᠯᠡᠯᠲᠡ ᠲᠠᠢ