2017 ᠤᠨ ᠤ 2 ᠰᠠᠷᠠᠢᠨ 5 ᠤ ᠡᠳᠦᠷ—— 2 ᠰᠠᠷᠠᠢᠨ 7 ᠤ ᠡᠳᠦᠷ ᠂ ᠤᠷᠳᠤᠰ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶ᠎ᠠ ᠭᠤᠷᠪᠠᠨ ᠡᠳᠦᠷ ᠦᠨ ᠨᠠᠮ ᠤᠨ ᠬᠡᠰᠢᠬᠦᠨ ᠦ ᠪᠤᠯᠪᠠᠰᠤᠷᠠᠯ ᠤᠨ ᠠᠩᠭᠢ ᠨᠡᠭᠡᠭᠡᠵᠦ ᠂ ᠨᠠᠮ ᠤᠨ ᠠᠷᠪᠠᠨ ᠨᠠᠢ᠍ᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ ᠂ ᠲᠦᠷᠪᠡᠳᠦᠭᠡᠷ ᠂ ᠳᠠᠪᠤᠳᠤᠭᠠᠷ ᠂ ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠵᠢᠴᠢ ᠪᠦᠬᠦ ᠳᠠᠯ᠎ᠠ ᠪᠠᠷ ᠨᠠᠮ ᠢ ᠴᠢᠩᠭ᠎ᠠ ᠵᠠᠰᠠᠬᠤ ᠡᠯ᠎ᠠ ᠱᠠᠭᠠᠷᠳᠠᠯᠭ᠎ᠠ ᠶᠢ ᠨᠠᠢᠳᠠᠪᠤᠷᠢᠵᠢᠭᠤᠯᠵᠤ ᠂ ᠰᠢ ᠵᠢᠨ ᠫᠢᠩ ᠶᠡᠷᠦᠩᠬᠡᠢ ᠱᠦᠵᠢ ᠶᠢᠨ ᠪᠦᠬᠦ ᠨᠠᠮ ᠤᠨ ᠰᠤᠷᠭᠠᠨ ᠬᠦᠮᠦᠵᠢᠯ ᠢ ᠴᠢᠩᠭ᠎ᠠ ᠠᠳᠬᠠᠬᠤ ᠠᠵᠢᠯ ᠤᠨ ᠳᠤᠬᠠᠢ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠬᠦᠢᠴᠡᠳᠬᠡᠵᠦ ᠂ ᠺᠠᠳᠠᠷ ᠴᠠᠭᠳᠠᠭ᠎ᠠ ᠶᠢᠨ ᠶᠡᠷᠦᠩᠬᠡᠢ ᠬᠡᠪ ᠴᠢᠨᠠᠷ ᠢ ᠳᠡᠭᠡᠭᠰᠢᠯᠡᠭᠦᠯᠦᠨ᠎ᠡ ᠃ ᠳᠤᠰ ᠤᠳᠠᠭᠠᠨ ᠤ ᠪᠤᠯᠪᠠᠰᠤᠷᠠᠯ ᠤᠨ ᠠᠩᠬᠢ ᠨᠢ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠲᠦᠷᠢᠮ ᠦᠨ ᠥᠭᠡᠷᠡᠴᠢᠯᠡᠯᠲᠡ ᠶᠢᠨ ᠳᠤᠰᠬᠠᠢ ᠰᠡᠳᠦᠪᠲᠦ ᠳᠠᠢᠯᠤᠮᠵᠢ᠂ ᠨᠠᠮ ᠤᠨ ᠰᠤᠷᠳᠠᠯ ᠴᠢᠬᠡᠴᠢ ᠵᠠᠰᠠᠭ ᠤᠨ ᠪᠦᠲᠦᠭᠡᠨ ᠪᠠᠢᠭᠤᠯᠤᠯᠲᠠ ᠶᠢᠨ ᠰᠤᠷᠭᠠᠨ ᠬᠦᠮᠦᠵᠢᠯ ᠂ ᠬᠠᠤᠯᠢ ᠴᠠᠭᠠᠵᠠ ᠶᠢᠨ ᠶᠤᠰᠤ ᠵᠢᠷᠦᠮ ᠪᠠ ᠰᠢᠯᠢᠳᠡᠭ ᠰᠢᠬᠦᠭᠴᠢ ᠶᠢᠨ ᠲᠡᠷᠢᠬᠦᠨ ᠦ ᠦᠢᠯᠡ ᠠᠵᠢᠯᠯᠠᠭ᠎ᠠ ᠶᠢᠨ ᠮᠡᠳᠡᠭᠦᠯᠦᠯᠲᠡ ᠲᠦᠷᠪᠡᠨ ᠰᠡᠳᠦᠪ ᠬᠤᠪᠢᠶᠠᠵᠤ ᠶᠠᠪᠤᠭᠳᠠᠪᠠ ᠃ ᠬᠤᠳᠠ ᠶᠢᠨ ᠠᠷᠠᠳ ᠤ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠤᠳᠤᠷᠢᠳᠬᠤ ᠪᠠᠭ ᠪᠤᠯᠤᠨ ᠪᠦᠬᠦ ᠺᠠᠳᠠᠷ ᠴᠠᠭᠳᠠᠭ᠎ᠠ ᠪᠤᠯᠪᠠᠰᠤᠷᠠᠯ ᠳᠤ ᠤᠷᠤᠯᠴᠠᠪᠠ ᠃
ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶ᠎ᠠ ᠬᠠᠤᠯᠢ ᠴᠠᠭᠠᠵᠠ ᠶᠢᠨ ᠥᠭᠡᠷᠡᠴᠢᠯᠡᠯᠲᠡ ᠶᠢᠨ ᠳᠤᠰᠬᠠᠢ ᠮᠡᠷᠭᠡᠵᠢᠯᠲᠡᠨ ᠢ ᠤᠷᠢᠵᠤ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠲᠦᠷᠢᠮ ᠦᠨ ᠥᠭᠡᠷᠡᠴᠢᠯᠡᠯᠲᠡ ᠶᠢᠨ ᠳᠤᠰᠬᠠᠢ ᠰᠡᠳᠦᠪᠲᠦ ᠳᠠᠢᠯᠤᠮᠵᠢ ᠬᠢᠪᠡ ᠃ ᠳᠠᠢᠯᠤᠮᠵᠢ ᠨᠢ ᠳᠡᠭᠡᠳᠦ ᠳᠡᠰ ᠦᠨ ᠲᠦᠯᠦᠪᠯᠡᠬᠡ ᠶᠢᠨ ᠵᠤᠭᠰᠤᠴᠠ ᠠᠴᠠ ᠪᠤᠯᠪᠠᠰᠤᠷᠠᠯ ᠳᠤ ᠤᠷᠤᠯᠴᠠᠭᠰᠠᠨ ᠬᠦᠮᠦᠰ ᠲᠦ ᠬᠠᠤᠯᠢ ᠴᠠᠭᠠᠵᠠ ᠶᠢᠨ ᠥᠭᠡᠷᠡᠴᠢᠯᠡᠯᠲᠡ ᠶᠢᠨ ᠶᠡᠷᠦᠩᠬᠡᠢ ᠲᠣᠬᠢᠷᠠᠭᠤᠯᠤᠯᠲᠠ ᠪᠤᠯᠤᠨ ᠶᠠᠪᠤᠭᠳᠠᠭᠤᠯᠵᠤ ᠪᠠᠢᠭ᠎ᠠ ᠪᠠᠢᠳᠠᠯ ᠢ ᠳᠠᠢᠯᠪᠤᠷᠢᠯᠠᠪᠠ ᠃ ᠳᠠᠷᠠᠭ᠎ᠠ ᠨᠢ ᠬᠠᠤᠯᠢ ᠴᠠᠭᠠᠵᠠ ᠶᠢᠨ ᠥᠭᠡᠷᠡᠴᠢᠯᠡᠯᠲᠡ ᠬᠦᠨ ᠬᠡᠰᠡᠭ ᠦᠨ ᠬᠤᠯᠪᠤᠭᠳᠠᠭᠰᠠᠨ ᠬᠡᠳᠦᠨ ᠴᠢᠬᠤᠯᠠ ᠠᠰᠠᠭᠤᠳᠠᠯ ᠳᠤ ᠲᠠᠢᠯᠪᠤᠷᠢᠯᠠᠯᠲᠠ ᠬᠢᠵᠦ ᠂ 《ᠰᠢᠯᠵᠢᠯᠲᠡ ᠶᠢᠨ ᠬᠤᠭᠤᠴᠠᠭ᠎ᠠ》ᠪᠠᠢᠬᠤ ᠡᠰᠡᠬᠦ ᠂ ᠳᠠᠩᠰᠠᠨ ᠳᠤ ᠤᠷᠤᠭ᠎ᠠ ᠦᠬᠡᠢ ᠰᠢᠬᠦᠭᠴᠢ ᠬᠡᠷᠡᠭ ᠰᠢᠢᠳᠪᠦᠷᠢᠡᠯᠬᠦ ᠳᠦ ᠬᠠᠪᠰᠤᠷᠬᠤ ᠨᠢ ᠵᠤᠬᠢᠰᠲᠠᠢ ᠡᠰᠡᠬᠦ ᠵᠢᠴᠢ ᠬᠤᠵᠢᠮ ᠤᠨ ᠳᠤᠬᠢᠷᠠᠭᠤᠯᠬᠤ ᠠᠰᠠᠭᠤᠳᠠᠯ ᠂ ᠬᠠᠤᠯᠢ ᠴᠠᠭᠠᠵᠠ ᠶᠢᠨ ᠬᠠᠪᠰᠤᠷᠤᠭᠴᠢ ᠬᠦᠮᠦᠰ ᠦᠨ ᠲᠣᠬᠢᠷᠠᠭᠤᠯᠤᠯᠲᠠ ᠵᠢᠴᠢ ᠬᠡᠷᠭᠢᠨ ᠨᠡᠮᠡᠵᠦ ᠨᠦᠬᠦᠪᠦᠷᠢᠯᠡᠬᠦ ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠬᠦᠮᠦᠨ ᠦ ᠬᠠᠷᠢᠴᠠᠯ ᠤᠨ ᠲᠥᠯᠦᠪᠯᠡᠭᠡ ᠵᠢᠴᠢ ᠺᠠᠳᠠᠷ ᠬᠦᠮᠦᠵᠢᠬᠦᠯᠬᠦ ᠵᠡᠷᠬᠡ ᠨᠢᠬᠡᠨ ᠰᠢᠷᠢᠰ ᠠᠰᠠᠭᠤᠳᠠᠯ ᠢ ᠪᠠᠭᠳᠠᠭᠠᠪᠠ ᠂ ᠡᠳᠡᠬᠡᠷ ᠠᠰᠠᠭᠤᠳᠠᠯ ᠨᠢ ᠪᠦᠬᠦ ᠬᠤᠳᠠ ᠶᠢᠨ ᠰᠢᠬᠦᠬᠦ ᠬᠤᠷᠢᠶᠠᠨ ᠤ ᠳᠠᠷᠠᠭᠠᠴᠢ ᠶᠢᠨ ᠠᠯᠬᠤᠮ ᠤᠨ ᠰᠢᠬᠦᠨ ᠳᠠᠰᠤᠯᠤᠯᠲᠠ ᠶᠢᠨ ᠡᠩᠨᠡᠭᠡ ᠶᠢᠨ ᠪᠦᠲᠦᠭᠡᠨ ᠪᠠᠢᠭᠤᠯᠤᠯᠲᠠ ᠂ ᠠᠵᠢᠯᠲᠠᠨ ᠤ ᠲᠦᠷᠦᠯ ᠬᠤᠪᠢᠶᠠᠵᠤ ᠬᠠᠮᠢᠶᠠᠷᠬᠤ ᠂ ᠳᠤᠰᠬᠠᠢ ᠰᠢᠬᠦᠭᠴᠢ ᠶᠢᠨ ᠬᠠᠮᠳᠤᠷᠠᠭᠰᠠᠨ ᠬᠤᠷᠠᠯᠳᠤᠭᠠᠨ ᠤ ᠪᠠᠢᠷᠢᠯᠠᠭᠤᠯᠤᠯᠲᠠ ᠳᠤ ᠮᠠᠰᠢ ᠶᠡᠬᠡ ᠵᠢᠭᠠᠨ ᠵᠢᠯᠤᠭᠤᠳᠤᠯᠭ᠎ᠠ ᠶᠢᠨ ᠦᠢᠯᠡᠳᠦᠯ ᠳᠠᠢ ᠶᠤᠮ ᠃
ᠬᠤᠳᠠ ᠶᠢᠨ ᠰᠠᠬᠢᠯᠭ᠎ᠠ ᠪᠠᠳᠤ ᠪᠠᠢᠴᠠᠭᠠᠬᠤ ᠬᠤᠷᠢᠶᠠᠨ ᠤ ᠲᠦᠷᠦ ᠶᠢᠨ ᠪᠤᠳᠤᠯᠭ᠎ᠠ ᠬᠠᠤᠯᠢ ᠳᠤᠭᠳᠠᠭᠠᠯ ᠰᠤᠳᠤᠯᠠᠬᠤ ᠳᠠᠰᠤᠭ ᠤᠨ ᠪᠠᠢ ᠭᠦᠸᠸ ᠳ᠋ᠦᠩ ᠡᠷᠬᠢᠯᠡᠭᠴᠢ ᠪᠦᠬᠦ ᠰᠢᠬᠦᠬᠦ ᠬᠤᠷᠢᠶᠠᠨ ᠤ ᠺᠠᠳᠠᠷ ᠴᠠᠭᠳᠠᠭ᠎ᠠ ᠳᠤ ᠨᠢᠬᠡᠨ ᠠᠮᠢᠳᠤᠯᠢᠭ ᠨᠠᠮ ᠤᠨ ᠰᠤᠷᠳᠠᠯ ᠴᠢᠬᠡᠴᠢ ᠵᠠᠰᠠᠭ ᠤᠨ ᠰᠤᠷᠭᠠᠨ ᠬᠦᠮᠦᠵᠢᠯ ᠦᠨ ᠬᠢᠴᠢᠶᠡᠯ ᠤᠷᠤᠪᠠ ᠃ ᠪᠠᠢ ᠡᠷᠬᠢᠯᠡᠭᠴᠢ ᠠᠷᠪᠠᠨ ᠨᠠᠢ᠍ᠮᠠᠳᠤᠭᠠᠷ ᠬᠤᠭᠤᠴᠠᠭᠠᠨ ᠤ ᠵᠢᠷᠭᠤᠳᠤᠭᠠᠷ ᠪᠦᠬᠦᠳᠡ ᠬᠤᠷᠠᠯ ᠪᠠ ᠲᠦᠪ ᠂ ᠥᠪᠡᠷᠲᠡᠭᠡᠨ ᠵᠠᠰᠠᠬᠤ ᠤᠷᠤᠨ ᠂ ᠬᠤᠳᠠ ᠶᠢᠨ ᠰᠠᠬᠢᠯᠭ᠎ᠠ ᠪᠠᠳᠤ ᠪᠠᠢᠴᠠᠭᠠᠬᠤ ᠬᠤᠷᠢᠶᠠᠨ ᠤ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠣᠢᠯᠭᠠᠬᠤ ᠪᠠᠷ ᠭᠠᠷᠳᠠᠬᠤ ᠴᠡᠭ ᠪᠤᠯᠭᠠᠵᠤ ᠂ ᠮᠠᠨ ᠤ ᠨᠠᠮ ᠤᠨ ᠤᠳᠠᠭ᠎ᠠ ᠪᠦᠷᠢ ᠶᠢᠨ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠨᠠᠮ ᠤᠨ ᠰᠤᠷᠳᠠᠯ ᠴᠢᠬᠡᠴᠢ ᠵᠠᠰᠠᠭ ᠤᠨ ᠪᠦᠲᠦᠭᠡᠨ ᠪᠠᠢᠭᠤᠯᠤᠯᠲᠠ ᠪᠤᠯᠤᠨ ᠢᠯᠵᠠᠷᠠᠮᠠᠯ ᠢ ᠳᠡᠮᠡᠴᠡᠬᠦ ᠠᠵᠢᠯ ᠤᠨ ᠪᠠᠢᠷᠢᠯᠠᠭᠤᠯᠤᠯᠲᠠ ᠶᠢᠨ ᠳᠤᠬᠠᠢ ᠲᠠᠨᠢᠯᠴᠠᠭᠤᠯᠵᠤ ᠂ ᠠᠷᠪᠠᠨ ᠨᠠᠢ᠍ᠮᠠᠳᠤᠭᠠᠷ ᠶᠡᠬᠡ ᠬᠤᠷᠠᠯ ᠠᠴᠠ ᠨᠠᠰᠢᠬᠢ ᠳᠤᠮᠳᠠᠳᠤ ᠤᠯᠤᠰ ᠤᠨ ᠡᠪ ᠬᠠᠮᠳᠤ ᠨᠠᠮ ᠤᠨ ᠢᠯᠵᠠᠷᠠᠮᠠᠯ ᠢ ᠡᠰᠡᠷᠭᠦᠴᠡᠬᠦ ᠳᠡᠮᠡᠴᠡᠯ ᠳᠤᠮᠳᠠ ᠤᠯᠤᠭᠰᠠᠨ ᠴᠢᠬᠤᠯᠠ ᠶᠡᠬᠡ ᠠᠮᠵᠢᠯᠲᠠ ᠪᠦᠲᠦᠮᠵᠢ ᠪᠠ ᠬᠠᠵᠠᠭᠤᠳᠠᠬᠢ ᠪᠤᠷᠤᠭᠤ ᠳᠠᠯ᠎ᠠ ᠶᠢᠨ ᠬᠡᠷᠡᠭ ᠦᠨ ᠵᠢᠱᠢᠶ᠎ᠠ ᠳᠠᠢ ᠤᠶᠠᠯᠳᠤᠭᠤᠯᠤᠨ ᠂ ᠬᠠᠳᠠᠭᠤ ᠴᠢᠩᠭ᠎ᠠ ᠢᠯᠵᠠᠷᠠᠮᠠᠯ ᠢ ᠵᠠᠰᠠᠬᠤ ᠦᠨᠳᠦᠰᠦᠨ ᠵᠤᠷᠢᠯᠳᠠ ᠳᠤ ᠵᠠᠳᠠᠯᠤᠯᠲᠠ ᠬᠢᠵᠦ᠂ ᠭᠠᠭᠴᠠᠬᠦ ᠪᠠᠢᠭᠤᠯᠤᠯ ᠢᠶᠠᠷ《ᠡᠷᠬᠡ ᠶᠢ ᠰᠢᠩᠭᠡᠯᠢᠭ ᠲᠦ ᠬᠤᠷᠢᠬᠤ》 ᠶᠢ ᠪᠦᠲᠦᠭᠡᠨ ᠪᠠᠢᠭᠤᠯᠬᠤ ᠪᠤᠯ ᠰᠠᠶᠢ ᠦᠨᠨᠡ ᠬᠦ ᠢᠯᠵᠠᠷᠠᠮᠠᠯ ᠢ ᠦᠨᠳᠦᠰᠦᠨ ᠡᠴᠡ ᠵᠠᠰᠠᠬᠤ ᠠᠷᠭ᠎ᠠ ᠵᠠᠮ ᠮᠦᠨ ᠭᠡᠰᠡᠨ ᠬᠦᠨᠵᠡᠬᠡᠢ ᠥᠭᠦᠯᠡᠯᠲᠡ ᠶᠢ ᠲᠦᠯᠬᠢᠨ ᠭᠠᠷᠭᠠᠪᠠ ᠃ ᠪᠠᠢ ᠡᠷᠬᠢᠯᠡᠭᠴᠢ ᠠᠮᠢᠳᠤᠯᠢᠭ ᠦᠬᠡᠰ ᠪᠠ ᠬᠠᠵᠠᠭᠤᠳᠠᠬᠢ ᠢᠯᠵᠠᠷᠠᠮᠠᠯ ᠢ ᠡᠰᠡᠷᠬᠦᠴᠡᠬᠦ ᠨᠡᠢᠲᠡᠯᠢᠭ ᠬᠡᠷᠡᠭ ᠦᠨ ᠵᠢᠱᠢᠶ᠎ᠠ ᠪᠠᠷ ᠪᠦᠬᠦ ᠺᠠᠳᠠᠷ ᠴᠠᠭᠳᠠᠭ᠎ᠠ ᠶᠢ ᠰᠡᠷᠡᠮᠵᠢᠯᠡᠬᠦᠯᠦᠭᠰᠡᠨ ᠨᠢ᠂ ᠬᠤᠵᠢᠮ ᠤᠨ ᠠᠵᠢᠯ ᠳᠤᠮᠳᠠ ᠡᠷᠬᠡᠪᠰᠢ ᠦᠵᠡᠯ ᠰᠠᠨᠠᠭᠠᠨ ᠤ ᠳᠠᠯ᠎ᠠ ᠠᠴᠠ ᠴᠠᠭ ᠢᠮᠠᠭᠳᠠ ᠨᠠᠮ ᠤᠨ ᠰᠠᠬᠢᠯᠭ᠎ᠠ ᠤᠯᠤᠰ ᠤᠨ ᠬᠠᠤᠯᠢ ᠶᠢ ᠪᠠᠷᠢᠮᠳᠠᠯᠠᠵᠤ᠂ ᠵᠠᠷᠯᠢᠭ ᠴᠠᠭᠠᠵᠠ ᠶᠢ ᠳᠠᠭᠠᠵᠤ ᠂ ᠵᠠᠷᠴᠢᠮ ᠢ ᠪᠠᠳᠤ ᠰᠠᠬᠢᠵᠤ ᠂ ᠠᠷᠢᠭᠤᠨ ᠴᠡᠪᠡᠷ ᠬᠠᠷᠢᠴᠠᠭ᠎ᠠ ᠪᠠᠢᠭᠤᠯᠵᠤ ᠂ ᠴᠠᠭ ᠢᠮᠠᠭᠳᠠ ᠦᠪᠡᠷ ᠢ ᠪᠡᠨ ᠰᠡᠷᠡᠮᠵᠢᠯᠡᠬᠦᠯᠵᠦ ᠂ ᠪᠡᠯᠡᠭ ᠰᠡᠯᠳᠡ ᠠᠪᠬᠤ ᠦᠬᠡᠢ ᠂ ᠠᠰᠢᠭ ᠬᠤᠨᠵᠢᠪᠤᠷᠢ ᠠᠪᠬᠤ ᠦᠬᠡᠢ ᠪᠠᠢᠬᠤ ᠬᠡᠷᠡᠭᠲᠡᠢ ᠃ ᠠᠷᠢᠭᠤᠨ ᠴᠢᠬᠡᠴᠢ ᠪᠡᠷ ᠪᠡᠶ᠎ᠠ ᠪᠠᠨ ᠰᠠᠬᠢᠬᠤ ᠬᠡᠷᠡᠭᠲᠡᠢ ᠃ ᠬᠠᠤᠯᠢ ᠶᠤᠰᠤᠭᠠᠷ ᠬᠡᠷᠡᠭ ᠰᠢᠢᠳᠪᠦᠷᠢᠯᠡᠵᠦ ᠂ ᠴᠢᠬᠡᠴᠢ ᠪᠡᠷ ᠬᠡᠷᠡᠭ ᠰᠢᠢᠳᠪᠦᠷᠢᠯᠡᠵᠦ ᠂ ᠤᠬᠠᠮᠰᠠᠷ ᠠᠴᠠ ᠪᠠᠨ ᠨᠠᠮ ᠪᠠ ᠠᠷᠠᠳ ᠲᠦᠮᠡᠨ ᠦ ᠬᠢᠨᠠᠨᠯᠲᠠ ᠶᠢ ᠬᠦᠯᠢᠶᠡᠵᠦ ᠂ ᠤᠬᠠᠮᠰᠠᠷ ᠠᠴᠠ ᠪᠠᠨ ᠢᠯᠵᠠᠷᠠᠮᠠᠯ ᠢ ᠡᠰᠡᠷᠭᠦᠴᠡᠨ ᠬᠤᠷᠢᠭᠯᠠᠬᠤ ᠬᠡᠷᠡᠭᠲᠡᠢ ᠃
ᠬᠠᠤᠯᠢ ᠴᠠᠭᠠᠵᠠ ᠶᠢᠨ ᠶᠤᠰᠤ ᠵᠢᠷᠤᠮ ᠤᠨ ᠪᠤᠯᠪᠠᠰᠤᠷᠠᠯ ᠤᠨ ᠬᠢᠴᠢᠶᠡᠯ ᠳᠡᠭᠡᠷ᠎ᠠ᠂ ᠳ᠋ᠦᠩᠱᠧᠩ ᠦᠨ ᠤᠳᠤ ᠦᠶ᠎ᠠ ᠶᠢᠨ ᠦᠢᠯᠡᠴᠢᠯᠡᠬᠡ ᠶᠢᠨ ᠦᠢᠯᠡᠰ ᠦᠨ ᠬᠠᠮᠢᠶᠠᠷᠤᠯᠲᠠ ᠶᠢᠨ ᠰᠤᠷᠭᠠᠭᠤᠯᠢ ᠶᠢᠨ ᠶᠤᠸᠠᠨ ᠯᠢᠨ ᠪᠠᠭᠰᠢ ᠰᠢᠬᠦᠭᠴᠢ ᠶᠤᠰᠤ ᠵᠢᠷᠦᠮ ᠰᠤᠷᠬᠤ ᠶᠢᠨ ᠴᠢᠬᠤᠯᠠ ᠴᠢᠨᠠᠷ ᠪᠠ ᠬᠠᠤᠯᠢ ᠴᠠᠭᠠᠵᠠ ᠶᠢᠨ ᠶᠤᠰᠤ ᠵᠢᠷᠦᠮ ᠦᠨ ᠳᠠᠯ᠎ᠠ ᠶᠢᠨ ᠪᠤᠳᠠᠳᠠᠢ ᠮᠡᠳᠡᠯᠭᠡ ᠶᠢᠨ ᠠᠭᠤᠯᠭ᠎ᠠ ᠳᠤ ᠲᠠᠢᠯᠪᠤᠷᠢ ᠬᠢᠵᠦ ᠂ ᠣᠨᠴᠠᠭᠠᠢᠯᠠᠨ ᠵᠠᠷᠭᠤ ᠶᠢᠨ ᠦᠢᠯᠡᠴᠢᠯᠡᠭᠡᠨ ᠦ ᠲᠦᠪ ᠦᠨ ᠴᠤᠩᠬᠤᠨ ᠪᠠᠢᠷᠢ ᠶᠢᠨ ᠺᠠᠳᠠᠷ ᠴᠠᠭᠳᠠᠭ᠎ᠠ ᠳᠤ ᠬᠡᠷᠬᠢᠨ ᠠᠷᠠᠳ ᠲᠤ ᠳᠣᠲᠤᠨᠤᠰᠤᠭ ᠴᠢᠳᠠᠪᠤᠷᠢ ᠶᠢ ᠳᠡᠭᠡᠭᠰᠢᠯᠡᠬᠦᠯᠬᠦ ᠂ ᠰᠠᠢᠳᠤᠷ ᠬᠠᠷᠢᠯᠴᠠᠬᠤ ᠂ ᠦᠢᠯᠡᠴᠢᠯᠡᠬᠦ ᠤᠬᠠᠮᠰᠠᠷ ᠢ ᠴᠢᠩᠭᠠᠳᠬᠠᠬᠤ ᠂ ᠬᠠᠯᠠᠭᠤᠮᠰᠠᠭ ᠨᠢᠮᠪᠠᠢ ᠪᠠᠷ ᠠᠷᠠᠳ ᠲᠦᠮᠡᠨ ᠳᠦ ᠵᠢᠷᠦᠮᠵᠢᠭᠰᠠᠨ ᠪᠦᠲᠦᠮᠵᠢᠲᠠᠢ ᠬᠠᠤᠯᠢ ᠶᠢᠨ ᠴᠠᠭᠠᠵᠠ ᠶᠢᠨ ᠦᠢᠯᠡᠴᠢᠯᠡᠭᠡ ᠬᠠᠩᠭᠠᠬᠤ ᠳᠤᠬᠠᠢ ᠬᠦᠨᠵᠡᠭᠡᠢ ᠵᠠᠳᠠᠯᠤᠯᠲᠠ ᠬᠢᠪᠡ ᠃ ᠡᠭᠦᠨ ᠦ ᠬᠠᠮᠳᠤ ᠂ ᠪᠤᠳᠠᠳᠠᠢ ᠦᠢᠯᠡᠴᠢᠯᠡᠭᠡᠨ ᠦ ᠠᠵᠢᠯ ᠳᠠᠢ ᠤᠶᠠᠯᠳᠤᠭᠤᠯᠵᠤ ᠂ ᠲᠦᠷᠢ ᠲᠦᠷᠬᠦ ᠶᠢᠨ ᠶᠤᠰᠤ ᠵᠢᠷᠦᠮ ᠡᠴᠡ ᠪᠡᠶ᠎ᠠ ᠪᠠᠢᠳᠠᠯ ᠦᠢᠯᠡ ᠠᠵᠢᠯᠯᠠᠭᠠᠨ ᠤ ᠶᠤᠰᠤ ᠵᠢᠷᠦᠮ᠂ ᠦᠬᠡ ᠶᠠᠷᠢᠶ᠎ᠠ ᠦᠢᠯᠡ ᠬᠦᠳᠡᠯᠦᠯ ᠦᠨ ᠶᠤᠰᠤ ᠵᠢᠷᠦᠮ ᠦᠨ ᠳᠠᠯ᠎ᠠ ᠳᠤ ᠭᠠᠷ ᠤᠷᠤᠵᠤ ᠂ ᠶᠡᠬᠡ ᠬᠡᠮᠵᠢᠶᠡᠨ ᠦ ᠪᠣᠳᠠᠲᠤ ᠵᠢᠱᠢᠶ᠎ᠠ ᠪᠠᠷ ᠳᠠᠮᠵᠢᠵᠤ ᠂ ᠪᠦᠬᠦ ᠬᠤᠷᠢᠶᠠᠨ ᠤ ᠺᠠᠳᠠᠷ ᠴᠠᠭᠳᠠᠭ᠎ᠠ ᠳᠤ ᠬᠠᠤᠯᠢ ᠴᠠᠭᠠᠵᠠ ᠶᠢᠨ ᠶᠤᠰᠤ ᠵᠢᠷᠦᠮ ᠦᠨ ᠰᠠᠭᠤᠷᠢ ᠮᠡᠳᠡᠯᠬᠡ ᠶᠢ ᠵᠢᠭᠠᠪᠠ ᠃ ᠪᠤᠯᠪᠠᠰᠤᠷᠠᠯ ᠳᠤ ᠤᠷᠤᠯᠴᠠᠭᠰᠠᠨ ᠺᠠᠳᠠᠷ ᠴᠠᠭᠳᠠᠭ᠎ᠠ ᠨᠠᠷ ᠢᠯᠡᠳᠭᠡᠭᠰᠡᠨ ᠨᠢ ᠂ ᠬᠤᠵᠢᠮ ᠤᠨ ᠪᠤᠳᠠᠳᠠᠢ ᠠᠵᠢᠯ ᠳᠤᠮᠳᠠ ᠡᠷᠭᠡᠪᠰᠢ ᠬᠠᠤᠯᠢ ᠴᠠᠭᠠᠵᠠ ᠶᠢᠨ ᠶᠤᠰᠤ ᠵᠢᠷᠦᠮ ᠢ ᠠᠩᠬᠠᠷᠴᠤ ᠂ ᠭᠠᠳᠠᠷ ᠳᠤᠳᠤᠷ ᠪᠦᠷ ᠰᠢᠯᠢᠳᠡᠭ ᠪᠤᠯᠭᠠᠵᠤ ᠂ ᠳᠠᠰᠤᠷᠠᠯ ᠦᠬᠡᠢ ᠠᠷᠠᠳ ᠲᠦᠮᠡᠨ ᠦ ᠢᠳᠡᠬᠡᠯ ᠢ ᠴᠢᠩᠭᠠᠳᠬᠠᠵᠤ ᠂ ᠰᠢᠬᠦᠭᠴᠢ ᠪᠤᠯᠤᠨ ᠠᠷᠠᠳ ᠲᠦᠮᠡᠨ ᠦ ᠬᠠᠷᠢᠴᠠᠭ᠎ᠠ ᠶᠢ ᠰᠠᠢᠨ ᠪᠤᠯᠭᠠᠵᠤ ᠂ ᠠᠷᠠᠳ ᠤᠨ ᠰᠢᠬᠦᠬᠦ ᠬᠤᠷᠢᠶᠠᠨ ᠤ ᠨᠡᠢᠲᠡ ᠶᠢᠨ ᠢᠳᠡᠭᠡᠬᠦᠯᠬᠦ ᠬᠦᠴᠦᠨ ᠢ ᠳᠠᠰᠤᠷᠠᠯ ᠦᠬᠡᠢ ᠳᠡᠭᠡᠭᠰᠢᠯᠡᠬᠦᠯᠬᠦ ᠬᠡᠷᠡᠭᠲᠡᠢ ᠃
《ᠪᠦᠬᠦ ᠤᠯᠤᠰ ᠤᠨ ᠵᠢᠱᠢᠶᠡᠴᠢ ᠰᠢᠬᠦᠭᠴᠢ》ᠵᠠᠩ ᠬᠠᠢ ᠯᠦᠩ ᠪᠤᠯᠤᠨ《ᠪᠦᠬᠦ ᠤᠯᠤᠰ ᠤᠨ ᠰᠢᠯᠢᠳᠡᠭ ᠰᠢᠭᠦᠭᠴᠢ》ᠸᠠᠩ ᠼᠦᠨ ᠵᠦ ᠪᠦᠬᠦ ᠬᠤᠷᠢᠶᠠᠨ ᠺᠠᠳᠠᠷ ᠴᠠᠭᠳᠠᠭ᠎ᠠ ᠳᠤ ᠲᠡᠷᠢᠬᠦᠨ ᠦ ᠦᠢᠯᠡ ᠠᠵᠢᠯᠯᠠᠭ᠎ᠠ ᠶᠢᠨ ᠮᠡᠳᠡᠭᠦᠯᠦᠯᠲᠡ ᠬᠢᠪᠡ ᠃ ᠵᠠᠩ ᠬᠠᠢ ᠯᠦᠩ ᠰᠢᠬᠦᠭᠴᠢ ᠂ ᠸᠠᠩ ᠼᠦᠨ ᠵᠦ ᠰᠢᠬᠦᠭᠴᠢ ᠪᠤᠯ ᠮᠠᠨ ᠤ ᠬᠤᠳᠠ ᠶᠢᠨ ᠰᠢᠬᠦᠬᠦ ᠬᠤᠷᠢᠶᠠᠨ ᠤ ᠰᠢᠰᠲ᠋ᠧᠮ ᠦᠨ ᠳᠤᠪᠤᠢᠭᠰᠠᠨ ᠲᠡᠷᠢᠬᠦᠨ ᠦ ᠨᠡᠢᠲᠡᠯᠢᠭ ᠵᠢᠱᠢᠶ᠎ᠠ ᠪᠠᠢᠵᠤ ᠂ ᠬᠤᠶᠠᠷ ᠰᠢᠬᠦᠭᠴᠢ ᠦᠨᠳᠦᠰᠦᠨ ᠱᠠᠳᠤᠨ ᠳᠤ ᠤᠯᠠᠨ ᠵᠢᠯ ᠰᠠᠭᠤᠵᠤ ᠂ ᠮᠠᠨ ᠤ ᠬᠤᠳᠠ ᠶᠢᠨ ᠦᠷᠭᠡᠨ ᠤᠯᠠᠨ ᠦᠨᠨᠡᠨᠴᠢ ᠰᠢᠳᠤᠷᠭᠤ ᠦᠢᠯᠡᠰ ᠢᠶᠡᠨ ᠬᠦᠨᠳᠦᠳᠬᠡᠳᠡᠭ ᠂ ᠭᠤᠶᠠᠴᠢ ᠦᠭᠡᠢ ᠡᠷᠭᠦᠳᠡᠭ ᠰᠢᠯᠢᠳᠡᠭ ᠲᠦᠯᠦᠭᠡᠯᠡᠭᠴᠢ ᠂ ᠳᠡᠳᠡᠨ ᠦ ᠲᠡᠷᠢᠬᠦᠨ ᠦ ᠦᠢᠯᠡ ᠠᠵᠢᠯᠯᠠᠭ᠎ᠠ ᠨᠢ ᠪᠤᠰᠤᠳ ᠢ ᠪᠢᠰᠢᠷᠡᠬᠦᠯᠵᠦ ᠂ ᠪᠤᠰᠤᠳ ᠢ ᠤᠯᠠᠮ ᠴᠢᠷᠮᠠᠢᠯᠭᠠᠵᠤ ᠂ ᠨᠡᠢᠬᠡᠮ ᠵᠢᠷᠦᠮ ᠦᠨ ᠭᠤᠤᠯ ᠦᠷᠳᠡᠭ ᠦᠨ ᠦᠵᠡᠯᠲᠡ ᠪᠠ ᠬᠠᠤᠯᠢ ᠪᠠᠷ ᠵᠠᠰᠠᠬᠤ ᠵᠤᠷᠢᠭ ᠰᠠᠨᠠᠭ᠎ᠠ ᠶᠢ ᠤᠷᠢᠶᠠᠯᠠᠬᠤ ᠠᠮᠢᠳᠤᠯᠢᠭ ᠵᠢᠭᠠᠬᠤ ᠮᠠᠲ᠋ᠧᠷᠢᠶᠠᠯ ᠮᠦᠨ ᠃ ᠬᠤᠶᠠᠷ ᠰᠢᠬᠦᠭᠴᠢ ᠢᠳᠡᠬᠡᠯ ᠪᠢᠰᠢᠷᠡᠯ ᠪᠠᠳᠤ ᠂ ᠭᠤᠶᠠᠴᠢ ᠦᠭᠡᠢ ᠡᠷᠬᠦᠳᠡᠭ ᠤᠯᠤᠰ ᠲᠦᠷᠦ ᠶᠢᠨ ᠵᠠᠩ ᠰᠤᠷᠳᠠᠯ ᠳᠠᠢ ᠂ ᠦᠨᠳᠦᠰᠦᠨ ᠱᠠᠳᠤᠨ ᠳᠤ ᠰᠠᠭᠤᠷᠢᠰᠢᠵᠤ ᠂ ᠨᠢᠬᠡᠨ ᠰᠡᠳᠬᠢᠯ ᠢᠶᠡᠷ ᠠᠷᠠᠳ ᠲᠤ ᠦᠢᠯᠡᠴᠢᠯᠡᠬᠦ ᠨᠡᠢᠲᠡ ᠶᠢᠨ ᠵᠠᠷᠤᠴᠠ ᠶᠢᠨ ᠰᠡᠳᠬᠢᠯᠬᠡ ᠳᠠᠢ ᠂ ᠵᠢᠭᠤᠷᠠᠯᠳᠤᠭᠠᠨ ᠮᠠᠷᠭᠤᠯᠳᠤᠭᠠᠨ ᠢ ᠵᠤᠭᠰᠤᠭᠠᠵᠤ ᠂ ᠲᠦᠪ ᠭᠤᠤᠯᠴᠢ ᠬᠠᠤᠯᠢ ᠴᠠᠭᠠᠵᠠ ᠶᠢᠨ ᠦᠢᠯᠡᠰ ᠦᠨ ᠬᠥᠭᠡᠭᠡᠴᠡᠯᠳᠦᠯ ᠳᠠᠢ ᠂ ᠪᠡᠶ᠎ᠠ ᠵᠠᠰᠠᠨ ᠬᠦᠮᠦᠨ ᠪᠤᠯᠵᠤ ᠂ ᠠᠵᠢᠯ ᠬᠢᠵᠦ ᠦᠢᠯᠡᠰ ᠪᠤᠰᠬᠠᠬᠤ ᠬᠠᠤᠯᠢ ᠴᠠᠭᠠᠵᠠ ᠶᠢᠨ ᠤᠢᠯᠭᠠᠯᠲᠠ ᠨᠢ ᠳᠠᠯᠠᠪᠤᠷ ᠲᠤ ᠪᠠᠢᠭ᠎ᠠ ᠺᠠᠳᠠᠷ ᠴᠠᠭᠳᠠᠭ᠎ᠠ ᠪᠦᠷᠢ ᠶᠢ ᠨᠦᠯᠦᠭᠡᠯᠡᠵᠦ ᠂ ᠪᠤᠯᠪᠠᠰᠤᠷᠠᠯ ᠳᠤ ᠤᠷᠤᠯᠴᠠᠭᠰᠠᠨ ᠺᠠᠳᠠᠷ ᠴᠠᠭᠳᠠᠭ᠎ᠠ ᠳᠤ ᠢᠳᠡᠪᠬᠢ ᠡᠨᠧᠷᠭᠢ ᠳᠠᠮᠵᠢᠭᠤᠯᠤᠭᠰᠠᠨ ᠪᠠᠢᠨ᠎ᠠ ᠃
ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠯᠢ ᠵᠢᠩ ᠭᠦᠸᠸ ᠳᠡᠳ᠋ ᠬᠤᠷᠢᠶᠠᠨ ᠳᠠᠷᠤᠭ᠎ᠠ ᠳᠤᠰ ᠤᠳᠠᠭᠠᠨ ᠤ ᠪᠤᠯᠪᠠᠰᠤᠷᠠᠯ ᠤᠨ ᠬᠦᠳᠡᠯᠭᠡᠭᠡᠨ ᠢ ᠡᠷᠬᠢᠯᠡᠭᠰᠡᠨ ᠮᠦᠷᠲᠡᠭᠡᠨ ᠳ᠋ᠦᠩᠨᠡᠯᠲᠡ ᠶᠢᠨ ᠶᠠᠷᠢᠶ᠎ᠠ ᠳᠠᠯᠪᠢᠪᠠ ᠃ ᠲᠡᠷᠡ ᠵᠢᠭᠠᠵᠤ ᠭᠠᠷᠭᠠᠭᠰᠠᠨ ᠨᠢ ᠂ ᠳᠤᠰ ᠤᠳᠠᠭᠠᠨ ᠤ ᠨᠠᠮ ᠤᠨ ᠬᠡᠰᠢᠬᠦᠨ ᠦ ᠪᠤᠯᠪᠠᠰᠤᠷᠠᠯ ᠬᠡᠳᠦᠢᠪᠡᠷ ᠴᠠᠭ ᠤᠬᠤᠷ ᠪᠤᠯᠪᠠᠴᠤ ᠭᠤᠤᠯ ᠰᠡᠳᠦᠪ ᠳᠤᠪᠤᠢᠮ᠎ᠠ ᠂ ᠠᠭᠤᠯᠭ᠎ᠠ ᠪᠠᠶᠠᠯᠢᠭ ᠂ ᠤᠨᠴᠠᠯᠢᠭ ᠳᠤᠳᠤᠷᠬᠠᠢ ᠂ ᠬᠠᠤᠯᠢ ᠴᠠᠭᠠᠵᠠ ᠶᠢᠨ ᠥᠭᠡᠷᠡᠴᠢᠯᠡᠯᠲᠡ ᠡᠴᠡ ᠨᠠᠮ ᠤᠨ ᠰᠤᠷᠳᠠᠯ ᠴᠢᠬᠡᠴᠢ ᠵᠠᠰᠠᠬ ᠤᠨ ᠰᠤᠷᠭᠠᠨ ᠬᠦᠮᠦᠵᠢᠯ ᠬᠦᠷᠳᠡᠯ᠎ᠠ ᠂ ᠬᠠᠤᠯᠢ ᠴᠠᠭᠠᠵᠠ ᠶᠢᠨ ᠶᠤᠰᠤ ᠵᠢᠷᠦᠮ ᠦᠨ ᠪᠤᠯᠪᠠᠰᠤᠷᠠᠯ ᠠᠴᠠ ᠰᠢᠯᠢᠳᠡᠭ ᠰᠢᠬᠦᠭᠴᠢ ᠶᠢᠨ ᠲᠡᠷᠢᠬᠦᠨ ᠦ ᠦᠢᠯᠡ ᠠᠵᠢᠯᠯᠠᠭ᠎ᠠ ᠶᠢᠨ ᠮᠡᠳᠡᠭᠦᠯᠦᠯᠲᠡ ᠬᠦᠷᠲᠡᠯ᠎ᠠ ᠂ ᠤᠯᠠᠨ ᠳᠡᠰ ᠂ ᠪᠦᠬᠦ ᠳᠠᠯ᠎ᠠ ᠶᠢᠨ ᠪᠤᠯᠪᠠᠰᠤᠷᠠᠯ ᠨᠢ ᠰᠢᠬᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠢᠯᠠᠩ ᠤᠨ ᠰᠠᠨᠠᠭᠠᠰᠢᠷᠠᠯ ᠢ ᠬᠠᠷᠠᠭᠤᠯᠵᠤ ᠪᠠᠢᠨ᠎ᠠ ᠃ ᠳᠤᠰ ᠤᠳᠠᠭᠠᠨ ᠤ ᠪᠤᠯᠪᠠᠰᠤᠷᠠᠯ ᠤᠨ ᠦᠷ᠎ᠠ ᠳ᠋ᠦᠩ ᠠᠯᠢ ᠬᠤᠷᠳᠤᠨ ᠢᠶᠠᠷ ᠰᠢᠩᠭᠡᠬᠡᠬᠦ ᠳᠤᠬᠠᠢ ᠯᠢ ᠵᠢᠩ ᠭᠦᠸᠸ ᠳᠡᠳ᠋ ᠬᠤᠷᠢᠶᠠᠨ ᠭᠤᠷᠪᠠᠨ ᠱᠠᠭᠠᠷᠳᠠᠯᠭ᠎ᠠ ᠳᠤᠷᠠᠳᠪᠠ ᠄
ᠨᠢᠬᠡ ᠳᠦ ᠳᠤᠰ ᠤᠳᠠᠭᠠᠨ ᠤ ᠪᠤᠯᠪᠠᠰᠤᠷᠠᠯ ᠰᠤᠷᠤᠯᠴᠠᠯᠭ᠎ᠠ ᠶᠢᠨ ᠠᠭᠤᠯᠭ᠎ᠠ ᠶᠢ ᠨᠠᠢᠳᠠᠪᠤᠷᠢᠵᠢᠭᠤᠯᠤᠨ ᠲᠤᠤᠱᠯᠠᠭᠤᠯᠬᠤ ᠶᠢ ᠰᠠᠢᠨ ᠠᠳᠬᠤᠨ᠎ᠠ ᠃ ᠳᠤᠰ ᠤᠳᠠᠭᠠᠨ ᠤ ᠪᠤᠯᠪᠠᠰᠤᠷᠠᠯ ᠤᠨ ᠴᠠᠭ ᠤᠬᠤᠷ ᠪᠤᠯᠪᠠᠴᠤ ᠠᠭᠤᠯᠭ᠎ᠠ ᠶᠢᠨ ᠲᠣᠬᠢᠷᠠᠭᠤᠯᠤᠯᠲᠠ ᠡᠯᠪᠡᠭ ᠂ ᠬᠡᠷᠡᠭᠯᠡᠯᠲᠡ ᠶᠢᠨ ᠴᠢᠨᠠᠷ ᠴᠢᠩᠭ᠎ᠠ ᠂ ᠤᠯᠠᠨ ᠤ ᠠᠵᠢᠯ ᠳᠤ ᠪᠤᠳᠠᠳᠠᠢ ᠵᠢᠭᠠᠨ ᠵᠢᠯᠤᠭᠤᠳᠬᠤ ᠴᠢᠨᠠᠷ ᠳᠠᠢ ᠃ ᠪᠤᠯᠪᠠᠰᠤᠷᠠᠯ ᠳᠠᠭᠤᠰᠤᠭᠰᠠᠨ ᠤ ᠳᠠᠷᠠᠭ᠎ᠠ ᠂ ᠡᠯ᠎ᠠ ᠰᠠᠯᠠᠭ᠎ᠠ ᠮᠦᠴᠢᠷ ᠦᠷᠬᠦᠯᠵᠢᠯᠡᠨ ᠰᠤᠷᠤᠯᠴᠠᠬᠤ ᠶᠢ ᠵᠤᠬᠢᠶᠠᠨ ᠪᠠᠢᠭᠤᠯᠵᠤ ᠂ ᠣᠨᠴᠠᠭᠠᠢᠯᠠᠨ ᠪᠤᠯᠪᠠᠰᠤᠷᠠᠯ ᠳᠤ ᠤᠷᠤᠯᠴᠠᠭᠰᠠᠨ ᠦᠬᠡᠢ ᠺᠠᠳᠠᠷ ᠴᠠᠭᠳᠠᠭ᠎ᠠ ᠳᠤ ᠪᠤᠯᠪᠠᠰᠤᠷᠠᠯ ᠤᠨ ᠠᠭᠤᠯᠭ᠎ᠠ ᠶᠢ ᠴᠠᠭ ᠳᠤᠬᠠᠢ ᠳᠤ ᠨᠢ ᠳᠠᠮᠵᠢᠭᠤᠯᠵᠤ ᠂ ᠰᠤᠷᠤᠯᠴᠠᠯᠭ᠎ᠠ ᠶᠢᠨ ᠦᠷ᠎ᠠ ᠳ᠋ᠦᠩ ᠢ ᠡᠳᠦᠷ ᠳᠤᠳᠤᠮ ᠤᠨ ᠠᠵᠢᠯ ᠳᠤᠮᠳᠠ ᠢᠯᠡᠷᠡᠬᠦᠯᠦᠨ᠎ᠠ ᠃
ᠬᠣᠶᠠᠷ ᠲᠤ ᠨᠠᠰᠤᠨ ᠳᠤᠷᠰᠢ ᠰᠤᠷᠤᠯᠴᠠᠵᠤ ᠰᠢᠨᠳᠠᠷᠠᠰᠢ ᠦᠬᠡᠢ ᠬᠥᠭᠡᠭᠡᠴᠡᠯᠳᠦᠬᠦ ᠤᠢᠯᠭᠠᠯᠲᠠ ᠶᠢ ᠪᠤᠢ ᠪᠤᠯᠭᠠᠬᠤ ᠶᠢ ᠪᠠᠳᠤᠳᠬᠠᠨ᠎ᠠ ᠃ ᠤᠳᠤᠬᠠᠨ ᠤ ᠰᠢᠬᠦᠬᠦ ᠬᠤᠷᠢᠶᠠᠨ ᠤ ᠡᠳᠦᠷ ᠳᠤᠳᠤᠮ ᠤᠨ ᠰᠢᠭᠦᠯᠲᠡ ᠬᠦᠢᠴᠡᠳᠬᠡᠬᠦ ᠠᠵᠢᠯ ᠤᠨ ᠡᠬᠦᠷᠭᠡ ᠮᠠᠰᠢ ᠬᠦᠨᠳᠦ ᠪᠠᠢᠵᠤ ᠂ ᠭᠤᠷᠪᠠᠨ ᠡᠳᠦᠷ ᠵᠠᠯᠭᠠᠵᠤ ᠲᠦᠪᠯᠡᠷᠡᠬᠦᠯᠦᠨ ᠪᠤᠯᠪᠠᠰᠤᠷᠠᠯ ᠬᠢᠬᠦ ᠨᠢ ᠤᠯᠳᠠᠰᠢ ᠦᠬᠡᠢ ᠳᠤᠬᠢᠶᠠᠯ ᠪᠠᠢᠵᠤ ᠂ ᠬᠦᠰᠡᠬᠦ ᠨᠢ ᠦᠷᠭᠡᠨ ᠤᠯᠠᠨ ᠺᠠᠳᠠᠷ ᠴᠠᠭᠳᠠᠭ᠎ᠠ ᠡᠨᠡᠬᠦ ᠲᠦᠪᠯᠡᠷᠡᠬᠦᠯᠦᠨ ᠰᠤᠷᠤᠯᠴᠠᠬᠤ ᠳᠤᠬᠢᠶᠠᠯ ᠢ ᠨᠠᠨᠳᠢᠩᠨᠠᠬᠤ ᠶᠢᠨ ᠬᠠᠮᠳᠤ ᠨᠡᠩ ᠴᠦ ᠦᠪᠡᠷ ᠦᠨ ᠡᠳᠦᠷ ᠳᠤᠳᠤᠮ ᠤᠨ ᠰᠤᠷᠤᠯᠴᠯᠠᠭ᠎ᠠ ᠶᠢ ᠳᠦᠰᠢᠵᠦ ᠂ ᠠᠵᠢᠯ ᠤᠨ ᠳᠤᠮᠳᠠᠬᠢ ᠳᠤᠯᠭᠠᠷᠠᠭᠰᠠᠨ ᠰᠢᠨ᠎ᠠ ᠪᠠᠢᠳᠠᠯ ᠰᠢᠨ᠎ᠠ ᠠᠰᠠᠭᠤᠳᠠᠯ ᠢ ᠰᠢᠢᠳᠪᠦᠷᠢᠯᠡᠨ᠎ᠡ ᠃
ᠭᠤᠷᠪᠠ ᠳᠤ ᠳᠤᠰ ᠤᠳᠠᠭᠠᠨ ᠤ ᠪᠣᠯᠪᠠᠰᠤᠷᠠᠯ ᠢ ᠠᠰᠢᠭᠯᠠᠵᠤ ᠂ ᠤᠯᠠᠮ ᠨᠢᠬᠡ ᠠᠯᠬᠤᠮ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶ᠎ᠠ ᠶᠢᠨ ᠪᠠᠢᠭᠤᠯᠭ᠎ᠠ ᠶᠢᠨ ᠰᠤᠷᠳᠠᠯ ᠤᠨ ᠪᠦᠲᠦᠭᠡᠨ ᠪᠠᠢᠭᠤᠯᠤᠯᠲᠠ ᠶᠢ ᠴᠢᠩᠭᠠᠳᠭᠠᠨ᠎ᠠ ᠃ ᠪᠦᠬᠦ ᠬᠤᠷᠢᠶᠠᠨ ᠤ ᠺᠠᠳᠠᠷ ᠴᠠᠭᠳᠠᠭ᠎ᠠ ᠴᠠᠭ ᠢᠮᠠᠭᠳᠠ ᠡᠯ᠎ᠠ ᠳᠤᠭᠳᠠᠭᠠᠯ ᠤᠨ ᠲᠦᠷᠢᠮ ᠳᠤᠭᠳᠠᠭᠠᠯ ᠢ ᠵᠢᠷᠦᠮᠯᠡᠵᠦ ᠂ ᠢᠯᠵᠠᠷᠠᠬᠤ ᠶᠢ ᠡᠰᠡᠷᠬᠦᠴᠡᠬᠦ ᠬᠠᠷᠢᠭᠤᠴᠠᠯᠭᠠᠲᠤ ᠰᠡᠳᠬᠢᠯᠬᠡ ᠪᠠ ᠪᠠᠴᠢᠮ ᠲᠦᠷᠦᠭᠳᠡᠯ ᠢ ᠳᠡᠭᠡᠭᠰᠢᠯᠡᠬᠦᠯᠦᠨ᠎ᠠ ᠃ ᠴᠠᠭ ᠢᠮᠠᠭᠳᠠ ᠰᠠᠢᠨ ᠰᠠᠢᠬᠠᠨ ᠬᠠᠤᠯᠢ ᠴᠠᠭᠠᠵᠠ ᠶᠢᠨ ᠲᠦᠷᠢ ᠲᠦᠷᠬᠦ ᠶᠢ ᠪᠤᠢ ᠪᠤᠯᠭᠠᠬᠤ ᠪᠠᠷ ᠦᠪᠡᠷ ᠦᠨ ᠦᠢᠯᠡ ᠠᠵᠢᠯᠯᠠᠭ᠎ᠠ ᠂ ᠬᠠᠷᠢᠴᠠᠭᠠᠨ ᠤ ᠵᠠᠷᠴᠢᠮ ᠪᠤᠯᠭᠠᠵᠤ ᠂ ᠠᠵᠢᠯ ᠳᠤᠮᠳᠠ ᠂ ᠠᠮᠢᠳᠤᠷᠠᠯ ᠳᠤᠮᠳᠠ ᠦᠪᠡᠷ ᠦᠨ ᠪᠡᠶ᠎ᠠ ᠪᠠᠨ ᠴᠢᠩᠭ᠎ᠠ ᠱᠠᠭᠠᠷᠳᠠᠵᠤ ᠂ ᠭᠠᠵᠢᠭᠤ ᠰᠤᠷᠳᠠᠯ ᠪᠠ ᠢᠯᠵᠠᠷᠠᠬᠤ ᠦᠢᠯᠡ ᠠᠵᠢᠯᠯᠠᠭ᠎ᠠ ᠶᠢ ᠡᠰᠡᠷᠬᠦᠴᠡᠬᠦ ᠵᠤᠷᠢᠭ ᠳᠠᠢ ᠪᠠᠢᠵᠤ ᠂ ᠠᠷᠢᠭᠤᠨ ᠴᠢᠬᠡᠴᠢ ᠪᠡᠷ ᠵᠠᠰᠠᠭ ᠪᠠᠷᠢᠬᠤ ᠶᠢ ᠴᠢᠷᠮᠠᠢᠨ ᠪᠡᠶᠡᠯᠡᠬᠦᠯᠬᠦ ᠬᠡᠷᠡᠭᠲᠡᠢ ᠃
ᠦᠨᠡᠯᠡᠬᠦ 0ᠦᠨᠡᠯᠡᠯᠲᠡ᠎ᠲᠠᠢ